︽ᠵᠢᠷᠭᠤᠭᠠᠨ ᠠᠵᠢᠯᠯᠠᠭᠠᠨ︾ — ᠥᠪᠥᠷ ᠮᠣᠩᠭᠤᠯ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ︾ ᠤ 4 ᠨᠠᠷᠢᠨ ᠳᠠᠩᠰᠠ ᠶᠢ ᠲᠣᠭᠲᠠᠭᠠᠨ ᠨᠡᠶᠢᠲᠡᠯᠡᠪᠡ
ᠨᠡᠶᠢᠲᠡᠯᠡᠭᠰᠡᠨ ᠴᠠᠭ᠄
2025/2/25

     ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ︽ᠳᠡᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ᠂ ︽ᠵᠢᠷᠤᠮᠵᠢᠭᠤᠨ ᠪᠥᠭᠡᠳ ᠨᠢᠭᠡᠲᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ ᠳᠠᠩᠰᠠ ᠪᠠ ︽ᠠᠵᠢᠯ ᠪᠠᠶᠢᠪᠠᠴᠤ ᠬᠢᠬᠦ ᠬᠦᠮᠦᠨ ᠦᠭᠡᠢ︾ ᠠᠵᠢᠯ ᠤᠨ ᠪᠠᠶᠢᠷᠢ ᠶᠢᠨ ᠨᠠᠷᠢᠨ ᠳᠠᠩᠰᠠ᠂ ︽ᠬᠥᠮᠦᠨ ᠪᠠᠶᠢᠪᠠᠴᠤ ᠬᠢᠬᠦ ᠠᠵᠢᠯ ᠦᠭᠡᠢ︾ ᠠᠵᠢᠯᠲᠠᠨ ᠤ ᠨᠠᠷᠢᠨ ᠳᠠᠩᠰᠠ ᠶᠢ ᠲᠣᠭᠲᠠᠭᠠᠨ ᠨᠡᠶᠢᠲᠡᠯᠡᠵᠦ᠂ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠨ᠂ ᠦᠢᠯᠡᠴᠢᠯᠡᠭᠡ ᠪᠠ ᠭᠠᠷᠲᠠᠨ ᠭᠦᠢᠴᠡᠳᠬᠡᠬᠦ ᠴᠤᠪᠤᠷᠠᠯ ᠢ ᠲᠣᠳᠣᠷᠬᠠᠶᠢᠯᠠᠵᠤ᠂ ᠬᠥᠮᠦᠨ ᠪᠠ ᠠᠵᠢᠯ ᠤᠨ ᠪᠠᠶᠢᠷᠢ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠦᠨ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠪᠠ ᠦᠢᠯᠡᠴᠢᠯᠡᠭᠡᠨ ᠤ ᠮᠡᠳᠡᠪᠡᠰᠦ ᠵᠣᠬᠢᠬᠤ ᠶᠢ ᠨᠢ ᠴᠥᠮ ᠮᠡᠳᠡᠭᠦᠯᠵᠦ᠂ ᠬᠥᠷᠲᠡᠭᠡᠪᠡᠰᠦ ᠵᠣᠬᠢᠬᠤ ᠶᠢ ᠨᠢ ᠴᠥᠮ ᠬᠦᠷᠲᠡᠭᠡᠬᠦ ᠶᠢ ᠠᠬᠢᠭᠤᠯᠤᠨ᠎ᠠ᠃

     ᠣᠶᠢᠯᠠᠭᠠᠭᠰᠠᠨ ᠢᠶᠠᠷ᠂ ︽ᠲᠠᠰ ᠬᠤᠪᠢᠶᠠᠬᠤ ᠲᠥᠷᠥᠯ ᠬᠤᠪᠢᠶᠠᠬᠤ︾ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠳᠤ ᠠᠵᠢᠯ ᠤᠯᠬᠤ ᠳᠤ ᠬᠦᠴᠢᠷᠲᠡᠶ ᠬᠥᠮᠦᠰ ᠢ ᠮᠠᠭᠠᠳᠯᠠᠨ ᠲᠣᠭᠲᠠᠭᠠᠬᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠨᠡᠮᠡᠭᠦᠷᠢ ᠶᠢᠨ ᠭᠤᠶᠤᠴᠢᠯᠠᠯ᠂ ᠠᠵᠤ ᠠᠬᠤᠶᠢᠯᠠᠯ ᠠᠴᠠ ᠠᠵᠢᠯ ᠤᠯᠬᠤ ᠳᠤ ᠬᠦᠴᠢᠷᠲᠡᠶ ᠬᠦᠮᠦᠰ ᠢ ᠣᠷᠤᠭᠤᠯᠤᠨ ᠠᠪᠤᠭᠰᠠᠨ ᠬᠥᠮᠦᠰ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ ᠶᠢᠨ ᠭᠤᠶᠤᠴᠢᠯᠠᠯ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠨᠡᠶᠢᠭᠡᠮ ᠤᠨ ᠳᠠᠭᠠᠳᠬᠠᠯ ᠤᠨ ᠨᠡᠮᠡᠭᠦᠷᠢ᠂ ᠠᠵᠢᠯ ᠮᠡᠷᠭᠡᠰᠢᠯ ᠤᠨ ᠤᠷ᠎ᠠ ᠴᠢᠳᠠᠪᠤᠷᠢ ᠶᠢᠨ ᠲᠠᠰ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ᠂ ᠦᠢᠯᠡᠰ ᠪᠣᠰᠬᠠᠬᠤ ᠲᠥᠷᠥᠯ ᠵᠦᠢᠯ ᠤᠨ ᠬᠥᠮᠥᠷᠭᠡ ᠶᠢᠨ ᠪᠥᠲᠥᠭᠡᠨ ᠪᠠᠶᠢᠭᠤᠯᠤᠯᠲᠠ ᠶᠢᠨ ᠨᠥᠬᠦᠪᠥᠷᠢ ᠵᠡᠷᠭᠡ 24 ᠵᠦᠢᠯ ᠤᠨ ᠠᠭᠤᠯᠭ᠎ᠠ ᠶᠢ ᠬᠠᠮᠤᠷᠪᠠ︔ ︽ᠵᠢᠷᠤᠮᠵᠢᠭᠤᠨ ᠪᠥᠭᠡᠳ ᠨᠢᠭᠡᠲᠦᠯᠲᠡᠢ ᠪᠠᠶᠢᠬᠤ︾ ᠦᠢᠯᠡᠴᠢᠯᠡᠭᠡᠨ ᠤ ᠨᠠᠷᠢᠨ ᠳᠠᠩᠰᠠ ᠳᠤ ᠠᠵᠢᠯ ᠣᠯᠭᠤᠯᠲᠠ ᠶᠢᠨ ᠲᠤᠰᠠᠯᠠᠮᠵᠢ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠬᠦ᠂ ᠠᠵᠢᠯ ᠡᠷᠢᠬᠦ ᠴᠢᠳᠠᠪᠤᠷᠢ ᠶᠢᠨ ᠳᠠᠳᠤᠯᠭ᠎ᠠ ᠪᠣᠯᠪᠠᠰᠤᠷᠠᠯ ᠪᠠᠭᠰᠢᠯᠠᠭᠴᠢᠳ ᠤᠨ ᠪᠣᠯᠪᠠᠰᠤᠷᠠᠯ ᠢ ᠵᠣᠬᠢᠶᠠᠨ ᠪᠠᠶᠢᠭᠤᠯᠵᠤ ᠥᠷᠨᠢᠭᠦᠯᠬᠦ᠂ ᠠᠵᠢᠯ ᠡᠷᠢᠬᠦ ᠠᠵᠢᠯᠲᠠᠨ ᠡᠯᠰᠡᠬᠦ ᠦᠢᠯᠡᠴᠢᠯᠡᠭᠡ᠂ ᠠᠵᠢᠯ ᠣᠯᠬᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠨᠡᠮᠡᠭᠦᠷᠢ ᠶᠢ ᠭᠤᠶᠤᠴᠢᠯᠠᠨ ᠠᠪᠬᠤ ᠦᠢᠯᠡᠴᠢᠯᠡᠭᠡ᠂ ᠡᠷᠬᠢᠯᠡᠭᠰᠡᠨ ᠠᠵᠢᠯ ᠤᠨ ᠤᠷ᠎ᠠ ᠴᠢᠳᠠᠪᠤᠷᠢ ᠶᠢᠨ ᠤᠷᠤᠯᠳᠤᠭᠠᠨ ᠤ ᠦᠢᠯᠡᠴᠢᠯᠡᠭᠡ᠂ ᠦᠢᠯᠡᠰ ᠪᠣᠰᠬᠠᠬᠤ ᠬᠦᠷᠢᠶᠡᠯᠡᠩ ︵ᠦᠢᠯᠡᠰ ᠪᠣᠰᠬᠠᠬᠤ ᠶᠢ ᠨᠡᠪᠴᠢᠭᠦᠯᠬᠦ ᠰᠠᠭᠤᠷᠢᠨ ᠭᠠᠵᠠᠷ︶ ᠳᠤ ᠣᠷᠤᠵᠤ ᠰᠠᠭᠤᠬᠤ ᠦᠢᠯᠡᠴᠢᠯᠡᠭᠡ ᠵᠡᠷᠭᠡ 22 ᠵᠦᠢᠯ ᠤᠨ ᠠᠭᠤᠯᠭ᠎ᠠ ᠶᠢ ᠬᠠᠮᠤᠷᠪᠠ︔ ︽ᠠᠵᠢᠯ ᠪᠠᠶᠢᠪᠠᠴᠤ ᠬᠢᠬᠦ ᠬᠥᠮᠦᠨ ᠦᠭᠡᠢ︾ ᠠᠵᠢᠯ ᠤᠨ ᠪᠠᠶᠢᠷᠢ ᠶᠢᠨ ᠨᠠᠷᠢᠨ ᠳᠠᠩᠰᠠ ᠪᠠ ︽ᠬᠥᠮᠦᠨ ᠪᠠᠶᠢᠪᠠᠴᠤ ᠬᠢᠬᠦ ᠠᠵᠢᠯ ᠦᠭᠡᠢ︾ ᠠᠵᠢᠯᠲᠠᠨ ᠤ ᠨᠠᠷᠢᠨ ᠲᠠᠩᠰᠠ ᠶᠢ ᠠᠵᠤ ᠠᠬᠤᠶᠢᠯᠠᠯ ᠤᠳ ᠪᠠ ᠡᠯ᠎ᠡ ᠲᠥᠷᠥᠯ ᠤᠨ ᠬᠥᠮᠦᠰ ᠺᠣᠳ᠋ ᠢ ᠰᠢᠷᠪᠢᠵᠦ ᠲᠠᠭᠯᠠᠨ ᠮᠡᠳᠡᠭᠦᠯᠵᠦ ᠪᠣᠢ ᠪᠣᠯᠭᠠᠨ᠂ ᠬᠠᠨᠳᠤᠯᠭᠠᠲᠤ ᠴᠢᠨᠠᠷᠲᠠᠶ ᠪᠠᠷ ᠠᠵᠢᠯ ᠣᠯᠭᠤᠬᠤ ᠦᠢᠯᠡᠴᠢᠯᠡᠭᠡ ᠬᠠᠩᠭᠠᠵᠤ᠂ ᠬᠥᠮᠦᠨ ᠪᠠ ᠠᠵᠢᠯ ᠤᠨ ᠪᠠᠶᠢᠷᠢ ᠶᠢ ᠨᠠᠷᠢᠯᠢᠭ ᠣᠨᠣᠴᠠᠲᠠᠶ ᠪᠠᠷ ᠵᠣᠬᠢᠴᠠᠭᠤᠯᠬᠤ ᠶᠢ ᠠᠬᠢᠭᠤᠯᠤᠨ᠎ᠠ᠃

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ