ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ 2 ᠰᠠᠷ᠎ᠠ ᠶᠢᠨ 1 ᠤ ᠡᠳᠦᠷ ᠬᠡᠪᠯᠡᠭᠳᠡᠬᠦ 3 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2016 ᠣᠨ ᠤ 12 ᠰᠠᠷ᠎ᠠ ᠶᠢᠨ 12 ᠤᠨ ᠡᠳᠦᠷ ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢᠳ ᠲᠠᠢ ᠠᠭᠤᠯᠵᠠᠬᠤ ᠦᠶ᠎ᠡ ᠶᠢᠨ ᠶᠠᠷᠢᠶ᠎ᠠ ᠶᠢᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ ᠴᠢᠬᠤᠯᠠᠴᠢᠯᠠᠵᠤ᠂ ᠭᠡᠷ ᠤᠨ ᠰᠤᠷᠲᠠᠯ ᠢ ᠴᠢᠬᠤᠯᠠᠴᠢᠯᠠᠬᠤ ᠬᠡᠷᠡᠭᠲᠡᠢ︾ ᠭᠡᠬᠦ ᠨᠢᠭᠡ ᠬᠡᠰᠡᠭ ᠢ ᠨᠡᠶᠢᠲᠡᠯᠡᠪᠡ᠃
ᠵᠣᠬᠢᠶᠠᠯ ᠳᠤ᠂ ᠳᠤᠮᠳᠠᠳᠤ ᠶᠢᠨ ᠦᠨᠳᠦᠰᠦᠲᠡᠨ ᠶᠡᠷᠦ ᠠᠴᠠ ᠭᠡᠷ ᠪᠦᠯᠢ ᠶᠢ ᠴᠢᠬᠤᠯᠠᠴᠢᠯᠠᠳᠠᠭ᠃ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠤᠬᠠᠭᠠᠨᠲᠤ ᠭᠡᠷᠭᠡᠢ ᠲᠠᠢ ᠡᠷ᠎ᠡ ᠶᠢᠨ ᠰᠠᠨᠠᠭ᠎ᠠ ᠠᠮᠤᠷ ᠪᠠᠶᠢᠬᠤ᠂ ᠡᠬᠡ ᠨᠢ ᠡᠨᠡᠷᠢᠩᠭᠦᠢ ᠪᠣᠯ ᠬᠥᠪᠡᠭᠦᠨ ᠨᠢ ᠡᠯᠪᠡᠷᠢᠯ ᠲᠠᠢ᠂ ᠠᠬ᠎ᠠ ᠳᠡᠭᠦᠦ ᠬᠤᠭᠤᠷᠣᠨᠳᠤ ᠪᠠᠨ ᠨᠥᠭᠦᠷᠰᠡᠭ ᠪᠠᠶᠢᠬᠤ᠂ ᠲᠠᠷᠢᠶᠠᠯᠠᠬᠤ ᠶᠢᠨ ᠬᠠᠮᠲᠤ ᠰᠤᠷᠤᠯᠴᠠᠬᠤ ᠭᠡᠷ ᠤᠨ ᠤᠯᠠᠮᠵᠢᠯᠠᠯ ᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠮᠡᠳᠡᠯᠭᠡ ᠮᠣᠷᠠᠯ ᠲᠠᠢ ᠪᠠᠶᠢᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠭᠡᠷ ᠬᠤᠲᠠᠯᠠᠭᠠᠷ ᠡᠶ᠎ᠡ ᠡᠪᠲᠡᠢ ᠪᠣᠯᠪᠠᠰᠤ ᠬᠠᠮᠤᠭ ᠦᠢᠯᠡᠰ ᠬᠥᠭᠵᠢᠩᠭᠦᠢ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠬᠠᠨ ᠰᠤᠷᠲᠠᠯ ᠪᠣᠯ ᠳᠤᠮᠳᠠᠳᠤ ᠶᠢᠨ ᠦᠨᠳᠦᠰᠦᠲᠡᠨ ᠦᠶ᠎ᠡ ᠶᠢᠨ ᠦᠶ᠎ᠡ ᠳᠡᠭᠡᠨ ᠲᠠᠰᠤᠷᠠᠰᠢ ᠦᠭᠡᠢ᠂ ᠦᠶ᠎ᠡ ᠤᠯᠠᠷᠢᠨ ᠤᠯᠠᠮᠵᠢᠯᠠᠬᠤ ᠶᠢ ᠲᠤᠯᠭᠠᠭᠤᠷᠢᠯᠠᠬᠤ ᠴᠢᠬᠤᠯᠠ ᠤᠶᠤᠨ ᠰᠠᠨᠠᠭᠠᠨ ᠤ ᠬᠦᠴᠦᠨ ᠮᠥᠨ᠂ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠮᠥᠨ᠃ ᠴᠠᠭ ᠦᠶ᠎ᠡ ᠬᠡᠷᠬᠢᠨ ᠬᠤᠪᠢᠷᠠᠵᠤ᠂ ᠠᠵᠤ ᠠᠬᠤᠢ ᠨᠡᠶᠢᠭᠡᠮ ᠬᠡᠷᠬᠢᠨ ᠬᠥᠭᠵᠢᠭᠰᠡᠨ ᠴᠦ ᠨᠢᠭᠡ ᠨᠡᠶᠢᠭᠡᠮ ᠳᠤ ᠠᠪᠴᠤ ᠬᠡᠯᠡᠪᠡᠯ ᠭᠡᠷ ᠪᠦᠯᠢ ᠶᠢᠨ ᠠᠮᠢᠳᠤᠷᠠᠯ ᠤᠨ ᠲᠦᠰᠢᠭ ᠲᠤᠯᠭᠠᠭᠤᠷᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠨᠡᠶᠢᠭᠡᠮ ᠤᠨ ᠴᠢᠳᠠᠮᠵᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠪᠣᠯᠪᠠᠰᠤᠨ ᠤ ᠦᠢᠯᠡᠳᠦᠯ ᠢ ᠴᠥᠮ ᠣᠷᠣᠯᠠᠭᠤᠯᠵᠤ ᠪᠣᠯᠣᠰᠢ ᠦᠭᠡᠢ ᠶᠤᠮ᠃ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠᠴᠢᠯᠠᠵᠤ᠂ ᠲᠦᠭ ᠲᠦᠮᠡᠨ ᠭᠡᠷ ᠪᠦᠯᠢ ᠶᠢ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠳᠠᠪᠰᠢᠯᠲᠠ᠂ ᠨᠡᠶᠢᠭᠡᠮ ᠤᠨ ᠡᠶ᠎ᠡ ᠵᠣᠬᠢᠴᠠᠩᠭᠤᠢ ᠶᠢᠨ ᠴᠢᠬᠤᠯᠠ ᠰᠠᠭᠤᠷᠢ ᠴᠡᠭ ᠪᠤᠯᠭᠠᠵᠤ᠂ ᠬᠥᠮᠥᠰ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠠᠶᠠᠯᠠᠯ ᠢᠶᠠᠨ ᠡᠬᠢᠯᠡᠭᠦᠯᠬᠦ ᠭᠠᠵᠠᠷ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ ᠳᠤ᠂ ᠤᠯᠠᠨ ᠢᠶᠠᠷ ᠢᠶᠠᠨ ᠭᠡᠷ ᠪᠦᠯᠢ ᠶᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠨᠡᠶᠢᠭᠡᠮ ᠤᠨ ᠡᠰ ᠮᠥᠨ᠃ ᠭᠡᠷ ᠪᠦᠯᠢ ᠡᠶ᠎ᠡ ᠨᠠᠶᠢᠷᠠᠮᠳᠠᠭᠤ ᠪᠣᠯ ᠨᠡᠶᠢᠭᠡᠮ ᠠᠮᠤᠷ ᠲᠣᠭᠲᠠᠭᠤᠨ ᠪᠣᠯᠵᠤ᠂ ᠭᠡᠷ ᠪᠦᠯᠢ ᠵᠣᠯ ᠵᠢᠷᠭᠠᠯ ᠲᠠᠢ ᠪᠣᠯ ᠨᠡᠶᠢᠭᠡᠮ ᠡᠶ᠎ᠡ ᠨᠠᠶᠢᠷᠠᠮᠳᠠᠭᠤ ᠪᠣᠯᠵᠤ᠂ ᠭᠡᠷ ᠪᠦᠯᠢ ᠪᠣᠯᠪᠠᠰᠤᠨ ᠪᠣᠯ ᠨᠡᠶᠢᠭᠡᠮ ᠪᠣᠯᠪᠠᠰᠤᠨ ᠪᠣᠯᠣᠨ᠎ᠠ᠃ ᠭᠡᠷ ᠪᠦᠯᠢ ᠶᠢᠨ ᠢᠷᠡᠭᠡᠳᠦᠢ ᠬᠤᠪᠢ ᠵᠠᠶᠠᠭ᠎ᠠ ᠨᠢ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ ᠬᠤᠯᠪᠤᠭ᠎ᠠ ᠲᠠᠢ ᠶᠤᠮ᠃ ᠲᠦᠭ ᠲᠦᠮᠡᠨ ᠠᠶᠢᠯ ᠡᠷᠦᠭᠡ ᠴᠥᠮ ᠰᠠᠶᠢᠨ ᠪᠠᠶᠢᠪᠠᠯ ᠤᠯᠤᠰ ᠣᠷᠣᠨ ᠰᠠᠶ᠋ᠢ ᠰᠠᠶᠢᠨ ᠪᠠᠶᠢᠵᠤ᠂ ᠦᠨᠳᠦᠰᠦᠲᠡᠨ ᠰᠠᠶ᠋ᠢ ᠰᠠᠶᠢᠨ ᠪᠠᠶᠢᠵᠤ ᠴᠢᠳᠠᠨ᠎ᠠ᠃ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠦᠨᠳᠦᠰᠦᠲᠡᠨ ᠤ ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠪᠣᠯ ᠬᠡᠶᠢᠰᠪᠦᠷᠢ ᠶᠠᠭᠤᠮ᠎ᠠ ᠪᠢᠰᠢ᠂ ᠡᠴᠦᠰ ᠲᠡᠭᠡᠨ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠲᠠᠢ ᠰᠠᠶᠢᠨ ᠰᠠᠶᠢᠬᠠᠨ ᠪᠤᠯᠬᠤ ᠳᠡᠭᠡᠷ᠎ᠡ ᠢᠯᠡᠷᠡᠵᠦ᠂ ᠲᠦᠭ ᠲᠦᠮᠡᠨ ᠠᠷᠠᠳ ᠤᠨ ᠠᠮᠢᠳᠤᠷᠠᠯ ᠤᠨ ᠲᠠᠰᠤᠷᠠᠯᠳᠠ ᠦᠭᠡᠢ ᠰᠠᠶᠢᠵᠢᠷᠠᠬᠤ ᠳᠡᠭᠡᠷ᠎ᠡ ᠢᠯᠡᠷᠡᠳᠡᠭ᠃ ᠡᠭᠦᠨ ᠤ ᠬᠠᠮᠲᠤ ᠤᠯᠤᠰ ᠣᠷᠣᠨ᠂ ᠦᠨᠳᠦᠰᠦᠲᠡᠨ ᠰᠠᠶᠢᠨ ᠪᠠᠶᠢᠪᠠᠯ ᠭᠡᠷ ᠪᠦᠯᠢ ᠰᠠᠶ᠋ᠢ ᠰᠠᠶᠢᠨ ᠪᠠᠶᠢᠵᠤ ᠴᠢᠳᠠᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠪᠡᠯ ᠭᠡᠷ ᠪᠦᠯᠢ ᠶᠢᠨ ᠵᠡᠭᠦᠳᠦ ᠰᠠᠶ᠋ᠢ ᠲᠡᠷᠭᠡᠯᠰᠢᠵᠦ ᠴᠢᠳᠠᠨ᠎ᠠ᠃ ᠥᠷᠭᠡᠨ ᠤᠯᠠᠨ ᠭᠡᠷ ᠪᠦᠯᠢ ᠶᠢᠨ ᠬᠢᠨ ᠭᠡᠷ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ ᠶᠢ ᠨᠢᠭᠡᠳᠬᠡᠵᠦ᠂ ᠭᠡᠷ ᠪᠦᠯᠢ ᠶᠢᠨ ᠵᠡᠭᠦᠳᠦ ᠶᠢ ᠲᠡᠷᠭᠡᠯᠰᠢᠭᠦᠯᠬᠦ ᠶᠢ ᠦᠨᠳᠦᠰᠦᠲᠡᠨ ᠤ ᠵᠡᠭᠦᠳᠦ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠬᠥᠮᠦᠵᠢᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠬᠥᠮᠥᠨ ᠤ ᠠᠮᠢᠳᠤᠷᠠᠯ ᠤᠨ ᠠᠩᠬᠠᠨ ᠤ ᠬᠢᠴᠢᠶᠡᠯ ᠤᠨ ᠲᠠᠩᠬᠢᠮ᠂ ᠠᠪᠤ ᠡᠵᠢ ᠪᠣᠯ ᠬᠡᠦᠬᠡᠳ ᠤᠨ ᠠᠩᠬᠠᠨ ᠤ ᠪᠠᠭᠰᠢ ᠪᠣᠯᠣᠨ᠎ᠠ᠃ ᠭᠡᠷ ᠤᠨ ᠬᠥᠮᠦᠵᠢᠯ ᠤᠨ ᠬᠠᠮᠤᠭ ᠴᠢᠬᠤᠯᠠ ᠨᠢ ᠵᠠᠩ ᠮᠣᠷᠠᠯ ᠤᠨ ᠬᠥᠮᠦᠵᠢᠯ᠂ ᠬᠡᠷᠬᠢᠨ ᠬᠥᠮᠥᠨ ᠪᠤᠯᠬᠤ ᠬᠥᠮᠦᠵᠢᠯ ᠪᠣᠯᠣᠨ᠎ᠠ᠃ ᠡᠴᠢᠭᠡ ᠡᠬᠡ ᠪᠠ ᠭᠡᠷ ᠤᠨ ᠠᠬᠠᠮᠠᠳ ᠪᠣᠯᠤᠭᠰᠠᠨ ᠤ ᠬᠤᠪᠢ ᠳᠤ ᠰᠠᠶᠢᠨ ᠰᠠᠶᠢᠬᠠᠨ ᠶᠣᠰᠣ ᠰᠤᠷᠲᠠᠬᠤᠨ ᠤ ᠦᠵᠡᠯᠲᠡ ᠶᠢ ᠬᠡᠦᠬᠡᠳ ᠲᠤ ᠪᠠᠭ᠎ᠠ ᠠᠴᠠ ᠨᠢ ᠳᠠᠮᠵᠢᠭᠤᠯᠵᠤ᠂ ᠲᠡᠳᠡᠨ ᠤ ᠬᠥᠮᠥᠨ ᠪᠤᠯᠬᠤ ᠴᠢᠩ ᠵᠣᠷᠢᠭ ᠪᠠ ᠰᠥᠰᠥ ᠵᠣᠷᠢᠭ ᠲᠠᠢ ᠪᠤᠯᠬᠤ ᠶᠢ ᠬᠥᠲᠥᠯᠥᠨ ᠵᠢᠯᠤᠭᠤᠳᠴᠤ᠂ ᠲᠡᠳᠡᠨ ᠢ ᠬᠠᠪᠰᠤᠷᠤᠨ ᠰᠠᠶᠢᠨ ᠰᠠᠶᠢᠬᠠᠨ ᠰᠡᠳᠬᠢᠯ ᠰᠠᠨᠠᠭ᠎ᠠ ᠲᠠᠢ ᠪᠤᠯᠭᠠᠵᠤ᠂ ᠲᠡᠳᠡᠨ ᠢ ᠡᠷᠡᠭᠦᠯ ᠢᠶᠠᠷ ᠥᠰᠬᠡᠨ ᠪᠣᠶᠢᠵᠢᠭᠤᠯᠵᠤ᠂ ᠲᠣᠮᠣ ᠪᠣᠯᠤᠭᠰᠠᠨ ᠤ ᠳᠠᠷᠠᠭ᠎ᠠ ᠤᠯᠤᠰ ᠪᠠ ᠠᠷᠠᠳ ᠲᠦᠮᠡᠨ ᠳᠤ ᠬᠡᠷᠡᠭᠴᠡᠭᠡ ᠲᠠᠢ ᠬᠥᠮᠥᠨ ᠪᠤᠯᠭᠠᠬᠤ ᠬᠡᠷᠡᠭᠲᠡᠢ᠃ ᠥᠷᠭᠡᠨ ᠤᠯᠠᠨ ᠭᠡᠷ ᠪᠦᠯᠢ ᠶᠢᠨ ᠬᠢᠨ ᠬᠡᠯᠡᠵᠦ ᠰᠤᠷᠭᠠᠬᠤ ᠶᠢ ᠴᠢᠬᠤᠯᠠᠴᠢᠯᠠᠵᠤ᠂ ᠬᠡᠪ ᠳᠦᠷᠢᠮ ᠪᠤᠯᠬᠤ ᠶᠢ ᠴᠢᠬᠤᠯᠠᠴᠢᠯᠠᠵᠤ᠂ ᠮᠡᠳᠡᠯᠭᠡ ᠵᠢᠭᠠᠵᠤ᠂ ᠶᠣᠰᠣ ᠮᠣᠷᠠᠯ ᠢ ᠬᠥᠮᠥᠵᠢᠭᠦᠯᠵᠦ᠂ ᠬᠡᠦᠬᠡᠳ ᠤᠨ ᠬᠥᠮᠥᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠵᠤ᠂ ᠬᠥᠮᠥᠨ ᠤ ᠠᠮᠢᠳᠤᠷᠠᠯ ᠤᠨ ᠠᠩᠬᠠᠨ ᠤ ᠱᠠᠲᠤ ᠶᠢ ᠰᠠᠶᠢᠲᠤᠷ ᠳᠠᠪᠠᠭ᠋ᠤ ᠳᠤᠨᠢ ᠬᠠᠪᠰᠤᠷᠬᠤ ᠬᠡᠷᠡᠭᠲᠡᠢ᠃ ᠭᠡᠷ ᠪᠦᠯᠢ ᠳᠡᠭᠡᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠭᠡᠷ ᠪᠦᠯᠢ ᠶᠢᠨ ᠪᠦᠷᠢᠯᠳᠦᠭᠦᠨ ᠢᠯᠠᠩᠭᠤᠶ᠎ᠠ ᠬᠤᠶᠢᠴᠢ ᠦᠶ᠎ᠡ ᠶᠢᠨ ᠬᠢᠨ ᠤ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠢᠶᠠᠨ ᠬᠠᠶᠢᠷᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠦ᠂ ᠬᠥᠮᠥᠰ ᠤᠨ ᠭᠡᠷ ᠪᠦᠯᠢ ᠳᠡᠭᠡᠨ ᠵᠣᠯ ᠵᠢᠷᠭᠠᠯ ᠡᠳ᠋ᠯᠡᠭᠦᠯᠭᠦ᠂ ᠪᠤᠰᠤᠳ ᠲᠤ ᠬᠠᠶᠢᠷ᠎ᠠ ᠬᠠᠯᠠᠮᠵᠢ ᠬᠦᠷᠭᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠭᠦ ᠶᠠᠪᠤᠴᠠ ᠳᠤ ᠤᠶᠤᠨ ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠭᠦ᠂ ᠪᠣᠯᠪᠠᠰᠤᠨ ᠬᠡᠪ ᠰᠤᠷᠲᠠᠯ ᠢ ᠪᠣᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠰᠤᠷᠲᠠᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠭᠡᠷ ᠪᠦᠯᠢ ᠨᠢ ᠬᠥᠮᠥᠰ ᠤᠨ ᠣᠷᠣᠨ ᠰᠠᠭᠤᠴᠠ ᠲᠡᠳᠦᠢ ᠪᠢᠰᠢ ᠨᠡᠩ ᠴᠤ ᠬᠥᠮᠥᠰ ᠤᠨ ᠰᠡᠳᠬᠢᠯ ᠤᠨ ᠪᠠᠭᠤᠴᠠ ᠪᠤᠯᠬᠤ ᠶᠤᠮ᠃ ᠥᠷᠭᠡᠨ ᠤᠯᠠᠨ ᠭᠡᠷ ᠪᠦᠯᠢ ᠴᠥᠮ ᠰᠢᠯᠢᠳᠡᠭ ᠰᠠᠶᠢᠨ ᠭᠡᠷ ᠤᠨ ᠰᠤᠷᠲᠠᠯ ᠢ ᠪᠠᠳᠠᠷᠠᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ ᠰᠤᠷᠲᠠᠯ ᠢᠶᠠᠷ ᠪᠦᠭᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠬᠤ ᠬᠡᠷᠡᠭᠲᠡᠢ᠃ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ ᠭᠡᠷ ᠤᠨ ᠰᠤᠷᠲᠠᠯ ᠢ ᠰᠠᠶᠢᠲᠤᠷ ᠠᠳᠬᠤᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠲᠤ ᠭᠡᠷ ᠤᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠵᠤ᠂ ᠲᠦᠷᠦᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠱᠠᠭᠠᠷᠳᠠᠵᠤ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ ᠪᠣᠭᠤᠮᠲᠠ ᠶᠢ ᠰᠠᠶᠢᠲᠤᠷ ᠳᠠᠪᠠᠭ᠋ᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠳᠤᠷᠢᠳᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠭᠦᠮ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠲᠠᠯ᠎ᠠ ᠶᠢᠨ ᠬᠢᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠮᠢᠳᠤᠷᠠᠯ ᠨᠢ ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠬᠠᠪᠰᠤᠷᠴᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠨ ᠥᠷᠭᠡᠨ ᠢᠶᠠᠷ ᠣᠷᠣᠯᠴᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠰᠠᠨᠠᠬᠤ᠂ ᠥᠭᠡᠳᠡᠷᠬᠡᠭ ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃