ᠡᠨᠡ ᠵᠢᠯ ᠤᠨ ᠪᠦᠬᠦ ᠣᠷᠣᠨ ᠤ ᠰᠤᠷᠭᠠᠨ ᠬᠦᠮᠦᠵᠢᠯ ᠤᠨ ᠥᠭᠡᠷᠡᠴᠢᠯᠡᠯᠲᠡ ᠬᠦᠭᠵᠢᠯᠲᠡ ᠶᠢᠨ ᠭᠤᠣᠯ ᠵᠢᠱᠢᠰᠠᠨ ᠬᠠᠷᠠᠯᠲᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2025/2/21

      2 ᠳ᠋ᠤᠭᠠᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ 2025 ᠣᠨ ᠤ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠶᠢ ᠲᠣᠭᠲᠠᠭᠠᠪᠠ᠃

      ᠰᠠᠭᠤᠷᠢ ᠰᠤᠷᠭᠠᠨ ᠬᠥᠮᠦᠵᠢᠯ ᠤᠨ ᠲᠠᠯ᠎ᠠ ᠪᠠᠷ᠂ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠶᠠᠪᠤᠭᠳᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ 18 ᠬᠤᠰᠢᠭᠤ ᠰᠢᠶᠠᠨ ︵ᠬᠤᠲᠠ᠂ ᠲᠣᠭᠤᠷᠢᠭ︶᠎ ᠢ ᠤᠯᠤᠰ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ ᠬᠦᠷᠲᠡᠭᠡᠬᠦ ᠰᠢᠶᠠᠨ ᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ ᠪᠠᠲᠤᠯᠠᠭᠤᠯᠬᠤ ᠪᠠ 17 ᠬᠤᠰᠢᠭᠤ ᠰᠢᠶᠠᠨ ︵ᠬᠤᠲᠠ᠂ ᠲᠣᠭᠤᠷᠢᠭ︶᠎ ᠢ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠳᠤ ᠪᠠᠲᠤᠯᠠᠭᠤᠯᠬᠤ ᠪᠠᠷ ᠴᠢᠷᠮᠠᠶᠢᠵᠤ ᠪᠠᠷᠠᠭᠤᠨ ᠣᠷᠣᠨ ᠤ ᠮᠤᠵᠢ ᠣᠷᠣᠨ ᠤ ᠡᠮᠦᠨ᠎ᠡ ᠡᠩᠨᠡᠭᠡᠨ ᠳᠤ ᠣᠷᠣᠨ᠎ᠠ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ ᠳᠤ ᠬᠦᠷᠬᠦ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃

      ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠲᠠᠯ᠎ᠠ ᠪᠠᠷ᠂ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠳᠡᠰ ᠳᠠᠪᠰᠢᠬᠤ ᠶᠢ ᠰᠢᠨ᠎ᠡ ᠠᠬᠢᠴᠠ ᠲᠠᠢ ᠪᠣᠯᠭᠠᠨ᠂ ᠲᠡᠷᠢᠭᠦᠨ ᠳᠡᠰ ᠤᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠤᠭᠤᠯᠤᠨ᠎ᠠ᠂ ᠤᠯᠤᠰ ᠤᠨ ᠳᠡᠰ ᠤᠨ ᠴᠢᠳᠠᠪᠤᠷᠢᠲᠠᠨ ᠢ ᠬᠥᠮᠥᠵᠢᠭᠦᠯᠬᠦ᠂ ᠤᠯᠤᠰ ᠤᠨ ᠳᠡᠰ ᠤᠨ ᠡᠷᠳᠡᠮ ᠰᠢᠨᠵᠢᠯᠡᠭᠡᠨ ᠤ ᠲᠠᠪᠴᠠᠩ ᠪᠠᠶᠢᠭᠤᠯᠬᠤ᠂ ᠤᠯᠤᠰ ᠤᠨ ᠳᠡᠰ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠬᠥᠬᠢᠭᠦᠯᠦᠯ ᠳᠤ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ ᠤᠯᠤᠰ ᠤᠨ ᠪᠠᠶᠢᠯᠳᠤᠬᠤ ᠪᠣᠳᠣᠯᠭ᠎ᠠ ᠳᠤ ᠶᠡᠭᠡ ᠳᠡᠭᠡᠳᠦ ᠰᠤᠷᠭᠠᠭᠤᠯᠢ ᠶᠢᠨ ᠦᠢᠯᠡᠴᠢᠯᠡᠬᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ︾᠎ ᠤᠨ ᠰᠢᠪᠲᠤᠯᠤᠯᠲᠠ ᠶᠢᠨ ᠢᠨᠵᠧᠨᠧᠷᠢᠩ ᠳᠤ ᠶᠡᠭᠡ ᠳᠡᠭᠡᠳᠦ ᠰᠤᠷᠭᠠᠭᠤᠯᠢ ᠶᠢᠨ ᠦᠢᠯᠡᠴᠢᠯᠡᠬᠦ ᠬᠤᠪᠢ ᠨᠡᠮᠡᠷᠢ ᠭᠠᠷᠭᠠᠬᠤ ᠬᠡᠮᠵᠢᠶ᠎ᠡ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠳ᠋ᠣᠺᠲ᠋ᠣᠷ ᠠᠰᠫᠢᠷᠠᠨᠲ ᠬᠥᠮᠦᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠠᠶᠢᠭᠠᠯᠢ ᠲᠧᠭᠨᠢᠭ ᠤᠨ ᠤᠬᠠᠭᠠᠨ ᠲᠠᠷᠢᠶᠠᠯᠠᠩ ᠠᠨᠠᠭᠠᠬᠤ ᠤᠬᠠᠭᠠᠨ ᠤ ᠲᠥᠷᠥᠯ ᠤᠨ ᠵᠢᠩᠬᠢᠨᠢ ᠠᠩᠭᠢ ᠶᠢᠨ ᠲᠤᠰᠬᠠᠶ ᠮᠡᠷᠭᠡᠵᠢᠯ ᠪᠣᠯᠤᠨ ᠰᠤᠷᠤᠭᠴᠢ ᠶᠢᠨ ᠡᠵᠡᠯᠡᠬᠦ ᠬᠠᠷᠢᠴᠠᠯ ᠢ 50%᠎ ᠠᠴᠠ ᠳᠡᠭᠡᠭᠰᠢ ᠳᠤ ᠬᠦᠷᠭᠡᠵᠦ᠂ ᠲᠤᠰᠬᠠᠶ ᠬᠢᠴᠢᠶᠡᠯᠯᠡᠬᠦ ᠪᠠᠭᠰᠢ ᠨᠠᠷ ᠠᠴᠠ ᠳ᠋ᠣᠺᠲ᠋ᠣᠷ ᠤᠨ ᠨᠠᠮᠲᠠᠷ ᠲᠠᠢ ᠪᠠᠭᠰᠢ ᠶᠢᠨ ᠡᠵᠡᠯᠡᠬᠦ ᠬᠠᠷᠢᠴᠠᠯ ᠢ 1.5 ᠵᠠᠭᠤᠨ ᠤ ᠴᠡᠭ ᠳᠡᠭᠡᠭᠰᠢᠯᠡᠭᠦᠯᠦᠨ᠎ᠡ᠃

     ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠠᠯ᠎ᠠ ᠪᠠᠷ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠳᠤ ᠬᠤᠭᠤᠰᠤᠨ ᠢ ᠨᠦᠬᠦᠪᠦᠷᠢᠯᠡᠬᠦ ᠪᠠᠨ ᠪᠡᠶᠡᠯᠡᠭᠦᠯᠦᠨ᠎ᠡ᠃ ᠬᠤᠲᠠ ᠶᠢᠨ ᠬᠡᠪᠴᠢᠶᠡᠨ ᠳᠠᠬᠢ ᠦᠢᠯᠡᠳᠪᠦᠷᠢᠯᠡᠯ ᠰᠤᠷᠭᠠᠨ ᠬᠥᠮᠦᠵᠢᠯ ᠤᠨ 6 ᠬᠤᠯᠪᠣᠭᠠᠲᠤ ᠴᠣᠭᠴᠠ ᠪᠠ ᠠᠵᠢᠯ ᠲᠥᠷᠥᠯ ᠤᠨ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠤᠨ 11 ᠬᠠᠮᠲᠤ ᠶᠢᠨ ᠴᠣᠭᠴᠠ ᠶᠢ ᠴᠢᠨᠠᠷ ᠰᠠᠶᠢᠲᠠᠶ ᠪᠠᠶᠢᠭᠤᠯᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ︵ᠲᠤᠰᠬᠠᠶ ᠮᠡᠷᠭᠡᠵᠢᠯ︶᠎ ᠤᠨ ᠲᠤᠰᠬᠠᠶ ᠮᠡᠷᠭᠡᠵᠢᠯ ᠬᠢᠭᠡᠳ ᠣᠷᠣᠨ ᠪᠦᠰᠡ ᠶᠢᠨ ᠠᠵᠤ ᠦᠢᠯᠡᠰ ᠤᠨ ᠵᠣᠬᠢᠴᠠᠯᠳᠤᠬᠤ ᠬᠡᠮᠵᠢᠶ᠎ᠡ ᠶᠢ 80% ᠪᠣᠯᠲᠠᠯ᠎ᠠ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠬᠢᠴᠢᠶᠡᠯ ᠤᠨ ᠪᠠᠭᠰᠢ ᠶᠢᠨ ︽ᠬᠤᠤᠰ ᠬᠢᠷᠢ ᠬᠡᠮ ᠲᠠᠢ ᠪᠠᠭᠰᠢ ᠶᠢᠨ ᠬᠡᠯᠪᠡᠷᠢ︾ ᠪᠦᠬᠦᠢ ᠪᠠᠭᠰᠢ ᠨᠠᠷ ᠤᠨ ᠡᠵᠡᠯᠡᠬᠦ ᠬᠠᠷᠢᠴᠠᠯ ᠢ 70%᠎ ᠳᠤ ᠬᠦᠷᠭᠡᠵᠦ᠂ ᠵᠠᠬᠢᠶᠠᠯᠠᠭ᠎ᠠ ᠶᠢᠨ ᠬᠡᠯᠪᠡᠷᠢ ᠪᠠᠷ ᠴᠢᠳᠠᠪᠤᠷᠢᠲᠠᠨ ᠬᠥᠮᠦᠵᠢᠭᠦᠯᠬᠦ ᠬᠡᠪᠴᠢᠶ᠎ᠡ ᠶᠢ 3.2 ᠲᠦᠮᠡᠨ ᠬᠥᠮᠦᠨ ᠪᠣᠯᠲᠠᠯ᠎ᠠ ᠥᠷᠭᠡᠳᠬᠡᠨ᠎ᠡ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠣᠷᠣᠭᠴᠢ ᠡᠯᠰᠡᠬᠦ ᠴᠢᠳᠠᠪᠤᠷᠢᠲᠠᠨ ᠬᠥᠮᠦᠵᠢᠭᠦᠯᠬᠦ ᠠᠵᠢᠯ ᠣᠯᠭᠤᠬᠤ ᠶᠢ ᠨᠢᠭᠡ ᠴᠣᠭᠴᠠᠵᠢᠭᠤᠯᠵᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠴᠢᠳᠠᠪᠤᠷᠢᠲᠠᠨ ᠬᠥᠮᠦᠵᠢᠭᠦᠯᠬᠦ ᠴᠢᠨᠠᠷ ᠪᠠ ᠠᠵᠢᠯ ᠣᠯᠬᠤ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃

       ᠬᠤᠷᠠᠯ ᠠᠴᠠ᠂ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠰᠤᠷᠭᠠᠨ ᠬᠦᠮᠦᠵᠢᠯ ᠢᠶᠠᠷ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ ᠬᠤᠪᠢ ᠨᠡᠮᠡᠷᠢ ᠦᠵᠡᠭᠦᠯᠬᠦ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ