2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠬᠤᠯᠪᠣᠭᠳᠠᠯ ᠪᠦᠬᠦᠢ ᠬᠡᠷᠡᠭ ᠢ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠶᠢᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠢᠭᠡ ᠯᠡ ᠠᠳᠠᠯᠢ ᠪᠠᠷ ᠬᠠᠨᠳᠤᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠳᠤᠮᠳᠠᠬᠢ ᠬᠦᠴᠢᠷᠳᠠᠯ ᠪᠠ ᠠᠰᠠᠭᠤᠳᠠᠯ ᠢ ᠵᠥᠪ ᠲᠠᠨᠢᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠶᠢ ᠪᠦᠬᠦ ᠬᠦᠴᠦ ᠪᠠᠷ ᠢᠶᠠᠨ ᠠᠬᠢᠭᠤᠯᠵᠤ᠂ ᠠᠵᠢᠯ ᠶᠠᠪᠤᠳᠠᠯ ᠭᠦᠢᠴᠡᠳᠭᠡᠬᠦ ᠳᠤ ᠤᠳᠠᠭᠠᠨ᠂ ᠪᠠᠶᠢᠴᠠᠭᠠᠯᠲᠠ ᠤᠯᠠᠨ᠂ ᠪᠡᠯᠡ ᠬᠤᠷᠠᠮᠳᠤᠭᠤᠯᠬᠤ ᠳᠤ ᠬᠦᠴᠢᠷᠳᠠᠢ᠂ ᠳᠠᠩᠰᠠᠨ ᠳᠠᠬᠢ ᠵᠤᠭᠤᠰ ᠢ ᠥᠷᠢᠳᠦᠬᠦ ᠵᠢᠴᠢ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠳᠤ ᠦᠢᠯᠡᠴᠢᠯᠡᠬᠦ ᠪᠠᠶᠢᠭᠤᠯᠤᠮᠵᠢ ᠶᠢᠨ ᠡᠭᠦᠷᠭᠡ ᠲᠤᠰᠢᠶᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠨᠳᠦᠰᠦ ᠠᠴᠠ ᠨᠢ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ︽ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠬᠦᠯᠬᠦ ᠬᠡᠷᠡᠭᠳᠡᠢ︾ ᠬᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠲᠦᠷᠢᠮ ᠤᠨ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ︽ᠳᠥᠷᠪᠡᠨ ᠰᠤᠷᠤᠯᠴᠠᠯᠭ᠎ᠠ︾ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠤ᠂ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠭᠦᠢᠴᠡᠳᠭᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃ ᠲᠠᠩᠰᠠ ᠲᠤᠰᠢᠶᠠᠬᠤ ᠤᠬᠠᠮᠰᠠᠷ᠂ ᠰᠢᠯᠭᠠᠯᠲᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠶᠢᠪᠢᠰᠢ ᠦᠭᠡᠢ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠬᠡᠷᠡᠭᠲᠡᠶ ᠭᠡᠵᠦ ᠱᠠᠭᠠᠷᠳᠠᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠬᠡᠰᠡᠭ ᠭᠤᠤᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠣᠨᠣᠰᠴᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠪᠤᠷᠢ ᠲᠠᠢ ᠪᠠᠶᠢᠬᠤ ᠪᠠᠶᠢᠳᠠᠯ ᠢ ᠵᠠᠰᠠᠬᠤ ᠳᠤ ᠴᠢᠭᠯᠡᠭᠦᠯᠦᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠣᠯᠤᠨ ᠠᠯᠳᠠᠪᠤᠷᠢ ᠲᠠᠢ ᠪᠠᠶᠢᠳᠠᠯ ᠢᠶᠠᠨ ᠬᠤᠪᠢᠷᠠᠭᠤᠯᠵᠤ ᠠᠰᠢᠭ ᠣᠯᠵᠠᠪᠤᠷᠢ ᠪᠠᠨ ᠨᠡᠮᠡᠭᠳᠡᠭᠦᠯᠬᠦ ᠪᠠ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠤᠶᠠᠯᠳᠤᠭᠤᠯᠵᠤ᠂ ᠠᠰᠠᠭᠤᠳᠠᠯ ᠢ ᠲᠣᠳᠣᠷᠬᠠᠶ ᠣᠶᠢᠯᠠᠭᠠᠵᠤ᠂ ᠠᠷᠭ᠎ᠠ ᠬᠡᠮᠵᠢᠶ᠎ᠡ ᠲᠣᠭᠲᠠᠭᠠᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠵᠤ︾ ᠪᠣᠭᠤᠮᠲᠠ ᠰᠢᠪᠲᠤᠯᠬᠤ ᠬᠡᠷᠡᠭᠲᠡᠶ ᠭᠡᠵᠦ ᠱᠠᠭᠠᠷᠳᠠᠪᠠ᠃ ᠬᠢᠯᠢ ᠶᠢᠨ ᠪᠣᠭᠤᠮᠲᠠ ᠶᠢᠨ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠬᠡᠪᠴᠢᠶ᠎ᠡ ᠶᠢ ᠥᠷᠭᠡᠳᠭᠡᠬᠦ ᠳᠤ ᠴᠢᠭᠯᠡᠭᠦᠯᠦᠨ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠠᠵᠤ ᠦᠢᠯᠡᠰ ᠤᠨ ᠭᠤᠤᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠲᠥᠷᠥᠯ ᠵᠦᠢᠯ ᠤᠨ ᠶᠠᠰᠤ ᠴᠢᠨᠠᠷ ᠪᠠ ᠬᠤᠷᠳᠤᠴᠠ ᠶᠢ ᠨᠢᠭᠡᠳᠦᠯᠲᠡᠶ ᠲᠥᠯᠥᠪᠵᠢᠭᠦᠯᠦᠨ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠪᠠ ᠳᠣᠲᠣᠷ ᠭᠠᠵᠠᠷ ᠤᠨ ᠨᠢᠭᠲᠠ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠬᠤ ᠳᠤ ᠴᠢᠭᠯᠡᠭᠦᠯᠦᠨ᠂ ᠤᠨᠳᠤᠤᠰᠢᠭᠤᠯᠤᠨ ᠬᠡᠷᠡᠭᠯᠡᠬᠦ ᠶᠢ ᠴᠢᠩᠭᠠᠳᠬᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠨ᠂ ︽ᠮᠧᠩ ᠺᠧ ᠵᠢᠦᠢ︾ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠬᠠᠩᠭᠠᠯᠭ᠎ᠠ ᠬᠡᠷᠡᠭᠴᠡᠭᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠂ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠥᠪᠡᠷᠲᠡᠭᠡᠨ ᠵᠠᠰᠠᠬᠤ ᠣᠷᠣᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ ᠪᠠ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠭᠠᠮᠨᠠᠵᠦ ᠡᠷᠴᠢᠮᠵᠢᠭᠦᠯᠤᠨ ᠠᠰᠢᠭᠯᠠᠬᠤ 2025 ᠣᠨ ᠤ ᠠᠵᠢᠯ ᠤᠨ ᠭᠤᠣᠯᠳᠠᠯᠭ᠎ᠠ ᠶᠢ ᠰᠤᠳᠤᠯᠵᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠰᠠᠨᠠᠯ ᠵᠡᠷᠭᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠦᠷᠦ ᠶᠢᠨ ᠪᠤᠳᠤᠯᠭ᠎ᠠ ᠶᠢᠨ ᠠᠰᠢᠭ ᠢ ᠪᠦᠬᠦ ᠲᠠᠯ᠎ᠠ ᠪᠠᠷ ᠪᠠᠳᠠᠷᠠᠭᠤᠯᠬᠤ ᠬᠡᠷᠡᠭᠲᠡᠢ᠃ ︽ᠭᠠᠮᠨᠠᠵᠤ ᠠᠮᠢᠳᠤᠷᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠲᠠᠭᠰᠠᠨ ᠬᠠᠷᠠᠯᠲᠠ ᠶᠣᠰᠣᠭᠠᠷ ᠤᠰᠤ ᠠᠷᠪᠢᠯᠠᠬᠤ᠂ ᠡᠨᠧᠷᠭᠢ ᠠᠷᠪᠢᠯᠠᠬᠤ᠂ ᠠᠮᠤ ᠪᠤᠳᠠᠭ᠎ᠠ ᠠᠷᠪᠢᠯᠠᠬᠤ᠂ ᠭᠠᠵᠠᠷ ᠰᠢᠷᠦᠢ ᠠᠷᠪᠢᠯᠠᠬᠤ᠂ ᠠᠭᠤᠷᠬᠠᠢ ᠠᠷᠪᠢᠯᠠᠬᠤ᠂ ᠮᠠᠲ᠋ᠧᠷᠢᠶᠠᠯ ᠡᠷᠪᠢᠯᠠᠬᠤ ᠵᠡᠷᠭᠡ ᠠᠵᠢᠯ ᠢ ᠭᠦᠨᠵᠡᠭᠡᠢ ᠰᠠᠶᠢᠲᠤᠷ ᠬᠢᠵᠦ᠂ ᠡᠯ᠎ᠡ ᠲᠦᠷᠦᠯ ᠤᠨ ᠡᠬᠢ ᠪᠠᠶᠠᠯᠢᠭ ᠢ ᠠᠷᠪᠢᠲᠠᠢ ᠡᠷᠴᠢᠮᠲᠡᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠬᠥᠯᠥᠰᠥᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠲᠦᠷᠢᠮ︾᠂ ︽ᠴᠠᠬᠢᠯᠭᠠᠨ ᠬᠥᠳᠡᠯᠭᠡᠭᠦᠷᠲᠦ ᠳᠤᠭᠤᠢ ᠲᠡᠷᠭᠡᠨ ᠤ ᠬᠠᠮᠢᠶᠠᠷᠤᠯᠲᠠ ᠶᠢᠨ ᠲᠦᠷᠢᠮ︾᠂ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠦᠷᠢᠮ︾ ᠢ ᠶᠠᠷᠢᠯᠴᠠᠨ ᠪᠠᠲᠤᠯᠠᠵᠤ᠂ ᠵᠠᠰᠠᠭ ᠤᠨ ᠣᠷᠳᠣᠨ ᠤ 5 ᠢᠵᠢ ᠲᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠤᠶᠤ ᠬᠦᠴᠦᠨ ᠦᠭᠡᠢ ᠪᠣᠯᠭᠠᠪᠠ᠃
ᠬᠤᠷᠠᠯ ᠠᠴᠠ ᠪᠠᠰᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠠᠵᠢᠯ ᠢ ᠰᠤᠳᠤᠯᠪᠠ᠃