ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ
ᠨᠡᠶᠢᠲᠡᠯᠡᠭᠰᠡᠨ ᠴᠠᠭ᠄
2025/2/25


                                                ︵2025 ᠣᠨ ᠤ 1 ᠰᠠᠷ᠎ᠠ ᠶᠢᠨ 1 ᠤ ᠡᠳᠦᠷ︶

      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠡᠷᠬᠡᠪᠰᠢ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠦᠷᠭᠡᠳᠭᠡᠨ ᠠᠬᠢᠭᠤᠯᠬᠤ ᠬᠡᠷᠡᠭᠲᠡᠢ᠃ ᠣᠳᠣᠬᠠᠨ ᠳᠤ᠂ ᠬᠦᠳᠡᠭᠡ ᠠᠵᠤ ᠠᠬᠤᠢ ᠳᠠᠬᠢᠨᠲᠠ ᠡᠯᠪᠡᠭ ᠬᠤᠷᠢᠶᠠᠯᠲᠠ ᠣᠯᠵᠤ᠂ ᠬᠥᠳᠡᠭᠡ ᠲᠣᠰᠬᠤᠨ ᠡᠶ᠎ᠡ ᠵᠤᠬᠢᠴᠠᠩᠭᠤᠢ ᠲᠣᠭᠲᠠᠭᠤᠨ ᠪᠠᠶᠢᠬᠤ ᠶᠢᠨ ᠵᠡᠷᠭᠡ ᠳᠤ ᠤᠯᠠᠨ ᠤᠯᠤᠰ ᠤᠨ ᠣᠷᠴᠢᠨ ᠳᠤᠭᠤᠷᠢᠨ ᠲᠦᠪᠡᠭ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠮᠠᠨ ᠤ ᠤᠯᠤᠰ ᠤᠨ ᠬᠥᠭᠵᠢᠯᠲᠡ ᠳᠤ ᠲᠤᠯᠭᠠᠷᠠᠬᠤ ᠲᠣᠭᠲᠠᠭᠠᠯᠲᠤ ᠪᠤᠰᠤ ᠪᠠ ᠲᠥᠰᠦᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠶᠢᠨ᠎ᠠ᠃ ᠠᠶᠤᠯ ᠲᠦᠭᠰᠢᠭᠦᠷᠢ ᠥᠷᠢᠰᠥᠯᠳᠦᠭᠡᠨ ᠢ ᠠᠷᠭᠠᠴᠠᠭᠠᠬᠤ ᠲᠤᠳᠤᠮ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠠᠭᠤᠷᠢ ᠶᠢ ᠤᠯᠠᠮ ᠪᠠᠬᠢᠵᠢᠭᠦᠯᠬᠦ ᠬᠡᠷᠡᠭᠲᠡᠢ᠃ 2025 ᠣᠨ ᠵᠢᠴᠢ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠬᠦᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠳᠠᠯᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠵᠤᠷᠢᠨ᠂ ᠥᠭᠡᠷᠡᠴᠢᠯᠡᠯᠲᠡ ᠨᠡᠭᠡᠭᠡᠯᠲᠡ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ ᠲᠡᠭᠦᠯᠳᠡᠷᠵᠢᠭᠦᠯᠵᠦ᠂ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠨ ᠤ ᠣᠷᠣᠯᠭ᠎ᠠ ᠶᠢ ᠨᠡᠮᠡᠭᠳᠡᠬᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠲᠤᠯᠭᠠᠭᠤᠷᠢᠯᠠᠯ ᠬᠠᠩᠭᠠᠬᠤ ᠬᠡᠷᠡᠭᠲᠡᠶ᠃

      ᠨᠢᠭᠡ᠂ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ

      ︵ᠨᠢᠭᠡ︶ ᠠᠮᠤ ᠪᠤᠳᠠᠭ᠎ᠠ ᠲᠣᠰᠣᠨ ᠤ ᠲᠠᠷᠢᠮᠠᠯ ᠤᠨ ᠶᠡᠭᠡ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠣᠯᠤᠨ ᠶᠠᠰᠤ ᠴᠢᠨᠠᠷ ᠢ ᠭᠤᠤᠯᠯᠠᠨ ᠳᠡᠭᠡᠭᠰᠢᠯᠡᠭᠦᠯᠵᠦ᠂ ᠠᠮᠤ ᠪᠤᠳᠠᠭᠠᠨ ᠤ ᠲᠣᠭᠲᠠᠭᠤᠨ ᠤᠨᠠᠯᠲᠠ ᠡᠯᠪᠡᠭ ᠬᠤᠷᠢᠶᠠᠯᠲᠠ ᠶᠢ ᠪᠠᠲᠤᠯᠠᠨ᠎ᠠ᠃ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠳᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠭᠡᠵᠦ᠂ ᠥᠨᠳᠥᠷ ᠤᠨᠠᠯᠲᠠ ᠥᠨᠳᠥᠷ ᠦᠷ᠎ᠡ ᠠᠰᠢᠭᠲᠤ ᠵᠠᠭᠪᠤᠷ ᠢ ᠲᠥᠪᠯᠡᠷᠡᠭᠦᠯᠦᠨ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠠᠬᠢᠭᠤᠯᠵᠤ᠂ ᠶᠡᠭᠡ ᠲᠠᠯᠠᠪᠠᠢ ᠪᠠᠷ ᠤᠨᠠᠯᠲᠠ ᠨᠡᠮᠡᠭᠳᠡᠭᠦᠯᠬᠦ ᠶᠢ ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠡᠭᠦᠷᠭᠡ ᠶᠢ ᠬᠦᠴᠦᠯᠡᠨ ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠳᠤᠨᠢ ᠬᠡᠷᠡᠭᠯᠡᠨ ᠰᠢᠷ᠎ᠠ ᠪᠤᠷᠴᠠᠭ ᠢ ᠥᠷᠭᠡᠳᠭᠡᠨ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠰᠢᠯᠢᠮᠳᠡᠭ᠂ ᠯᠣᠬᠠᠱᠧᠩ ᠢ ᠥᠷᠭᠡᠳᠭᠡᠨ ᠲᠠᠷᠢᠬᠤ ᠳᠠᠯᠳᠠ ᠬᠦᠴᠦᠨ ᠢ ᠠᠭᠤᠳᠠᠯᠤᠨ᠂ ᠲᠣᠰᠣᠨ ᠴᠠᠢ ᠵᠡᠷᠭᠡ ᠮᠣᠳᠣᠯᠢᠭ ᠲᠣᠰᠣᠨ ᠤ ᠮᠠᠲ᠋ᠧᠷᠢᠶᠠᠯ ᠢ ᠬᠥᠭᠵᠢᠭᠦᠯᠬᠦ ᠶᠢ ᠳᠠᠮᠵᠢᠨ᠎ᠠ᠃ ᠬᠥᠪᠥᠩ᠂ ᠰᠢᠬᠢᠷᠯᠢᠭ ᠮᠠᠲ᠋ᠧᠷᠢᠶᠠᠯ᠂ ᠪᠠᠶᠢᠭᠠᠯᠢᠯᠢᠭ ᠭᠤᠮ ᠵᠡᠷᠭᠡ ᠶᠢᠨ ᠲᠣᠭᠲᠠᠭᠤᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃

      ︵ᠬᠤᠶᠠᠷ︶ ᠮᠠᠯ ᠠᠵᠤ ᠠᠬᠤᠶ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ᠎ᠡ᠃ ᠭᠠᠭ᠋ᠠᠢ ᠲᠡᠵᠢᠭᠡᠬᠦ ᠦᠢᠯᠡᠳᠪᠦᠷᠢᠯᠡᠯ ᠤᠨ ᠴᠢᠳᠠᠪᠤᠷᠢ ᠶᠢ ᠬᠢᠨᠠᠨ ᠬᠡᠮᠵᠢᠬᠦ ᠪᠠ ᠲᠤᠬᠢᠷᠠᠭᠤᠯᠤᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠣᠭᠲᠠᠭᠤᠨ ᠬᠥᠭᠵᠢᠯᠲᠡ ᠶᠢ ᠠᠬᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶᠡᠨ ᠤ ᠠᠵᠤ ᠦᠢᠯᠡᠰ ᠤᠨ ᠬᠦᠴᠢᠷᠳᠡᠯ ᠠᠴᠠ ᠮᠤᠯᠳᠤᠷᠠᠬᠤ ᠶᠢ ᠠᠬᠢᠭᠤᠯᠵᠤ᠂ ᠰᠠᠭᠤᠷᠢ ᠦᠢᠯᠡᠳᠪᠦᠷᠢᠯᠡᠬᠦ ᠴᠢᠳᠠᠪᠤᠷᠢ ᠶᠢ ᠲᠣᠭᠲᠠᠪᠤᠷᠢᠵᠢᠭᠤᠯᠤᠨ᠎ᠠ᠃ ᠪᠠᠺᠲ᠋ᠧᠷᠢ ᠤᠰᠠᠳᠬᠠᠭᠰᠠᠨ ᠰᠦ ᠶᠢᠨ ᠤᠯᠤᠰ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠪᠠᠷ ᠭᠤᠤᠯ ᠴᠣᠭᠴᠠ ᠪᠣᠯᠭᠠᠭᠰᠠᠨ ᠰᠦ ᠶᠢᠨ ᠦᠢᠯᠡᠰ ᠤᠨ ᠲᠡᠵᠢᠭᠡᠨ ᠦᠷᠡᠵᠢᠭᠦᠯᠬᠦ ᠡᠳ᠋ᠰᠢᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠳᠡᠮᠵᠢᠨ᠎ᠡ᠃ ᠭᠠᠭ᠋ᠠᠶ ᠨᠢᠲᠤᠯᠬᠤ ᠳᠤ ᠬᠢᠵᠢᠭ ᠪᠠᠶᠢᠴᠠᠭᠠᠬᠤ ᠶᠢᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠳᠠᠯᠠᠵᠤ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠪᠣᠯᠤᠨ ᠬᠥᠮᠦᠨ ᠮᠠᠯ ᠳᠤ ᠴᠥᠮ ᠲᠤᠰᠳᠠᠭ ᠡᠪᠡᠳᠴᠢᠨ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠡᠪᠡᠰᠦ ᠪᠣᠷᠳᠤᠭ᠎ᠠ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠶᠢ ᠲᠦᠷᠭᠡᠳᠭᠡᠨ᠎ᠡ᠃

      ︵ᠭᠤᠷᠪᠠ︶ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ᠃ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ︽ᠨᠥᠬᠦᠪᠥᠷᠢᠯᠡᠬᠦ ᠪᠠᠷ ᠡᠵᠡᠯᠡᠬᠦ ᠶᠢ ᠲᠤᠬᠳᠠᠭᠠᠬᠤ︾ ᠶᠢ ᠴᠢᠩᠳᠠᠯᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠶᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ ᠮᠤᠵᠢ ᠶᠢᠨ ᠬᠡᠪᠴᠢᠶᠡᠨ ᠳᠠᠬᠢ ᠣᠨ ᠤ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢᠨ ᠬᠥᠳᠡᠯᠦᠩᠭᠦᠶ ᠲᠡᠩᠴᠡᠭᠦᠷᠢ ᠶᠢ ᠦᠨᠡᠨ ᠬᠦ ᠪᠠᠲᠤᠯᠠᠨ᠎ᠠ᠃ ᠨᠥᠬᠦᠪᠥᠷᠢᠯᠡᠭᠰᠡᠨ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠯᠡᠬᠦ ᠪᠠ ᠰᠢᠯᠭᠠᠨ ᠠᠪᠬᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠲᠠᠷᠢᠶᠠᠨ ᠭᠠᠵᠠᠷ ᠢ ᠨᠡᠷ᠎ᠠ ᠪᠤᠷᠤᠭᠤᠯᠠᠵᠤ ᠡᠵᠡᠯᠡᠭᠰᠡᠨ ᠬᠠᠤᠯᠢ ᠪᠤᠰᠤ ᠪᠠᠷᠢᠯᠭ᠎ᠠ︾ ᠶᠢᠨ ᠪᠥᠲᠥᠭᠡᠨ ᠪᠠᠶᠢᠭᠤᠯᠤᠯᠲᠠ᠂ ᠲᠠᠷᠢᠶᠠᠨ ᠭᠠᠵᠠᠷ ᠢ ᠡᠵᠡᠯᠡᠨ ︽ᠨᠠᠭᠤᠷ ᠮᠠᠯᠲᠠᠵᠤ ᠦᠵᠡᠮᠵᠢ ᠪᠦᠲᠦᠭᠡᠬᠦ︾᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠵᠡᠷᠭᠡ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠭᠠᠵᠠᠷ ᠢ ᠡᠪᠳᠡᠭᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠬᠤᠷᠢᠭᠯᠠᠨ᠎ᠠ᠃ ᠦᠨᠳᠦᠰᠦᠨ ᠲᠠᠷᠢᠮᠠᠯ ᠤᠨ ᠵᠦᠢᠯ ᠤᠨ ᠭᠠᠷᠴᠠᠭ ᠢ ᠲᠣᠭᠲᠠᠭᠠᠵᠤ᠂ ᠲᠠᠷᠢᠶᠠᠨ ᠭᠠᠵᠠᠷ ᠤᠨ ᠲᠠᠷᠢᠮᠠᠯ ᠤᠨ ᠬᠡᠷᠡᠭᠴᠡᠭᠡ ᠶᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠭᠠᠵᠠᠷ ᠪᠣᠯᠭᠠᠬᠤ︾ ᠶᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠥᠷᠥᠯ ᠬᠤᠪᠢᠶᠠᠨ ᠡᠮᠬᠢ ᠵᠢᠷᠤᠮ ᠲᠠᠢ ᠰᠠᠶᠢᠲᠤᠷ ᠬᠢᠵᠦ᠂ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠲᠠᠷᠢᠮᠠᠯ ᠤᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠵᠡᠷᠭᠡ ᠲᠠᠢ ᠤᠶᠠᠯᠳᠤᠭᠤᠯᠤᠨ ᠴᠢᠬᠤᠯᠠ ᠪᠥᠬᠦᠶ ᠰᠢᠯᠵᠢᠯᠲᠡ ᠶᠢᠨ ᠬᠤᠭᠤᠴᠠᠭ᠎ᠠ ᠶᠢ ᠲᠣᠭᠲᠠᠭᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠠᠬᠢᠭᠤᠯᠵᠤ᠂ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠶᠢ ᠰᠢᠯᠢᠳᠡᠭᠵᠢᠭᠦᠯᠦᠨ᠂ ᠲᠠᠷᠢᠶᠠᠴᠢᠳ ᠤᠨ ᠲᠥᠷᠥᠯ ᠵᠦᠢᠯ ᠤᠨ ᠬᠡᠷᠡᠭᠵᠢᠭᠦᠯᠦᠯᠲᠡ ᠳᠤ ᠪᠥᠬᠦ ᠶᠠᠪᠤᠴᠠ ᠪᠠᠷ ᠣᠷᠣᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠨᠵᠧᠨᠧᠷᠢᠩ ᠤᠨ ᠶᠠᠰᠤ ᠴᠢᠨᠠᠷ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢᠨ ᠴᠡᠭ ᠢ ᠯᠠᠪᠳᠠᠭᠤᠨ ᠢᠶᠠᠷ ᠠᠬᠢᠭᠤᠯᠵᠤ᠂ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠣᠷᠣᠨ ᠤ ᠢᠳᠡᠭᠳᠡᠯ ᠤᠨ ᠭᠤᠤ᠂ ᠡᠮᠦᠨᠡᠲᠦ ᠣᠷᠣᠨ ᠤ ᠬᠦᠴᠢᠯᠰᠢᠨ ᠮᠠᠭᠤᠳᠠᠭᠰᠠᠨ ᠲᠠᠷᠢᠶᠠᠨ ᠭᠠᠵᠠᠷ ᠢ ᠵᠠᠰᠠᠬᠤ ᠠᠵᠢᠯ ᠢ ᠴᠢᠩᠭᠠᠳᠬᠠᠨ᠎ᠠ᠃ ᠠᠲᠠᠷᠰᠢᠭᠤᠯᠤᠭᠰᠠᠨ ᠭᠠᠵᠠᠷ ᠢ ᠳᠠᠬᠢᠨ ᠬᠠᠭᠠᠯᠪᠤᠷᠢᠯᠠᠵᠤ ᠠᠰᠢᠭᠯᠠᠬᠤ ᠶᠢ ᠲᠥᠷᠥᠯ ᠬᠤᠪᠢᠶᠠᠨ ᠠᠬᠢᠭᠤᠯᠤᠨ᠎ᠠ᠃ ᠮᠤᠵᠢ ᠶᠢᠨ ᠬᠡᠪᠴᠢᠶᠡᠨ ᠳᠣᠲᠣᠷᠠᠬᠢ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠪᠠᠭᠤᠷᠠᠭᠤᠯᠬᠤ ᠥᠬᠡᠶ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠤᠤᠷ᠎ᠠ᠂ ᠭᠤᠤᠯ ᠤᠨ ᠵᠠᠮ ᠳᠠᠬᠢ ᠦᠶᠡᠷ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠵᠡᠷᠭᠡ ᠲᠣᠭᠲᠠᠭᠤᠨ ᠪᠤᠰᠤ ᠲᠠᠷᠢᠶᠠᠨ ᠭᠠᠵᠠᠷ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠪᠤᠴᠠᠭᠠᠨ᠎ᠠ᠃ ᠤᠯᠠᠮᠵᠢᠯᠠᠯᠲᠤ ᠱᠠᠲᠤᠨ ᠲᠠᠷᠢᠶᠠᠨ ᠤ ᠬᠠᠮᠠᠭᠠᠯᠠᠯᠲᠠ ᠶᠢ ᠴᠢᠩᠭᠠᠳᠬᠠᠨ᠎ᠠ᠃

      ︵ᠳᠥᠷᠪᠡ︶ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠬᠠᠮᠵᠢᠯᠴᠠᠨ ᠪᠣᠭᠤᠮᠲᠠ ᠰᠢᠪᠲᠤᠯᠬᠤ ᠶᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠲᠡᠷᠢᠭᠦᠨ ᠤ ᠦᠢᠯᠡᠳᠪᠦᠷᠢᠯᠡᠯ ᠤᠨ ᠡᠯᠧᠮᠧᠨ᠋ᠲ ᠤᠨ ᠴᠤᠭᠯᠠᠷᠠᠯ ᠢ ᠬᠥᠳᠤᠯᠤᠨ ᠳᠠᠭᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠦᠳᠡᠭᠡ ᠠᠵᠤ ᠠᠬᠤᠢ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠨ᠎ᠡ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠭᠡᠵᠦ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ ᠪᠠᠶᠠᠯᠢᠭ ᠬᠦᠴᠦᠨ ᠤ ᠨᠢᠭᠡᠳᠦᠯᠲᠡᠢ ᠲᠥᠯᠥᠪᠵᠢᠭᠦᠯᠭᠡ ᠶᠢ ᠴᠢᠩᠭᠠᠳᠬᠠᠵᠤ᠂ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ︽ᠨᠠᠨ ᠹᠠᠨ ᠤ ᠴᠠᠬᠢᠭᠤᠷ ᠤᠨ ᠬᠥᠨᠳᠡᠶ︾ ᠵᠡᠷᠭᠡ ᠴᠢᠬᠤᠯᠠ ᠶᠡᠭᠡ ᠬᠦᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠶ ᠦᠷ᠎ᠡ ᠡᠭᠦᠯᠳᠡᠷ ᠤᠨ ᠰᠢᠪᠲᠤᠯᠤᠯᠲᠠ ᠶᠢ ᠲᠦᠷᠭᠡᠳᠭᠡᠨ᠎ᠡ᠃ ᠠᠮᠢᠳᠤ ᠪᠣᠳᠠᠰ ᠤᠨ ᠦᠷ᠎ᠡ ᠡᠭᠦᠯᠳᠡᠷ ᠪᠤᠶᠢᠵᠢᠭᠤᠯᠬᠤ ᠠᠵᠤ ᠦᠢᠯᠡᠰᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠲᠠᠷᠢᠶᠠᠯᠠᠩ ᠤᠨ ᠮᠠᠰᠢᠨ ᠲᠣᠨᠣᠭᠯᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠤᠯᠤᠰ ᠲᠠᠭᠠᠨ ᠦᠢᠯᠡᠳᠪᠦᠷᠢᠯᠡᠭᠰᠡᠨ ᠲᠡᠷᠢᠭᠦᠨ ᠤ ᠬᠡᠷᠡᠭᠯᠡᠭᠡᠨ ᠤ ᠲᠠᠷᠢᠶᠠᠯᠠᠩ ᠤᠨ ᠮᠠᠰᠢᠨ ᠲᠣᠨᠣᠭᠯᠠᠯ ᠵᠡᠷᠭᠡ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠦᠷᠭᠡᠳᠭᠡᠵᠦ᠂ ᠬᠠᠭᠤᠴᠢᠷᠠᠭᠰᠠᠨ ᠲᠠᠷᠢᠶᠠᠯᠠᠩ ᠤᠨ ᠮᠠᠰᠢᠨ ᠢ ᠬᠡᠷᠡᠭᠯᠡᠭᠡᠨ ᠠᠴᠠ ᠭᠠᠷᠭᠠᠵᠤ ᠰᠢᠨᠡᠳᠭᠡᠬᠦ ᠶᠢ ᠠᠬᠢᠭᠤᠯᠤᠨ᠎ᠠ᠃ ᠣᠶᠤᠨᠴᠢ ᠲᠠᠷᠢᠶᠠᠯᠠᠩ ᠢ ᠳᠡᠮᠵᠢᠨ ᠬᠥᠭᠵᠢᠭᠦᠯᠵᠦ᠂ ᠵᠣᠬᠢᠶᠠᠮᠠᠯ ᠣᠶᠤᠨ ᠴᠢᠳᠠᠪᠤᠷᠢ᠂ ᠳ᠋ᠡᠶᠢᠲ᠋ᠠ᠂ ᠲᠤᠤᠷ᠎ᠠ ᠣᠭᠲᠠᠷᠭᠤᠶ ᠵᠡᠷᠭᠡ ᠮᠡᠷᠭᠡᠵᠢᠯ ᠤᠨ ᠬᠡᠷᠡᠭᠯᠡᠭᠡᠨ ᠤ ᠪᠠᠶᠢᠳᠠᠯ ᠢ ᠥᠷᠭᠡᠳᠭᠡᠨ᠎ᠡ᠃

      ︵ᠲᠠᠪᠤ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠴᠠᠭ ᠠᠭᠤᠷ ᠤᠨ ᠲᠠᠷᠢᠶᠠᠯᠠᠩ ᠳᠤ ᠦᠢᠯᠡᠴᠢᠯᠡᠬᠦ ᠶᠢ ᠴᠢᠩᠭᠠᠳᠬᠠᠨ᠂ ᠭᠠᠮᠰᠢᠭ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠦᠨ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪ ᠵᠡᠷᠭᠡ ᠬᠦᠴᠦᠨ ᠢ ᠰᠠᠶᠢᠲᠤᠷ ᠬᠡᠷᠡᠭᠯᠡᠨ᠂ ᠭᠠᠮᠰᠢᠭ ᠤᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ ᠣᠳᠣᠬᠢᠴᠢᠯᠠᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠢᠰᠲ᠋ᠧᠮ ᠢ ᠪᠠᠶᠢᠭᠤᠯᠵᠤ᠂ ᠠᠶᠤᠯ ᠭᠡᠮ ᠲᠠᠢ ᠤᠰᠤᠨ ᠴᠥᠭᠦᠷᠥᠮ ᠤᠨ ᠠᠶᠤᠯ ᠭᠡᠮ ᠢ ᠠᠷᠢᠯᠭᠠᠨ ᠪᠠᠬᠢᠯᠡᠬᠦ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠥᠭᠡᠷᠡᠴᠢᠯᠡᠯᠲᠡ ᠶᠢ ᠴᠢᠩᠭᠠᠳᠬᠠᠵᠤ᠂ ᠦᠶᠡᠷ ᠢ ᠲᠣᠭᠲᠠᠭᠠᠨ ᠬᠤᠷᠠᠭᠤᠯᠬᠤ ᠣᠷᠣᠨ ᠤ ᠵᠠᠩᠭᠢᠯᠠᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠯ᠎ᠠ ᠭᠠᠵᠠᠷ ᠤᠨ ᠤᠰᠤᠲᠤᠯ ᠤᠨ ᠣᠷᠣᠨ ᠤ ᠵᠠᠰᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠭᠤᠤ ᠰᠤᠪᠠᠭ ᠤᠨ ᠵᠠᠰᠠᠯᠲᠠ ᠶᠢ ᠠᠬᠢᠭᠤᠯᠵᠤ᠂ ᠭᠠᠮᠰᠢᠭ ᠲᠤ ᠡᠪᠳᠡᠭᠳᠡᠭᠰᠡᠨ ᠲᠠᠷᠢᠶᠠᠨ ᠭᠠᠵᠠᠷ ᠵᠢᠴᠢ ᠤᠰᠤᠯᠠᠬᠤ ᠪᠠ ᠤᠰᠤ ᠵᠠᠯᠠᠬᠤ ᠲᠥᠬᠦᠭᠡᠷᠦᠮᠵᠢ ᠶᠢ ᠲᠦᠷᠭᠡᠪᠴᠢᠯᠡᠨ ᠵᠠᠰᠠᠨ ᠰᠡᠷᠭᠦᠭᠡᠨ᠎ᠡ᠃ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠢᠭᠡᠳᠦᠯᠲᠡᠶ ᠰᠡᠷᠭᠡᠶᠢᠯᠡᠨ ᠨᠢᠭᠡᠳᠦᠯᠲᠡᠶ ᠵᠠᠰᠠᠬᠤ ᠠᠵᠢᠯ ᠢ ᠰᠠᠶᠢᠲᠤᠷ ᠬᠢᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃

      ︵ᠵᠢᠷᠭᠤᠭ᠎ᠠ︶ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠲᠤᠲᠤᠷᠭ᠎ᠠ᠂ ᠪᠣᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢᠳ ᠤᠨ ᠨᠥᠬᠦᠪᠥᠷᠢ᠂ ᠲᠤᠲᠤᠷᠭ᠎ᠠ ᠶᠢᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠤᠨ᠎ᠠ᠃ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠲᠠᠷᠢᠶᠠᠯᠠᠩ ᠤᠨ ᠳᠠᠭᠠᠳᠬᠠᠯ ᠤᠨ ᠰᠢᠶᠠᠨ ᠤ ᠱᠠᠲᠤᠨ ᠤ ᠳᠠᠭᠠᠳᠬᠠᠯ ᠤᠨ ᠵᠠᠷᠤᠳᠠᠯ ᠳᠤ ᠨᠥᠬᠦᠪᠥᠷᠢ ᠥᠭᠬᠦ ᠶᠢ ᠳᠠᠭᠠᠭᠠᠴᠢᠯᠠᠬᠤ ᠬᠠᠷᠢᠴᠠᠯ ᠢ ᠪᠠᠭᠤᠷᠠᠭᠤᠯᠵᠤ᠂ ᠲᠤᠲᠤᠷᠭ᠎ᠠ᠂ ᠪᠣᠭᠤᠳᠠᠶ᠂ ᠡᠷᠳᠡᠨᠢ ᠰᠢᠰᠢ᠂ ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠳᠠᠭᠠᠳᠬᠠᠭᠤᠯᠬᠤ ᠲᠠᠯᠠᠪᠠᠶ ᠶᠢ ᠥᠷᠭᠡᠳᠭᠡᠬᠦ ᠶᠢ ᠠᠬᠢᠭᠤᠯᠤᠨ᠎ᠠ᠃ ᠣᠷᠣᠨ ᠨᠤᠲᠤᠭ ᠤᠨ ᠬᠢᠨ ᠤ ᠠᠮᠤ ᠪᠤᠳᠠᠭ᠎ᠠ ᠲᠣᠰᠣᠨ ᠤ ᠲᠠᠷᠢᠮᠠᠯ ᠲᠠᠷᠢᠬᠤ ᠲᠤᠰᠬᠠᠢ ᠵᠦᠢᠯ ᠤᠨ ᠵᠢᠭᠡᠯᠡᠯᠭᠡ ᠳᠤ ᠲᠡᠮ ᠬᠦᠦ ᠥᠭᠬᠦ ᠲᠤᠷᠰᠢᠯᠲᠠ ᠶᠢᠨ ᠴᠡᠭ ᠥᠷᠨᠢᠭᠦᠯᠬᠦ ᠶᠢ ᠵᠣᠷᠢᠭᠵᠢᠭᠤᠯᠤᠨ᠎ᠠ᠃ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠱᠠᠩᠨᠠᠵᠤ ᠨᠥᠬᠦᠪᠥᠷᠢᠯᠡᠬᠦ ᠤᠷᠮᠠᠰᠢᠭᠤᠯᠤᠨ ᠵᠣᠷᠢᠭᠵᠢᠭᠤᠯᠬᠤ ᠲᠦᠷᠢᠮ ᠢ ᠲᠡᠭᠦᠯᠳᠡᠷᠵᠢᠭᠦᠯᠵᠦ᠂ ᠠᠮᠤ ᠪᠤᠳᠠᠭᠠᠨ ᠤ ᠭᠠᠷᠤᠯᠲᠠ ᠶᠢᠨ ᠲᠤᠮᠤ ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠨᠢᠭᠡᠳᠦᠯᠲᠡᠶ ᠲᠥᠯᠥᠪᠵᠢᠭᠦᠯᠭᠡ ᠳᠤᠤᠷᠠᠬᠢ ᠠᠮᠤ ᠪᠤᠳᠠᠭᠠᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠬᠢ ᠬᠥᠨᠳᠡᠯᠡᠨ ᠤ ᠠᠰᠢᠭ ᠲᠤᠰᠠ ᠶᠢᠨ ᠨᠥᠬᠦᠪᠥᠷᠢ ᠶᠢ ᠡᠬᠢᠯᠡᠨ ᠬᠡᠷᠡᠭᠵᠢᠭᠦᠯᠵᠦ᠂ ᠪᠡᠯᠡ ᠮᠥᠩᠭᠦ ᠴᠤᠭᠯᠠᠭᠤᠯᠬᠤ ᠪᠠ ᠬᠤᠪᠢᠶᠠᠷᠢᠯᠠᠬᠤ ᠶᠢ ᠰᠠᠶᠢᠲᠤᠷ ᠬᠢᠨ᠎ᠡ᠃ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠨ᠎ᠡ᠃

      ︵ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶ᠎ᠠ ᠬᠢᠭᠡᠳ ᠦᠢᠯᠡᠳᠪᠦᠷᠢᠯᠡᠯ ᠤᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠢᠮᠠᠭᠲᠠ ᠵᠦᠢ ᠵᠣᠬᠢᠰᠲᠠᠢ ᠲᠦᠪᠰᠢᠨ ᠳᠤ ᠪᠠᠶᠢᠯᠭᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠣᠭᠲᠠᠪᠤᠷᠢᠵᠢᠭᠤᠯᠤᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠬᠠᠮᠠᠭᠠᠯᠠᠵᠤ᠂ ᠲᠠᠷᠢᠶᠠᠴᠢᠳ ᠤᠨ ᠠᠰᠢᠭ ᠲᠤᠰᠠ ᠶᠢ ᠰᠠᠶᠢᠲᠤᠷ ᠬᠠᠮᠠᠭᠠᠯᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠢ ᠨᠢᠭᠤᠴᠠ ᠪᠠᠷ ᠠᠷᠠᠯᠵᠢᠶᠠᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠢᠯᠢ ᠶᠢᠨ ᠪᠣᠭᠤᠮᠲᠠ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠤᠬᠢᠷᠠᠯ ᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠮᠤ ᠪᠤᠳᠠᠭ᠎ᠠ ᠬᠤᠳᠠᠯᠳᠤᠨ ᠠᠪᠬᠤ ᠶᠢ ᠡᠮᠬᠢ ᠵᠢᠷᠤᠮ ᠲᠠᠢ ᠰᠠᠶᠢᠲᠤᠷ ᠬᠢᠵᠦ᠂ ᠨᠥᠭᠡᠴᠡ ᠠᠮᠤ ᠪᠤᠳᠠᠭᠠᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠨᠡᠶᠢᠲᠡᠯᠡᠬᠦ ᠪᠠ ᠵᠢᠱᠢᠯᠲᠡ ᠶᠢ ᠬᠦᠳᠦᠯᠦᠨ ᠵᠢᠯᠣᠭᠤᠳᠬᠤ ᠶᠢ ᠴᠢᠩᠭᠠᠳᠬᠠᠨ᠎ᠠ᠃

      ︵ᠨᠠᠢᠮᠠ︶ ᠢᠳᠡᠭᠡᠨ ᠤ ᠣᠯᠠᠨ ᠡᠰᠢᠵᠢᠭᠰᠡᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠬᠠᠮ ᠲᠠᠷᠢᠶᠠᠯᠠᠩ ᠤᠨ ᠦᠵᠡᠯᠲᠡ᠂ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ᠂ ᠢᠳᠡᠭᠡᠨ ᠤ ᠡᠬᠢ ᠪᠠᠶᠠᠯᠢᠭ ᠢ ᠪᠥᠬᠦ ᠲᠠᠯ᠎ᠠ ᠪᠠᠷ ᠣᠯᠠᠨ ᠠᠷᠭ᠎ᠠ ᠵᠠᠮ ᠢᠶᠠᠷ ᠨᠡᠭᠡᠭᠡᠨ ᠬᠥᠭᠵᠢᠭᠦᠯᠦᠨ᠎ᠡ᠃ ᠢᠳᠡᠰᠢᠨ ᠨᠣᠭᠤᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠩᠭᠠᠯᠭ᠎ᠠ ᠶᠢ ᠪᠠᠲᠤᠯᠠᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠶᠡᠭᠡ ᠳᠤᠮᠳᠠ ᠬᠤᠲᠠ ᠶᠢᠨ ᠡᠷᠭᠢᠨ ᠲᠣᠭᠤᠷᠢᠨ ᠤ ᠣᠳᠣ ᠦᠶ᠎ᠡ ᠶᠢᠨ ᠲᠦᠬᠦᠭᠡᠷᠦᠮᠵᠢᠳᠤ ᠲᠠᠷᠢᠶᠠᠯᠠᠩ ᠢ ᠰᠢᠨᠡᠳᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠵᠢᠭᠠᠰᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠠᠯᠤᠰ ᠬᠦᠨ ᠲᠡᠯᠡᠶ ᠳᠤ ᠲᠡᠵᠢᠭᠡᠨ ᠦᠷᠡᠵᠢᠭᠦᠯᠬᠦ ᠶᠢ ᠳᠡᠮᠵᠢᠨ ᠬᠥᠭᠵᠢᠭᠦᠯᠵᠦ᠂ ᠲᠡᠯᠡᠶ ᠳᠡᠭᠡᠷᠡᠬᠢ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠤᠨ᠎ᠠ᠃ ᠣᠶ ᠰᠢᠭᠤᠶ ᠶᠢᠨ ᠢᠳᠡᠭᠡᠨ ᠢ ᠬᠥᠭᠵᠢᠭᠦᠯᠵᠦ᠂ ︽ᠣᠶ ᠰᠢᠭᠤᠶ ᠶᠢᠨ ᠠᠮᠤ ᠶᠢᠨ ᠰᠠᠩ︾ ᠢ ᠪᠠᠶᠠᠯᠢᠭᠵᠢᠭᠤᠯᠤᠨ᠎ᠠ᠃ ᠢᠳᠡᠰᠢᠨ ᠤ ᠮᠦᠭᠦ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠵᠠᠮᠠᠭ ᠤᠨ ᠲᠦᠷᠦᠯ ᠤᠨ ᠢᠳᠡᠭᠡᠨ ᠢ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ ᠠᠮᠢᠳᠤ ᠪᠣᠳᠠᠰ ᠤᠨ ᠲᠠᠷᠢᠶᠠᠯᠠᠩ ᠢ ᠪᠤᠶᠢᠵᠢᠭᠤᠯᠤᠨ ᠬᠥᠭᠵᠢᠭᠦᠯᠵᠦ᠂ ᠰᠢᠨ᠎ᠡ ᠬᠡᠯᠪᠡᠷᠢ ᠶᠢᠨ ᠢᠳᠡᠭᠡᠨ ᠤ ᠡᠬᠢ ᠪᠠᠶᠠᠯᠢᠭ ᠢ ᠨᠡᠭᠡᠭᠡᠨ᠎ᠡ᠃ ᠠᠮᠤ ᠪᠤᠳᠠᠭ᠎ᠠ ᠪᠣᠯᠤᠨ ᠬᠠᠮ ᠢᠳᠡᠭᠡᠨ ᠢ ᠪᠦᠷᠢᠳᠭᠡᠨ ᠬᠢᠨᠠᠨ ᠬᠡᠮᠵᠢᠬᠦ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠢᠳᠡᠭᠡᠨ ᠤ ᠠᠮᠤᠷ ᠲᠦᠪᠰᠢᠨ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠪᠦᠲᠦᠭᠡᠭᠳᠡᠬᠦᠨ ᠤ ᠡᠮ ᠤᠨ ᠦᠯᠡᠳᠡᠭᠳᠡᠯ ᠢ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠮᠠᠯ ᠳᠤ ᠬᠡᠷᠡᠭᠯᠡᠬᠦ ᠪᠠᠺᠲ᠋ᠧᠷᠢ ᠳᠠᠷᠤᠬᠤ ᠡᠮ ᠤᠨ ᠬᠡᠮᠵᠢᠶ᠎ᠡ ᠶᠢ ᠪᠠᠭᠠᠰᠬᠠᠨ ᠬᠡᠷᠡᠭᠯᠡᠬᠦ ᠶᠢ ᠠᠬᠢᠭᠤᠯᠤᠨ᠎ᠠ᠃

      ︵ᠵᠢᠰᠦ︶ ᠠᠮᠤ ᠪᠤᠳᠠᠭ᠎ᠠ ᠪᠣᠯᠤᠨ ᠢᠳᠡᠭᠡᠨ ᠢ ᠠᠷᠪᠢᠯᠠᠨ ᠭᠠᠮᠨᠠᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ ᠠᠮᠤ ᠪᠤᠳᠠᠭ᠎ᠠ ᠶᠢ ᠠᠷᠪᠢᠯᠠᠨ ᠭᠠᠮᠨᠠᠬᠤ ᠪᠠ ᠢᠳᠡᠭᠡᠨ ᠢ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠠᠵᠢᠯᠯᠠᠭ᠎ᠠ ᠶᠢ ᠯᠠᠪᠳᠠᠭᠤᠨ ᠢᠶᠠᠷ ᠠᠬᠢᠭᠤᠯᠵᠤ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠷᠡᠭᠦᠯ ᠢᠳᠡᠭᠡᠨ ᠤᠮᠳᠠᠭᠠᠨ ᠢ ᠶᠡᠭᠡ ᠪᠠᠷ ᠰᠠᠨᠠᠭᠠᠴᠢᠯᠠᠵᠤ᠂ ᠣᠯᠠᠨ ᠨᠡᠶᠢᠲᠡ ᠶᠢᠨ ᠬᠤᠭᠤᠯᠠᠨ ᠭᠡᠷ᠂ ᠢᠳᠡᠭᠡᠨ ᠤᠮᠳᠠᠭᠠᠨ ᠤ ᠪᠠᠶᠢᠭᠤᠯᠤᠮᠵᠢ ᠵᠡᠷᠭᠡ ᠶᠢᠨ ᠲᠣᠰᠣ ᠬᠡᠷᠡᠭᠯᠡᠬᠦ ᠵᠢᠯᠣᠭᠤᠳᠣᠯᠭ᠎ᠠ ᠶᠢ ᠴᠢᠩᠭᠠᠳᠬᠠᠨ᠂ ᠲᠣᠰᠣ ᠶᠢ ᠪᠠᠭᠠᠰᠬᠠᠬᠤ ᠳᠠᠪᠤᠰᠤ ᠶᠢ ᠪᠠᠭᠠᠰᠬᠠᠬᠤ ᠰᠢᠬᠢᠷ ᠢ ᠪᠠᠭᠠᠰᠬᠠᠬᠤ ᠪᠠ ᠪᠦᠷᠢᠨ ᠠᠮᠤ ᠪᠤᠳᠠᠭ᠎ᠠ ᠵᠡᠷᠭᠡ ᠢᠳᠡᠭᠡᠨ ᠤᠮᠳᠠᠭᠠᠨ ᠢ ᠳᠡᠯᠭᠡᠷᠡᠭᠦᠯᠦᠨ᠎ᠡ᠃ ᠠᠮᠤ ᠪᠤᠳᠠᠭᠠᠨ ᠤ ᠮᠠᠰᠢᠨ ᠢᠶᠠᠷ ᠬᠤᠷᠢᠶᠠᠵᠤ ᠬᠤᠷᠣᠭᠳᠠᠯ ᠢ ᠪᠠᠭᠠᠰᠬᠠᠬᠤ᠂ ᠵᠣᠬᠢᠬᠤ ᠬᠡᠮᠵᠢᠶ᠎ᠡ ᠪᠠᠷ ᠪᠣᠯᠪᠠᠰᠤᠷᠠᠭᠤᠯᠬᠤ ᠪᠠ ᠰᠢᠨᠵᠢᠯᠡᠬᠦ ᠤᠬᠠᠭᠠᠨᠴᠢ ᠪᠠᠷ ᠬᠠᠳᠠᠭᠠᠯᠠᠬᠤ ᠶᠢ ᠠᠬᠢᠭᠤᠯᠤᠨ᠎ᠠ᠃

      ᠬᠤᠶᠠᠷ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠭᠡᠨ᠎ᠡ

      ︵ᠠᠷᠪᠠ︶ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠪᠠᠶᠢᠳᠠᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠭᠤᠷᠪᠠ ᠶᠢ ᠪᠠᠲᠤᠯᠠᠬᠤ︾ ᠪᠠ ᠤᠰᠤ ᠤᠮᠳᠠ ᠶᠢᠨ ᠠᠮᠤᠷ ᠲᠦᠪᠰᠢᠨ ᠢ ᠪᠠᠲᠤᠯᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠦᠷᠬᠦᠯᠵᠢᠯᠡᠨ ᠬᠠᠪᠰᠤᠷᠤᠨ ᠲᠡᠳᠬᠦᠬᠦ ᠶᠢ ᠴᠢᠩᠭᠠᠳᠬᠠᠨ᠂ ᠦᠵᠡᠯ ᠰᠠᠨᠠᠭ᠎ᠠ ᠰᠤᠯᠠᠷᠠᠬᠤ᠂ ᠠᠵᠢᠯ ᠰᠤᠯᠠᠷᠠᠬᠤ ᠶᠢ ᠰᠡᠷᠭᠡᠶᠢᠯᠡᠨ᠎ᠡ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠭ᠎ᠠ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠤᠨ᠎ᠠ᠃ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠤᠭᠤᠮᠳᠠ ᠰᠢᠪᠳᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠤᠨ ᠠᠵᠢᠯ ᠣᠯᠭᠤᠯᠲᠠ ᠶᠢᠨ ᠰᠢᠩᠭᠡᠭᠡᠨ ᠠᠪᠬᠤ ᠴᠢᠳᠠᠪᠤᠷᠢ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠬᠦ ᠬᠡᠪᠴᠢᠶ᠎ᠡ ᠪᠠ ᠣᠷᠣᠯᠭ᠎ᠠ ᠶᠢ ᠲᠣᠭᠲᠠᠪᠤᠷᠢᠵᠢᠭᠤᠯᠤᠨ᠎ᠠ᠃ ᠪᠠᠬᠢᠵᠢᠭᠦᠯᠬᠦ᠂ ᠳᠡᠰ ᠳᠡᠪᠰᠢᠭᠦᠯᠬᠦ᠂ ᠠᠮᠢᠳᠤᠯᠢᠭ ᠪᠣᠯᠭᠠᠬᠤ᠂ ᠲᠣᠬᠢᠷᠠᠭᠤᠯᠬᠤ ᠵᠠᠷᠴᠢᠮ ᠶᠣᠰᠣᠭᠠᠷ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠡᠮᠴᠢᠯᠡᠭᠡ᠂ ᠰᠤᠷᠭᠠᠨ ᠬᠥᠮᠦᠵᠢᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠥᠷᠨᠢᠭᠦᠯᠦᠨ᠎ᠡ᠃ ᠬᠡᠷᠡᠭᠯᠡᠭᠡ ᠪᠠᠷ ᠬᠠᠪᠰᠤᠷᠤᠨ ᠲᠡᠳᠬᠦᠬᠦ ᠲᠠᠪᠴᠠᠩ ᠤᠨ ᠠᠵᠤ ᠠᠬᠤᠶᠢᠯᠠᠯ ᠪᠠ ᠦᠢᠯᠡᠳᠬᠦᠨ ᠤ ᠬᠠᠮᠢᠶᠠᠷᠤᠯᠲᠠ ᠶᠢ ᠴᠢᠩᠭᠠᠳᠬᠠᠨ᠎ᠠ᠃

      ︵ᠠᠷᠪᠠᠨ ᠨᠢᠭᠡ︶ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠲᠣᠭᠲᠠᠴᠠ ᠪᠣᠯᠤᠨ ᠣᠷᠣᠯᠭ᠎ᠠ ᠪᠠᠭᠠᠲᠠᠶ ᠬᠥᠮᠦᠨ ᠠᠮᠠ᠂ ᠬᠥᠭᠵᠢᠭᠡᠳᠦᠢ ᠭᠠᠵᠠᠷ ᠣᠷᠣᠨ ᠤ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠪᠠᠶᠢᠭᠤᠯᠤᠯ ᠢ ᠨᠢᠭᠡᠳᠦᠯᠲᠡᠶ ᠲᠥᠯᠥᠪᠵᠢᠬᠦᠯᠦᠨ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠡᠷᠦᠩᠬᠡᠢ ᠦᠨᠡᠯᠡᠯᠲᠡ ᠶᠢᠨ ᠠᠵᠢᠯ ᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠰᠤᠳᠤᠯᠤᠨ ᠲᠣᠭᠲᠠᠭᠠᠨ᠎ᠠ᠃ ᠬᠥᠳᠡᠭᠡ ᠲᠣᠰᠬᠤᠨ ᠤ ᠣᠷᠣᠯᠭ᠎ᠠ ᠪᠠᠭᠠᠲᠠᠶ ᠬᠥᠮᠦᠨ ᠠᠮᠠ ᠵᠢᠴᠢ ᠳᠠᠬᠢᠨ ᠶᠠᠳᠠᠭᠤᠷᠠᠬᠤ ᠪᠤᠶᠤ ᠶᠠᠳᠠᠭᠤᠷᠠᠬᠤ ᠶᠢ ᠰᠡᠷᠭᠡᠶᠢᠯᠡᠬᠦ ᠡᠲᠡᠭᠡᠳ ᠢ ᠢᠯᠭᠠᠨ ᠲᠠᠨᠢᠵᠤ ᠮᠠᠭᠠᠳᠯᠠᠨ ᠲᠣᠭᠲᠠᠭᠠᠬᠤ ᠶᠢ ᠨᠢᠭᠡᠳᠦᠯᠲᠡᠶ ᠲᠥᠯᠥᠪᠵᠢᠭᠦᠯᠦᠨ ᠥᠷᠨᠢᠭᠦᠯᠦᠨ᠎ᠡ᠃ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠴᠢᠬᠤᠯᠠᠴᠢᠯᠠᠵᠤ᠂ ᠬᠥᠳᠡᠯᠮᠦᠷᠢᠯᠡᠬᠦ ᠴᠢᠳᠠᠪᠤᠷᠢ ᠲᠠᠢ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠦᠨ ᠠᠮᠠ ᠶᠢ ᠨᠡᠭᠡᠭᠡᠨ ᠬᠥᠭᠵᠢᠭᠦᠯᠬᠦ ᠬᠡᠯᠪᠡᠷᠢ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠦᠨᠳᠦᠰᠦᠨ ᠵᠦᠢᠯ ᠢ ᠪᠠᠲᠤᠯᠠᠬᠤ ᠶᠢ ᠴᠢᠩᠭᠠᠳᠬᠠᠵᠤ᠂ ᠬᠥᠭᠵᠢᠭᠡᠳᠦᠢ ᠭᠠᠵᠠᠷ ᠣᠷᠣᠨ ᠤ ᠬᠥᠭᠵᠢᠨ ᠮᠠᠨᠳᠤᠬᠤ ᠶᠢ ᠳᠡᠮᠵᠢᠵᠦ᠂ ᠲᠡᠰ ᠳᠠᠪᠬᠤᠷᠭ᠎ᠠ ᠲᠦᠷᠦᠯ ᠬᠤᠪᠢᠶᠠᠨ ᠬᠠᠪᠰᠤᠷᠤᠨ ᠲᠡᠳᠬᠦᠬᠦ ᠳᠦᠷᠢᠮ ᠢ ᠪᠠᠶᠢᠭᠤᠯᠵᠤ᠂ ᠵᠡᠭᠦᠨ ᠪᠠᠷᠠᠭᠤᠨ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠵᠡᠷᠭᠡ ᠲᠣᠭᠲᠠᠴᠠ ᠪᠠᠷ ᠳᠠᠮᠵᠢᠭᠤᠯᠤᠨ ᠵᠦᠷᠢᠶᠡᠴᠢᠯᠡᠭᠰᠡᠨ ᠳᠡᠮᠵᠢᠯᠭᠡ ᠦᠵᠡᠭᠦᠯᠦᠨ᠎ᠡ᠃

      ︵ᠠᠷᠪᠠᠨ ᠬᠤᠶᠠᠷ︶ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ ᠡᠳ᠋ ᠬᠥᠷᠥᠩᠭᠡ ᠪᠦᠷᠢᠯᠳᠦᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠡᠴᠡ ᠶᠢ ᠪᠦᠷᠢᠨᠰᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠤᠯᠤᠰ ᠠᠴᠠ ᠣᠷᠣᠭᠤᠯᠤᠯᠲᠠ ᠬᠢᠵᠦ ᠪᠦᠷᠢᠯᠳᠦᠭᠰᠡᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠡᠳ᠋ ᠬᠥᠷᠥᠩᠭᠡ ᠶᠢ ᠳᠡᠩᠰᠡᠯᠡᠨ ᠬᠠᠮᠢᠶᠠᠷᠬᠤ ᠨᠢᠭᠡᠳᠦᠯᠲᠡᠶ ᠡᠬᠡ ᠲᠠᠩᠰᠠ ᠶᠢ ᠪᠠᠶᠢᠭᠤᠯᠤᠨ᠎ᠠ᠃ ᠬᠠᠪᠰᠤᠷᠤᠨ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠳ᠋ ᠬᠥᠷᠥᠩᠭᠡ ᠶᠢᠨ ᠪᠦᠷᠢᠯᠳᠦᠬᠦ᠂ ᠡᠷᠬᠡ ᠶᠢ ᠨᠤᠲᠠᠯᠠᠨ ᠰᠢᠯᠵᠢᠭᠦᠯᠦᠨ ᠲᠤᠰᠢᠶᠠᠬᠤ᠂ ᠬᠠᠮᠢᠶᠠᠷᠤᠨ ᠬᠠᠮᠠᠭᠠᠯᠠᠵᠤ ᠡᠵᠡᠩᠨᠡᠬᠦ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠵᠡᠩᠨᠡᠯᠲᠡ ᠶᠢᠨ ᠴᠢᠨᠠᠷᠲᠠᠶ ᠡᠳ᠋ ᠬᠥᠷᠥᠩᠭᠡ ᠶᠢᠨ ᠥᠷᠲᠡᠭ ᠢ ᠪᠠᠲᠤᠯᠠᠨ ᠦᠷ᠎ᠡ ᠠᠰᠢᠭ ᠢ ᠨᠡᠮᠡᠭᠳᠡᠭᠦᠯᠬᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠡᠳ᠋ ᠬᠥᠷᠥᠩᠭᠡ ᠶᠢᠨ ᠦᠷᠭᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠶᠢ ᠠᠬᠢᠭᠤᠯᠤᠨ᠎ᠠ᠃ ᠡᠳ᠋ ᠬᠥᠷᠥᠩᠭᠡ ᠶᠢ ᠲᠥᠷᠥᠯ ᠬᠤᠪᠢᠶᠠᠨ ᠰᠢᠢᠳᠪᠦᠷᠢᠯᠡᠬᠦ ᠲᠦᠷᠢᠮ ᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠦᠷ᠎ᠡ ᠠᠰᠢᠭ ᠢᠶᠠᠷ ᠳᠤᠤᠷ᠎ᠠ ᠰᠤᠯᠠ ᠪᠠᠶᠢᠭ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠳᠡᠮᠵᠢᠨ᠎ᠡ᠃

      ᠭᠤᠷᠪᠠ᠂ ᠰᠢᠶᠠᠨ ᠤ ᠬᠡᠪᠴᠢᠶᠡᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠦᠴᠦᠯᠡᠨ ᠪᠤᠵᠠᠭᠠᠶᠢᠷᠠᠭᠤᠯᠤᠨ᠎ᠠ

      ︵ᠠᠷᠪᠠᠨ ᠭᠤᠷᠪᠠ︶ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠬᠤ ᠶᠢ ᠪᠠᠷᠢᠮᠲᠠᠯᠠᠵᠤ᠂ ᠪᠣᠬᠢᠷᠲᠤᠯ ᠥᠬᠡᠶ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠵᠤ ᠲᠡᠵᠢᠭᠡᠬᠦ ᠶᠢ ᠶᠡᠭᠡ ᠪᠠᠷ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠲᠠᠷᠢᠶᠠᠯᠠᠩ ᠤᠨ ᠲᠥᠷᠥᠯ ᠲᠡᠮᠳᠡᠭ ᠰᠣᠳᠣᠨ ᠪᠦᠲᠦᠭᠡᠭᠳᠡᠬᠦᠨ ᠢ ᠪᠤᠶᠢᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠣᠨᠴᠠᠯᠢᠭᠲᠤ ᠲᠠᠷᠢᠶᠠᠯᠠᠩ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠥᠷᠥᠯ ᠵᠦᠢᠯ ᠢ ᠭᠦᠨᠵᠡᠭᠡᠢ ᠬᠡᠷᠡᠭᠵᠢᠭᠦᠯᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠤᠨ᠎ᠠ᠃ ᠬᠥᠳᠡᠭᠡ ᠲᠣᠰᠬᠤᠨ ᠤ ᠰᠣᠶᠣᠯ ᠪᠠ ᠵᠢᠭᠤᠯᠴᠢᠯᠠᠯ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠣᠯᠭᠤᠬᠤ ᠲᠤᠷᠰᠢᠯᠲᠠ ᠶᠢᠨ ᠴᠡᠭ ᠢ ᠥᠷᠨᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠤᠨᠴᠠᠯᠢᠬᠵᠢᠭᠰᠠᠨ᠂ ᠰᠣᠳᠣᠨᠵᠢᠭᠰᠠᠨ᠂ ᠵᠢᠷᠤᠮᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠣᠳᠣ ᠦᠶ᠎ᠡ ᠶᠢᠨ ᠭᠦᠢᠯᠭᠡᠭᠡᠨ ᠤ ᠲᠤᠤᠷ ᠰᠦᠯᠵᠢᠶ᠎ᠡ ᠶᠢ ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠭᠤᠤᠯ ᠴᠣᠭᠴᠠ ᠬᠠᠩᠭᠠᠯᠭ᠎ᠠ ᠶᠢᠨ ᠬᠡᠯᠬᠢᠶ᠎ᠡ ᠶᠢ ᠬᠠᠮᠵᠢᠯᠴᠠᠨ ᠬᠠᠮᠲᠤ ᠪᠠᠷ ᠪᠠᠶᠢᠭᠤᠯᠬᠤ ᠶᠢ ᠳᠠᠮᠵᠢᠨ᠎ᠠ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃

      ︵ᠠᠷᠪᠠᠨ ᠳᠥᠷᠪᠡ︶ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠲᠣᠭᠲᠡᠴᠡ ᠶᠢ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠠᠷᠢᠶᠠᠴᠢᠨ ᠡᠷᠦᠬᠡ ᠶᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠲᠠᠢ ᠬᠤᠯᠪᠣᠭᠳᠠᠭᠤᠯᠬᠤ ᠲᠣᠭᠲᠡᠴᠡ ᠶᠢ ᠪᠦᠷᠢᠨᠰᠢᠬᠦᠯᠵᠤ᠂ ᠲᠠᠷᠢᠶᠠᠯᠠᠬᠤ ᠡᠷᠦᠬᠡ ᠲᠠᠢ ᠬᠤᠯᠪᠣᠭᠠᠯᠠᠨ ᠲᠠᠷᠢᠶᠠᠴᠢᠨ ᠢ ᠳᠠᠶᠢᠴᠢᠯᠠᠬᠤ ᠶᠢ ᠲᠦᠷᠦ ᠶᠢᠨ ᠪᠤᠳᠤᠯᠭ᠎ᠠ ᠶᠢᠨ ᠬᠡᠯᠪᠠᠶᠢᠯᠲᠡ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠵᠤ ᠠᠬᠤᠶᠢᠯᠠᠯ᠂ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ ᠬᠢᠭᠡᠳ ᠲᠠᠷᠢᠶᠠᠯᠠᠬᠤ ᠡᠷᠦᠬᠡ ᠵᠡᠷᠭᠡ ᠶᠢᠨ ᠨᠢᠭᠲᠠ ᠬᠤᠯᠪᠣᠭᠠᠯᠠᠬᠤ ᠪᠠ ᠬᠤᠷᠰᠢᠯᠴᠠᠬᠤ ᠶᠢ ᠬᠥᠲᠥᠯᠥᠨ ᠵᠢᠯᠣᠭᠤᠳᠴᠤ᠂ ᠨᠠᠭᠠᠳᠤ ᠵᠠᠬ᠎ᠠ ᠶᠢᠨ ᠣᠷᠣᠯᠭ᠎ᠠ ᠶᠢ ᠪᠠᠲᠤᠯᠠᠨ ᠬᠤᠪᠢᠶᠠᠷᠢᠯᠠᠬᠤ᠂ ᠬᠤᠪᠢ ᠣᠷᠣᠭᠤᠯᠬᠤ᠂ ᠦᠢᠯᠡᠴᠢᠯᠡᠭᠡ ᠪᠠᠷ ᠳᠠᠶᠢᠴᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠠᠷᠢᠶᠠᠴᠢᠳ ᠲᠤ ᠠᠵᠤ ᠦᠢᠯᠡᠰ ᠤᠨ ᠨᠡᠮᠡᠭᠳᠡᠯ ᠥᠷᠲᠡᠭ ᠤᠨ ᠠᠰᠢᠭ ᠣᠯᠵᠠᠪᠤᠷᠢ ᠶᠢ ᠨᠡᠩ ᠢᠯᠡᠭᠦᠦ ᠬᠦᠷᠲᠡᠭᠡᠨ᠎ᠡ᠃ ᠲᠠᠷᠢᠶᠠᠯᠠᠩ ᠬᠥᠳᠡᠭᠡ ᠲᠣᠰᠬᠤᠨ ᠤ ᠬᠦᠷᠢᠶᠡᠨ ᠳᠠᠬᠢ ᠨᠡᠶᠢᠭᠡᠮ ᠤᠨ ᠪᠡᠯᠡ ᠣᠷᠣᠭᠤᠯᠤᠯᠲᠠ ᠶᠢ ᠵᠢᠷᠤᠮᠵᠢᠭᠤᠯᠤᠨ ᠬᠥᠲᠥᠯᠥᠨ ᠵᠢᠯᠣᠭᠤᠳᠴᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠡᠴᠡ ᠶᠢ ᠲᠡᠭᠦᠯᠳᠡᠷᠵᠢᠭᠦᠯᠦᠨ᠎ᠡ᠃

      ︵ᠠᠷᠪᠠᠨ ᠲᠠᠪᠤ︶ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠭᠡᠨ᠎ᠡ᠃ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠭᠡᠷ ᠪᠦᠯᠢ ᠶᠢᠨ ᠡᠵᠡᠩᠨᠡᠯᠲᠡ ᠳᠤ ᠲᠣᠬᠢᠷᠠᠬᠤ ᠠᠵᠤ ᠦᠢᠯᠡᠰ ᠤᠨ ᠲᠥᠷᠥᠯ ᠵᠦᠢᠯ ᠢ ᠬᠥᠭᠵᠢᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠦᠷᠢᠶ᠎ᠡ ᠬᠠᠰᠢᠶᠠᠨ ᠤ ᠠᠵᠤ ᠠᠬᠤᠶ᠂ ᠣᠶ ᠳᠣᠲᠣᠷᠠᠬᠢ ᠠᠵᠤ ᠠᠬᠤᠶ᠂ ᠠᠷᠠᠳ ᠤᠨ ᠤᠯᠠᠮᠵᠢᠯᠠᠯᠲᠤ ᠰᠠᠭᠤᠴᠠ ᠶᠢᠨ ᠠᠵᠤ ᠠᠬᠤᠶ ᠶᠢ ᠬᠥᠭᠵᠢᠭᠦᠯᠦᠨ᠎ᠡ᠃ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠦᠢᠯᠡᠴᠢᠯᠡᠭᠡ ᠪᠠ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠴᠢᠩᠭᠠᠷᠠᠭᠤᠯᠤᠨ᠂ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠲᠥᠷᠥᠯ ᠲᠡᠮᠳᠡᠭ ᠢ ᠪᠤᠶᠢᠵᠢᠭᠤᠯᠤᠨ ᠲᠠᠨᠢᠯᠴᠠᠭᠤᠯᠤᠨ᠎ᠠ᠃ ᠭᠡᠷ ᠤᠨ ᠶᠠᠪᠤᠳᠠᠯ ᠤᠨ ᠦᠢᠯᠡᠴᠢᠯᠡᠭᠡ ᠪᠠᠷ ᠬᠦᠳᠡᠭᠡ ᠲᠤᠰᠬᠤᠨ ᠢ ᠬᠥᠭᠵᠢᠭᠦᠯᠬᠦ ᠠᠵᠢᠯᠯᠠᠭ᠎ᠠ ᠶᠢ ᠠᠬᠢᠭᠤᠯᠤᠨ᠎ᠠ᠃ ᠨᠠᠰᠤ ᠠᠭᠢᠭᠰᠠᠨ ᠬᠥᠯᠥᠰᠥᠨ ᠠᠵᠢᠯᠴᠢᠨ ᠤ ᠠᠵᠢᠯ ᠣᠯᠭᠤᠯᠲᠠ ᠶᠢ ᠲᠡᠳᠬᠦᠨ ᠳᠡᠮᠵᠢᠬᠦ ᠶᠢ ᠴᠢᠩᠭᠠᠳᠬᠠᠨ᠎ᠠ᠃ ᠬᠥᠯᠥᠰᠥᠨ ᠠᠵᠢᠯᠴᠢᠨ ᠤ ᠴᠠᠯᠢᠩ ᠢ ᠥᠭᠬᠦ ᠪᠠᠲᠤᠯᠠᠭ᠎ᠠ ᠶᠢᠨ ᠲᠦᠷᠢᠮ ᠤᠨ ᠪᠦᠬᠦ ᠲᠠᠯ᠎ᠠ ᠶᠢ ᠬᠠᠮᠤᠷᠬᠤ ᠪᠠ ᠪᠦᠲᠦᠮᠵᠢᠲᠡᠢ ᠠᠵᠢᠯᠯᠠᠬᠤ ᠶᠢ ᠠᠬᠢᠭᠤᠯᠵᠤ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠵᠠᠯᠠᠷᠠᠭᠤᠯᠤᠨ᠎ᠠ᠃ ᠰᠢᠶᠠᠨ ᠤ ᠬᠡᠪᠴᠢᠶᠡᠨ ᠤ ᠲᠤᠰ ᠲᠤᠰ ᠤᠨ ᠣᠨᠴᠠᠯᠢᠭ ᠲᠠᠢ ᠠᠵᠤ ᠠᠬᠤᠶ ᠶᠢ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠪᠠᠷ ᠶᠡᠭᠡ ᠠᠷᠠᠳ ᠢ ᠪᠠᠶᠠᠵᠢᠭᠤᠯᠬᠤ ᠠᠵᠤ ᠦᠢᠯᠡᠰ ᠢ ᠳᠡᠮᠵᠢᠨ ᠬᠥᠭᠵᠢᠭᠦᠯᠵᠦ᠂ ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠲᠣᠭᠠᠴᠢᠯᠠᠭᠰᠠᠨ ᠬᠥᠳᠡᠭᠡ ᠲᠣᠰᠬᠤᠨ ᠤ ᠬᠦᠳᠡᠭᠡ ᠠᠵᠤ ᠠᠬᠤᠢ ᠶᠢ ᠬᠦᠴᠦᠷᠬᠡᠭᠵᠢᠭᠦᠯᠵᠦ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠳᠡᠯᠮᠦᠷᠢ ᠪᠠᠷ ᠲᠡᠳᠬᠦᠮᠵᠢ ᠶᠢ ᠣᠷᠣᠯᠠᠭᠤᠯᠬᠤ ᠲᠦᠷᠦᠯ ᠵᠦᠢᠯ ᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠭᠡᠵᠦ᠂ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠪᠠ ᠬᠦᠳᠡᠭᠡ ᠠᠵᠤ ᠠᠬᠤᠢ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠤ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠦᠨ᠎ᠡ᠃

      ᠳᠥᠷᠪᠡ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠤᠨ᠎ᠠ

      ︵ᠠᠷᠪᠠᠨ ᠵᠢᠷᠭᠤᠭ᠎ᠠ︶ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠎ᠡ᠃ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠢᠭᠡᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠰᠢᠶᠠᠨ ᠰᠢᠶᠠᠩ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠣᠷᠣᠨ ᠵᠠᠶ ᠶᠢ ᠨᠢᠭᠡᠳᠦᠯᠲᠡᠶ ᠲᠥᠯᠥᠪᠵᠢᠭᠦᠯᠬᠦ ᠪᠠ ᠡᠯᠧᠮᠧᠨ᠋ᠲ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠤᠨ᠎ᠠ᠃ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢᠨ ᠶᠠᠰᠤ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠶᠢᠯ ᠲᠣᠰᠬᠤᠨ ᠤ ᠲᠥᠯᠥᠪᠵᠢᠭᠦᠯᠭᠡ ᠶᠢᠨ ᠤᠷᠤᠨ ᠲᠤᠭ᠎ᠠ ᠶᠢ ᠪᠦᠬᠦᠨ ᠢ ᠬᠠᠮᠤᠷᠤᠭᠤᠯᠬᠤ ᠪᠠᠷ ᠱᠠᠭᠠᠷᠳᠠᠵᠤ ᠪᠣᠯᠬᠤ ᠥᠬᠡᠶ᠂ ᠤᠷᠤᠨ ᠲᠤᠭ᠎ᠠ ᠱᠠᠭᠠᠷᠳᠠᠬᠤ ᠥᠬᠡᠶ ᠪᠠᠶᠢᠪᠠᠯ ᠰᠢᠶᠠᠨ ᠰᠢᠶᠠᠩ ᠤᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠬᠠᠮᠢᠶᠠᠷᠤᠨ ᠡᠵᠡᠮᠳᠡᠵᠦ ᠬᠥᠲᠥᠯᠥᠨ ᠵᠢᠯᠣᠭᠤᠳᠬᠤ ᠪᠤᠶᠤ ᠶᠡᠷᠦᠩᠬᠡᠶ ᠳᠦᠷᠢᠮ ᠤᠨ ᠮᠠᠶ᠋ᠢᠭ ᠤᠨ ᠬᠠᠮᠢᠶᠠᠷᠤᠯᠲᠠ ᠶᠢᠨ ᠲᠣᠭᠲᠠᠭᠠᠯ ᠭᠠᠷᠭᠠᠵᠤ ᠪᠣᠯᠤᠨ᠎ᠠ᠃ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠭᠤᠣᠯᠳᠠᠯᠭ᠎ᠠ ᠪᠠ ᠳᠡᠰ ᠳᠠᠷᠠᠭᠠᠯᠠᠯ ᠢ ᠵᠦᠢ ᠵᠣᠬᠢᠰᠲᠠᠶ ᠲᠣᠭᠲᠠᠭᠠᠵᠤ᠂ ᠪᠦᠲᠦᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ ᠨᠢᠭᠡᠳᠦᠯᠲᠡᠶ ᠲᠥᠯᠥᠪᠵᠢᠭᠦᠯᠦᠨ᠂ ᠣᠷᠣᠨ ᠪᠦᠰᠡ ᠶᠢᠨ ᠣᠨᠴᠠᠯᠢᠭ ᠲᠠᠢ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠨ᠎ᠡ᠃ ᠲᠠᠷᠢᠶᠠᠨ ᠭᠠᠵᠠᠷ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠥᠬᠡᠶ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠪᠠᠶᠢᠷᠢᠰᠢᠭᠤᠯᠤᠯᠲᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠤᠷᠢᠲᠠᠯ ᠳᠤᠤᠷ᠎ᠠ᠂ ᠰᠢᠶᠠᠨ ᠤ ᠬᠡᠪᠴᠢᠶ᠎ᠡ ᠪᠠᠷ ᠨᠢᠭᠡᠳᠦᠯᠲᠡᠶ ᠲᠥᠯᠥᠪᠵᠢᠭᠦᠯᠬᠦ ᠨᠢᠭᠡᠴᠢ᠂ ᠰᠢᠶᠠᠩ ᠪᠠᠯᠭᠠᠰᠤ ᠪᠠᠷ ᠦᠨᠳᠦᠰᠦᠨ ᠬᠡᠷᠡᠭᠵᠢᠭᠦᠯᠬᠦ ᠨᠢᠭᠡᠴᠢ ᠪᠣᠯᠭᠠᠭᠰᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠃

      ︵ᠠᠷᠪᠠᠨ ᠳᠣᠯᠤᠭ᠎ᠠ︶ ᠰᠠᠭᠤᠷᠢ ᠲᠦᠬᠦᠭᠡᠷᠦᠮᠵᠢ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠲᠦᠯᠬᠢᠨ ᠠᠬᠢᠭᠤᠯᠤᠨ᠎ᠠ᠃ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠣᠭᠴᠠᠵᠢᠭᠤᠯᠬᠤ᠂ ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ ᠵᠢᠷᠤᠮᠵᠢᠭᠤᠯᠬᠤ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠥᠳᠡᠭᠡ ᠲᠣᠰᠬᠤᠨ ᠤ ᠤᠰᠤ ᠬᠠᠩᠭᠠᠬᠤ ᠶᠢ ᠰᠢᠶᠠᠨ ᠤ ᠬᠡᠪᠴᠢᠶ᠎ᠡ ᠨᠢᠭᠡᠳᠦᠯᠲᠡᠶ ᠬᠠᠮᠢᠶᠠᠷᠬᠤ ᠪᠠ ᠲᠤᠰᠬᠠᠶᠢᠵᠢᠭᠰᠠᠨ ᠬᠠᠮᠢᠶᠠᠷᠤᠯᠲᠠ ᠬᠠᠮᠠᠭᠠᠯᠠᠯᠲᠠ ᠶᠠᠪᠤᠭᠤᠯᠬᠤ ᠶᠢ ᠬᠡᠷᠡᠭᠵᠢᠭᠦᠯᠵᠦ ᠪᠣᠯᠤᠨ᠎ᠠ᠃ ᠰᠢᠨ᠎ᠡ ᠨᠢᠭᠡ ᠡᠭᠡᠯᠵᠢ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠳᠡᠭᠡᠭᠰᠢᠯᠡᠭᠦᠯᠬᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠵᠢᠴᠢ ᠬᠥᠭᠦᠷᠭᠡ ᠨᠦᠬᠡᠨ ᠵᠠᠮ ᠤᠨ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠶᠢ ᠥᠷᠨᠢᠭᠦᠯᠵᠦ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠨᠥᠬᠦᠴᠡᠯ ᠪᠦᠷᠢᠳᠦᠭᠰᠡᠨ ᠰᠢᠶᠠᠩ ᠪᠠᠯᠭᠠᠰᠤ ᠪᠠ ᠪᠠᠶᠢᠭᠤᠯᠤᠮᠵᠢᠲᠦ ᠲᠣᠰᠬᠤᠨ ᠳᠤ ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠤ ᠤᠰᠤᠨ ᠵᠠᠮ ᠤᠨ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭ᠎ᠠ ᠰᠢᠦᠳᠠᠨ ᠤ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ ᠶᠢ ᠭᠦᠨᠵᠡᠭᠡᠶᠢᠷᠡᠭᠦᠯᠵᠦ᠂ ᠲᠣᠰᠬᠤᠨ ᠤ ᠱᠠᠲᠤᠨ ᠤ ᠢᠯᠡᠭᠡᠨ ᠬᠦᠷᠭᠡᠬᠦ ᠪᠠᠷᠠᠭᠠᠨ ᠤ ᠭᠦᠢᠯᠭᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠬᠡᠯᠬᠢᠶᠡᠵᠢᠭᠦᠯᠦᠨ ᠡᠵᠡᠩᠨᠡᠵᠦ ᠰᠢᠶᠠᠨ ᠤ ᠬᠡᠪᠴᠢᠶᠡᠨ ᠤ ᠵᠠᠬ᠎ᠠ ᠳᠡᠯᠭᠡᠭᠦᠷ ᠢ ᠪᠠᠶᠢᠷᠢᠰᠢᠭᠤᠯᠬᠤ ᠶᠢ ᠳᠡᠮᠵᠢᠵᠦ᠂ ᠬᠦᠢᠲᠡᠨ ᠬᠡᠯᠬᠢᠶᠡᠲᠦ ᠳᠣᠭᠢᠷᠠᠭᠤᠯᠤᠨ ᠬᠦᠷᠭᠡᠬᠦ ᠪᠠ ᠳᠠᠷᠦ᠋ᠢᠬᠠᠨ ᠵᠢᠵᠢᠭᠯᠡᠨ ᠬᠤᠳᠠᠯᠳᠤᠬᠤ ᠶᠢ ᠰᠢᠶᠠᠩ ᠪᠠᠯᠭᠠᠰᠤ ᠳᠠᠶᠢᠰᠢ ᠤᠷᠲᠤᠳᠬᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠲᠦᠯᠬᠢᠨ ᠠᠬᠢᠭᠤᠯᠵᠤ᠂ ᠭᠡᠷ ᠤᠨ ᠬᠠᠶᠠᠭᠳᠠᠮᠠᠯ ᠬᠠᠭᠤᠴᠢᠨ ᠴᠠᠬᠢᠯᠭᠠᠨ ᠬᠡᠷᠡᠭᠰᠡᠯ ᠵᠡᠷᠭᠡ ᠶᠢ ᠡᠭᠡᠭᠦᠯᠦᠨ ᠬᠤᠷᠢᠶᠠᠬᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠬᠦᠴᠦᠨ ᠤ ᠪᠠᠲᠤᠯᠠᠭ᠎ᠠ ᠶᠢᠨ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠲᠠᠷᠬᠠᠮᠠᠯ ᠮᠠᠶ᠋ᠢᠭ ᠤᠨ ᠳᠠᠬᠢᠯᠳᠠ ᠡᠨᠧᠷᠭᠢ ᠶᠢ ᠨᠡᠭᠡᠭᠡᠨ ᠠᠰᠢᠭᠯᠠᠬᠤ ᠠᠵᠢᠯ ᠢ ᠴᠢᠩᠭᠠᠳᠬᠠᠵᠤ᠂ ᠨᠥᠬᠦᠴᠡᠯ ᠲᠠᠢ ᠭᠠᠵᠠᠷ ᠣᠷᠣᠨ ᠤ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠵᠦ ᠳ᠋ᠢᠶᠠᠨ ‍ᠤᠤᠢ ᠰᠣᠯᠢᠬᠤ ᠲᠥᠬᠦᠭᠡᠷᠦᠮᠵᠢ ᠪᠠᠶᠢᠭᠤᠯᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠬᠤᠯᠪᠣᠭᠠᠨ ᠤ ᠲᠦᠭᠡᠮᠡᠯ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠬᠦ ᠪᠠ ᠲᠠᠷᠢᠶᠠᠴᠢᠳ ᠤᠨ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠦᠷᠭᠦᠯᠵᠢᠯᠡᠨ ᠬᠡᠷᠡᠭᠵᠢᠭᠦᠯᠵᠦ᠂ ᠭᠠᠮᠰᠢᠭᠳᠠᠭᠰᠠᠨ ᠣᠷᠣᠨ ᠤ ᠭᠠᠮᠰᠢᠭ ᠠᠴᠠ ᠪᠤᠯᠵᠤ ᠨᠤᠷᠠᠵᠤ ᠰᠦᠢᠳᠦᠭᠰᠡᠨ ᠣᠷᠣᠨ ᠰᠠᠭᠤᠴᠠ ᠶᠢ ᠰᠡᠷᠭᠦᠭᠡᠨ ᠲᠠᠬᠢᠨ ᠪᠠᠶᠢᠭᠤᠯᠬᠤ ᠠᠵᠢᠯ ᠢ ᠰᠠᠶᠢᠲᠤᠷ ᠬᠢᠨ᠎ᠠ᠃

      ︵ᠠᠷᠪᠠᠨ ᠨᠠᠢᠮᠠ︶ ᠬᠥᠳᠡᠭᠡ ᠲᠣᠰᠬᠤᠨ ᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠣᠷᠣᠨ ᠪᠦᠰᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠲᠦᠪᠰᠢᠨ ᠵᠡᠷᠭᠡ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠴᠢᠬᠤᠯᠠ ᠪᠦᠬᠦᠢ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠶᠢ ᠰᠠᠶᠢᠲᠤᠷ ᠡᠷᠬᠢᠯᠡᠨ᠎ᠡ᠃ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠪᠠ ᠪᠠᠯᠠ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠠᠵᠢᠯᠲᠠᠨ ᠢ ᠳᠣᠷᠣᠭᠰᠢ ᠪᠠᠭᠤᠯᠭᠠᠬᠤ ᠪᠠᠷ ᠭᠤᠣᠯᠳᠠᠯᠭ᠎ᠠ ᠪᠣᠯᠭᠠᠨ ᠨᠢᠭᠳᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠭᠤᠣᠯ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠠᠯᠤᠰ ᠡᠵᠡᠮᠰᠢᠯᠲᠦ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠡᠭᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠪᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠦᠨ᠎ᠡ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠦᠷᠢᠨᠰᠢᠬᠦᠯᠵᠦ᠂ ᠵᠠᠯᠭᠠᠭ᠎ᠠ ᠪᠠᠷ ᠳᠠᠭᠠᠳᠬᠠᠯ ᠳᠤ ᠣᠷᠣᠯᠴᠠᠭᠰᠠᠨ ᠪᠠ ᠲᠣᠰ ᠵᠢᠯ ᠳᠤ ᠲᠠᠩᠰᠠ ᠲᠠᠶᠢᠯᠤᠭᠰᠠᠨ ᠥᠬᠡᠶ ᠬᠥᠳᠡᠭᠡ ᠲᠣᠰᠬᠤᠨ ᠤ ᠰᠠᠭᠤᠭᠠᠯᠢ ᠠᠷᠠᠳ ᠲᠤ ᠳᠠᠷᠠᠭ᠎ᠠ ᠵᠢᠯ ᠤᠨ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠥᠩᠭᠦ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠨᠠᠰᠤᠵᠢᠯ ᠤᠨ ᠦᠢᠯᠡᠴᠢᠯᠡᠭᠡᠨ ᠤ ᠲᠤᠤᠷ ᠰᠦᠯᠵᠢᠶ᠎ᠡ ᠶᠢ ᠪᠦᠷᠢᠨᠰᠢᠭᠦᠯᠵᠦ᠂ ᠰᠢᠶᠠᠨ ᠤ ᠬᠡᠪᠴᠢᠶᠡᠨ ᠤ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠦᠨ᠂ ᠲᠣᠰᠬᠤᠨ ᠤ ᠱᠠᠲᠤᠨ ᠤ ᠬᠠᠷᠢᠯᠴᠠᠨ ᠬᠠᠪᠰᠤᠷᠤᠯᠴᠠᠬᠤ ᠴᠢᠨᠠᠷᠲᠠᠶ ᠨᠠᠰᠤᠵᠢᠯ ᠤᠨ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠬᠥᠭᠵᠢᠭᠦᠯᠦᠨ᠎ᠡ᠃ ᠨᠠᠰᠤᠨ ᠳᠤ ᠥᠯᠥ ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢᠨ ᠬᠠᠮᠤᠷᠬᠤ ᠬᠡᠪᠴᠢᠶ᠎ᠡ ᠶᠢ ᠥᠷᠭᠡᠳᠭᠡᠵᠦ᠂ ᠬᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠵᠡᠮᠳᠡᠭᠴᠦᠳ ᠤᠨ ᠪᠠᠲᠤᠯᠠᠭ᠎ᠠ ᠪᠠ ᠡᠷᠡᠭᠦᠯᠵᠢᠯ ᠤᠨ ᠠᠪᠤᠷᠠᠨ ᠲᠤᠰᠠᠯᠠᠯᠲᠠ ᠶᠢ ᠴᠢᠩᠭᠠᠳᠬᠠᠨ᠎ᠠ᠃

      ︵ᠠᠷᠪᠠ ᠵᠢᠰᠦ︶ ᠬᠥᠳᠡᠭᠡ ᠲᠣᠰᠬᠤᠨ ᠤ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠨ᠎ᠠ᠃ ᠬᠥᠳᠡᠭᠡ ᠠᠵᠤ ᠠᠬᠤᠶ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠬᠦ ᠲᠣᠭᠲᠡᠴᠡ ᠶᠢ ᠪᠦᠷᠢᠨᠰᠢᠭᠦᠯᠵᠦ᠂ ᠨᠡᠶᠢᠭᠡᠮᠴᠢᠯᠡᠭᠰᠡᠨ ᠬᠠᠮᠢᠶᠠᠷᠤᠯᠲᠠ ᠬᠠᠮᠠᠭᠠᠯᠠᠯᠲᠠ ᠪᠠ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠠᠭᠪᠤᠷ ᠢ ᠰᠣᠩᠭᠤᠵᠤ᠂ ᠵᠣᠷᠯᠣᠩ ᠤᠨ ᠢᠯᠭᠠᠳᠠᠰᠤ ᠪᠠ ᠠᠮᠢᠳᠤᠷᠠᠯ ᠤᠨ ᠪᠣᠬᠢᠷ ᠤᠰᠤ ᠶᠢ ᠬᠠᠮᠵᠢᠯᠴᠠᠨ ᠵᠠᠰᠠᠬᠤ ᠶᠢ ᠠᠬᠢᠭᠤᠯᠤᠨ᠂ ᠬᠥᠳᠡᠭᠡ ᠲᠣᠰᠬᠤᠨ ᠤ ᠨᠡᠯᠢᠶᠡᠳ ᠶᠡᠭᠡ ᠲᠠᠯᠠᠪᠠᠶ ᠲᠠᠢ ᠪᠣᠬᠢᠷ ᠦᠮᠡᠬᠡᠶ ᠤᠰᠤᠨ ᠴᠣᠭᠴᠠ ᠶᠢ ᠦᠨᠳᠦᠰᠦᠨ ᠳᠡᠭᠡᠨ ᠠᠷᠢᠯᠭᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠪᠠᠭᠠᠰᠬᠠᠨ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠲᠣᠪᠤᠶᠢᠮ᠎ᠠ ᠣᠷᠣᠨ ᠪᠦᠰᠡ ᠶᠢᠨ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠰᠡᠭᠦᠯ ᠤᠨ ᠤᠰᠤ ᠶᠢ ᠰᠢᠢᠳᠪᠦᠷᠢᠯᠡᠬᠦ ᠶᠢ ᠴᠢᠩᠭᠠᠳᠬᠠᠨ᠎ᠠ᠃ ᠪᠣᠬᠢᠷᠲᠤᠭᠰᠠᠨ ᠲᠠᠷᠢᠶᠠᠨ ᠭᠠᠵᠠᠷ ᠢ ᠠᠶᠤᠯᠭᠦᠢ ᠠᠰᠢᠭᠯᠠᠬᠤ ᠶᠢ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠡᠷᠢᠬᠦ ᠪᠠ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠰᠢᠲᠠᠭᠠᠬᠤ ᠶᠢ ᠴᠠᠭᠠᠵᠠᠯᠠᠬᠤ ᠬᠡᠪᠴᠢᠶ᠎ᠡ ᠶᠢ ᠲᠦᠢᠯ ᠤᠨ ᠣᠨᠣᠪᠴᠢᠲᠠᠶ ᠪᠠᠷ ᠬᠤᠪᠢᠶᠠᠷᠢᠯᠠᠨ ᠲᠣᠭᠲᠠᠭᠠᠵᠤ᠂ ᠰᠢᠲᠠᠭᠠᠬᠤ ᠶᠢ ᠴᠠᠭᠠᠵᠠᠯᠠᠬᠤ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠤᠨ᠎ᠠ᠃ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠢ ᠶᠡᠭᠡ ᠪᠠᠷ ᠲᠦᠯᠬᠢᠨ ᠠᠬᠢᠭᠤᠯᠵᠤ᠂ ᠡᠬᠢ ᠪᠠᠶᠠᠯᠢᠭ ᠤᠨ ᠬᠠᠮᠵᠢᠯᠴᠠᠭ᠎ᠠ ᠪᠣᠯᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠶᠢ ᠴᠢᠩᠭᠠᠷᠠᠭᠤᠯᠤᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠠᠮᠢ ᠠᠬᠤᠶ ᠶᠢᠨ ᠠᠷᠢᠭᠤᠨ ᠴᠡᠪᠡᠷ ᠵᠢᠵᠢᠭ ᠰᠠᠪᠠ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠬᠡᠮᠥ᠋ᠷᠡᠨ ᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠵᠤ᠂ ᠬᠥᠬᠡᠮᠥ᠋ᠷᠡᠨ ᠤ ᠬᠤᠪᠣᠷ ᠴᠤᠬᠠᠭ ᠮᠥᠬᠦᠬᠦ ᠰᠢᠬᠠᠭᠰᠠᠨ ᠳᠦᠷᠰᠦ ᠶᠢ ᠠᠪᠤᠷᠠᠬᠤ ᠪᠠ ᠴᠢᠬᠤᠯᠠ ᠣᠷᠣᠰᠢᠨ ᠠᠮᠢᠳᠤᠷᠠᠬᠤ ᠭᠠᠵᠠᠷ ᠤᠨ ᠠᠮᠢ ᠠᠬᠤᠢ ᠶᠢ ᠵᠠᠰᠠᠨ ᠰᠡᠷᠭᠦᠭᠡᠬᠦ ᠶᠢ ᠴᠢᠩᠭᠠᠳᠬᠠᠨ᠎ᠠ᠃

      ᠲᠠᠪᠤ᠂ ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮ ᠢ ᠬᠦᠴᠦᠯᠡᠨ ᠪᠦᠷᠢᠨᠰᠢᠭᠦᠯᠦᠨ᠎ᠡ

      ︵ᠬᠤᠷᠢ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠵᠢᠯᠣᠭᠤᠳᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠶᠠᠨ ᠤ ᠱᠠᠲᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ ᠤ ᠲᠤᠰᠢᠶᠠᠯ ᠤᠨ ᠬᠤᠭᠤᠴᠠᠭᠠᠨ ᠤ ᠲᠣᠭᠲᠠᠭᠤᠨ ᠪᠠᠶᠢᠬᠤ ᠶᠢ ᠪᠠᠲᠤᠯᠠᠵᠤ᠂ ᠰᠢᠶᠠᠩ ᠪᠠᠯᠭᠠᠰᠤᠨ ᠤ ᠤᠳᠤᠷᠢᠳᠬᠤ ᠪᠠᠭ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠡᠰᠡᠭ ᠵᠠᠯᠠᠭᠤ ᠺᠠᠳ᠋ᠷᠴᠤᠳ ᠤᠨ ᠬᠥᠳᠡᠭᠡ ᠲᠣᠰᠬᠤᠨ ᠦᠨᠳᠦᠰᠦᠨ ᠱᠠᠲᠤᠨ ᠤ ︽ᠨᠤᠳᠤᠭ ᠤᠰᠤᠨ ᠳᠤ ᠲᠠᠰᠬᠤ ᠦᠭᠡᠢ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠪᠥᠬᠦ ᠤᠯᠤᠰ ᠤᠨ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠬᠢᠵᠦ᠂ ᠲᠣᠷᠣᠶ ᠪᠠᠭᠤᠷᠠᠶ ᠰᠤᠯᠠ ᠵᠠᠳᠠᠭᠠᠶ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠲᠥᠪᠯᠡᠷᠡᠭᠦᠯᠦᠨ ᠴᠡᠭᠴᠡᠯᠡᠵᠦ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ ᠠᠩᠭᠢ ᠶᠢᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠨᠠᠮ ᠤᠨ ᠭᠡᠰᠢᠭᠦᠨ᠂ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠲᠤᠰᠬᠤᠨ ᠤ ᠺᠠᠳ᠋ᠷ ᠢᠯᠠᠩᠭᠤᠶ᠎ᠠ ︽ᠭᠠᠭᠴᠠᠭᠠᠷ ᠬᠤᠶᠠᠷ ᠲᠤᠰᠢᠶᠠᠯ ᠡᠭᠦᠷᠭᠡᠯᠡᠬᠦ︾ ᠠᠵᠢᠯᠲᠠᠨ ᠤ ᠬᠠᠮᠢᠶᠠᠷᠤᠯᠲᠠ ᠬᠢᠨᠠᠯᠲᠠ ᠶᠢ ᠴᠢᠩᠭᠠᠳᠬᠠᠨ᠎ᠠ᠃ ᠲᠣᠰᠬᠤᠨ ᠤ ᠶᠠᠪᠤᠳᠠᠯ ᠢ ᠢᠯᠡ ᠪᠣᠯᠭᠠᠬᠤ ᠪᠠ ᠠᠷᠠᠳᠴᠢᠯᠠᠯ ᠢᠶᠠᠷ ᠬᠡᠷᠡᠭ ᠵᠥᠪᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠠᠷᠢᠶᠠᠴᠢᠨ ᠲᠦᠮᠡᠨ ᠤ ᠲᠣᠰᠬᠤᠨ ᠤ ᠱᠠᠲᠤᠨ ᠤ ᠬᠡᠷᠡᠭ ᠵᠥᠪᠯᠡᠬᠦ ᠵᠥᠪᠯᠡᠯᠭᠡᠨ ᠳᠤ ᠣᠯᠠᠨ ᠠᠷᠭ᠎ᠠ ᠵᠠᠮ ᠢᠶᠠᠷ ᠣᠷᠣᠯᠴᠠᠬᠤ ᠶᠢ ᠲᠡᠮᠵᠢᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠲᠥᠪ ᠪᠤᠰᠤ ᠰᠤᠷᠲᠠᠯ ᠪᠣᠯᠤᠨ ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠰᠬᠤᠨ ᠳᠤ ᠴᠠᠭᠳᠠᠨ ᠪᠠᠶᠢᠴᠠᠭᠠᠬᠤ ᠶᠢ ᠯᠠᠪᠳᠠᠭᠤᠨ ᠪᠠᠲᠤᠲᠠᠶ ᠥᠷᠨᠢᠭᠦᠯᠵᠦ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠺᠠᠳ᠋ᠷ ᠤᠨ ᠠᠷᠢᠭᠤᠨ ᠴᠢᠬᠡᠴᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠢᠷᠤᠮᠵᠢᠯ ᠢ ᠨᠠᠷᠢᠯᠢᠬᠵᠢᠭᠤᠯᠤᠨ ᠲᠡᠭᠦᠯᠳᠡᠷᠵᠢᠭᠦᠯᠦᠨ᠎ᠡ᠃

      ︵ᠬᠤᠷᠢᠨ ᠨᠢᠭᠡ︶ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ ᠶᠢ ᠪᠥᠬᠦ ᠲᠠᠯ᠎ᠠ ᠪᠠᠷ ᠪᠠᠶᠢᠭᠤᠯᠵᠤ᠂ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠦᠨᠡᠯᠡᠨ ᠵᠢᠱᠢᠬᠦ ᠶᠢ ᠴᠢᠩᠭᠠᠷᠠᠭᠤᠯᠤᠨ᠂ ᠬᠥᠳᠡᠯᠦᠩᠭᠦᠶ ᠪᠠᠷ ᠲᠣᠬᠢᠷᠠᠭᠤᠯᠬᠤ ᠲᠣᠭᠲᠡᠴᠡ ᠶᠢ ᠪᠦᠷᠢᠨᠰᠢᠭᠦᠯᠦᠨ᠎ᠡ᠃ ᠰᠢᠶᠠᠨ ᠰᠢᠶᠠᠩ ᠠᠴᠠ ᠵᠢᠭᠡᠯᠡᠵᠦ ᠠᠵᠢᠯᠯᠠᠭᠤᠯᠬᠤ ᠠᠵᠢᠯᠲᠠᠨ ᠢ ᠴᠢᠩᠭ᠎ᠠ ᠬᠠᠮᠢᠶᠠᠷᠤᠨ ᠡᠵᠡᠮᠳᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠦᠷᠢᠨᠰᠢᠭᠦᠯᠦᠨ᠎ᠡ᠃ ᠦᠨᠳᠦᠰᠦᠨ ᠱᠠᠲᠤᠨ ᠳᠤ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠨ ᠰᠢᠯᠭᠠᠬᠤ ᠠᠵᠢᠯ ᠥᠷᠨᠢᠭᠦᠯᠬᠦ ᠶᠢ ᠴᠢᠩᠭ᠎ᠠ ᠬᠢᠵᠠᠭᠠᠷᠯᠠᠵᠤ᠂ ᠲᠠᠷᠢᠶᠠᠯᠠᠩ ᠳᠤ ᠬᠤᠯᠪᠣᠭᠳᠠᠭᠰᠠᠨ ᠬᠢᠨᠠᠨ ᠰᠢᠯᠭᠠᠯᠲᠠ ᠶᠢ ᠴᠣᠮᠬᠠᠳᠬᠠᠨ ᠰᠢᠯᠢᠳᠡᠭᠵᠢᠭᠦᠯᠦᠨ᠎ᠡ᠃ ︽ᠨᠢᠭᠡ ᠪᠢᠯᠧᠲ ᠢᠶᠠᠷ ᠦᠭᠡᠶᠢᠰᠭᠡᠬᠦ︾ ᠪᠠ ᠬᠠᠷᠢᠭᠤᠴᠠᠯᠭ᠎ᠠ ᠶᠢᠨ ᠪᠢᠴᠢᠭ ᠲᠣᠭᠲᠠᠬᠤ ᠵᠦᠢᠯᠡᠰ ᠢ ᠢᠯᠭᠠᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠳᠡᠰ ᠳᠠᠷᠠᠭᠠᠯᠠᠯ ᠢ ᠴᠡᠪᠡᠷᠯᠡᠨ ᠨᠡᠶᠢᠳᠭᠡᠵᠦ᠂ ︽ᠬᠤᠷᠤᠭᠤᠨ ᠦᠵᠦᠭᠦᠷ ᠳᠡᠭᠡᠷᠡᠬᠢ ᠬᠡᠯᠪᠡᠷᠢᠴᠢ ᠦᠵᠡᠯ︾ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠦᠨᠳᠦᠰᠦᠨ ᠱᠠᠲᠤᠨ ᠤ ᠲᠤᠤᠷᠴᠢᠯᠠᠭᠰᠠᠨ ᠵᠠᠰᠠᠯᠲᠠ ᠶᠢᠨ ︽ᠣᠯᠠᠨ ᠲᠤᠤᠷ ᠢ ᠨᠢᠭᠡᠳᠭᠡᠬᠦ︾ ᠶᠢ ᠠᠬᠢᠭᠤᠯᠤᠨ᠎ᠠ᠃ ︽ᠳᠡᠭᠡᠷ᠎ᠡ ᠱᠠᠲᠤ ᠶᠢᠨ ᠬᠢ ᠶᠢ ᠬᠠᠰᠤᠵᠤ ᠳᠣᠷᠣᠭᠰᠢ ᠪᠠᠨ ᠨᠥᠬᠦᠪᠥᠷᠢᠯᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠨ ᠲᠤᠭ᠎ᠠ ᠶᠢᠨ ᠡᠬᠢ ᠪᠠᠶᠠᠯᠢᠭ ᠢ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠠᠶᠢᠰᠢ ᠬᠡᠯᠪᠠᠶᠢᠯᠭᠡᠬᠦ ᠶᠢ ᠠᠬᠢᠭᠤᠯᠵᠤ᠂ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠂ ᠨᠢᠭᠡᠳᠦᠯᠲᠡᠶ ᠲᠥᠯᠥᠪᠵᠢᠭᠦᠯᠦᠨ ᠬᠡᠷᠡᠭᠯᠡᠨ᠎ᠡ᠃

      ︵ᠬᠤᠷᠢᠨ ᠬᠤᠶᠠᠷ︶ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠪᠣᠯᠪᠠᠰᠤᠨ ᠬᠦᠳᠡᠭᠡ ᠳᠤᠰᠬᠤᠨ ᠤ ᠰᠤᠷᠲᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠨᠠᠮ ᠤᠨ ᠰᠢᠨ᠎ᠡ ᠡᠭᠦᠳᠦᠯᠳᠡ ᠶᠢᠨ ᠤᠨᠤᠯ ᠢ ᠬᠥᠮᠦᠰ ᠤᠨ ᠰᠡᠳᠭᠢᠯ ᠳᠤ ᠨᠡᠩ ᠬᠠᠳᠠᠩᠰᠢᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠦᠢᠯᠡᠳᠦᠯᠭᠡᠵᠢᠭᠦᠯᠬᠦ ᠶᠢ ᠠᠬᠢᠭᠤᠯᠤᠨ᠎ᠠ᠃ ᠴᠠᠭ ᠦᠶ᠎ᠡ ᠶᠢᠨ ᠰᠢᠨ᠎ᠡ ᠬᠡᠪ ᠰᠤᠷᠲᠠᠯ ᠢ ᠪᠣᠢ ᠪᠣᠯᠭᠠᠵᠤ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠦᠭᠭᠦᠨ᠎ᠡ︾ ᠵᠡᠷᠭᠡ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠡᠶ᠎ᠡ ᠨᠠᠶᠢᠷᠠᠮᠳᠠᠭᠤ ᠭᠡᠷ ᠪᠦᠯᠢ ᠬᠢᠭᠡᠳ ᠡᠶ᠎ᠡ ᠵᠣᠬᠢᠴᠠᠯ ᠲᠠᠢ ᠬᠥᠷᠰᠢ ᠵᠡᠷᠭᠡᠯᠡᠳᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠨ᠎ᠠ᠃ ᠰᠢᠯᠢᠳᠡᠭ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠦᠢᠯᠡᠴᠢᠯᠡᠭᠡ ᠪᠠ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ︽ᠰᠢ ᠵᠦᠴᠦᠭᠡ ᠶᠢ ᠬᠥᠳᠡᠭᠡ ᠲᠣᠰᠬᠤᠨ ᠳᠤ ᠬᠦᠷᠭᠡᠬᠦ︾ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠤᠷᠤᠨ ᠨᠤᠲᠤᠭ ᠤᠨ ᠰᠣᠶᠣᠯ ᠤᠨ ᠴᠢᠳᠠᠪᠤᠷᠢᠲᠠᠨ ᠢ ᠲᠡᠳᠬᠦᠨ ᠳᠡᠮᠵᠢᠬᠦ ᠶᠢ ᠴᠢᠩᠭᠠᠳᠬᠠᠨ᠂ ᠤᠯᠠᠨ ᠲᠦᠮᠡᠨᠴᠢ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠦᠳᠦᠯᠦᠨ ᠵᠢᠯᠣᠭᠤᠳᠤᠨ᠎ᠠ᠃ ᠤᠯᠠᠮᠵᠢᠯᠠᠯᠲᠤ ᠠᠶᠢᠯ ᠲᠣᠰᠬᠤᠨ ᠤ ᠣᠨᠴᠠᠯᠢᠭᠲᠤ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠪᠠ ᠠᠮᠢᠳᠤᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠬᠥᠳᠡᠭᠡ ᠲᠣᠰᠬᠤᠨ ᠤ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠦᠨ᠎ᠡ᠃

      ︵ᠬᠤᠷᠢᠨ ᠭᠤᠷᠪᠠ︶ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠶᠡᠭᠡ ᠬᠡᠮᠵᠢᠶᠡᠨ ᠤ ᠪᠣᠭᠲᠣᠯᠠᠬᠤ ᠪᠡᠯᠡᠭ ᠤᠨ ᠠᠰᠠᠭᠤᠳᠠᠯ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠡᠮᠡᠭᠲᠡᠶᠢᠴᠦᠳ ᠤᠨ ᠬᠤᠯᠪᠣᠭ᠎ᠠ᠂ ᠡᠪ ᠬᠠᠮᠲᠤ ᠵᠠᠯᠠᠭᠤᠴᠤᠳ ᠤᠨ ᠡᠪᠯᠡᠯ ᠵᠡᠷᠭᠡ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠤᠨ᠂ ᠬᠥᠳᠡᠭᠡ ᠲᠣᠰᠬᠤᠨ ᠤ ᠤᠷᠤᠭᠯᠠᠵᠤ ᠪᠤᠯᠬᠤ ᠬᠦᠮᠦᠰ ᠲᠤ ᠦᠵᠡᠭᠦᠯᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠤᠷᠤᠭ ᠢᠨᠠᠭ ᠤᠨ ᠦᠢᠯᠡᠴᠢᠯᠡᠭᠡ ᠪᠠ ᠬᠠᠶᠢᠷ᠎ᠠ ᠬᠠᠯᠠᠮᠵᠢ ᠶᠢ ᠴᠢᠩᠭᠠᠳᠬᠠᠨ᠎ᠠ᠃ ᠤᠷᠤᠭ ᠤᠨ ᠬᠠᠪᠰᠤᠷᠤᠨ ᠮᠡᠬᠡᠯᠡᠭᠴᠢ ᠤᠷᠤᠭ ᠮᠡᠬᠡᠯᠡᠭᠴᠢ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢ ᠨᠡᠮᠡᠭᠳᠡᠭᠦᠯᠦᠨ᠎ᠡ᠃ ᠳᠡᠭᠡᠳᠦᠰ ᠤᠨ ᠰᠦᠮ᠎ᠡ ᠶᠢᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠮᠢ ᠠᠬᠤᠢ ᠶᠢᠨ ᠣᠷᠣᠰᠢᠭᠤᠯᠭ᠎ᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠠᠶᠢᠷ ᠲᠠᠯ᠎ᠠ ᠬᠠᠷᠠᠵᠤ ᠠᠳᠠᠭᠠᠷᠬᠠᠬᠤ᠂ ᠶᠡᠭᠡ ᠪᠠᠷ ᠪᠡᠯᠡᠳᠬᠡᠵᠦ ᠶᠡᠭᠡ ᠪᠠᠷ ᠬᠢᠬᠦ᠂ ᠳᠦᠭᠦᠮᠬᠡᠨ ᠠᠰᠠᠷᠠᠵᠤ ᠬᠦᠨᠳᠦ ᠪᠠᠷ ᠤᠷᠤᠰᠢᠭᠤᠯᠬᠤ᠂ ᠳᠤᠷ᠎ᠠ ᠪᠠᠷ ᠣᠷᠣᠰᠢᠭᠤᠯᠬᠤ ᠵᠡᠷᠭᠡ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠬᠢᠵᠠᠭᠠᠷᠯᠠᠬᠤ ᠴᠢᠨᠠᠷᠲᠠᠢ ᠵᠢᠷᠤᠮᠵᠢᠯ ᠪᠠ ᠰᠠᠨᠠᠭᠠᠴᠢᠯᠠᠬᠤ ᠴᠢᠨᠠᠷᠲᠠᠢ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠲᠣᠭᠯᠠᠯᠲᠠ ᠶᠢᠨ ᠵᠠᠬ᠎ᠠ ᠳᠡᠯᠭᠡᠭᠦᠷ ᠢ ᠵᠢᠷᠤᠮᠵᠢᠭᠤᠯᠵᠤ᠂ ᠪᠣᠯᠬᠢ ᠪᠦᠳᠦᠭᠦᠯᠢᠭ ᠲᠣᠭᠯᠠᠯᠲᠠ ᠶᠢᠨ ᠠᠵᠢᠯᠯᠠᠭ᠎ᠠ ᠶᠢ ᠭᠦᠨᠵᠡᠭᠡᠶ ᠴᠡᠭᠴᠡᠯᠡᠨ ᠵᠠᠰᠠᠨ᠎ᠠ᠃ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠹᠧᠣᠳᠠᠯ ᠤᠨ ᠮᠤᠬᠤᠷ ᠪᠢᠰᠢᠷᠡᠯ ᠢ ᠡᠰᠡᠷᠭᠦᠴᠡᠨ᠎ᠡ᠃

      ︵ᠬᠤᠷᠢᠨ ᠳᠥᠷᠪᠡ︶ ᠬᠥᠳᠡᠭᠡ ᠲᠣᠰᠬᠤᠨ ᠤ ᠠᠮᠤᠷ ᠲᠣᠭᠲᠠᠭᠤᠨ ᠢ ᠬᠠᠮᠠᠭᠠᠯᠠᠨ᠎ᠠ᠃ ᠰᠢᠨ᠎ᠡ ᠴᠠᠭ ᠦᠶ᠎ᠡ ᠶᠢᠨ ︽ ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠣᠰᠬᠤᠨ ᠤ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠢᠳᠡᠪᠬᠢᠲᠡᠢ ᠡᠷᠡᠭᠦᠯ ᠰᠠᠷᠠᠭᠤᠯ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤᠵᠢᠭᠰᠠᠨ ᠲᠣᠭᠲᠠᠴᠠ ᠶᠢ ᠪᠦᠷᠢᠨᠰᠢᠭᠦᠯᠵᠦ᠂ ︽ᠭᠠᠴᠠᠭ᠎ᠠ ᠲᠣᠰᠬᠤᠨ ᠤ ᠡᠵᠡᠷᠬᠡᠭᠴᠢ︾᠂ ᠲᠥᠷᠥᠯ ᠤᠭᠰᠠᠭ᠎ᠠ ᠤᠪᠤᠭ ᠲᠦᠷᠦᠯ ᠤᠨ ᠬᠠᠷ᠎ᠠ ᠪᠦᠯᠦᠭᠲᠡᠨ ᠬᠠᠷᠭᠢᠰ ᠬᠦᠴᠦᠨ ᠤ ᠡᠭᠦᠰᠦᠨ ᠳᠡᠯᠭᠡᠷᠡᠬᠦ ᠶᠢ ᠰᠡᠷᠭᠡᠶᠢᠯᠡᠨ ᠬᠤᠷᠢᠭᠯᠠᠨ᠎ᠠ᠃ ᠬᠥᠳᠡᠭᠡ ᠲᠣᠰᠬᠤᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠣᠭᠤᠰ ᠨᠠᠭᠠᠳᠬᠤ ᠠᠵᠢᠯᠯᠠᠭ᠎ᠠ ᠳᠤ ᠭᠦᠨᠵᠡᠭᠡᠢ ᠴᠣᠬᠢᠯᠲᠠ ᠥᠭᠴᠦ ᠴᠡᠭᠴᠡᠯᠡᠨ ᠵᠠᠰᠠᠵᠤ᠂ ᠬᠥᠳᠡᠭᠡ ᠲᠣᠰᠬᠤᠨ ᠤ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠤᠢ ᠪᠣᠯᠭᠠᠵᠤ᠂ ᠲᠠᠷᠢᠶᠠᠯᠠᠩ ᠳᠤ ᠬᠤᠯᠪᠣᠭᠳᠠᠭᠰᠠᠨ ᠬᠦᠷᠢᠶᠡᠨ ᠳᠠᠬᠢ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠬᠥᠳᠡᠭᠡ ᠲᠣᠰᠬᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠰᠢᠲᠠᠮᠠᠬᠠᠶ ᠬᠡᠶ᠂ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠥᠪᠡᠷ ᠢᠶᠠᠨ ᠬᠡᠷ ᠪᠠᠷᠢᠬᠤ ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠎ᠠ᠃

      ᠵᠢᠷᠭᠤᠭ᠎ᠠ᠂ ᠡᠯᠧᠮᠧᠨ᠋ᠲ ᠢ ᠪᠠᠲᠤᠯᠠᠬᠤ ᠪᠠ ᠲᠤᠬᠢᠷᠠᠭᠤᠯᠭ᠎ᠠ ᠰᠢᠯᠢᠳᠡᠭᠵᠢᠬᠦᠯᠬᠦ ᠪᠠᠶᠢᠭᠤᠯᠤᠯ ᠲᠣᠭᠲᠠᠴᠠ ᠶᠢ ᠬᠦᠴᠦᠯᠡᠨ ᠪᠦᠷᠢᠨᠰᠢᠭᠦᠯᠤᠨ᠎ᠠ

      ︵ᠬᠤᠷᠢᠨ ᠲᠠᠪᠤ︶ ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠠᠷᠢᠴᠠᠭ᠎ᠠ ᠶᠢ ᠲᠣᠭᠲᠠᠪᠤᠷᠢᠵᠢᠭᠤᠯᠤᠨ ᠲᠡᠭᠦᠯᠳᠡᠷᠵᠢᠭᠦᠯᠦᠨ᠎ᠡ᠃ ︽ᠶᠡᠷᠦᠩᠭᠡᠢ ᠳᠡᠭᠡᠨ ᠲᠣᠭᠲᠠᠭᠤᠨ ᠪᠠᠶᠢᠯᠭᠠᠵᠤ᠂ ᠪᠠᠭ᠎ᠠ ᠲᠣᠬᠢᠷᠠᠭᠤᠯᠤᠯᠲᠠ ᠬᠢᠬᠦ︾ ᠶᠢ ᠪᠠᠷᠢᠮᠲᠠᠯᠠᠨ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠶ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠬᠢᠭᠠᠳ ᠭᠤᠴᠢᠨ ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠪᠠᠷ ᠢᠶᠠᠨ ᠲᠤᠷᠰᠢᠯᠲᠠ ᠬᠢᠬᠦ ᠬᠡᠪᠴᠢᠶ᠎ᠡ ᠶᠢ ᠥᠷᠭᠡᠳᠭᠡᠨ᠂ ᠤᠷᠲᠤᠳᠬᠠᠨ ᠳᠠᠭᠠᠭᠠᠴᠢᠯᠠᠭᠤᠯᠬᠤ ᠳᠤᠮᠳᠠᠬᠢ ᠵᠥᠷᠢᠴᠡᠯ ᠵᠠᠭᠤᠷᠠᠯᠳᠤᠭᠠᠨ ᠢ ᠲᠣᠬᠢᠲᠠᠶ ᠨᠠᠮᠳᠠᠭᠤᠯᠵᠤ᠂ ᠵᠣᠩᠬᠢᠯᠠᠬᠤ ᠣᠯᠠᠨ ᠲᠣᠭᠠᠨ ᠤ ᠲᠠᠷᠢᠶᠠᠯᠠᠬᠤ ᠡᠷᠦᠬᠡ ᠶᠢᠨ ᠳᠠᠭᠠᠭᠠᠴᠢᠯᠠᠭᠰᠠᠨ ᠭᠠᠵᠠᠷ ᠢ ᠶᠡᠷᠦᠩᠬᠡᠶ ᠳᠤᠨᠢ ᠤᠷᠲᠤᠳᠬᠠᠬᠤ ᠪᠠ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠳᠠᠭᠠᠭᠠᠴᠢᠯᠠᠭᠰᠠᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠲᠦᠷᠢᠮ ᠢ ᠪᠦᠷᠢᠨᠰᠢᠬᠦᠯᠵᠤ᠂ ᠭᠦᠢᠴᠡᠳᠭᠡᠬᠦ ᠲᠤᠭ᠎ᠠ ᠪᠠᠭᠤᠯᠭᠠᠬᠤ᠂ ᠡᠭᠦᠷᠭᠡ ᠲᠣᠭᠲᠠᠭᠠᠬᠤ ᠵᠡᠷᠭᠡ ᠠᠷᠭ᠎ᠠ ᠬᠡᠯᠪᠡᠷᠢ ᠪᠠᠷ ᠭᠠᠵᠠᠷ ᠰᠢᠷᠣᠢ ᠶᠢᠨ ᠡᠷᠭᠢᠯᠲᠡ ᠶᠢ ᠠᠬᠢᠭᠤᠯᠵᠤ ᠪᠣᠯᠬᠤ ᠦᠭᠡᠢ᠃ ᠡᠷᠭᠢᠯᠲᠡ ᠶᠢᠨ ᠦᠨ᠎ᠡ ᠬᠠᠩᠰᠢ ᠶᠢᠨ ᠵᠢᠭᠠᠯᠲᠠ ᠲᠤᠭ᠎ᠠ᠂ ᠪᠣᠳᠠᠲᠤ ᠶᠠᠭᠤᠮ᠎ᠠ ᠪᠠᠷ ᠲᠦᠷᠢᠶᠡᠰᠦᠯᠡᠬᠦ ᠵᠡᠷᠭᠡ ᠠᠷᠭ᠎ᠠ ᠮᠠᠶ᠋ᠢᠭ ᠢ ᠨᠡᠶᠢᠲᠡᠯᠡᠬᠦ ᠪᠠᠷ ᠳᠠᠮᠵᠢᠨ᠂ ᠡᠷᠭᠢᠯᠲᠡ ᠶᠢᠨ ᠵᠠᠷᠤᠳᠠᠯ ᠢ ᠵᠦᠶ ᠵᠣᠬᠢᠰᠲᠠᠶ ᠬᠡᠪᠴᠢᠶᠡᠨ ᠳᠤ ᠲᠣᠭᠲᠠᠭᠤᠨ ᠪᠠᠶᠢᠯᠭᠠᠬᠤ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠠᠷᠢᠶᠠᠴᠢᠨ ᠡᠷᠦᠬᠡ ᠶᠢ ᠳᠠᠶᠢᠴᠢᠯᠠᠬᠤ ᠴᠢᠳᠠᠪᠤᠷᠢ ᠶᠢ ᠨᠡᠮᠡᠭᠳᠡᠭᠦᠯᠦᠨ᠎ᠡ᠃

      ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠡᠬᠢ ᠪᠠᠶᠠᠯᠢᠭ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠭᠴᠠᠵᠢᠭᠤᠯᠤᠭᠰᠠᠨ ᠭᠡᠷ ᠪᠠᠶᠢᠰᠢᠩ ᠤᠨ ᠰᠠᠭᠤᠷᠢ ᠭᠠᠵᠠᠷ ᠤᠨ ᠦᠮᠴᠢᠯᠡᠯ ᠤᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠣᠯᠭᠤᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠲᠠᠷᠢᠶᠠᠴᠢᠨ ᠡᠷᠦᠬᠡ ᠬᠠᠤᠯᠢ ᠶᠣᠰᠣᠨ ᠤ ᠣᠷᠣᠨ ᠰᠠᠭᠤᠴᠠ ᠪᠠᠨ ᠲᠦᠷᠢᠶᠡᠰᠦᠯᠡᠭᠦᠯᠬᠦ᠂ ᠬᠤᠪᠢ ᠣᠷᠣᠭᠤᠯᠬᠤ᠂ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠠᠮᠢᠳᠤᠯᠢᠭᠵᠢᠭᠤᠯᠤᠨ ᠠᠰᠢᠭᠯᠠᠬᠤ ᠶᠢ ᠪᠦᠲᠦᠮᠵᠢᠲᠡᠶ ᠪᠡᠶᠡᠯᠡᠭᠳᠡᠬᠦ ᠬᠡᠯᠪᠡᠷᠢ ᠶᠢ ᠰᠦᠪᠡᠭᠴᠢᠯᠡᠨ᠎ᠡ᠃ ᠬᠤᠳᠠ ᠪᠠᠯᠭᠠᠰᠤᠨ ᠤ ᠰᠠᠭᠤᠭᠠᠯᠢ ᠠᠷᠠᠳ ᠬᠥᠳᠡᠭᠡ ᠲᠣᠰᠬᠤᠨ ᠠᠴᠠ ᠲᠠᠷᠢᠶᠠᠴᠢᠨ ᠤ ᠭᠡᠷ ᠪᠠᠶᠢᠰᠢᠩ᠂ ᠣᠷᠣᠨ ᠰᠠᠭᠤᠴᠠ ᠶᠢᠨ ᠭᠠᠵᠠᠷ ᠬᠤᠳᠠᠯᠳᠤᠨ ᠠᠪᠬᠤ ᠶᠢ ᠵᠥᠪᠰᠢᠶᠡᠷᠡᠬᠦ ᠦᠭᠡᠢ᠂ ᠠᠵᠢᠯ ᠠᠴᠠ ᠪᠠᠨ ᠠᠮᠠᠷᠠᠭᠰᠠᠨ ᠺᠠᠳ᠋ᠷ ᠬᠥᠳᠡᠭᠡ ᠲᠣᠰᠬᠤᠨ ᠳᠤ ᠣᠴᠢᠵᠤ ᠭᠠᠵᠠᠷ ᠡᠵᠡᠯᠡᠨ ᠭᠡᠷ ᠪᠠᠷᠢᠬᠤ ᠶᠢ ᠵᠥᠪᠰᠢᠶᠡᠷᠡᠬᠦ ᠦᠭᠡᠢ᠃ ᠬᠥᠳᠡᠭᠡ ᠲᠣᠰᠬᠤᠨ ᠤ ᠬᠠᠮᠲᠤ ᠶᠢᠨ ᠡᠵᠡᠩᠨᠡᠯᠲᠡ ᠶᠢᠨ ᠴᠢᠨᠠᠷᠲᠠᠢ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠪᠠ ᠡᠷᠬᠡ ᠠᠰᠢᠭ ᠢ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠠᠮᠲᠤ ᠶᠢᠨ ᠣᠷᠣᠯᠭ᠎ᠠ ᠳᠤ ᠠᠯᠪᠠ ᠪᠠᠷ ᠬᠠᠷᠠᠯᠲᠠ ᠲᠤᠭᠳᠠᠭᠠᠬᠤ ᠦᠭᠡᠢ᠂ ᠬᠠᠮᠲᠤ ᠶᠢᠨ ᠡᠵᠡᠩᠨᠡᠯᠲᠡ ᠶᠢᠨ ᠠᠶᠤᠯ ᠲᠦᠭᠰᠢᠭᠦᠷᠢ ᠪᠠ ᠥᠷᠢ ᠥᠭᠴᠡᠭᠡ ᠶᠢ ᠴᠢᠩᠭ᠎ᠠ ᠬᠢᠵᠠᠭᠠᠷᠯᠠᠨ᠎ᠠ᠃ ᠬᠥᠳᠡᠭᠡ ᠲᠣᠰᠬᠤᠨ ᠤ ᠬᠠᠮᠲᠤ ᠶᠢᠨ ᠪᠠᠯᠠ ᠮᠥᠩᠭᠦ᠂ ᠡᠳ᠋ ᠬᠥᠷᠥᠩᠭᠡ ᠪᠠ ᠡᠬᠢ ᠪᠠᠶᠠᠯᠢᠭ ᠤᠨ ᠬᠠᠮᠢᠶᠠᠷᠤᠯᠲᠠ ᠶᠢᠨ ᠲᠤᠰᠬᠠᠶ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠵᠢᠷᠤᠮᠵᠢᠭᠤᠯᠤᠨ ᠬᠠᠮᠢᠶᠠᠷᠬᠤ ᠪᠠ ᠵᠦᠢ ᠵᠣᠬᠢᠰᠲᠠᠢ ᠠᠰᠢᠭᠯᠠᠬᠤ ᠶᠢ ᠠᠬᠢᠭᠤᠯᠤᠨ᠎ᠠ᠃

      ︵ᠬᠤᠷᠢᠨ ᠳᠣᠯᠤᠭ᠎ᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠯᠠ ᠣᠷᠣᠭᠤᠯᠵᠤ ᠪᠠᠯᠠ ᠳᠣᠭᠢᠷᠠᠭᠤᠯᠬᠤ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠭᠤᠯᠤᠯᠲᠠ ᠶᠢ ᠤᠷᠢᠳ ᠢᠶᠠᠷ ᠪᠠᠲᠤᠯᠠᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠠᠷ ᠤᠷᠮᠠᠰᠢᠭᠤᠯᠤᠨ ᠬᠢᠵᠠᠭᠠᠷᠯᠠᠬᠤ ᠶᠢ ᠴᠢᠩᠭᠠᠳᠬᠠᠨ᠎ᠠ᠃ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠭᠡᠳᠦ ᠣᠷᠳᠣ ᠬᠤᠭᠤᠴᠠᠭᠠᠨ ᠤ ᠤᠯᠤᠰ ᠤᠨ ᠣᠨᠴᠠᠭᠠᠶ ᠵᠢᠭᠡᠯᠡᠯᠭᠡ ᠪᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠬᠦᠷᠢᠶᠡᠨ ᠳᠠᠬᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠵᠤ ᠠᠪᠬᠤ᠂ ᠬᠠᠳᠠᠭᠠᠯᠠᠮᠵᠢ ᠶᠢᠨ ᠪᠡᠯᠡᠳᠭᠡᠯ ᠮᠥᠩᠭᠦᠨ ᠤ ᠵᠥᠷᠢᠶᠡᠲᠦ ᠨᠣᠷᠮ᠎ᠠ ᠵᠡᠷᠭᠡ ᠵᠣᠭᠤᠰᠣᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠪᠠᠯᠠ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠲᠤᠰᠬᠠᠢ ᠲᠥᠷᠥᠯ ᠤᠨ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠠᠮᠵᠢᠨ᠎ᠠ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠲᠠᠷᠢᠶᠠᠯᠠᠩ ᠳᠤ ᠬᠤᠯᠪᠣᠭᠳᠠᠬᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ᠃ ᠮᠠᠯ ᠵᠢᠭᠦᠷᠲᠡᠨ ᠤ ᠠᠮᠢᠳᠤ ᠴᠣᠭᠴᠠ᠂ ᠲᠠᠷᠢᠶᠠᠯᠠᠩ ᠤᠨ ᠲᠥᠬᠦᠭᠡᠷᠦᠮᠵᠢ ᠵᠡᠷᠭᠡ ᠪᠠᠷᠢᠴᠠᠭᠠᠨ ᠤ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ ᠳᠡᠯᠭᠡᠷᠡᠭᠦᠯᠦᠨ᠎ᠡ᠃ ᠬᠥᠳᠡᠭᠡ ᠲᠣᠰᠬᠤᠨ ᠤ ᠳᠤᠮᠳᠠ ᠪᠠᠭ᠎ᠠ ᠪᠠᠩᠬᠢ ᠶᠢᠨ ᠲᠠᠷᠢᠶᠠᠯᠠᠩ ᠢ ᠳᠡᠮᠵᠢᠬᠦ ᠪᠠᠭ᠎ᠠ ᠠᠵᠤ ᠠᠬᠤᠶᠢᠯᠠᠯ ᠢ ᠳᠡᠮᠵᠢᠬᠦ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ︽ᠨᠢᠭᠡ ᠮᠤᠵᠢ ᠳᠤ ᠨᠢᠭᠡ ᠠᠷᠭ᠎ᠠ ᠪᠣᠳᠣᠯᠭ᠎ᠠ︾ ᠪᠠᠷ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠥᠭᠡᠷᠡᠴᠢᠯᠡᠯᠲᠡ ᠶᠢ ᠲᠦᠷᠭᠡᠳᠬᠡᠵᠦ᠂ ᠭᠠᠴᠠᠭ᠎ᠠ ᠪᠠᠯᠭᠠᠰᠤᠨ ᠤ ᠪᠠᠩᠬᠢ ᠶᠢᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠨᠡᠶᠢᠳᠭᠡᠬᠦ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ᠃ ᠤᠯᠠᠨ ᠲᠡᠰ ᠳᠠᠪᠬᠤᠷᠭ᠎ᠠ ᠶᠢᠨ ᠲᠠᠷᠢᠶᠠᠯᠠᠩ ᠤᠨ ᠳᠠᠭᠠᠳᠬᠠᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠭᠠᠳᠬᠠᠯ ᠢ ᠬᠦᠭᠵᠢᠭᠦᠯᠬᠦ ᠶᠢ ᠳᠡᠮᠵᠢᠨ᠎ᠡ᠃ ᠬᠥᠳᠡᠭᠡ ᠲᠣᠰᠬᠤᠨ ᠤ ᠡᠯ᠎ᠡ ᠵᠦᠢᠯ ᠤᠨ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠤᠬᠢᠯᠲᠠ ᠦᠭᠬᠦᠨ᠎ᠡ᠃ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢᠨ ᠵᠦᠢᠯᠡᠰ ᠤᠨ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠴᠢᠳ ᠲᠤ ᠠᠰᠢᠭ ᠬᠦᠷᠲᠡᠭᠡᠬᠦ ᠪᠡᠯᠡ ᠮᠥᠩᠭᠦ ᠶᠢ ᠮᠡᠬᠡᠯᠡᠨ ᠠᠪᠬᠤ᠂ ᠦᠯᠡᠳᠡᠭᠡᠨ ᠠᠪᠴᠤ ᠨᠡᠭᠦᠯᠭᠡᠨ ᠬᠡᠷᠡᠭᠯᠡᠬᠦ ᠵᠡᠷᠭᠡ ᠠᠰᠠᠭᠤᠳᠠᠯ ᠢ ᠬᠦᠴᠦᠯᠡᠨ ᠴᠡᠭᠴᠡᠯᠡᠨ ᠵᠠᠰᠠᠨ᠎ᠠ᠃

      ︵ᠬᠤᠷᠢᠨ ᠨᠠᠢᠮᠠ︶ ᠬᠥᠳᠡᠭᠡ ᠲᠣᠰᠬᠤᠨ ᠤ ᠴᠢᠳᠠᠪᠤᠷᠢᠲᠠᠨ ᠢ ᠬᠥᠮᠥᠵᠢᠭᠦᠯᠬᠦ ᠪᠠ ᠬᠥᠭᠵᠢᠭᠦᠯᠬᠦ ᠲᠣᠭᠲᠡᠴᠡ ᠶᠢ ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠲᠠᠷᠢᠶᠠᠴᠢᠳ ᠤᠨ ᠮᠡᠷᠭᠡᠵᠢᠯ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠬᠡᠷᠡᠭᠯᠡᠭᠡᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠥᠳᠡᠭᠡ ᠲᠣᠰᠬᠤᠨ ᠤ ᠤᠷᠠᠨ ᠲᠠᠷᠬᠠᠨ ᠢ ᠪᠤᠶᠢᠵᠢᠭᠤᠯᠬᠤ ᠢᠨᠵᠧᠨᠧᠷᠢᠩ ᠢ ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠲᠠᠷᠢᠶᠠᠯᠠᠩ ᠳᠤ ᠬᠤᠯᠪᠣᠭᠳᠠᠬᠤ ᠰᠢᠨᠵᠢᠯᠡᠭᠡᠨ ᠤ ᠲᠤᠰᠬᠠᠢ ᠮᠡᠷᠭᠡᠵᠢᠯ ᠢ ᠰᠢᠯᠢᠳᠡᠭᠵᠢᠭᠦᠯᠦᠨ ᠲᠣᠬᠢᠷᠠᠭᠤᠯᠤᠨ᠎ᠠ᠃ ᠲᠠᠷᠢᠶᠠᠯᠠᠩ ᠳᠤ ᠬᠤᠯᠪᠣᠭᠳᠠᠬᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠦᠪᠰᠢᠨ ᠢ ᠳᠡᠭᠡᠭᠰᠢᠯᠡᠭᠦᠯᠵᠦ᠂ ᠠᠵᠢᠯ ᠮᠡᠷᠭᠡᠵᠢᠯ ᠤᠨ ᠰᠤᠷᠭᠠᠭᠤᠯᠢ ᠪᠣᠯᠣᠨ ᠲᠠᠷᠢᠶᠠᠯᠠᠩ ᠤᠨ ᠠᠵᠤ ᠠᠬᠤᠶᠢᠯᠠᠯ ᠵᠡᠷᠭᠡ ᠶᠢᠨ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠤᠨ᠎ᠠ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠲᠥᠯᠥᠪᠯᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠬᠴᠢ᠂ ᠣᠨᠴᠠᠭᠠᠢ ᠠᠵᠢᠯ ᠤᠨ ᠪᠠᠶᠢᠷᠢ ᠶᠢᠨ ᠲᠥᠯᠥᠪᠯᠡᠭᠡ᠂ ᠣᠶᠤᠲᠠᠳ ᠤᠨ ᠪᠠᠷᠠᠭᠤᠨ ᠣᠷᠣᠨ ᠳᠤ ᠰᠠᠶᠢᠨ ᠳᠤᠷ᠎ᠠ ᠠᠴᠠ ᠪᠠᠨ ᠦᠢᠯᠡᠴᠢᠯᠡᠬᠦ ᠲᠥᠯᠥᠪᠯᠡᠭᠡ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠡᠮᠡᠭᠲᠡᠶᠢᠴᠦᠳ ᠤᠨ ᠬᠦᠰᠡᠯ ᠵᠡᠭᠦᠳᠦ ᠪᠠᠨ ᠬᠥᠭᠡᠭᠡᠴᠡᠯᠳᠦᠭᠴᠢ ᠶᠢᠨ ᠲᠥᠯᠥᠪᠯᠡᠭᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠯᠠᠭᠤ ᠨᠠᠰᠤᠨ ᠤ ᠭᠠᠪᠢᠶ᠎ᠠ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠭ᠎ᠠ ᠬᠦᠷᠢᠶᠡᠯᠡᠩ ᠤᠨ ᠬᠥᠳᠡᠭᠡ ᠲᠣᠰᠬᠤᠨ ᠳᠤ ᠦᠨᠳᠦᠰᠦᠯᠡᠵᠦ ᠲᠠᠷᠢᠶᠠᠯᠠᠩ ᠢ ᠳᠡᠮᠵᠢᠨ ᠲᠠᠷᠢᠶᠠᠴᠢᠳ ᠲᠤ ᠠᠰᠢᠭ ᠬᠦᠷᠲᠡᠭᠡᠬᠦ ᠶᠢ ᠳᠡᠮᠵᠢᠨ᠎ᠡ᠃ ᠣᠶᠤᠲᠠᠳ ᠤᠨ ᠬᠥᠳᠡᠭᠡ ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ ᠶᠢ ᠦᠷᠭᠦᠯᠵᠢᠯᠡᠨ ᠬᠡᠷᠡᠭᠵᠢᠭᠦᠯᠦᠨ᠎ᠡ᠃ ᠬᠤᠳᠠ ᠶᠢᠨ ᠴᠢᠳᠠᠪᠤᠷᠢᠲᠠᠨ ᠤ ᠬᠥᠳᠡᠭᠡ ᠲᠣᠰᠬᠤᠨ ᠳᠤ ᠦᠢᠯᠡᠴᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠰᠢᠯᠭᠠᠨ ᠲᠤᠭᠲᠠᠭᠠᠬᠤ ᠤᠷᠢᠵᠤ ᠬᠡᠷᠡᠭᠯᠡᠬᠦ ᠤᠷᠮᠠᠰᠢᠭᠤᠯᠬᠤ ᠲᠣᠭᠲᠡᠴᠡ ᠶᠢ ᠲᠡᠭᠦᠯᠳᠡᠷᠵᠢᠭᠦᠯᠦᠨ᠎ᠡ᠃

      ︵ᠬᠤᠷᠢ ᠵᠢᠰᠦ︶ ᠣᠶ ᠰᠢᠭᠤᠢ᠂ ᠠᠲᠠᠷ ᠬᠠᠭᠠᠯᠪᠤᠷᠢᠯᠠᠯᠲᠠ ᠪᠠ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠬᠦᠯᠦᠨ ᠠᠬᠢᠭᠤᠯᠤᠨ᠎ᠠ᠃ ᠬᠠᠮᠲᠤ ᠶᠢᠨ ᠤᠢ ᠰᠢᠭᠤᠢ ᠶᠢᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠢ ᠮᠣᠳᠣ ᠶᠢ ᠣᠭᠲᠣᠯᠬᠤ ᠬᠠᠮᠢᠶᠠᠷᠤᠯᠲᠠ ᠶᠢᠨ ᠳᠦᠷᠢᠮ ᠢ ᠲᠣᠬᠢᠷᠠᠭᠤᠯᠤᠨ ᠰᠢᠯᠢᠳᠡᠭᠵᠢᠭᠦᠯᠵᠦ᠂ ᠡᠷᠬᠡᠲᠦ ᠬᠥᠮᠥᠨ ᠳᠤ ᠤᠢ ᠮᠣᠳᠣ ᠶᠢ ᠰᠶᠢᠳᠪᠦᠷᠢᠯᠡᠬᠦ ᠡᠷᠬᠡ ᠪᠠ ᠲᠡᠭᠦᠨ ᠠᠴᠠ ᠠᠰᠢᠭ ᠣᠯᠬᠤ ᠡᠷᠬᠡ ᠶᠢ ᠨᠡᠩ ᠭᠦᠢᠴᠡᠳ ᠣᠯᠭᠤᠨ᠎ᠠ᠃ ᠠᠲᠠᠷ ᠬᠠᠭᠠᠯᠪᠤᠷᠢᠯᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠ ᠺᠣᠮᠫᠠᠨᠢ ᠶᠢ ᠵᠠᠰᠠᠬᠤ ᠵᠡᠷᠭᠡ ᠪᠠᠶᠢᠭᠤᠯᠤᠯ ᠲᠣᠭᠲᠡᠴᠡ ᠶᠢ ᠪᠦᠷᠢᠨᠰᠢᠭᠦᠯᠦᠨ᠎ᠡ᠃ ᠤᠯᠤᠰ ᠤᠨ ᠥᠮᠴᠢᠯᠡᠯ ᠤᠨ ᠲᠠᠷᠢᠶᠠᠯᠠᠩ ᠳᠤ ᠬᠡᠷᠡᠭᠯᠡᠬᠦ ᠭᠠᠵᠠᠷ ᠤᠨ ᠡᠷᠬᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠢᠷᠤᠮᠵᠢᠭᠤᠯᠤᠨ ᠬᠠᠮᠢᠶᠠᠷᠴᠤ ᠠᠰᠢᠭᠯᠠᠬᠤ ᠶᠢ ᠠᠬᠢᠭᠤᠯᠤᠨ᠎ᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠤᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠰᠤ ᠲᠠᠲᠠᠵᠤ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠦᠨ ᠬᠡᠷᠡᠭᠯᠡᠨ᠎ᠡ᠃

      ︵ᠭᠤᠴᠢ︶ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠣᠯᠭᠠᠬᠤ ᠲᠣᠭᠲᠡᠴᠡ ᠶᠢ ᠪᠦᠷᠢᠨᠰᠢᠭᠦᠯᠦᠨ᠎ᠡ᠃ ᠰᠢᠯᠵᠢᠭᠦᠯᠦᠨ ᠲᠤᠭᠠᠴᠠᠭ᠎ᠠ ᠬᠢᠬᠦ᠂ ᠰᠢᠨ᠎ᠡ ᠪᠠᠷ ᠨᠡᠮᠡᠭᠳᠡᠭᠦᠯᠬᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠬᠦ ᠲᠤᠭ᠎ᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠵᠡᠷᠭᠡ ᠶᠢ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠠᠷᠠᠳ ᠪᠣᠯᠭᠠᠬᠤ ᠲᠠᠢ ᠬᠤᠯᠪᠣᠭᠳᠠᠭᠤᠯᠬᠤ ᠶᠢ ᠠᠬᠢᠭᠤᠯᠤᠨ᠎ᠠ᠃ ᠪᠦᠬᠦ ᠤᠯᠤᠰ ᠤᠨ ᠢᠯᠡ ᠪᠥᠭᠡᠳ ᠨᠢᠭᠡᠳᠦᠯᠲᠡᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠪᠠᠶᠢᠩᠭᠤ ᠰᠠᠭᠤᠭ᠎ᠠ ᠭᠠᠵᠠᠷ ᠠᠴᠠ ᠡᠷᠦᠬᠡ ᠠᠮᠠ ᠶᠢᠨ ᠳᠠᠩᠰᠠ ᠶᠢ ᠳᠠᠩᠰᠠᠯᠠᠵᠤ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠳᠦᠷᠢᠮ ᠢ ᠬᠡᠷᠡᠭᠵᠢᠭᠦᠯᠦᠨ᠎ᠡ᠃ ᠨᠥᠬᠦᠴᠡᠯ ᠲᠠᠢ ᠬᠤᠳᠠ ᠶᠢᠨ ᠲᠣᠭᠲᠠᠪᠤᠷᠢᠲᠠᠢ ᠠᠵᠢᠯ ᠣᠯᠵᠤ ᠠᠮᠢᠳᠤᠷᠠᠵᠤ ᠪᠠᠶᠢᠭ᠎ᠠ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠳᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢᠨ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠬᠤ ᠶᠢ ᠵᠣᠷᠢᠭᠵᠢᠭᠤᠯᠤᠨ᠎ᠠ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠳᠠᠭᠠᠵᠤ ᠨᠡᠭᠦᠭᠰᠡᠨ ᠦᠷ᠎ᠡ ᠬᠡᠦᠬᠡᠳ ᠤᠨ ᠨᠡᠭᠦᠵᠦ ᠣᠴᠢᠭᠰᠠᠨ ᠭᠠᠵᠠᠷ ᠤᠨ ᠠᠯᠪᠠᠨ ᠠᠴᠠ ᠡᠷᠬᠢᠯᠡᠭᠰᠡᠨ ᠰᠤᠷᠭᠠᠭᠤᠯᠢ ᠳᠤ ᠰᠤᠷᠤᠯᠴᠠᠬᠤ ᠬᠠᠷᠢᠴᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠢᠯ ᠣᠯᠣᠭᠰᠠᠨ ᠭᠠᠵᠠᠷ ᠤᠨ ᠳᠠᠭᠠᠳᠬᠠᠯ ᠳᠤ ᠣᠷᠣᠬᠤ ᠡᠷᠦᠬᠡ ᠠᠮᠠ ᠶᠢᠨ ᠬᠢᠵᠠᠭᠠᠷᠯᠠᠯ ᠢ ᠪᠥᠬᠦ ᠲᠠᠯ᠎ᠠ ᠪᠠᠷ ᠬᠦᠴᠦᠨ ᠦᠭᠡᠢ ᠪᠣᠯᠭᠠᠨ᠎ᠠ᠃ ᠬᠤᠳᠠ ᠳᠤ ᠡᠷᠦᠭᠡ ᠠᠮᠠ ᠪᠠᠨ ᠣᠷᠣᠭᠤᠯᠤᠭᠰᠠᠨ ᠲᠠᠷᠢᠶᠠᠴᠢᠳ ᠤᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠬᠡ᠂ ᠭᠡᠷ ᠪᠠᠶᠢᠰᠢᠩ ᠤᠨ ᠰᠠᠭᠤᠷᠢ ᠭᠠᠵᠠᠷ ᠢ ᠬᠡᠷᠡᠭᠯᠡᠬᠦ ᠡᠷᠬᠡ᠂ ᠬᠠᠮᠲᠤ ᠶᠢᠨ ᠠᠰᠢᠭ ᠣᠷᠣᠯᠭ᠎ᠠ ᠶᠢ ᠬᠤᠪᠢᠶᠠᠷᠢᠯᠠᠬᠤ ᠡᠷᠬᠡ ᠶᠢ ᠬᠠᠤᠯᠢ ᠶᠣᠰᠣᠭᠠᠷ ᠬᠠᠮᠠᠭᠠᠯᠠᠵᠤ᠂ ᠰᠠᠶᠢᠨ ᠳᠤᠷ᠎ᠠ ᠠᠴᠠ ᠪᠠᠨ ᠲᠥᠯᠥᠪᠦᠷᠢ ᠲᠠᠢ ᠪᠠᠷ ᠤᠬᠤᠷᠢᠨ ᠭᠠᠷᠬᠤ ᠠᠷᠭ᠎ᠠ ᠶᠢ ᠰᠦᠪᠡᠭᠴᠢᠯᠡᠨ ᠪᠠᠶᠢᠭᠤᠯᠤᠨ᠎ᠠ᠃

      ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠷᠬᠡᠪᠰᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠰᠠᠭᠤᠳᠠᠯ ᠢ ᠰᠠᠶᠢᠲᠤᠷ ᠰᠶᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠲᠠᠪᠤᠨ ᠱᠠᠲᠤᠨ ᠤ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠳᠬᠤᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤᠳᠬᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠡᠴᠡ ᠶᠢ ᠲᠡᠭᠦᠯᠳᠡᠷᠵᠢᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ︽ᠮᠢᠩᠭ᠎ᠠ ᠲᠦᠮᠨ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠡᠴᠡ ᠶᠢ ᠪᠦᠷᠢᠨᠰᠢᠭᠦᠯᠬᠦ ᠬᠡᠷᠡᠭᠲᠡᠢ᠃ ᠲᠡᠦᠬᠡ ᠶᠢᠨ ᠬᠦᠯᠢᠴᠡᠩᠭᠦᠢ ᠤᠪᠤᠷ ᠢ ᠪᠠᠷᠢᠮᠳᠠᠯᠠᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠢᠶᠠᠷ ᠢᠶᠠᠨ ᠬᠢᠵᠦ᠂ ᠬᠦᠴᠦᠨ ᠢᠶᠠᠨ ᠲᠥᠪᠯᠡᠷᠡᠭᠦᠯᠦᠨ ᠨᠢᠭᠡ ᠪᠦᠯᠦᠭ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠪᠦᠲᠦᠭᠡᠬᠦ ᠶᠢ ᠰᠠᠶᠢᠲᠤᠷ ᠠᠳᠬᠤᠵᠤ᠂ ᠲᠠᠷᠢᠶᠠᠴᠢᠨ ᠤᠯᠠᠨ ᠲᠦᠮᠡᠨ ᠳᠤ ᠨᠢᠳᠤᠨ ᠳᠤ ᠦᠵᠡᠭᠳᠡᠵᠦ ᠭᠠᠷ ᠲᠤ ᠪᠠᠷᠢᠬᠳᠠᠬᠤ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠢ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠪᠣᠳᠠᠲᠤ ᠪᠠᠶᠢᠳᠠᠯ ᠠᠴᠠ ᠡᠭᠦᠰᠬᠦ ᠶᠢ ᠪᠠᠷᠢᠮᠲᠠᠯᠠᠨ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠠᠵᠢᠯᠯᠠᠬᠤ ᠠᠷᠭ᠎ᠠ ᠮᠠᠶ᠋ᠢᠭ ᠪᠠ ᠠᠷᠭ᠎ᠠ ᠪᠠᠨ ᠰᠠᠶᠢᠵᠢᠷᠠᠭᠤᠯᠤᠨ᠂ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠳᠥᠭᠦᠮᠴᠢᠯᠡᠬᠦ ᠪᠠ ︽ᠨᠢᠭᠡ ᠯᠡ ᠠᠳᠠᠯᠢ ᠪᠠᠷ ᠬᠢᠬᠦ︾ ᠶᠢ ᠰᠡᠷᠭᠡᠶᠢᠯᠡᠨ ᠬᠤᠷᠢᠭᠯᠠᠨ᠎ᠠ᠃ ᠡᠯ᠎ᠡ ᠭᠠᠵᠠᠷ ᠤᠨ ᠦᠢᠯᠡᠳᠦᠯᠭᠡ ᠶᠢᠨ ᠰᠦᠪᠡᠭᠴᠢᠯᠡᠯᠲᠡ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠪᠠ ᠲᠠᠷᠢᠶᠠᠴᠢᠨ ᠤᠯᠠᠨ ᠲᠦᠮᠡᠨ ᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃

      ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠨᠲᠠᠷᠠᠰᠢ ᠦᠭᠡᠢ ᠴᠢᠷᠮᠠᠶᠢᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠠᠯᠬᠤᠴᠠ ᠶᠢ ᠲᠦᠷᠭᠡᠳᠬᠡᠵᠦ᠂ ᠬᠥᠳᠡᠭᠡ ᠠᠵᠤ ᠠᠬᠤᠢ ᠶᠢᠨ ᠰᠠᠭᠤᠷᠢ ᠶᠢ ᠨᠡᠩ ᠪᠠᠲᠤᠳᠬᠠᠵᠤ᠂ ᠬᠥᠳᠡᠭᠡ ᠲᠣᠰᠬᠤᠨ ᠢ ᠨᠡᠩ ᠴᠡᠴᠡᠭᠯᠡᠭᠦᠯᠵᠦ᠂ ᠲᠠᠷᠢᠶᠠᠴᠢᠳ ᠤᠨ ᠠᠮᠢᠳᠤᠷᠠᠯ ᠢ ᠨᠡᠩ ᠬᠥᠭᠵᠢᠶᠡᠨᠲᠡᠢ ᠪᠣᠯᠭᠠᠬᠤ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠵᠠᠭᠠᠶ᠎ᠠ᠃

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ