|
ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠠᠶᠢᠭᠤᠯᠬᠤ ︽ᠤᠷᠤᠭᠰᠢᠯᠠᠯᠲᠠ ᠶᠢᠨ ᠪᠦᠷᠢᠶ᠎ᠡ︾ ᠶᠢ ᠬᠠᠩᠭᠢᠨᠠᠭᠤᠯᠤᠨ᠎ᠠ |
|
|
ᠨᠡᠶᠢᠲᠡᠯᠡᠭᠰᠡᠨ ᠴᠠᠭ᠄
2025/2/27
|
|
ᠰᠤᠷᠭᠠᠨ ᠬᠥᠮᠦᠵᠢᠯ ᠮᠠᠨᠳᠤᠪᠠᠯ ᠤᠯᠤᠰ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃ 2024 ᠣᠨ ᠪᠣᠯ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠶᠡᠷᠦ ᠪᠤᠰᠤ ᠶᠢᠨ ᠨᠢᠭᠡ ᠵᠢᠯ ᠪᠣᠯᠣᠨ᠎ᠠ᠂ ᠮᠥᠨ ᠴᠤ ᠥᠪᠥᠷ ᠮᠣᠩᠭᠤᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠦᠬᠡᠨ ᠳᠡᠭᠡᠷᠡᠬᠢ ᠬᠥᠰᠢᠶ᠎ᠡ ᠳᠤᠷᠠᠰᠬᠠᠯ ᠤᠨ ᠤᠳᠬ᠎ᠠ ᠠᠭᠤᠯᠭ᠎ᠠ ᠲᠠᠢ ᠨᠢᠭᠡ ᠵᠢᠯ ᠪᠣᠯᠣᠨ᠎ᠠ᠃ ᠡᠨᠡ ᠨᠢᠭᠡ ᠵᠢᠯ ᠳᠤ᠂ ᠪᠦᠭᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠬᠤᠷᠠᠯᠳᠤᠵᠤ᠂ ᠵᠠᠯᠭᠠᠭᠠᠳ ᠪᠦᠭᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠬᠤᠷᠠᠯᠳᠤᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠤᠬᠠᠢ ᠰᠠᠨᠠᠯ ᠢ ᠨᠡᠶᠢᠲᠡᠯᠡᠨ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠤᠭ᠎ᠠ ᠲᠥᠰᠥᠪ ᠢ ᠵᠢᠷᠤᠭᠯᠠᠵᠤ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠲᠤᠬᠠᠢ ᠳᠠᠶᠢᠴᠢᠯᠠᠯᠲᠠ ᠶᠢᠨ ᠵᠠᠷᠯᠢᠭ ᠪᠠᠭᠤᠯᠭᠠᠪᠠ᠃ ᠡᠨᠡ ᠨᠢᠭᠡ ᠵᠢᠯ ᠳᠤ᠂ ᠪᠦᠭᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠤᠷᠭᠠᠨ ᠬᠥᠮᠦᠵᠢᠯ ᠤᠨ ᠤᠯᠤᠰ ᠲᠥᠷᠥᠴᠢ ᠴᠢᠨᠠᠷ᠂ ᠠᠷᠠᠳ ᠲᠦᠮᠡᠨᠴᠢ ᠴᠢᠨᠠᠷ᠂ ᠪᠠᠶᠢᠯᠳᠤᠬᠤ ᠪᠣᠳᠣᠯᠭ᠎ᠠ ᠶᠢᠨ ᠴᠢᠨᠠᠷ ᠢ ᠪᠠᠲᠤ ᠡᠵᠡᠮᠳᠡᠨ᠂ ᠰᠤᠷᠭᠠᠨ ᠬᠥᠮᠦᠵᠢᠯ ᠢᠶᠠᠷ ᠣᠷᠣᠨ ᠢᠶᠠᠨ ᠬᠦᠴᠦᠷᠬᠡᠭᠵᠢᠭᠦᠯᠬᠦ ᠶᠢ ︽ᠲᠡᠷᠢᠭᠦᠨ ᠢᠨᠵᠧᠨᠧᠷᠢᠩ︾ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠡᠶᠡᠯᠡᠭᠦᠯᠬᠦ᠂ ︽ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ︾ ᠶᠢ ᠪᠡᠶᠡᠯᠡᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠪᠠ᠄ ᠰᠤᠷᠭᠠᠨ ᠬᠥᠮᠦᠵᠢᠯ ᠤᠨ ᠤᠯᠤᠰ ᠲᠦᠷᠦ ᠶᠢᠨ ᠬᠠᠷᠢᠶᠠᠲᠤ ᠴᠢᠨᠠᠷ ᠲᠤ ᠠᠩᠬᠠᠷᠤᠯ ᠲᠠᠯᠪᠢᠵᠤ᠂ ᠮᠠᠨ ᠤ ᠣᠷᠣᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠬᠤᠰᠢᠭᠤᠴᠢ ᠣᠷᠣᠨ ᠤ ᠪᠠᠶᠢᠭᠤᠯᠤᠯᠲᠠ ᠶᠢ ᠡᠬᠢᠯᠡᠭᠦᠯᠵᠦ᠂ ᠪᠦᠭᠦ ᠤᠯᠤᠰ ᠲᠤ ᠲᠦᠷᠦᠭᠦᠯᠡᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠣᠶᠢᠮᠣ︾ ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠬᠥᠮᠥᠷᠭᠡ ᠶᠢ ᠦᠢᠯᠡᠳᠴᠦ᠂ ︽ᠠᠶᠠᠯᠠᠨ ᠰᠤᠷᠤᠯᠴᠠᠬᠤᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾᠂ ︽ᠬᠢᠯᠢ ᠶᠢᠨ ᠱᠤᠭᠤᠮ ᠳᠠᠬᠢ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ︾ ᠵᠡᠷᠭᠡ ᠦᠢᠯᠡᠳᠦᠯᠭᠡ ᠶᠢᠨ ᠲᠦᠷᠦᠯ ᠲᠡᠮᠳᠡᠭ ᠢ ᠡᠭᠦᠳᠴᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ ᠪᠤᠢ᠃ ᠰᠤᠷᠭᠠᠨ ᠬᠥᠮᠦᠵᠢᠯ ᠤᠨ ᠠᠷᠠᠳᠴᠢ ᠴᠢᠨᠠᠷ ᠲᠤ ᠠᠩᠬᠠᠷᠤᠯ ᠲᠠᠯᠪᠢᠵᠤ᠂ ᠮᠠᠨ ᠤ ᠣᠷᠣᠨ ᠰᠤᠷᠭᠠᠭᠤᠯᠢ ᠶᠢᠨ ᠨᠠᠰᠤᠨ ᠤ ᠵᠡᠮᠳᠡᠭ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠭᠰᠠᠨ ᠨᠣᠷᠮ᠎ᠠ 97% ᠠᠴᠠ ᠳᠡᠭᠡᠭᠰᠢ ᠳᠤ ᠬᠦᠷᠭᠡᠵᠦ᠂ ᠰᠣᠷᠣᠬᠴᠢ ᠶᠢ ᠲᠤᠰᠠᠯᠠᠬᠤ ᠪᠡᠯᠡ ᠮᠥᠩᠭᠦ ᠶᠢ ᠪᠦᠭᠦ ᠣᠷᠣᠨ ᠳᠤ ᠨᠡᠶᠢᠲᠡ 48.8 ᠳ᠋ᠦᠩᠰᠢᠭᠤᠷ ᠲᠥᠭᠦᠷᠢᠭ ᠨᠠᠶᠢᠳᠠᠪᠤᠷᠢᠵᠢᠭᠤᠯᠵᠤ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ 18 ᠳ᠋ᠦᠩᠰᠢᠭᠤᠷ ᠲᠥᠭᠦᠷᠢᠭ ᠲᠠᠷᠬᠠᠭᠠᠵᠤ᠂ 454.7 ᠲᠦᠮᠡᠨ ᠬᠥᠮᠥᠨ ᠤᠳᠠᠭ᠎ᠠ ᠳᠤ ᠠᠰᠢᠭ ᠬᠦᠷᠲᠡᠭᠡᠪᠡ᠃ 7 ᠬᠤᠰᠢᠭᠤ ᠰᠢᠶᠠᠨ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠲᠦᠭᠡᠮᠡᠯ ᠬᠠᠷᠠᠭᠠᠯᠵᠠᠯ ᠦᠵᠡᠭᠦᠯᠭᠦ ᠤᠯᠤᠰ ᠤᠨ ᠦᠨᠡᠯᠡᠨ ᠵᠢᠱᠢᠯᠲᠡ ᠶᠢ ᠥᠩᠭᠡᠷᠡᠭᠡᠵᠦ᠂ 8 ᠬᠤᠰᠢᠭᠤ ᠰᠢᠶᠠᠨ ᠤᠯᠤᠰ ᠤᠨ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢᠨ ᠦᠨᠡᠯᠡᠨ ᠵᠢᠱᠢᠯᠲᠡ ᠶᠢ ᠥᠩᠭᠡᠷᠡᠭᠡᠪᠡ᠃ ᠪᠦᠭᠦ ᠣᠷᠣᠨ ᠤ 12 ᠠᠶᠢᠮᠠᠭ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠳᠤ ᠣᠷᠣᠬᠤ ᠳᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ᠃ ᠪᠠᠶᠢᠯᠳᠤᠬᠤ ᠪᠣᠳᠣᠯᠭ᠎ᠠ ᠶᠢᠨ ᠴᠢᠨᠠᠷ ᠲᠤ ᠠᠩᠬᠠᠷᠤᠯ ᠲᠠᠯᠪᠢᠵᠤ᠂ ᠮᠠᠨ ᠤ ᠣᠷᠣᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠠᠰ ᠳᠡᠪᠰᠢᠬᠦ ᠠᠵᠢᠯ ᠳᠤ ᠰᠢᠨ᠎ᠡ ᠰᠢᠪᠲᠤᠯᠤᠯᠲᠠ ᠭᠠᠷᠭᠠᠵᠤ᠂ ᠳ᠋ᠣᠺᠲ᠋ᠣᠷ ᠴᠣᠯᠠ ᠣᠯᠭᠤᠬᠤ ᠴᠡᠭ 47 ᠪᠠᠶᠢᠭᠰᠠᠨ ᠠᠴᠠ ᠪᠠᠨ 59 ᠪᠣᠯᠵᠤ ᠨᠡᠮᠡᠭᠳᠡᠨ᠂ ᠡᠮᠴᠢᠯᠡᠭᠡᠨ ᠤ ᠠᠨᠠᠭᠠᠬᠤ ᠤᠬᠠᠭᠠᠨ᠂ ᠰᠤᠷᠭᠠᠨ ᠬᠥᠮᠦᠵᠢᠯ ᠵᠡᠷᠭᠡ 11 ᠰᠢᠨᠵᠢᠯᠡᠭᠡᠨ ᠤ ᠰᠠᠯᠠᠭ᠎ᠠ ᠶᠢ ᠠᠩᠬ᠎ᠠ ᠤᠳᠠᠭ᠎ᠠ ᠪᠠᠶᠢᠷᠢᠯᠠᠭᠤᠯᠵᠤ᠂ ᠳ᠋ᠣᠺᠲ᠋ᠣᠷ ᠤᠨ ᠲᠤᠰᠬᠠᠢ ᠮᠡᠷᠭᠡᠵᠢᠯ ᠤᠨ ᠡᠷᠳᠡᠮ ᠤᠨ ᠴᠣᠯᠠ ᠣᠯᠭᠤᠬᠤ ᠴᠡᠭ ᠦᠭᠡᠢ ᠪᠠᠶᠢᠭᠰᠠᠨ ᠶᠠᠪᠤᠳᠠᠯ ᠢ ᠡᠴᠦᠰᠯᠡᠭᠦᠯᠪᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠳᠤ ᠦᠢᠯᠡᠴᠢᠯᠡᠬᠦ ᠲᠤᠰᠬᠠᠢ ᠮᠡᠷᠭᠡᠵᠢᠯ ᠤᠨ ᠡᠵᠡᠯᠡᠬᠦ ᠬᠠᠷᠢᠴᠠᠯ 77.7% ᠳᠤ ᠭᠦᠷᠪᠡ᠃ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠮᠥᠨ᠂ ᠠᠷᠪᠠᠨ ᠵᠢᠯ ᠳᠤ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠬᠦ᠂ ᠥᠨᠳᠥᠷ ᠪᠠᠶᠢᠷᠢ ᠠᠴᠠ ᠠᠬᠢᠭᠤᠯᠬᠤ ᠵᠢᠯ ᠮᠥᠨ᠃ 2 ᠰᠠᠷ᠎ᠠ ᠶᠢᠨ 19 ᠤ ᠡᠳᠦᠷ ᠬᠤᠷᠠᠯᠳᠤᠭᠰᠠᠨ ᠪᠦᠭᠦ ᠣᠷᠣᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠠᠴᠠ 2025 ᠣᠨ ᠤ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠤᠯᠤᠭᠠᠨ ᠲᠠᠯ᠎ᠠ ᠪᠠᠷ ᠰᠤᠷᠭᠠᠨ ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠠᠬᠢᠭᠤᠯᠬᠤ ︽ᠤᠷᠤᠭᠰᠢᠯᠠᠯᠲᠠ ᠶᠢᠨ ᠪᠦᠷᠢᠶ᠎ᠡ︾ ᠶᠢ ᠬᠠᠩᠭᠢᠨᠠᠭᠤᠯᠪᠠ᠄ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠨ᠎ᠠ᠃ ᠨᠠᠮ ᠠᠴᠠ ᠰᠤᠷᠭᠠᠨ ᠬᠥᠮᠦᠵᠢᠯ ᠤᠨ ᠠᠵᠢᠯ ᠢ ᠪᠦᠭᠦ ᠲᠠᠯ᠎ᠠ ᠪᠠᠷ ᠤᠳᠤᠷᠢᠳᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠶᠢ ᠵᠢᠷᠤᠮᠵᠢᠭᠤᠯᠤᠨ ᠳᠡᠭᠡᠭᠰᠢᠯᠡᠭᠦᠯᠵᠦ ᠡᠩᠨᠡᠭᠡ ᠪᠠᠨ ᠬᠦᠴᠦᠷᠬᠡᠭᠵᠢᠭᠦᠯᠬᠦ ᠶᠢ ᠠᠬᠢᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠲᠤᠯᠠᠨ᠎ᠠ᠃ ᠰᠤᠷᠭᠠᠨ ᠬᠥᠮᠦᠵᠢᠯ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠤᠨ ᠬᠤᠰᠢᠭᠤᠴᠢ ᠣᠷᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢᠶᠠᠷ ᠬᠥᠮᠥᠨ ᠬᠥᠮᠥᠵᠢᠭᠦᠯᠬᠦ ᠵᠠᠩᠭᠢᠯᠠᠭ᠎ᠠ ᠶᠢᠨ ᠬᠢᠴᠢᠶᠡᠯ ᠢ ᠪᠠᠶᠢᠭᠤᠯᠵᠤ᠂ ᠤᠮᠠᠷᠠᠲᠤ ᠬᠢᠯᠢ ᠶᠢᠨ ᠦᠢᠯᠡᠳᠦᠯᠭᠡ ᠪᠠᠷ ᠬᠥᠮᠥᠨ ᠬᠥᠮᠥᠵᠢᠭᠦᠯᠬᠦ ᠲᠣᠮᠣ ᠬᠢᠴᠢᠶᠡᠯ ᠤᠨ ᠲᠠᠩᠬᠢᠮ ᠢ ᠪᠠᠶᠢᠭᠤᠯᠵᠤ᠂ ᠪᠠᠭᠰᠢ ᠰᠤᠷᠤᠬᠴᠢᠳ ᠤᠨ ᠬᠠᠮᠲᠤ ᠶᠢᠨ ᠰᠤᠳᠤᠯᠭᠠᠨ ᠬᠠᠮᠲᠤ ᠶᠢᠨ ᠠᠶᠠᠯᠠᠯ ᠳᠤᠮᠳᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠶᠢ ᠬᠥᠲᠥᠯᠥᠨ ᠵᠢᠯᠣᠭᠤᠳᠤᠨ᠎ᠠ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠥᠪᠡᠷ ᠢ ᠪᠠᠨ ᠬᠦᠴᠦᠷᠬᠡᠭᠵᠢᠭᠦᠯᠬᠦ ᠶᠢ ᠬᠦᠴᠦᠯᠡᠨ ᠠᠬᠢᠭᠤᠯᠤᠨ᠎ᠠ᠃ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠶᠡᠭᠡ ᠳᠡᠭᠡᠳᠦ ᠰᠤᠷᠭᠠᠭᠤᠯᠢ ᠪᠠ ᠬᠢᠴᠢᠶᠡᠯ ᠲᠥᠷᠥᠯ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠳᠡᠭᠡᠳᠦ ᠲᠠᠰ ᠤᠨ ᠴᠢᠳᠠᠪᠤᠷᠢᠲᠠᠨ ᠢ ᠤᠷᠢᠨ ᠠᠪᠴᠢᠷᠠᠬᠤ ᠶᠢ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠴᠢᠨᠠᠷ ᠤᠨ ᠦᠰᠦᠷᠦᠯᠲᠡ ᠶᠢ ᠠᠯᠢ ᠲᠦᠷᠭᠡᠨ ᠪᠡᠶᠡᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ ᠢ ᠬᠦᠴᠦᠯᠡᠨ ᠠᠬᠢᠭᠤᠯᠤᠨ᠎ᠠ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠶᠠᠰᠤ ᠴᠢᠨᠠᠷ ᠢᠶᠠᠨ ᠳᠡᠭᠡᠭᠰᠢᠯᠡᠭᠦᠯᠦᠨ ᠰᠢᠯᠢᠳᠡᠭ ᠢᠶᠠᠨ ᠥᠷᠭᠡᠳᠬᠡᠬᠦ ᠶᠢ ᠲᠦᠷᠭᠡᠳᠬᠡᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠪᠠ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠲᠤᠰᠬᠠᠢ ᠮᠡᠷᠭᠡᠵᠢᠯ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠬᠤᠶᠠᠳᠤᠭᠠᠷ ᠪᠦᠯᠦᠭ ᠤᠨ ᠬᠤᠲᠠ ᠶᠢᠨ ᠬᠡᠪᠴᠢᠶᠡᠨ ᠤ ᠠᠵᠤ ᠦᠢᠯᠡᠰ ᠪᠠ ᠰᠤᠷᠭᠠᠨ ᠬᠥᠮᠦᠵᠢᠯ ᠤᠨ ᠬᠤᠯᠪᠣᠭᠠᠲᠤ ᠴᠣᠭᠴᠠ ᠪᠣᠯᠣᠨ ᠠᠵᠢᠯ ᠲᠥᠷᠥᠯ ᠤᠨ ᠠᠵᠤ ᠦᠢᠯᠡᠰ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠬᠠᠮᠲᠤ ᠶᠢᠨ ᠴᠣᠭᠴᠠ ᠶᠢ ᠡᠭᠦᠳᠦᠨ ᠪᠠᠶᠢᠭᠤᠯᠬᠤ ᠶᠢ ᠡᠬᠢᠯᠡᠭᠦᠯᠵᠦ᠂ ︽ᠤᠷᠠᠨ ᠳᠠᠷᠬᠠᠨ ᠤ ᠠᠩᠭᠢ︾ ᠶᠢᠨ ᠲᠥᠯᠥᠪᠯᠡᠭᠡ ᠪᠠ ᠲᠤᠬᠠᠢ ᠶᠢᠨ ᠲᠠᠯᠠᠪᠠᠶ ᠶᠢᠨ ᠢᠨᠵᠧᠨᠧᠷ ᠤᠨ ᠲᠤᠰᠬᠠᠢ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠪᠠ ᠰᠤᠷᠭᠠᠨ ᠬᠥᠮᠦᠵᠢᠯ ᠢ ᠵᠣᠬᠢᠴᠠᠭᠤᠯᠤᠨ ᠬᠥᠮᠥᠨ ᠬᠥᠮᠥᠵᠢᠭᠦᠯᠬᠦ ᠶᠢ ᠭᠦᠨᠵᠡᠭᠡᠶᠢᠷᠡᠭᠦᠯᠦᠨ᠎ᠡ᠃ ᠰᠠᠭᠤᠷᠢ ᠰᠤᠷᠭᠠᠨ ᠬᠥᠮᠦᠵᠢᠯ ᠤᠨ ᠡᠷᠬᠡ ᠲᠡᠭᠰᠢ ᠴᠢᠨᠠᠷ ᠰᠠᠶᠢᠲᠠᠢ ᠪᠠᠶᠢᠬᠤ ᠶᠢ ᠬᠦᠴᠦᠯᠡᠨ ᠠᠬᠢᠭᠤᠯᠤᠨ᠎ᠠ᠃ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠥᠨᠳᠥᠷ ᠳᠤᠮᠳᠠᠳᠤ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠠᠭᠤᠷᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠣᠨ ᠪᠦᠰᠡ᠂ ᠲᠥᠷᠥᠯ ᠢᠯᠭᠠᠯ ᠬᠤᠪᠢᠶᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠰᠢᠭᠤᠷᠠᠯ ᠲᠥᠯᠦᠪᠵᠢᠭᠦᠯᠭᠡ ᠶᠢ ᠰᠠᠶᠢᠲᠤᠷ ᠬᠢᠵᠦ᠂ ᠣᠷᠣᠨ ᠪᠦᠰᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠬᠦ ᠶᠢ ᠠᠬᠢᠭᠤᠯᠤᠨ᠂ ᠰᠤᠷᠤᠬᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢᠨ ᠡᠩᠨᠡᠭᠡ ᠶᠢ ᠬᠦᠴᠦᠯᠡᠨ ᠪᠠᠶᠢᠭᠤᠯᠤᠨ᠎ᠠ᠃ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠠᠶᠢᠭᠤᠯᠬᠤ ᠬᠠᠮᠤᠭ ᠤᠨ ᠴᠢᠬᠤᠯᠠ ᠰᠠᠭᠤᠷᠢ ᠠᠵᠢᠯ ᠪᠤᠯᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠰᠦᠭ ᠰᠦᠨᠡᠰᠦ ᠶᠢ ᠱᠤᠭᠤᠵᠤ ᠪᠠᠭᠰᠢ ᠶᠢ ᠬᠦᠴᠦᠷᠬᠡᠭᠵᠢᠭᠦᠯᠬᠦ ᠠᠵᠢᠯᠯᠠᠭ᠎ᠠ ᠶᠢ ᠤᠯᠠᠮ ᠭᠦᠨᠵᠡᠭᠡᠶᠢᠷᠡᠭᠦᠯᠵᠦ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠬᠥᠮᠦᠵᠢᠯ ᠪᠣᠯᠪᠠᠰᠤᠷᠠᠯ ᠤᠨ ᠰᠢᠰᠲ᠋ᠧᠮ ᠢ ᠪᠦᠷᠢᠨᠰᠢᠭᠦᠯᠵᠦ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ᠃ ᠰᠤᠷᠤᠯᠴᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠪᠠ ᠰᠤᠷᠭᠠᠨ ᠬᠥᠮᠦᠵᠢᠯ ᠤᠨ ᠲᠤᠭᠠᠴᠢᠯᠠᠯᠲᠠ ᠪᠠᠷ ᠬᠦᠴᠦᠨ ᠣᠯᠭᠤᠬᠤ ᠶᠢ ᠬᠦᠴᠦᠯᠡᠨ ᠴᠢᠩᠭᠠᠳᠬᠠᠨ᠎ᠠ᠃ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠦᠭᠦ ᠣᠷᠣᠨ ᠪᠦᠰᠡ ᠶᠢᠨ ᠬᠡᠷᠡᠭᠯᠡᠭᠡᠨ ᠤ ᠲᠤᠷᠰᠢᠯᠲᠠ ᠶᠢᠨ ᠠᠵᠢᠯ ᠢ ᠭᠦᠨᠵᠡᠭᠡᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠣᠭᠠᠴᠢᠯᠠᠭᠰᠠᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠬᠡᠷᠡᠭᠯᠡᠭᠡᠨ ᠤ ᠰᠠᠭᠤᠷᠢ ᠶᠢ ᠪᠠᠬᠢᠵᠢᠭᠦᠯᠦᠨ᠂ ᠵᠣᠬᠢᠶᠠᠮᠠᠯ ᠤᠶᠤᠨ ᠴᠢᠳᠠᠪᠤᠷᠢ ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ ᠢ ᠲᠦᠷᠭᠡᠳᠬᠡᠨ ᠪᠠᠶᠢᠷᠢᠰᠢᠭᠤᠯᠵᠤ᠂ ᠬᠡᠪᠴᠢᠶᠡᠵᠢᠭᠰᠡᠨ ᠪᠠᠭᠰᠢ ᠶᠢᠨ ᠬᠠᠩᠭᠠᠯᠭ᠎ᠠ ᠶᠢ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠤᠷᠭᠠᠨ ᠬᠥᠮᠦᠵᠢᠯ ᠤᠨ ᠬᠦᠷᠢᠶᠡᠨ ᠳᠠᠬᠢ ᠰᠢᠨ᠎ᠡ ᠶᠢ ᠡᠭᠦᠳᠬᠦ ᠬᠡᠷᠡᠭᠯᠡᠯᠲᠡ ᠶᠢ ᠭᠦᠨᠵᠡᠭᠡᠶᠢᠷᠡᠭᠦᠯᠦᠨ᠎ᠡ᠃ ︽ᠪᠢᠳᠡ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠪᠠᠶᠢᠭᠤᠯᠬᠤ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠠᠭᠤᠯᠤᠭᠳᠠᠬᠤᠨ᠂ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ᠂ ᠨᠠᠩ ᠴᠢᠩᠭ᠎ᠠ ᠣᠨᠴᠠᠯᠢᠭ ᠲᠠᠢ᠂ ᠨᠠᠩ ᠴᠢᠩᠭ᠎ᠠ ᠶᠠᠰᠤ ᠴᠢᠨᠠᠷ ᠲᠠᠢ᠂ ᠨᠠᠩ ᠴᠢᠩᠭ᠎ᠠ ᠬᠥᠳᠡᠯᠭᠡᠬᠦ ᠬᠦᠴᠦᠨ ᠲᠠᠢ᠂ ᠨᠠᠩ ᠴᠢᠩᠭ᠎ᠠ ᠨᠡᠭᠡᠭᠡᠯᠲᠡ ᠲᠠᠢ᠂ ᠨᠠᠩ ᠴᠢᠩᠭ᠎ᠠ ᠬᠠᠮᠵᠢᠯᠴᠠᠭᠰᠠᠨ᠂ ᠨᠠᠩ ᠴᠢᠩᠭ᠎ᠠ ᠪᠠᠲᠤᠯᠠᠭ᠎ᠠ ᠲᠠᠢ ᠰᠤᠷᠭᠠᠨ ᠬᠥᠮᠦᠵᠢᠯ ᠤᠨ ᠬᠦᠴᠦᠷᠬᠡᠭ ᠣᠷᠣᠨ ᠢ ᠴᠢᠷᠮᠠᠶᠢᠨ ᠪᠠᠶᠢᠭᠤᠯᠵᠤ᠂ ᠰᠤᠷᠭᠠᠨ ᠬᠥᠮᠦᠵᠢᠯ ᠤᠨ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠤᠪᠢ ᠨᠡᠮᠡᠷᠢ ᠶᠢᠨ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|