|
ᠷᠠᠰᠢᠶᠠᠨ ᠬᠤᠲᠠ ᠮᠠᠨ ᠤ ᠣᠷᠣᠨ ᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠬᠠᠯᠠᠮᠰᠢᠯ ᠭᠠᠵᠠᠷ ᠪᠣᠯᠪᠠ |
|
|
ᠨᠡᠶᠢᠲᠡᠯᠡᠭᠰᠡᠨ ᠴᠠᠭ᠄
2025/2/24
|
|
ᠨᠢᠭᠡ ᠳᠤ ᠬᠠᠯᠠᠭᠤᠮᠰᠤᠭ ᠦᠢᠯᠡᠴᠢᠯᠡᠭᠡ ᠶᠢ ᠪᠣᠳᠠᠲᠠᠢ ᠬᠢᠪᠡ᠃ 2024 ᠣᠨ ᠤ 11 ᠳ᠋ᠦ᠋ᠭᠡᠷ ᠰᠠᠷ᠎ᠠ ᠳᠤ᠂ ᠷᠠᠰᠢᠶᠠᠨ ᠬᠤᠲᠠ ᠮᠥᠰᠥ ᠴᠠᠰᠤ᠂ ᠬᠠᠯᠠᠭᠤᠨ ᠷᠠᠰᠢᠶᠠᠨ ᠢ ᠪᠠᠭᠲᠠᠭᠠᠭᠰᠠᠨ 10 ᠵᠦᠢᠯ ᠤᠨ ᠭᠤᠣᠯᠯᠠᠬᠤ ᠵᠢᠭᠤᠯᠴᠢᠯᠠᠯ ᠤᠨ ᠨᠡᠷᠡᠳᠬᠦᠨ ᠪᠠ ᠡᠪᠦᠯ ᠤᠨ ᠤᠯᠠᠷᠢᠯ ᠤᠨ 4 ᠰᠣᠳᠣᠨ ᠵᠢᠭᠤᠯᠴᠢᠯᠠᠯ ᠤᠨ ᠱᠤᠭᠤᠮ ᠢ ᠨᠡᠶᠢᠲᠡᠯᠡᠵᠦ᠂ ᠡᠯ᠎ᠡ ᠭᠠᠵᠠᠷ ᠤᠨ ᠵᠢᠭᠤᠯᠴᠢᠯᠠᠭᠴᠢᠳ ᠲᠤ ᠡᠪᠦᠯ ᠤᠨ ᠤᠯᠠᠷᠢᠯ ᠤᠨ ᠵᠢᠭᠤᠯᠴᠢᠯᠠᠯ ᠤᠨ ᠤᠷᠢᠯᠭ᠎ᠠ ᠶᠢ ᠳᠡᠪᠰᠢᠭᠦᠯᠵᠡᠢ ᠃ ᠷᠠᠰᠢᠶᠠᠨ ᠤ ᠵᠢᠭᠤᠯᠴᠢᠯᠠᠯ ᠤᠨ ᠠᠮᠠᠷᠠᠯᠲᠠ ᠶᠢᠨ ᠲᠣᠭᠤᠷᠢᠭ ᠤᠨ ᠵᠢᠵᠢᠭ ᠫᠷᠣᠭ᠍ᠷᠠᠮ ᠳᠤ ︽ᠨᠢᠭᠡ ᠳᠠᠷᠤᠪᠴᠢ ᠪᠠᠷ ᠦᠢᠯᠡᠴᠢᠯᠡᠬᠦ ︾ ᠴᠢᠳᠠᠮᠵᠢ ᠶᠢ ᠲᠣᠬᠢᠷᠠᠭᠤᠯᠵᠤ ᠂ ᠵᠢᠭᠤᠯᠴᠢᠯᠠᠭᠴᠢᠳ ᠤᠨ ᠢᠯᠡ ᠵᠠᠬᠢᠳᠠᠯ ᠤᠨ ᠨᠢᠭᠤᠷ ᠲᠤ ᠺᠠᠷᠲᠯᠠᠬᠤ ᠂ ᠲᠠᠮᠠᠭ᠎ᠠ ᠳᠠᠷᠤᠵᠤ ᠺᠠᠷᠲᠯᠠᠬᠤ ᠵᠢᠴᠢ ᠬᠠᠯᠠᠭᠤᠨ ᠤᠰᠤᠨ ᠤ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ᠂ ᠦᠵᠡᠮᠵᠢ ᠶᠢᠨ ᠭᠠᠵᠠᠷ ᠤᠳ ᠲᠤ ᠬᠥᠪᠥᠩ ᠳ᠋ᠠᠴᠠᠩ᠂ ᠪᠡᠭᠡᠯᠡᠢ᠂ ᠮᠠᠯᠠᠭᠠᠢ᠂ ᠬᠠᠯᠠᠭᠤᠨ ᠵᠢᠩ ᠂ ᠬᠥᠯ ᠤᠨ ᠨᠠᠭᠠᠯᠲᠠ ᠵᠡᠷᠭᠡ ᠶᠢ ᠬᠠᠩᠭᠠᠨ ᠥᠭᠴᠦ ᠂ ᠵᠢᠭᠤᠯᠴᠢᠯᠠᠭᠴᠢᠳ ᠤᠨ ᠳᠠᠭᠠᠷᠠᠵᠤ ᠪᠡᠭᠡᠷᠡᠬᠦ ᠠᠴᠠ ᠰᠡᠷᠭᠡᠶᠢᠯᠡᠪᠡ ︔ ᠡᠪᠦᠯ ᠤᠨ ᠤᠯᠠᠷᠢᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠰᠢᠭᠤᠳ ᠬᠦᠷᠬᠦ ᠲᠡᠷᠭᠡ ᠶᠢ ᠨᠠᠪᠲᠠᠷᠡᠭᠦᠯᠵᠦ᠂ ᠵᠢᠭᠤᠯᠴᠢᠯᠠᠭᠴᠢᠳ ᠤᠨ ᠠᠳᠠᠯᠢ ᠪᠤᠰᠤ ᠦᠵᠡᠮᠵᠢ ᠶᠢᠨ ᠣᠷᠣᠨ ᠳᠤ ᠶᠠᠪᠤᠵᠤ ᠪᠤᠴᠠᠬᠤ ᠳᠤ ᠨᠢ ᠳᠦᠭᠦᠮᠯᠡᠪᠡ ᠃ ᠬᠤᠶᠠᠷ ᠲᠤ ᠭᠤᠣᠯ ᠰᠡᠳᠦᠪᠲᠦ ᠠᠵᠢᠯᠯᠠᠭ᠎ᠠ ᠶᠢ ᠨᠠᠷᠢᠯᠢᠭ ᠬᠢᠪᠡ᠃ ︽ ᠠᠶᠠᠯᠭᠤᠲᠦ ᠵᠢᠭᠤᠯᠴᠢᠯᠠᠯ ᠥᠪᠥᠷ ᠮᠣᠩᠭᠤᠯ ᠪᠠᠶᠠᠷ ᠪᠠᠶᠠᠰᠬᠤᠯᠠᠩᠲᠤ ᠮᠥᠰᠥ ᠴᠠᠰᠤᠨ ᠤ ᠤᠯᠠᠷᠢᠯ ︾ ᠭᠡᠬᠦ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠳᠡᠯᠭᠡᠷ ᠨᠠᠭᠠᠳᠤᠮ᠂ ᠮᠥᠰᠥ ᠴᠠᠰᠤᠨ ᠳᠤ ᠲᠣᠭᠯᠠᠬᠤ ᠵᠡᠷᠭᠡ ᠲᠠᠪᠤᠨ ︽ ᠡᠳᠦᠷ ᠡᠳᠦᠷ ︾ ᠤᠨ ᠰᠢᠷᠢᠰ ᠭᠤᠣᠯ ᠰᠡᠳᠦᠪᠲᠦ ᠵᠢᠭᠤᠯᠴᠢᠯᠠᠯ ᠤᠨ ᠨᠡᠷᠡᠳᠬᠦᠨ ᠪᠠ ᠰᠣᠶᠣᠯ ᠤᠨ ᠳᠣᠬᠢᠶᠠᠯᠳᠤᠮᠵᠢ ᠪᠠᠷ ᠡᠷᠡᠭᠦᠯᠵᠢᠬᠦ ᠠᠶᠠᠯᠠᠯ᠂ ᠪᠡᠶ᠎ᠡ ᠶᠢᠨ ᠲᠠᠮᠢᠷ ᠤᠨ ᠲᠤᠰᠠ ᠪᠠᠷ ᠡᠷᠡᠭᠦᠯᠵᠢᠬᠦ ᠠᠶᠠᠯᠠᠯ ᠵᠡᠷᠭᠡ ᠲᠠᠪᠤᠨ ᠵᠦᠢᠯ ᠤᠨ ᠡᠷᠡᠭᠦᠯᠵᠢᠯ ᠤᠨ ᠰᠢᠷᠢᠰ ᠠᠵᠢᠯᠯᠠᠭ᠎ᠠ ᠶᠢ ᠪᠤᠢ ᠪᠣᠯᠭᠠᠪᠠ︔ ︽ᠮᠥᠰᠥ ᠴᠠᠰᠤ +︾ ᠶᠢ ᠬᠥᠭᠵᠢᠭᠦᠯᠬᠦ ᠶᠢᠨ ᠲᠣᠭᠤᠷᠢᠨ ᠳᠤ᠂ ᠴᠠᠰᠤᠨ ᠳᠡᠭᠡᠷᠡᠬᠢ ᠬᠥᠯ ᠪᠥᠮᠪᠦᠭᠡ ᠶᠢᠨ ᠲᠠᠰ ᠠᠴᠠ ᠳᠠᠪᠠᠭᠰᠠᠨ ᠬᠤᠯᠪᠣᠭᠠᠲᠤ ᠤᠷᠤᠯᠳᠤᠭᠠᠨ᠂ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ 4 ᠵᠦᠢᠯ ᠤᠨ ᠬᠠᠯᠠᠮᠰᠢᠯ ᠨᠡᠷᠡᠳᠬᠦᠨ ᠪᠠ 150 ᠭᠠᠷᠤᠢ ᠵᠦᠢᠯ ᠤᠨ ᠢᠵᠢ ᠪᠦᠷᠢᠳᠦᠭᠰᠡᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠨᠢᠭᠦᠯᠪᠡ᠃ ᠴᠠᠭᠠᠨ ᠰᠠᠷ᠎ᠠ ᠶᠢᠨ ᠬᠤᠭᠤᠴᠠᠭᠠᠨ ᠳᠤ᠂ ᠷᠠᠰᠢᠶᠠᠨ ᠢᠶᠠᠷ ᠵᠢᠭᠤᠯᠴᠢᠯᠠᠭᠴᠢᠳ ᠤᠨ ᠲᠤᠭ᠎ᠠ 8.48 ᠲᠦᠮᠡᠨ ᠬᠥᠮᠥᠨ ᠤᠳᠠᠭ᠎ᠠ ᠳᠤ ᠬᠦᠷᠴᠦ᠂ ᠵᠢᠭᠤᠯᠴᠢᠯᠠᠯ ᠤᠨ ᠣᠷᠣᠯᠭ᠎ᠠ 0.99 ᠳ᠋ᠦᠩᠰᠢᠭᠤᠷ ᠲᠥᠭᠦᠷᠢᠭ ᠲᠤ ᠬᠦᠷᠴᠡᠢ ︔ 2024 - 2025 ᠣᠨ ᠤ ᠮᠥᠰᠥ ᠴᠠᠰᠤᠨ ᠤ ᠤᠯᠠᠷᠢᠯ ᠳᠤ᠂ ᠷᠠᠰᠢᠶᠠᠨ ᠢᠶᠠᠷ ᠵᠢᠭᠤᠯᠴᠢᠯᠠᠭᠴᠢᠳ ᠤᠨ ᠲᠤᠭ᠎ᠠ 70 ᠲᠦᠮᠡᠨ ᠬᠥᠮᠥᠨ ᠤᠳᠠᠭ᠎ᠠ ᠶᠢ ᠳᠠᠪᠠᠵᠤ᠂ ᠵᠢᠭᠤᠯᠴᠢᠯᠠᠯ ᠤᠨ ᠣᠷᠣᠯᠭ᠎ᠠ 8 ᠳ᠋ᠦᠩᠰᠢᠭᠤᠷ ᠲᠥᠭᠦᠷᠢᠭ ᠲᠤ ᠬᠦᠷᠴᠡᠢ ᠃ ︵ ᠰᠣᠶᠣᠯ ᠪᠠ ᠵᠢᠭᠤᠯᠴᠢᠯᠠᠯ ᠤᠨ ᠲᠢᠩᠬᠢᠮ ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|