2 ᠳ᠋ᠤᠭᠠᠷ ᠰᠠᠷ᠎ᠠ ᠶᠢᠨ 25 ᠤ ᠡᠳᠦᠷ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2025/2/25


      ᠣᠶᠢᠷ᠎ᠠ ᠳᠤ᠂ ᠤᠯᠤᠰ ᠤᠨ 2025 ᠣᠨ ᠳᠠᠬᠢ ᠠᠩᠬᠠᠳᠠᠭᠴᠢ ᠪᠦᠯᠦᠭ ᠤᠨ ︽ᠬᠤᠶᠠᠷ ᠴᠢᠬᠤᠯᠠ︾ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠳ ᠤᠨ ᠨᠠᠷᠢᠨ ᠲᠠᠩᠰᠠ ᠶᠢ ᠨᠡᠶᠢᠲᠡᠯᠡᠭᠰᠡᠨ ᠠᠴᠠ ᠦᠵᠡᠪᠡᠯ ᠂ ᠮᠠᠨ ᠤ ᠣᠷᠣᠨ 144.75 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠰᠴᠤ᠂ ᠶᠡᠷᠦᠩᠬᠡᠢ ᠪᠡᠯᠡ ᠣᠷᠣᠭᠤᠯᠤᠯᠲᠠ ᠨᠢ 36.66 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠂ ᠡᠭᠦᠨ ᠳᠤ ᠲᠥᠪ ᠤᠨ ᠡᠳ᠋ ᠤᠨ ᠵᠠᠰᠠᠭ ᠠᠴᠠ ᠤᠯᠤᠰ ᠤᠨ ᠬᠡᠳᠦ ᠣᠷᠳᠣ ᠬᠤᠭᠤᠴᠠᠭᠠᠲᠤ ᠣᠨᠴᠠᠭᠠᠶ ᠵᠢᠭᠡᠯᠡᠯᠭᠡ ᠶᠢᠨ ᠠᠷᠭ᠎ᠠ ᠵᠠᠮ ᠢᠶᠠᠷ ᠳᠠᠮᠵᠢᠭᠤᠯᠤᠨ 33.45 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠬᠤ ᠪᠣᠯᠣᠨ᠎ᠠ᠃ ︵ᠡᠳ᠋ ᠤᠨ ᠵᠠᠰᠠᠭ ᠤᠨ ᠲᠢᠩᠬᠢᠮ︶

      2 ᠳ᠋ᠤᠭᠠᠷ ᠰᠠᠷ᠎ᠠ ᠶᠢᠨ 22 ᠤᠨ ᠡᠳᠦᠷ᠂ ᠬᠥᠪᠴᠢ ᠶᠢᠨ ᠡᠯᠡᠰᠦᠨ ᠴᠥᠯ ᠤᠨ ᠰᠠᠭᠤᠷᠢᠨ ᠭᠠᠵᠠᠷ ᠲᠠᠬᠢ ᠣᠷᠳᠣᠰ ᠤᠨ ᠰᠢᠨ᠎ᠡ ᠡᠨᠧᠷᠭᠢ ᠶᠢᠨ ᠲᠥᠷᠥᠯ ᠵᠦᠢᠯ ᠤᠨ 120 ᠲᠦᠮᠡᠨ ᠺᠢᠯᠣᠸᠠᠲ ᠤᠨ ᠰᠠᠯᠬᠢᠨ ᠬᠦᠴᠦᠨ ᠴᠠᠬᠢᠯᠭᠠᠨ ᠤ ᠲᠥᠷᠥᠯ ᠵᠦᠢᠯ ︵ᠬᠤᠶᠠᠳᠤᠭᠠᠷ ᠬᠤᠭᠤᠴᠠᠭᠠᠨ ᠤ ᠨᠤᠸᠠᠨ ᠱᠦᠢ ᠳᠠᠬᠢ 60 ᠲᠦᠮᠡᠨ ᠺᠢᠯᠣᠸᠠᠲ ᠤᠨ ᠰᠠᠯᠬᠢᠨ ᠬᠦᠴᠦᠨ ᠴᠠᠬᠢᠯᠭᠠᠨ ᠤ ᠲᠥᠷᠥᠯ ᠵᠦᠢᠯ︶ ᠤᠨ ᠠᠵᠢᠯ ᠢ ᠪᠥᠬᠦ ᠲᠠᠯ᠎ᠠ ᠪᠠᠷ ᠰᠡᠷᠭᠦᠭᠡᠪᠡ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 34.19 ᠳ᠋ᠦᠩᠰᠢᠭᠤᠷ ᠣᠷᠴᠢᠮ ᠲᠥᠭᠦᠷᠢᠭ ᠲᠤ ᠬᠦᠷᠴᠦ᠂ ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠱᠢᠯᠲᠡ ᠪᠠᠷ ᠵᠢᠯ ᠳᠤ 16.56 ᠳ᠋ᠦᠩᠰᠢᠭᠤᠷ ᠺᠢᠯᠣᠸᠠᠲ ᠴᠠᠭ ᠤᠨ ᠴᠠᠬᠢᠯᠭᠠᠨ ᠭᠠᠷᠭᠠᠬᠤ ᠪᠣᠯᠣᠨ᠎ᠠ᠃ ︵ᠣᠷᠳᠣᠰ ᠬᠤᠲᠠ ᠶᠢᠨ ᠵᠠᠰᠠᠭ ᠤᠨ ᠣᠷᠳᠣᠨ︶

      2 ᠳ᠋ᠤᠭᠠᠷ ᠰᠠᠷ᠎ᠠ ᠶᠢᠨ 21 ᠤ ᠡᠳᠦᠷ᠂ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠪᠣᠭᠤᠳᠠᠯᠯᠠᠬᠤ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠳᠦᠭᠦᠪᠴᠢ ᠵᠥᠪᠯᠡᠯᠴᠡᠭᠡᠷ ᠳᠣᠬᠢᠷᠠᠯᠴᠠᠪᠠ ᠂ ᠲᠣᠰ ᠲᠥᠷᠥᠯ ᠵᠦᠢᠯ ᠳᠤ ᠨᠡᠶᠢᠲᠡ 32.3 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠵᠢᠱᠢᠵᠦ᠂ ᠭᠤᠷᠪᠠᠨ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠬᠤ ᠪᠠᠷ ᠪᠠᠶᠢᠨ᠎ᠠ᠂ ᠲᠥᠷᠥᠯ ᠵᠦᠢᠯ ᠢ ᠴᠥᠮ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠱᠢᠯᠲᠡ ᠪᠠᠷ ᠵᠢᠯ ᠳᠤ 67.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠡᠭᠦᠳᠬᠦ ᠪᠣᠯᠣᠨ᠎ᠠ᠃ ︵ᠪᠤᠭᠤᠲᠤ ᠬᠤᠲᠠ ᠶᠢᠨ ᠵᠠᠰᠠᠭ ᠤᠨ ᠣᠷᠳᠣᠨ︶

      2 ᠳ᠋ᠤᠭᠠᠷ ᠰᠠᠷ᠎ᠠ ᠶᠢᠨ 22 ᠤᠨ ᠡᠳᠦᠷ᠂ ᠬᠤᠷᠢᠨᠭᠡᠷ ᠰᠢᠶᠠᠨ ᠤ ᠵᠢᠨᠴᠢᠶᠣᠣ ᠬᠤᠷᠢᠨᠭᠡᠷ ᠤᠨ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠶᠢ ᠠᠮᠢᠳᠤᠯᠢᠭ ᠢᠶᠠᠷ ᠥᠭᠡᠷᠡᠴᠢᠯᠡᠨ ᠰᠢᠨᠡᠳᠬᠡᠬᠦ ᠳᠤ ᠢᠵᠢ ᠲᠦᠬᠦᠷᠵᠢᠭᠦᠯᠦᠨ ᠰᠢᠩᠭᠡᠭᠡᠨ ᠠᠪᠬᠤ ᠰᠢᠨ᠎ᠡ ᠡᠨᠧᠷᠭᠢ ᠶᠢᠨ 48 ᠲᠦᠮᠡᠨ ᠺᠢᠯᠣᠸᠠᠲ ᠤᠨ ᠰᠠᠯᠬᠢᠨ ᠬᠦᠴᠦᠨ ᠴᠠᠬᠢᠯᠭᠠᠨ ᠤ ᠲᠥᠷᠥᠯ ᠵᠦᠢᠯ ᠢ ᠠᠵᠢᠯ ᠡᠬᠢᠯᠡᠭᠦᠯᠬᠦ ᠶᠣᠰᠣᠯᠠᠯ ᠶᠠᠪᠤᠭᠳᠠᠪᠠ᠂ ᠲᠤᠬᠠᠢ ᠶᠢᠨ ᠡᠳᠦᠷ ᠬᠤᠸᠠ ᠨᠧᠩ ᠤᠮᠠᠷᠠᠲᠤ ᠶᠢᠨ ᠺᠣᠮᠫᠠᠨᠢ ᠶᠢᠨ ᠰᠢᠨ᠎ᠡ ᠡᠨᠧᠷᠭᠢ ᠶᠢᠨ 10 ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠵᠦ᠂ ᠶᠡᠷᠦᠩᠬᠡᠢ ᠬᠡᠪᠴᠢᠶᠡᠵᠢᠯ  ᠨᠢ 720 ᠲᠦᠮᠡᠨ ᠺᠢᠯᠣᠸᠠᠲ ︵ᠭᠡᠷᠡᠯᠴᠢ ᠴᠡᠨᠡᠭ 450 ᠲᠦᠮᠡᠨ ᠺᠢᠯᠣᠸᠠᠲ᠂ ᠰᠠᠯᠬᠢᠨ ᠬᠦᠴᠦᠨ ᠤ ᠴᠠᠬᠢᠯᠭᠠᠨ 270 ᠲᠦᠮᠡᠨ ᠺᠢᠯᠣᠸᠠᠲ︶ ᠲᠤ ᠬᠦᠷᠴᠡᠢ᠃ ︵ᠬᠤᠷᠢᠨᠭᠡᠷ ᠰᠢᠶᠠᠨ ᠤ ᠵᠠᠰᠠᠭ ᠤᠨ ᠣᠷᠳᠣᠨ︶

      

      

 

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ