|
ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠯᠤᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ |
|
|
ᠨᠡᠶᠢᠲᠡᠯᠡᠭᠰᠡᠨ ᠴᠠᠭ᠄
2025/2/25
|
|
ᠣᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠬᠢᠭᠡᠳ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠬᠤᠭᠤᠷᠣᠨᠳᠣᠬᠢ ᠠᠵᠤ ᠠᠬᠤᠢ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠨᠢᠭᠲᠠᠷᠠᠵᠤ ᠪᠤᠢ᠂ ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 2024 ᠣᠨ ᠳᠤ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠯᠤᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ ᠨᠢ 133.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.9% ᠪᠠᠷ ᠨᠡᠮᠡᠭᠳᠡᠪᠡ᠃ ᠡᠭᠦᠨ ᠳᠤ ᠂ ᠭᠠᠳᠠᠭᠠᠳᠤ ᠳᠤ ᠭᠠᠷᠭᠠᠭᠰᠠᠨ ᠨᠢ 34.7 ᠳ᠋ᠦᠩᠰᠢᠭᠤᠷ ᠲᠥᠭᠦᠷᠢᠭ ᠲᠤ ᠬᠦᠷᠴᠦ ᠂ 24.6% ᠪᠠᠷ ᠨᠡᠮᠡᠭᠳᠡᠵᠡᠢ︔ ᠭᠠᠳᠠᠭᠠᠳᠤ ᠠᠴᠠ ᠣᠷᠣᠭᠤᠯᠤᠭᠰᠠᠨ ᠨᠢ 99.2 ᠳ᠋ᠦᠩᠰᠢᠭᠤᠷ ᠲᠥᠭᠦᠷᠢᠭ ᠲᠤ ᠬᠦᠷᠴᠦ᠂ 29.1% ᠪᠠᠷ ᠨᠡᠮᠡᠭᠳᠡᠪᠡ᠃ ᠣᠶᠢᠯᠠᠭᠠᠭᠰᠠᠨ ᠢᠶᠠᠷ᠂ 2024 ᠣᠨ ᠳᠤ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠲᠤ ᠭᠠᠷᠭᠠᠭᠰᠠᠨ ᠨᠢ ᠦᠨᠳᠦᠰᠦᠨ ᠣᠷᠭᠠᠨᠢᠭ ᠬᠢᠮᠢ ᠶᠢᠨ ᠪᠣᠳᠠᠰ᠂ ᠪᠣᠯᠣᠳ ᠮᠠᠲ᠋ᠧᠷᠢᠶᠠᠯ᠂ ᠮᠠᠰᠢᠨ ᠴᠠᠬᠢᠯᠭᠠᠨ ᠤ ᠦᠢᠯᠡᠳᠬᠦᠨ ᠢᠶᠠᠷ ᠭᠤᠣᠯᠯᠠᠵᠤ ᠂ ᠠᠷᠠᠯᠵᠢᠶᠠᠨ ᠤ ᠥᠷᠲᠡᠭ ᠨᠢ ᠲᠣᠰ ᠲᠣᠰ 8.8 ᠳ᠋ᠦᠩᠰᠢᠭᠤᠷ ᠲᠥᠭᠦᠷᠢᠭ᠂ 4.9 ᠳ᠋ᠦᠩᠰᠢᠭᠤᠷ ᠲᠥᠭᠦᠷᠢᠭ᠂ 4.3 ᠳ᠋ᠦᠩᠰᠢᠭᠤᠷ ᠲᠥᠭᠦᠷᠢᠭ ᠪᠠᠶᠢᠵᠤ᠂ ᠲᠣᠰ ᠲᠣᠰ 35.4% ᠪᠠᠷ ᠨᠡᠮᠡᠭᠳᠡᠵᠦ᠂ 8.6% ᠪᠠᠷ ᠪᠠᠭᠤᠷᠠᠵᠤ᠂ 531.6% ᠪᠠᠷ ᠨᠡᠮᠡᠭᠳᠡᠵᠡᠢ᠃ ᠭᠠᠳᠠᠭᠠᠳᠤ ᠠᠴᠠ ᠣᠷᠣᠭᠤᠯᠤᠭᠰᠠᠨ ᠨᠢ ᠠᠭᠤᠷᠬᠠᠢ ᠶᠢᠨ ᠭᠠᠷᠤᠯᠲᠠ ᠪᠠᠷ ᠭᠤᠣᠯᠯᠠᠵᠤ ᠂ 2024 ᠣᠨ ᠳᠤ ᠭᠠᠳᠠᠭᠠᠳᠤ ᠠᠴᠠ ᠣᠷᠣᠭᠤᠯᠤᠭᠰᠠᠨ ᠲᠡᠮᠦᠷᠯᠢᠭ ᠬᠦᠳᠡᠷ ᠤᠨ ᠪᠠᠷᠠᠭᠠᠨ ᠤ ᠥᠷᠲᠡᠭ ᠨᠢ 98.6 ᠳ᠋ᠦᠩᠰᠢᠭᠤᠷ ᠲᠥᠭᠦᠷᠢᠭ ᠲᠤ ᠬᠦᠷᠴᠦ᠂ 33% ᠪᠠᠷ ᠨᠡᠮᠡᠭᠳᠡᠨ᠂ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠠᠴᠠ ᠣᠷᠣᠭᠤᠯᠤᠭᠰᠠᠨ ᠥᠷᠲᠡᠭ ᠤᠨ 99.4% ᠶᠢ ᠡᠵᠡᠯᠡᠪᠡ᠃ 2024 ᠣᠨ ᠳᠤ ᠂ ᠴᠢᠯᠢ ᠂ ᠫᠧᠷᠦ᠋ ᠂ ᠪᠷᠠᠽᠢᠯ ᠨᠢ ᠥᠪᠥᠷ ᠮᠣᠩᠭᠤᠯ ᠤᠨ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠳᠣᠲᠣᠷᠠᠬᠢ ᠡᠮᠦᠨ᠎ᠡ ᠭᠤᠷᠪᠠ ᠳᠤ ᠵᠢᠭᠰᠠᠭᠠᠭᠳᠠᠭᠰᠠᠨ ᠠᠷᠠᠯᠵᠢᠶᠠᠨ ᠤ ᠬᠠᠨᠢᠲᠠᠨ ᠪᠠᠶᠢᠵᠤ ᠂ ᠠᠷᠠᠯᠵᠢᠶᠠᠨ ᠤ ᠲᠤᠭ᠎ᠠ ᠨᠢ ᠲᠤᠰ ᠲᠤᠰ 57.5 ᠳ᠋ᠦᠩᠰᠢᠭᠤᠷ ᠲᠥᠭᠦᠷᠢᠭ ᠂ 45.5 ᠳ᠋ᠦᠩᠰᠢᠭᠤᠷ ᠲᠥᠭᠦᠷᠢᠭ ᠂ 19 ᠳ᠋ᠦᠩᠰᠢᠭᠤᠷ ᠲᠥᠭᠦᠷᠢᠭ ᠲᠤ ᠬᠦᠷᠴᠦ ᠂ ᠨᠡᠮᠡᠭᠳᠡᠯ ᠤᠨ ᠬᠤᠷᠳᠤᠴᠠ ᠨᠢ ᠲᠤᠰ ᠲᠤᠰ 24.3% ᠂ 36.6% ᠂ 24.5% ᠪᠣᠯᠵᠠᠢ᠃ ᠥᠪᠥᠷ ᠮᠣᠩᠭᠤᠯ ᠨᠢ ᠡᠮᠦᠨᠡᠲᠦ ᠠᠮᠧᠷᠢᠺᠠ ᠲᠢᠪ ᠤᠨ ᠤᠯᠤᠰ ᠤᠳ ᠯᠤᠭ᠎ᠠ ᠬᠡᠳᠦᠶᠢᠪᠡᠷ ᠠᠯᠤᠰ ᠬᠤᠯᠠ ᠪᠠᠶᠢᠷᠢᠯᠠᠵᠤ ᠪᠠᠶᠢᠭ᠎ᠠ ᠪᠣᠯᠪᠠᠴᠤ ᠤᠷᠳᠤ ᠬᠤᠭᠤᠴᠠᠭᠠᠨ ᠤ ᠲᠤᠷᠰᠢ ᠬᠠᠮᠲᠤᠷᠠᠯᠴᠠᠭ᠎ᠠ ᠶᠢ ᠬᠠᠮᠲᠤ ᠪᠠᠷ ᠡᠷᠢᠯᠬᠢᠯᠡᠵᠦ ᠂ ᠬᠥᠭᠵᠢᠯᠲᠡ ᠶᠢ ᠬᠠᠮᠲᠤ ᠪᠠᠷ ᠠᠬᠢᠭᠤᠯᠤᠨ᠂ ᠡᠬᠢ ᠪᠠᠶᠠᠯᠢᠭ ᠤᠨ ᠨᠥᠭᠡᠴᠡ ᠬᠦᠴᠦᠨ ᠂ ᠠᠵᠤ ᠦᠢᠯᠡᠰ ᠤᠨ ᠪᠦᠲᠦᠴᠡ ᠂ ᠵᠠᠬ᠎ᠠ ᠳᠡᠯᠭᠡᠭᠦᠷ ᠤᠨ ᠬᠡᠷᠡᠭᠴᠡᠭᠡ ᠵᠡᠷᠭᠡ ᠤᠯᠠᠨ ᠲᠠᠯ᠎ᠠ ᠪᠠᠷ ᠬᠠᠷᠢᠯᠴᠠᠨ ᠨᠥᠬᠦᠪᠦᠷᠢᠯᠡᠬᠦ ᠴᠢᠨᠠᠷᠲᠠᠢ ᠪᠠᠶᠢᠳᠠᠭ ᠃ ᠥᠪᠥᠷ ᠮᠣᠩᠭᠤᠯ ᠡᠮᠦᠨᠡᠲᠦ ᠠᠮᠧᠷᠢᠺᠠ ᠲᠢᠪ ᠤᠨ ᠤᠯᠤᠰ ᠤᠳ ᠲᠤ ᠬᠢᠮᠢ ᠶᠢᠨ ᠪᠣᠳᠠᠰ᠂ ᠮᠠᠰᠢᠨ ᠲᠡᠷᠭᠡ ᠵᠡᠷᠭᠡ ᠲᠠᠸᠠᠷ ᠭᠠᠷᠭᠠᠵᠤ᠂ ᠨᠥᠭᠦᠭᠡ ᠡᠲᠡᠭᠡᠳ ᠤᠨ ᠬᠢᠨ ᠤ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ ᠴᠦ ᠥᠪᠥᠷ ᠮᠣᠩᠭᠤᠯ ᠤᠨ ᠡᠨᠧᠷᠭᠢ ᠶᠢᠨ ᠠᠵᠤ ᠦᠢᠯᠡᠰ ᠤᠨ ᠬᠡᠷᠡᠭᠴᠡᠭᠡ ᠶᠢ ᠬᠠᠩᠭᠠᠪᠠ ᠃ ᠲᠦᠷᠦᠭᠦᠬᠡᠨ᠂ ᠥᠪᠥᠷ ᠮᠣᠩᠭᠤᠯ ᠨᠢ ᠪᠷᠠᠽᠢᠯ᠂ ᠦᠷᠦ᠋ᠭᠤᠸᠠᠢ ᠯᠤᠭ᠎ᠠ ᠬᠠᠮᠲᠤᠷᠠᠯᠴᠠᠭᠠᠨ ᠤ ᠲᠥᠷᠥᠯ ᠵᠦᠢᠯ᠂ ᠵᠥᠪᠯᠡᠯᠴᠡᠭᠡᠷ ᠲᠣᠬᠢᠷᠠᠯᠴᠠᠵᠤ ᠂ ᠲᠠᠷᠢᠮᠠᠯ ᠤᠨ ᠦᠢᠯᠡᠰ᠂ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠭᠢ᠂ ᠢᠳᠡᠭᠡᠨ ᠤ ᠵᠦᠢᠯ ᠵᠢᠴᠢ ᠰᠦ ᠶᠢᠨ ᠦᠢᠯᠡᠰ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠢ᠃ ᠬᠥᠬᠡᠬᠤᠲᠠ ᠪᠣᠭᠤᠮᠲᠠ ᠶᠢᠨ ᠬᠢᠨ ᠤ ᠵᠠᠳᠠᠯᠤᠭᠰᠠᠨ ᠢᠶᠠᠷ᠂ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠬᠠᠯᠠᠭᠤᠨ ᠪᠦᠰᠡᠨ ᠤ ᠵᠢᠮᠢᠰ᠂ ᠦᠬᠡᠷ ᠤᠨ ᠮᠢᠬ᠎ᠠ ᠵᠡᠷᠭᠡ ᠥᠨᠳᠥᠷ ᠨᠡᠮᠡᠯᠲᠡ ᠥᠷᠲᠡᠭᠲᠦ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠨᠢ ᠥᠪᠥᠷ ᠮᠣᠩᠭᠤᠯ ᠤᠨ ᠬᠡᠷᠡᠭᠯᠡᠭᠡ ᠶᠢᠨ ᠵᠠᠬ᠎ᠠ ᠳᠡᠯᠭᠡᠭᠦᠷ ᠤᠨ ᠳᠤᠲᠠᠭᠤᠳᠠᠯ ᠢ ᠨᠥᠬᠦᠪᠦᠷᠢᠯᠡᠵᠦ᠂ ᠥᠪᠥᠷ ᠮᠣᠩᠭᠤᠯ ᠤᠨ ᠴᠠᠭᠠᠨ ᠢᠳᠡᠭᠡ᠂ ᠢᠮᠠᠭᠠᠨ ᠨᠣᠣᠯᠣᠭᠤᠷ ᠤᠨ ᠪᠦᠲᠦᠭᠡᠭᠳᠡᠬᠦᠨ ᠨᠢ ᠡᠮᠦᠨᠡᠲᠦ ᠠᠮᠧᠷᠢᠺᠠ ᠲᠢᠪ ᠤᠨ ᠤᠯᠤᠰ ᠤᠳ ᠤᠨ ᠳᠤᠮᠳᠠ ᠳᠡᠭᠡᠳᠦ ᠲᠠᠰ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠨᠡᠭᠡᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠪᠣᠯᠣᠨ᠎ᠠ᠃ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|