ᠬᠥᠬᠡᠬᠤᠲᠠ ᠶᠢᠨ ᠬᠢᠨ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ  ᠨᠡᠬᠡᠭᠡᠯᠲᠡ ᠬᠥᠭᠵᠢᠯᠲᠡ ᠶᠢᠨ ᠰᠢᠨ᠎ᠡ ᠥᠨᠳᠦᠷᠯᠢᠭ ᠢ ᠴᠣᠭᠴᠠᠯᠠᠪᠠ
ᠨᠡᠶᠢᠲᠡᠯᠡᠭᠰᠡᠨ ᠴᠠᠭ᠄
2025/2/24

      ᠨᠢᠭᠡ ᠳᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠪᠠᠶᠢᠳᠠᠯ ᠲᠦᠷᠭᠡᠳᠪᠡ᠃ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠬᠤᠲᠠ ᠶᠢᠨ ᠬᠤᠭᠤᠷᠣᠨᠳᠣᠬᠢ ᠬᠥᠳᠡᠯᠭᠡᠭᠦᠷᠲᠦ ᠲᠡᠷᠭᠡᠨ ᠴᠣᠪᠤᠭ᠎ᠠ ᠶᠢ ᠨᠡᠶᠢᠲᠡ ᠶᠢᠨ ᠵᠠᠮ ᠬᠠᠷᠢᠯᠴᠠᠭᠠᠨ ᠤ ᠬᠡᠯᠪᠡᠷᠢ ᠪᠠᠷ ᠪᠠᠶᠢᠩᠭᠤᠰᠢᠭᠤᠯᠤᠨ ᠡᠵᠡᠩᠨᠡᠵᠦ᠂ ᠬᠥᠬᠡᠬᠤᠲᠠ ᠪᠤᠭᠤᠲᠤ ᠬᠤᠲᠠ ᠶᠢᠨ ᠬᠤᠭᠤᠷᠣᠨᠳᠣᠬᠢ ᠨᠡᠶᠢᠲᠡ ᠶᠢᠨ ᠵᠠᠮ ᠬᠠᠷᠢᠯᠴᠠᠭᠠᠨ ᠤ ᠨᠡᠬᠡᠭᠡᠯᠲᠡ ᠶᠢ ᠠᠬᠢᠭᠤᠯᠵᠤ᠂ S43 ᠨᠢᠰᠬᠡᠯ ᠤᠨ ᠪᠠᠭᠤᠳᠠᠯ ᠤᠨ ᠲᠥᠷᠭᠡᠨ ᠤ ᠵᠠᠰᠠᠮᠠᠯ ᠵᠠᠮ ᠵᠡᠷᠭᠡ ᠭᠤᠤᠯᠳᠠᠯᠭ᠎ᠠ ᠪᠣᠯᠬᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠥᠯᠬᠢᠨ ᠠᠬᠢᠭᠤᠯᠪᠠ᠃ ᠬᠤᠶᠠᠷ ᠲᠤ ᠪᠡᠭᠡᠵᠢᠩ ᠲᠢᠶᠠᠨᠵᠢᠨ ᠾᠧᠪᠧᠢ ᠶᠢᠨ ᠠᠵᠤ ᠠᠬᠤᠢ ᠶᠢᠨ ᠬᠦᠷᠢᠶᠡᠨ ᠳᠤ ᠲᠦᠷᠭᠡᠨ ᠠᠭᠤᠰᠤᠯᠴᠠᠪᠠ᠃ ︽ᠬᠤᠶᠠᠷ ᠴᠠᠭ ᠤᠨ ᠰᠢᠨ᠎ᠡ ᠡᠭᠦᠳᠦᠯᠲᠡ ᠶᠢᠨ ᠬᠦᠷᠢᠶ᠎ᠡ︾᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠡᠭᠦᠳᠦᠯᠲᠡ ᠶᠢᠨ ᠲᠠᠪᠴᠠᠩ ᠢ ᠪᠠᠶᠢᠭᠤᠯᠵᠤ᠂ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠣᠳᠤᠬᠤ︾ ᠣᠶᠤᠨᠴᠢ ᠪᠣᠳᠤᠯᠲᠠ ᠶᠢᠨ ᠠᠵᠤ ᠦᠢᠯᠡᠰ ᠤᠨ ᠬᠦᠷᠢᠶᠡᠯᠡᠩ ᠵᠡᠷᠭᠡ ᠵᠢᠱᠢᠶ᠎ᠡ ᠦᠵᠡᠭᠦᠯᠬᠦ ᠴᠢᠨᠠᠷᠲᠠᠶ ᠲᠥᠷᠥᠯ ᠵᠦᠢᠯ ᠢ ᠠᠮᠵᠢᠯᠲᠠ ᠲᠠᠢ ᠪᠠᠷ ᠪᠤᠲᠠᠲᠠᠶᠢᠵᠢᠭᠤᠯᠤᠨ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠤᠭᠤᠷᠴᠤᠭ ᠬᠠᠷᠢᠶ᠎ᠠ ᠭᠠᠵᠠᠷ ᠢ ᠪᠠᠶᠢᠭᠤᠯᠵᠤ᠂ ᠪᠡᠭᠡᠵᠢᠩ ᠤᠨ ᠳᠡᠭᠡᠳᠦ ᠲᠠᠰ ᠤᠨ ᠴᠢᠳᠠᠪᠤᠷᠢᠲᠠᠨ ᠬᠢᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠷᠥᠯ ᠵᠦᠢᠯ ᠢ ᠲᠡᠳᠡᠨ ᠠᠪᠴᠢᠷᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠪᠡᠭᠡᠵᠢᠩ ᠳᠠᠬᠢ ᠰᠢᠨ᠎ᠡ ᠶᠢ ᠡᠭᠦᠳᠬᠦ ᠭᠤᠣᠯ ᠴᠣᠭᠴᠠ ᠯᠤᠭ᠎ᠠ ᠶᠢᠨ ᠬᠠᠮᠲᠤᠷᠠᠯᠴᠠᠭᠠᠨ ᠤ ᠲᠦᠷᠦᠯ ᠵᠦᠢᠯ ᠨᠡᠶᠢᠲᠡ 50 ᠭᠠᠷᠤᠢ ᠪᠣᠯᠵᠤ᠂ ᠣᠷᠣᠨ ᠤ ᠭᠠᠳᠠᠨᠠᠬᠢ ᠨᠡᠷᠡᠲᠡᠢ 131 ᠶᠡᠭᠡ ᠳᠡᠭᠡᠳᠦ ᠰᠤᠷᠭᠠᠭᠤᠯᠢ ᠵᠢᠴᠢ ᠡᠷᠳᠡᠮ ᠰᠢᠨᠵᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠵᠤ᠂ ᠬᠦᠲᠦᠴᠢ ᠠᠵᠤ ᠠᠬᠤᠶᠢᠯᠠᠯ ᠤᠨ ᠭᠠᠳᠠᠭᠠᠳᠤ ᠳᠠᠬᠢ ᠰᠤᠳᠤᠯᠤᠨ ᠨᠡᠭᠡᠭᠡᠬᠦ ᠲᠥᠪ 15 ᠪᠣᠯᠲᠠᠯ᠎ᠠ ᠨᠡᠮᠡᠭᠳᠡᠪᠡ᠃ 2024 ᠣᠨ ᠠᠴᠠ ᠨᠠᠭᠠᠰᠢ᠂ ᠪᠡᠭᠡᠵᠢᠩ ᠲᠢᠶᠠᠨᠵᠢᠨ ᠡᡁᠧᠪᠸᠢ ᠠᠴᠠ ᠭᠤᠣᠯᠳᠠᠯᠭ᠎ᠠ ᠪᠣᠯᠬᠤ ᠪᠡᠯᠡ ᠣᠷᠣᠭᠤᠯᠤᠯᠲᠠ ᠶᠢᠨ ᠲᠦᠷᠦᠯ ᠵᠦᠢᠯ ᠢ 68 ᠣᠷᠣᠭᠤᠯᠤᠨ ᠠᠪᠴᠢᠷᠠᠵᠤ᠂ ᠪᠡᠯᠡ ᠣᠷᠤᠭᠤᠯᠤᠭᠰᠠᠨ ᠬᠡᠮᠵᠢᠶ᠎ᠡ ᠨᠢ 1229 ᠳ᠋ᠦᠩᠰᠢᠭᠤᠷ ᠲᠥᠭᠦᠷᠢᠭ ᠲᠤ ᠬᠦᠷᠪᠡ᠃ ᠭᠤᠷᠪᠠ ᠳᠤ ᠭᠠᠳᠠᠭᠠᠳᠤ ᠨᠡᠭᠡᠭᠡᠯᠳᠠ ᠬᠢᠬᠦ ᠠᠮᠢᠵᠢᠷᠠᠯ ᠤᠨ ᠬᠦᠴᠦᠨ ᠢ ᠶᠡᠭᠡ ᠪᠠᠷ ᠬᠥᠭᠵᠢᠭᠡᠪᠡ᠃ 2024 ᠣᠨ ᠳᠤ᠂ TIR ᠣᠯᠠᠨ ᠤᠯᠤᠰ ᠤᠨ ᠠᠴᠢᠶᠠᠨ ᠤ ᠮᠠᠰᠢᠨ ᠲᠡᠷᠭᠡ ᠶᠢᠨ ᠵᠢᠰᠢᠶᠠᠨ ᠤ ᠭᠠᠯᠲᠤ ᠲᠡᠷᠭᠡ ᠪᠠ ᠪᠥᠬᠦ ᠣᠷᠣᠨ ᠤ JSQ ᠲᠠᠸᠠᠷ ᠤᠨ ᠮᠠᠰᠢᠨ ᠲᠡᠷᠭᠡ ᠶᠢᠨ ᠵᠢᠰᠢᠶᠠᠨ ᠤ ᠭᠠᠯᠲᠤ ᠲᠡᠷᠭᠡ ᠶᠢ ᠠᠩᠬ᠎ᠠ ᠤᠳᠠᠭ᠎ᠠ ᠨᠡᠪᠲᠡᠷᠡᠭᠦᠯᠵᠦ᠂ ᠳᠤᠮᠳᠠᠳᠤ ᠧᠦ᠋ᠷᠣᠫᠠ ᠳᠤᠮᠳᠠᠳᠤ ᠠᠽᠢᠶ᠎ᠠ ᠶᠢᠨ ᠵᠢᠰᠢᠶᠠᠨ ᠤ ᠭᠠᠯᠲᠤ ᠲᠡᠷᠭᠡ ᠶᠢ 120 ᠤᠳᠠᠭ᠎ᠠ ᠵᠥᠭᠡᠭᠡᠪᠦᠷᠢᠯᠡᠨ ᠶᠠᠪᠤᠭᠤᠯᠵᠤ᠂ ᠠᠳᠠᠯᠢ ᠬᠤᠭᠤᠴᠠᠭᠠᠨ ᠤ ᠬᠢ ᠠᠴᠠ 140% ᠪᠠᠷ ᠨᠡᠮᠡᠭᠳᠡᠪᠡ︔ ︽ᠬᠥᠬᠡᠬᠤᠲᠠ — ᠮᠣᠰᠺᠸᠠ︾ ᠬᠦᠷᠬᠦ ᠪᠠᠷᠠᠭᠠᠨ ᠤ ᠲᠡᠭᠡᠭᠡᠪᠦᠷᠢ ᠶᠢᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠴᠠᠭᠠᠨ ᠰᠤᠪᠤᠷᠭ᠎ᠠ ᠠᠭᠠᠷ ᠠᠶᠠᠯᠠᠯ ᠤᠨ ᠬᠢᠯᠢ ᠶᠢᠨ ᠪᠣᠭᠤᠮᠲᠠ ᠪᠠᠷ ᠣᠷᠤᠭᠤᠯᠬᠤ ᠰᠢᠨ᠎ᠡ ᠰᠣᠷᠭᠤᠭ ᠤᠰᠤᠨ ᠭᠠᠷᠤᠯᠲᠠ ᠶᠢᠨ ᠵᠢᠭᠠᠨ ᠲᠣᠭᠲᠠᠭᠠᠭᠰᠠᠨ ᠬᠢᠨᠠᠨ ᠬᠠᠮᠢᠶᠠᠷᠬᠤ ᠲᠠᠯᠠᠪᠠᠶ ᠶᠢ ᠠᠰᠢᠭᠯᠠᠯᠲᠠ ᠳᠤ ᠣᠷᠣᠭᠤᠯᠪᠠ︔ ᠠᠯᠠᠭ ᠠᠭᠤᠯᠠ ᠶᠢᠨ ᠠᠮᠠ᠂ ᠬᠤᠷᠭᠤᠰ ᠬᠠᠭᠤᠷᠠᠢ ᠵᠠᠮ ᠤᠨ ᠬᠢᠯᠢ ᠶᠢᠨ ᠪᠣᠭᠤᠮᠲᠠ ᠯᠤᠭ᠎ᠠ ᠶᠢᠨ ᠬᠠᠮᠵᠢᠯᠴᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠬᠤᠲᠠ ᠶᠢᠨ ᠪᠠᠷᠠᠭᠠᠨ ᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠬᠡᠮᠵᠢᠶ᠎ᠡ ᠠᠩᠬ᠎ᠠ ᠤᠳᠠᠭ᠎ᠠ 220 ᠳ᠋ᠦᠩᠰᠢᠭᠤᠷ ᠲᠥᠭᠦᠷᠢᠭ ᠢ ᠳᠠᠪᠠᠪᠠ᠃ ︵ᠬᠥᠬᠡᠬᠤᠲᠠ ᠶᠢᠨ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ