|
2025 ᠣᠨ ᠳᠤ ᠬᠠᠤᠯᠢ ᠴᠠᠭᠠᠵᠠ ᠶᠢᠨ ᠲᠢᠩᠬᠢᠮ ᠳᠥᠷᠪᠡᠨ ᠠᠷᠭ᠎ᠠ ᠬᠡᠮᠵᠢᠶ᠎ᠡ ᠠᠪᠴᠤ ᠪᠠᠶᠢᠭᠠᠳ ᠬᠠᠤᠯᠢᠵᠢᠭᠰᠠᠨ ᠡᠵᠡᠩᠨᠡᠨ ᠬᠤᠳᠠᠯᠳᠤᠭᠠᠯᠠᠬᠤ ᠣᠷᠴᠢᠨ | ᠨᠥᠬᠦᠴᠡᠯ ᠢ ᠰᠢᠯᠢᠳᠡᠭᠵᠢᠭᠦᠯᠵᠦ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠪᠠᠷ ᠪᠣᠢ |
|
|
ᠨᠡᠶᠢᠲᠡᠯᠡᠭᠰᠡᠨ ᠴᠠᠭ᠄
2025/2/24
|
|
ᠨᠢᠭᠡ ᠳᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠲᠦᠷᠢᠮ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠬᠠᠮᠢᠶᠠᠷᠤᠯᠲᠠ ᠶᠢᠨ ᠲᠦᠷᠢᠮ ᠵᠡᠷᠭᠡ ᠬᠠᠤᠯᠢ ᠲᠣᠭᠲᠠᠭᠠᠬᠤ 38 ᠲᠥᠷᠥᠯ ᠵᠦᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃ ᠬᠠᠤᠯᠢ ᠲᠣᠭᠲᠠᠭᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠵᠢᠱᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢᠨ ᠬᠢᠨᠠᠨ ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠂ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠬᠠᠤᠯᠢ ᠲᠣᠭᠲᠠᠭᠠᠬᠤ ᠶᠢ ᠨᠠᠷᠢᠯᠢᠬᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠲᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠪᠦᠬᠦᠢ ᠬᠢᠨᠠᠨ ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠠᠵᠢᠯ ᠢ ᠴᠢᠩᠭᠠᠳᠬᠠᠨ ᠵᠢᠷᠤᠮᠵᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠯ᠎ᠠ ᠪᠠᠷ ᠬᠢ ᠬᠢᠨᠠᠨ ᠰᠢᠯᠭᠠᠬᠤ ᠲᠦᠷᠢᠮ ᠢ ᠲᠡᠭᠦᠯᠳᠡᠷᠵᠢᠭᠦᠯᠦᠨ᠂ ᠨᠠᠮ ᠵᠠᠰᠠᠭ ᠤᠨ ᠪᠠᠶᠢᠭᠤᠯᠭ᠎ᠠ ᠨᠤᠭᠤᠳ ᠲᠤ ᠬᠠᠤᠯᠢ ᠴᠠᠭᠠᠵᠠ ᠶᠢᠨ ᠵᠥᠪᠯᠡᠭᠴᠢ ᠪᠦᠬᠦᠨ ᠢ ᠬᠠᠮᠤᠷᠤᠭᠰᠠᠨ ᠪᠠᠶᠢᠬᠤ ᠶᠢ ᠪᠡᠶᠡᠯᠡᠭᠦᠯᠦᠨ᠎ᠡ᠃ ᠭᠤᠷᠪᠠ ᠳᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ︽ᠨᠢᠭᠡ ᠯᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠤᠯᠪᠣᠭᠠᠯᠠᠭᠰᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠳᠤᠷ᠎ᠠ ᠪᠠᠷ ᠢᠶᠠᠨ ᠰᠦᠢᠳᠭᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠵᠡᠷᠭᠡ ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠨ ᠵᠠᠰᠠᠨ᠎ᠠ︔ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠢᠯᠡ ᠪᠠᠷ ᠪᠣᠯᠵᠣᠨ ᠶᠠᠷᠢᠯᠴᠠᠬᠤ᠂ ᠰᠢᠭᠤᠳ ᠰᠢᠮᠳᠠᠭᠤᠯᠤᠨ ᠰᠢᠢᠳᠪᠦᠷᠢᠯᠡᠭᠦᠯᠬᠦ᠂ ᠵᠠᠷᠯᠠᠨ ᠢᠯᠡᠴᠢᠯᠡᠬᠦ ᠪᠠ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡ ᠶᠢᠨ ᠲᠣᠰᠬᠠᠶᠢᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ᠂ ᠡᠶᠡᠳᠡᠭᠦᠯᠬᠦ ᠡᠪᠰᠡᠭᠦᠯᠬᠦ᠂ ᠬᠠᠭᠤᠯᠤᠨ ᠮᠡᠳᠡᠭᠦᠯᠬᠦ ᠪᠠᠷ ᠲᠣᠭᠲᠠᠭᠠᠬᠤ ᠵᠢᠴᠢ ᠭᠦᠢᠴᠡᠳᠬᠡᠬᠦ ᠵᠡᠷᠭᠡ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠣᠨᠴᠠᠭᠠᠢ ᠬᠡᠷᠡᠭ ᠤᠨ ᠪᠤᠷᠤᠭᠤ ᠶᠢ ᠵᠠᠯᠠᠷᠠᠭᠤᠯᠬᠤ ᠪᠠ ᠠᠳᠠᠯᠢᠪᠲᠤᠷ ᠬᠡᠷᠡᠭ ᠤᠨ ᠵᠢᠷᠤᠮᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠡᠩ ᠲᠡᠷᠢᠭᠦᠨ ᠳᠤ ᠪᠣᠳᠣᠯᠬᠢᠯᠠᠨ ᠰᠣᠩᠭᠤᠬᠤ ᠨᠣᠷᠮ᠎ᠠ ᠪᠣᠯᠤᠨ ᠨᠡᠶᠢᠲᠡ ᠳᠤ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠬᠠᠤᠯᠢ ᠴᠠᠭᠠᠵᠠ ᠶᠢᠨ ᠲᠢᠩᠬᠢᠮ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|