2 ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠺᠠᠳ᠋ᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠨᠡᠶᠢᠲᠡᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠤᠩᠰᠢᠨ ᠨᠡᠶᠢᠲᠡᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠦᠦ ᠰᠢᠶᠠᠨ ᠬᠤᠸᠠ ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ ᠂ ᠵᠧᠩ ᠬᠤᠩ ᠹᠠᠨ ᠨᠥᠬᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠪᠠᠨ ᠪᠣᠯᠢᠨ᠎ᠠ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠵᠠᠢ ᠃


2 ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠠᠶᠢᠭᠤᠯᠭ᠎ᠠ ᠶᠢᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠺᠠᠳ᠋ᠷ ᠢ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠲᠣᠭᠲᠠᠭᠠᠯ ᠢ ᠨᠡᠶᠢᠲᠡᠯᠡᠪᠡ ᠃
ᠰᠦᠨ ᠱᠤᠤ ᠴᠧᠩ ᠂ ᠡᠨᠡ ᠤᠳᠠᠭ᠎ᠠ ᠶᠢᠨ ᠺᠠᠳ᠋ᠷ ᠤᠨ ᠲᠣᠬᠢᠷᠠᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠭᠡ ᠲᠠᠯ᠎ᠠ ᠠᠴᠠ ᠡᠭᠦᠰᠴᠦ ᠂ ᠠᠵᠢᠯ ᠤᠨ ᠬᠡᠷᠡᠭᠴᠡᠭᠡ ᠪᠣᠯᠣᠨ ᠤᠳᠤᠷᠢᠳᠬᠤ ᠪᠠᠭ ᠤᠨ ᠪᠠᠶᠢᠭᠤᠯᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ ᠂ ᠪᠦᠭᠦ ᠲᠠᠯ᠎ᠠ ᠪᠠᠷ ᠪᠣᠳᠣᠯᠬᠢᠯᠠᠵᠤ ᠂ ᠨᠠᠷᠢᠨ ᠬᠢᠨᠠᠮᠠᠭᠠᠢ ᠰᠤᠳᠤᠯᠵᠤ ᠭᠠᠷᠭᠠᠭᠰᠠᠨ ᠲᠣᠭᠲᠠᠭᠠᠯ ᠪᠣᠯᠣᠨ᠎ᠠ ᠃ ᠤᠯᠠᠨ ᠢᠶᠠᠷ ᠢᠶᠠᠨ ᠤᠯᠤᠰ ᠲᠦᠷᠦ ᠶᠢ ᠡᠷᠭᠢᠮᠯᠡᠭᠦ ᠂ ᠶᠡᠭᠡ ᠲᠠᠯ᠎ᠠ ᠶᠢ ᠬᠠᠷᠠᠭᠠᠯᠵᠠᠬᠤ ᠂ ᠰᠠᠬᠢᠯᠭ᠎ᠠ ᠪᠠᠲᠤ ᠶᠢ ᠰᠠᠬᠢᠬᠤ ᠥᠨᠳᠥᠷᠴᠡ ᠠᠴᠠ ᠪᠦᠦ ᠰᠢᠶᠠᠨ ᠬᠤᠸᠠ ᠨᠥᠬᠦᠷ ᠤᠨ ᠠᠵᠢᠯ ᠢ ᠪᠦᠭᠦ ᠬᠦᠴᠦᠨ ᠢᠶᠠᠷ ᠢᠶᠠᠨ ᠳᠡᠮᠵᠢᠨ ᠬᠠᠮᠵᠢᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠥᠪᠥᠷ ᠮᠣᠩᠭᠤᠯ ᠤᠨ ᠰᠤᠷᠲᠠᠯ ᠤᠬᠠᠭᠤᠯᠭ᠎ᠠ ᠶᠢᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ ᠭᠡᠵᠡᠢ ᠃
ᠰᠦᠨ ᠱᠤᠤ ᠴᠧᠩ ᠂ ᠣᠶᠢᠷ᠎ᠠ ᠶᠢᠨ ᠬᠡᠳᠦᠨ ᠵᠢᠯ ᠳᠤ ᠰᠤᠷᠲᠠᠯ ᠤᠬᠠᠭᠤᠯᠭ᠎ᠠ ᠶᠢᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠭᠤᠣᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠤᠵᠠᠭᠠᠶᠢᠷᠠᠭᠤᠯᠬᠤ ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠦ ᠂ ︽ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠱᠤᠭᠤᠬᠤ ︾ ᠶᠢᠨ ᠲᠥᠯᠥᠭᠡ ᠢᠳᠡᠪᠬᠢᠲᠡᠢ ᠬᠤᠪᠢ ᠨᠡᠮᠡᠷᠢ ᠦᠵᠡᠭᠦᠯᠪᠡ ᠃ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ ᠂ ᠲᠤᠭ ᠢ ᠮᠠᠨᠳᠤᠭᠤᠯᠬᠤ ᠂ ᠠᠷᠠᠳ ᠤᠨ ᠰᠡᠳᠬᠢᠯ ᠢ ᠨᠢᠭᠲᠠᠷᠠᠭᠤᠯᠬᠤ ᠂ ᠰᠢᠨ᠎ᠡ ᠬᠥᠮᠥᠨ ᠢ ᠬᠥᠮᠥᠵᠢᠭᠦᠯᠬᠦ ᠂ ᠰᠣᠶᠣᠯ ᠢ ᠮᠠᠨᠳᠤᠭᠤᠯᠬᠤ ᠂ ᠳᠦᠷᠢ ᠲᠥᠷᠬᠦ ᠶᠢ ᠢᠯᠡᠷᠡᠭᠦᠯᠬᠦ ᠡᠯ᠎ᠡ ᠵᠦᠢᠯ ᠤᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠥᠪᠥᠷ ᠮᠣᠩᠭᠤᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠵᠤ ᠂ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠃ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ ᠂ ︽ ᠲᠦᠷᠪᠡᠨ ᠰᠤᠷᠤᠯᠴᠠᠯᠭ᠎ᠠ ︾ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ ᠂ ᠤᠨᠤᠯ ᠤᠨ ᠤᠬᠠᠭᠤᠯᠭ᠎ᠠ ᠶᠢ ᠤᠯᠠᠨ ᠲᠦᠮᠡᠨ ᠲᠠᠢ ᠨᠡᠩ ᠣᠶᠢᠷᠠᠲᠤᠭᠤᠯᠵᠤ ᠂ ᠨᠡᠩ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠢ ᠦᠷᠭᠦᠯᠵᠢᠯᠡᠨ ᠴᠢᠩᠭᠠᠳᠬᠠᠵᠤ ᠂ ᠬᠢᠯᠢ ᠬᠢᠵᠠᠭᠠᠷ ᠤᠨ ᠵᠠᠰᠠᠯᠲᠠ ᠶᠢᠨ ᠰᠤᠳᠤᠯᠭᠠᠨ ᠢ ᠰᠠᠶᠢᠲᠤᠷ ᠠᠳᠬᠤᠵᠤ ᠂ ︽ ᠵᠢᠷᠭᠤᠭᠠᠨ ᠥᠭᠦᠯᠡᠪᠦᠷᠢ ᠦᠭᠡ ᠶᠢᠨ ᠪᠣᠳᠠᠲᠤ ᠶᠠᠪᠤᠳᠠᠯ ᠪᠠ ᠶᠣᠰᠣ ᠤᠴᠢᠷ ︾ ᠢ ᠠᠮᠢᠳᠤᠯᠢᠭ ᠲᠤᠭᠤᠰᠢᠲᠠᠢ ᠶᠠᠷᠢᠬᠤ ᠬᠡᠷᠡᠭᠲᠡᠢ ᠃ ᠠᠵᠤ ᠠᠬᠤᠢ ᠶᠢᠨ ᠬᠥᠭᠵᠢᠯᠲᠡ ᠳᠤ ᠰᠦᠷ ᠬᠦᠴᠦᠨ ᠨᠡᠮᠡᠷᠢᠯᠡᠵᠦ ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠥᠷᠨᠢᠭᠦᠨ ᠪᠠᠶᠢᠳᠠᠯ ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠂ ᠠᠵᠢᠯ ᠦᠢᠯᠡᠰ ᠤᠨ ᠶᠡᠭᠡ ᠶᠢ ᠪᠦᠲᠦᠭᠡᠵᠦ ᠪᠤᠯᠬᠤ ᠰᠠᠷᠠᠭᠤᠯ ᠢᠷᠡᠭᠡᠳᠦᠢ ᠶᠢ ᠨᠡᠩ ᠥᠷᠭᠡᠨ ᠳᠡᠯᠭᠡᠷ ᠭᠦᠨ ᠭᠦᠨᠵᠡᠭᠡᠢ ᠢᠯᠡᠷᠡᠭᠦᠯᠵᠦ ᠂ ᠡᠯ᠎ᠡ ᠲᠠᠯ᠎ᠠ ᠶᠢᠨ ᠬᠢᠨ ᠤ ᠴᠤᠭ ᠰᠦᠯᠳᠡ ᠡᠷᠴᠢ ᠵᠣᠷᠢᠭ ᠢ ᠤᠯᠠᠮ ᠪᠠᠳᠠᠷᠠᠭᠤᠯᠬᠤ ᠬᠡᠷᠡᠭᠲᠡᠢ ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠭᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠤᠳᠤᠯᠤᠨ ᠲᠠᠶᠢᠯᠪᠤᠷᠢᠯᠠᠬᠤ ᠂ ᠤᠬᠠᠭᠤᠯᠤᠨ ᠳᠡᠯᠭᠡᠨ ᠦᠵᠡᠭᠦᠯᠭᠦ ᠂ ᠵᠣᠬᠢᠶᠠᠨ ᠪᠦᠲᠦᠭᠡᠵᠦ ᠣᠨᠳᠣᠣᠰᠢᠭᠤᠯᠬᠤ ᠂ ᠲᠦᠷᠦᠯ ᠲᠡᠮᠳᠡᠭ ᠢ ᠳᠡᠯᠭᠡᠷᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠨᠡᠩ ᠤᠯᠠᠨ ︽ ᠨᠡᠷ᠎ᠡ ᠠᠯᠳᠠᠷᠰᠢᠭᠰᠠᠨ ︾ ᠂ ︽ ᠭᠤᠶᠢᠳᠠ ᠰᠠᠶᠢᠬᠠᠨ ︾ ᠤᠳᠬ᠎ᠠ ᠤᠷᠠᠯᠢᠭ ᠤᠨ ᠪᠦᠲᠦᠭᠡᠭᠳᠡᠬᠦᠨ ᠢ ᠵᠣᠬᠢᠶᠠᠨ ᠪᠦᠲᠦᠭᠡᠬᠦ ᠬᠡᠷᠡᠭᠲᠡᠢ ᠃ ᠰᠣᠶᠣᠯ ᠤᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠰᠣᠶᠣᠯ ᠤᠨ ᠦᠢᠯᠡᠰ ᠤᠨ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠵᠦ ᠂ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠃ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ ᠭᠡᠪᠡ ᠃


2 ᠰᠠᠷ᠎ᠠ ᠶᠢᠨ 22 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠰᠢᠶᠠᠨ ᠬᠤᠸᠠ ᠂ ᠵᠧᠩ ᠬᠤᠩ ᠹᠠᠨ ᠣᠪᠣᠷ ᠢᠶᠠᠨ ᠢᠯᠡᠳᠬᠡᠬᠦ ᠦᠭᠡ ᠬᠡᠯᠡᠪᠡ᠃
ᠪᠦᠦ ᠰᠢᠶᠠᠨ ᠬᠤᠸᠠ ᠂ ᠵᠧᠩ ᠬᠤᠩ ᠹᠠᠨ ᠣᠪᠣᠷ ᠢᠶᠠᠨ ᠢᠯᠡᠳᠬᠡᠬᠦ ᠦᠭᠡ ᠬᠡᠯᠡᠵᠡᠢ ᠃