ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ ︵2025.2.15 ︱ 2025.2.22︶
ᠨᠡᠶᠢᠲᠡᠯᠡᠭᠰᠡᠨ ᠴᠠᠭ᠄
2025/2/24


      ︽ᠥᠪᠥᠷ ᠮᠣᠩᠭᠤᠯ ᠤᠨ ᠨᠢᠭᠡ ᠭᠠᠷᠠᠭ ᠤᠨ ᠵᠠᠰᠠᠭ ᠤᠨ ᠶᠠᠪᠤᠳᠠᠯ︾ ᠭᠡᠬᠦ ᠪᠤᠯᠤᠩ ᠨᠢ ᠲᠠᠨ ᠳᠤ ᠭᠠᠷᠠᠭ ᠪᠦᠷᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠭᠠᠷᠠᠭ ᠪᠦᠷᠢ ᠶᠢᠨ ᠵᠠᠰᠠᠭ ᠤᠨ ᠰᠢᠨ᠎ᠡ ᠶᠠᠪᠤᠳᠠᠯ ᠢ ᠲᠦᠷᠭᠡᠨ ᠣᠶᠢᠯᠠᠭᠠᠭᠤᠯᠬᠤ ᠪᠣᠯᠣᠨ᠎ᠠ᠃

ᠤᠳᠤᠷᠢᠳᠤᠯᠭ᠎ᠠ ᠶᠢᠨ ᠠᠵᠢᠯᠯᠠᠭ᠎ᠠ

1

ᠰᠦᠨ ᠱᠣᠸ ᠴᠧᠩ


ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠡ

      2 ᠳ᠋ᠤᠭᠠᠷ ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ ᠪᠠᠶᠠᠨᠨᠠᠭᠤᠷ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠢᠦᠢ ᠯᠢ ᠰᠢᠨ ᠲᠣᠰ ᠠᠵᠢᠯᠯᠠᠭ᠎ᠠ ᠳᠤ ᠣᠷᠣᠯᠴᠠᠪᠠ᠃


ᠥᠪᠡᠷᠲᠡᠭᠡᠨ ᠵᠠᠰᠠᠬᠤ ᠣᠷᠣᠨ ᠬᠢᠭᠡᠳ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ︽ᠥᠪᠥᠷ ᠮᠣᠩᠭᠤᠯ ᠪᠥᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭ᠎ᠠ︾ ᠭᠡᠬᠦ ᠰᠡᠳᠦᠪ ᠤᠨ ᠦᠷ᠎ᠡ ᠪᠦᠲᠦᠭᠡᠯ ᠢ ᠰᠣᠯᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ

      2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠬᠢᠭᠡᠳ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠨᠢ ︽ᠥᠪᠥᠷ ᠮᠣᠩᠭᠤᠯ ᠪᠥᠬᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠯᠭᠠᠭᠤᠷᠢᠯᠠᠬᠤ ᠶᠢᠨ ᠭᠤᠣᠯᠳᠠᠯᠭ᠎ᠠ ᠲᠠᠢ ᠡᠭᠦᠷᠭᠡ ᠶᠢᠨ ᠰᠤᠳᠤᠯᠭ᠎ᠠ︾ ᠭᠡᠬᠦ ᠰᠡᠳᠦᠪ ᠤᠨ ᠦᠷ᠎ᠡ ᠪᠦᠲᠦᠭᠡᠯ ᠢ ᠰᠣᠯᠢᠯᠴᠠᠬᠤ ᠬᠤᠷᠠᠯ ᠢ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠦᠷᠢᠶᠡᠯᠡᠩ ᠤᠨ ᠳᠠᠷᠤᠭ᠎ᠠ ᠯᠢ ᠰᠢᠶᠣᠣ ᠬᠤᠩ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠲᠣᠰ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠬᠦᠷᠢᠶᠡᠯᠡᠩ ᠤᠨ ᠳᠠᠷᠤᠭ᠎ᠠ ᠳ᠋ᠧᠩ ᠰᠢᠸ ᠰᠢᠨ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠰᠦᠨ ᠯᠢ ᠯᠢ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠢᠦᠢ ᠯᠢ ᠰᠢᠨ᠂ ᠰᠦᠨ ᠵᠢᠶᠦ᠋ᠨ ᠴᠢᠩ ᠨᠠᠷ ᠪᠠ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠲᠤᠰᠬᠠᠢ ᠮᠡᠷᠭᠡᠵᠢᠯᠲᠡᠳ ᠡᠷᠳᠡᠮᠲᠡᠳ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃


ᠲᠥᠪ ᠤᠨ ᠤᠬᠠᠭᠤᠯᠬᠤ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ

      2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠥᠬᠡᠬᠤᠲᠠ ᠳᠤ ᠲᠥᠪ ᠤᠨ ᠤᠬᠠᠭᠤᠯᠬᠤ ᠬᠡᠯᠲᠡᠰ ᠤᠨ ᠬᠡᠯᠲᠡᠰ ᠤᠨ ᠳᠡᠳ᠋ ᠳᠠᠷᠤᠭ᠎ᠠ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠤᠤ ᠱᠦ ᠮᠢᠨ ᠲᠠᠢ ᠠᠭᠤᠯᠵᠠᠪᠠ᠃ ᠢᠦᠢ ᠯᠢ ᠰᠢᠨ᠂ ᠵᠧᠩ ᠬᠤᠩ ᠹᠠᠨ ᠨᠠᠷ ᠲᠣᠰ ᠠᠭᠤᠯᠵᠠᠯᠲᠠ ᠳᠤ ᠣᠷᠣᠯᠴᠠᠪᠠ᠃


ᠥᠪᠡᠷ ᠤᠨ ᠪᠠᠶᠢᠭ᠎ᠠ ᠨᠠᠮ ᠤᠨ ᠡᠭᠦᠷ ᠤᠨ ᠢᠶᠠᠨ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ

      2 ᠳ᠋ᠤᠭᠠᠷ ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠸ ᠴᠧᠩ ᠡᠩ ᠤᠨ ᠨᠢᠭᠡᠨ ᠨᠠᠮ ᠤᠨ ᠭᠡᠰᠢᠭᠦᠨ ᠤ ᠬᠤᠪᠢ ᠪᠠᠷ᠂ ᠥᠪᠡᠷ ᠤᠨ ᠢᠶᠠᠨ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠲᠤ ᠬᠦᠷᠴᠦ᠂ 2024 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠢ ᠯᠢ ᠰᠢᠨ ᠣᠷᠣᠯᠴᠠᠪᠠ᠃

ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠡᠷᠬᠢᠯᠡᠪᠡ

      2 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢ ᠬᠤᠷᠠᠯᠳᠤᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ 2025 ᠣᠨ ᠳᠠᠬᠢ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠲᠣᠰ ᠬᠤᠷᠠᠯ ᠢ ᠡᠷᠬᠢᠯᠡᠪᠡ᠃


2

ᠸᠠᠩ ᠯᠢ ᠰᠢᠶᠠ


ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ

      2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃


ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ

      2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠥᠬᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠠᠷ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ ᠪᠦᠦ ᠰᠢᠶᠠᠨ ᠬᠤᠸᠠ ᠲᠣᠰ ᠠᠵᠢᠯᠯᠠᠭ᠎ᠠ ᠳᠤ ᠣᠷᠣᠯᠴᠠᠪᠠ᠃


3

ᠳᠠᠶᠢᠴᠢᠨ


ᠪᠡᠭᠡᠵᠢᠩ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠠᠮᠲᠤᠷᠠᠭᠰᠠᠨ ᠬᠤᠷᠠᠯ ᠤᠨ 2025 ᠣᠨ ᠤ ᠠᠩᠬᠠᠳᠤᠭᠠᠷ ᠬᠤᠷᠠᠯᠳᠤᠭᠠᠨ ᠳᠤ ᠣᠷᠣᠯᠴᠠᠪᠠ

      2 ᠳ᠋ᠤᠭᠠᠷ ᠰᠠᠷ᠎ᠠ ᠶᠢᠨ 20 ᠤ ᠡᠳᠦᠷ᠂ ᠪᠡᠭᠡᠵᠢᠩ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠠᠮᠲᠤᠷᠠᠭᠰᠠᠨ ᠬᠤᠷᠠᠯ ᠤᠨ 2025 ᠣᠨ ᠤ ᠠᠩᠬᠠᠳᠤᠭᠠᠷ ᠬᠤᠷᠠᠯᠳᠤᠭᠠᠨ ᠢ ᠬᠢᠩᠭᠠᠨ ᠠᠶᠢᠮᠠᠭ ᠲᠤ ᠬᠤᠷᠠᠯᠳᠤᠭᠤᠯᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠲᠣᠰ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠳᠠᠶᠢᠴᠢᠨ᠂ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠬᠤᠩ᠂ ᠨᠠᠷᠢᠨ ᠪᠢᠴᠢᠭ ᠤᠨ ᠳᠠᠷᠤᠭ᠎ᠠ ᠬᠠᠨ ᠢᠦᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠨᠠᠷᠢᠨ ᠪᠢᠴᠢᠭ ᠤᠨ ᠳᠠᠷᠤᠭ᠎ᠠ ᠶᠠᠩ ᠯᠢ ᠮᠢᠨ ᠲᠣᠰ ᠬᠤᠷᠠᠯ ᠳᠤ ᠣᠷᠣᠯᠴᠠᠪᠠ᠃


4

ᠶᠠᠩ ᠶᠢᠨ


ᠮᠣᠩᠭᠤᠯ ᠤᠨ ᠠᠷᠠᠳ ᠤᠨ ᠨᠠᠮ ᠤᠨ ᠺᠠᠳ᠋ᠷᠴᠤᠳ ᠤᠨ ᠰᠢᠨᠵᠢᠯᠡᠨ ᠪᠠᠶᠢᠴᠠᠭᠠᠬᠤ ᠪᠦᠯᠬᠦᠮ ᠥᠪᠥᠷ ᠮᠣᠩᠭᠤᠯ ᠳᠤ ᠠᠶᠢᠯᠴᠢᠯᠠᠭᠰᠠᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠪᠠ

      2 ᠳ᠋ᠤᠭᠠᠷ ᠰᠠᠷ᠎ᠠ ᠶᠢᠨ 18 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠭᠠᠳᠠᠭᠠᠳᠤ ᠲᠠᠢ ᠬᠤᠯᠪᠣᠭ᠎ᠠ ᠠᠪᠬᠤ ᠬᠡᠯᠲᠡᠰ ᠠᠴᠠ ᠮᠣᠩᠭᠤᠯ ᠤᠨ ᠠᠷᠠᠳ ᠤᠨ ᠨᠠᠮ ᠤᠨ ᠺᠠᠳ᠋ᠷᠴᠤᠳ ᠤᠨ ᠰᠢᠨᠵᠢᠯᠡᠨ ᠪᠠᠶᠢᠴᠠᠭᠠᠬᠤ ᠪᠦᠯᠬᠦᠮ ᠢ ᠵᠣᠬᠢᠶᠠᠨ ᠪᠠᠶᠢᠭᠤᠯᠵᠤ ᠥᠪᠥᠷ ᠮᠣᠩᠭᠤᠯ ᠳᠤ ᠠᠶᠢᠯᠴᠢᠯᠠᠪᠠ᠃ ᠰᠢᠨᠵᠢᠯᠡᠨ ᠪᠠᠶᠢᠴᠠᠭᠠᠬᠤ ᠪᠦᠯᠬᠦᠮ ᠢ ᠮᠣᠩᠭᠤᠯ ᠤᠨ ᠠᠷᠠᠳ ᠤᠨ ᠨᠠᠮ ᠤᠨ ᠭᠠᠳᠠᠭᠠᠳᠤ ᠶᠠᠪᠤᠳᠠᠯ ᠤᠨ ᠱᠦᠵᠢ ᠠᠯᠲᠠᠢ ᠪᠠᠷ ᠳᠠᠷᠤᠭᠠᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠠᠩ ᠶᠢᠨ ᠬᠠᠮᠢᠶ᠎ᠠ ᠪᠦᠬᠦᠢ ᠠᠵᠢᠯᠯᠠᠭ᠎ᠠ ᠳᠤ ᠣᠷᠣᠯᠴᠠᠵᠠᠢ᠃

5

ᠰᠦᠨ ᠵᠢᠶᠦ᠋ᠨ ᠴᠢᠩ

ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠮᠢᠷᠴᠢᠳ ᠢ ᠤᠭᠲᠤᠬᠤ ᠴᠠᠶᠢᠯᠠᠯᠭ᠎ᠠ ᠳᠤ ᠣᠷᠣᠯᠴᠠᠪᠠ

      2 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠮᠢᠷᠴᠢᠳ ᠢ ᠤᠭᠲᠤᠬᠤ ᠴᠠᠶᠢᠯᠠᠯᠭ᠎ᠠ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠣᠷᠣᠯᠴᠠᠪᠠ᠃


ᠲᠦᠷᠦ ᠶᠢᠨ ᠪᠣᠳᠣᠯᠭ᠎ᠠ ᠶᠢᠨ ᠨᠡᠶᠢᠲᠡᠯᠡᠯ

1

ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠲᠤᠬᠠᠢ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2025﹈ 7 ᠳ᠋ᠤᠭᠠᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯᠳᠤᠭᠠᠨ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃


2

ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠵᠢᠯᠯᠠᠭᠠᠨ ᠤ ᠬᠡᠷᠡᠭᠵᠢᠭᠦᠯᠬᠦ ᠲᠥᠰᠥᠯ︾ ᠤᠨ ᠲᠤᠬᠠᠢ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2025﹈ 9 ᠳ᠋ᠦ᠋ᠭᠡᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠰᠤ ᠠᠷᠪᠢᠯᠠᠬᠤ ᠶᠢ ᠤᠷᠢᠳ ᠢᠶᠠᠷ ᠪᠣᠳᠣᠯᠬᠢᠯᠠᠭᠰᠠᠨ ᠂ ᠣᠷᠣᠨ ᠵᠠᠢ ᠶᠢ ᠲᠡᠩᠴᠡᠭᠦᠷᠢᠲᠡᠢ ᠪᠠᠶᠢᠯᠭᠠᠬᠤ᠂ ᠰᠢᠰᠲ᠋ᠧᠮᠵᠢᠭᠦᠯᠦᠨ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠶᠢ ᠵᠠᠰᠠᠵᠤ ᠠᠷᠪᠢᠯᠠᠬᠤ ᠰᠡᠳᠬᠢᠮᠵᠢ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ ᠬᠤᠷᠠᠯᠳᠤᠭᠠᠨ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠵᠤ᠂ ᠤᠰᠤ ᠠᠷᠪᠢᠯᠠᠬᠤ ᠠᠵᠢᠯᠯᠠᠭᠠᠨ ᠢ ᠶᠡᠭᠡ ᠪᠠᠷ ᠬᠡᠷᠡᠭᠵᠢᠭᠦᠯᠬᠦ ᠶᠢᠨ ᠲᠤᠯᠠᠳᠠ᠂ ᠲᠣᠰ ᠲᠥᠰᠥᠯ ᠢ ᠲᠣᠭᠲᠠᠭᠠᠪᠠ᠃


3

ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025

–2027 ᠣᠨ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ

      ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ ︵2025 – 2027 ᠣᠨ︶︾ ᠤᠨ ᠲᠤᠬᠠᠢ ᠮᠡᠳᠡᠭᠳᠡᠯ ︵ᠥᠪᠥᠷ ᠵᠠᠰᠠᠭ ᠠᠯᠪᠠᠨ ᠲᠠᠷᠬᠠᠭᠠᠭᠰᠠᠨ ﹇2025﹈ 9 ᠳ᠋ᠦ᠋ᠭᠡᠷ ᠲᠣᠭᠠᠲᠤ︶ ᠢ ᠳᠠᠷᠤᠮᠠᠯᠯᠠᠨ ᠶᠠᠪᠤᠭᠤᠯᠪᠠ᠃ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯᠳᠤᠭᠠᠨ᠂ ᠶᠢᠰᠦᠳᠦᠭᠡᠷ ᠪᠥᠬᠦᠳᠡ ᠬᠤᠷᠠᠯᠳᠤᠭᠠᠨ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ᠂ ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠥᠬᠦᠬᠡᠢ ᠠᠮᠤ ᠪᠤᠳᠠᠭ᠎ᠠ ᠠᠮᠢᠳᠤ ᠮᠠᠯ ᠤᠨ ᠭᠠᠳᠠᠭᠰᠢ ᠤᠷᠤᠰᠬᠤ ᠂ ᠨᠠᠷᠢᠯᠢᠭ ᠭᠦᠨᠵᠡᠭᠡᠢ ᠡᠳ᠋ᠰᠢᠭᠦᠯᠬᠦ ᠪᠠᠷ ᠬᠦᠷᠦᠯᠴᠡᠬᠦ ᠦᠭᠡᠢ ᠪᠠᠶᠢᠬᠤ ᠵᠡᠷᠭᠡ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ︽ᠠᠮᠤ ᠪᠤᠳᠠᠭᠠᠨ ᠤ ᠦᠢᠯᠡᠳᠪᠦᠷᠢᠯᠡᠯ ᠬᠢᠭᠡᠳ ᠪᠣᠷᠣᠯᠠᠭᠤᠯᠭ᠎ᠠ ᠶᠢ ᠵᠣᠯᠭᠠᠭᠤᠯᠬᠤ︾᠂ ︽ᠮᠠᠯ ᠲᠡᠵᠢᠭᠡᠨ ᠦᠷᠡᠵᠢᠭᠦᠯᠬᠦ ᠬᠢᠭᠡᠳ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠬᠤ︾᠂ ︽ᠲᠠᠷᠢᠮᠠᠯ ᠤᠨ ᠦᠢᠯᠡᠰ ᠬᠢᠭᠡᠳ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠬᠤ ᠶᠢ ᠠᠭᠤᠰᠤᠯᠴᠠᠭᠤᠯᠤᠨ ᠬᠥᠭᠵᠢᠭᠦᠯᠬᠦ︾ ᠵᠡᠷᠭᠡ ᠲᠠᠯ᠎ᠠ ᠪᠠᠷ ᠬᠦᠴᠦ ᠲᠠᠯᠪᠢᠵᠤ᠂ ᠮᠠᠨ ᠤ ᠣᠷᠣᠨ ᠤ ᠲᠠᠷᠢᠶᠠᠯᠠᠩ ᠤᠨ ᠬᠤᠯᠢᠰᠢᠨ ᠢᠳᠡᠭᠡᠨ ᠡᠳ᠋ᠰᠢᠭᠦᠯᠬᠦ ᠦᠢᠯᠡᠰ ᠢ ᠲᠦᠷᠭᠡᠨ ᠪᠣᠶᠢᠵᠢᠭᠤᠯᠤᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠶᠢᠯᠡᠰᠵᠢᠯᠲᠡ᠂ ᠨᠠᠷᠠᠲᠤ ᠲᠥᠷᠥᠯ ᠲᠡᠮᠳᠡᠭᠵᠢᠯᠲᠡ ᠪᠠ ᠰᠢᠶᠠᠨ ᠤ ᠬᠡᠪᠴᠢᠶᠡᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠤᠯᠠᠳᠠ᠂ ᠲᠣᠰ ᠠᠵᠢᠯᠯᠠᠭᠠᠨ ᠤ ᠲᠥᠰᠥᠯ ᠢ ᠲᠣᠭᠲᠠᠭᠠᠪᠠ᠃

      

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ