2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠪᠦᠭᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠵᠤ ᠶᠠᠷᠢᠯᠴᠠᠬᠤ ᠬᠤᠷᠠᠯ ᠬᠤᠷᠠᠯᠳᠤᠭᠤᠯᠪᠠ᠃


2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠸᠠᠩ ᠯᠢ ᠰᠢᠶᠠ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠤᠳᠤᠯᠵᠤ᠂ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠣᠷᠣᠵᠤ ᠭᠦᠨᠵᠡᠭᠡᠢ ᠶᠠᠷᠢᠯᠴᠠᠨ ᠰᠣᠯᠢᠯᠴᠠᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠸᠠᠩ ᠯᠢ ᠰᠢᠶᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠠᠬᠢᠭᠤᠯᠵᠤ ᠪᠠᠶᠢᠭ᠎ᠠ ᠪᠠᠶᠢᠳᠠᠯ ᠢ ᠲᠤᠶᠢᠯ ᠢᠶᠠᠷ ᠬᠠᠯᠠᠮᠵᠢᠯᠠᠵᠤ᠂ ᠲᠤᠬᠠᠶᠢᠯᠠᠭᠰᠠᠨ ᠠᠵᠢᠯ ᠤᠨ ᠭᠠᠵᠠᠷ ᠲᠠᠰᠤᠭ ᠲᠤ ᠣᠷᠣᠵᠤ ᠠᠵᠢᠯᠯᠠᠵᠤ ᠪᠠᠶᠢᠭᠰᠠᠨ ᠨᠥᠬᠦᠳ ᠲᠠᠢ ᠭᠦᠨᠵᠡᠭᠡᠢ ᠶᠠᠷᠢᠯᠴᠠᠨ ᠰᠣᠯᠢᠯᠴᠠᠪᠠ᠃ ᠨᠠᠮ ᠤᠨ ᠪᠠᠶᠢᠭᠤᠯᠤᠯᠲᠠ ᠶᠢᠨ ᠠᠵᠢᠯ ᠤᠨ ᠭᠠᠵᠠᠷ ᠲᠤ᠂ ᠨᠠᠮ ᠤᠨ ᠪᠠᠶᠢᠭᠤᠯᠤᠯᠲᠠ ᠪᠣᠯᠣᠨ ᠲᠤᠬᠠᠶᠢᠯᠠᠭᠰᠠᠨ ᠠᠵᠢᠯ ᠤᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ︔ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠠᠵᠠᠷ ᠲᠤ᠂ ᠨᠢᠳᠤᠨᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠯᠳᠠᠭᠳᠠᠯ ᠢᠶᠠᠨ ᠬᠤᠪᠢᠷᠠᠭᠤᠯᠤᠭᠰᠠᠨ ᠦᠷ᠎ᠡ ᠪᠦᠲᠦᠮᠵᠢ ᠢᠯᠡᠳᠲᠡ ᠪᠠᠶᠢᠵᠤ ᠂ ᠴᠠᠯᠢᠩ ᠬᠥᠯᠥᠰᠦ ᠶᠢᠨ ᠥᠭᠡᠷᠡᠴᠢᠯᠡᠯᠲᠡ ᠪᠣᠯ ᠴᠢᠬᠤᠯᠠ ᠠᠷᠭ᠎ᠠ ᠪᠠᠷᠢᠯ ᠮᠥᠨ᠂ ᠰᠢᠨ᠎ᠡ ᠨᠢᠭᠡ ᠵᠢᠯ ᠳᠤ ᠡᠨᠡ ᠲᠠᠯ᠎ᠠ ᠶᠢᠨ ᠠᠵᠢᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ︔ ᠲᠥᠯᠦᠪᠵᠢᠭᠦᠯᠭᠡ ᠬᠥᠭᠵᠢᠭᠦᠯᠦᠯᠲᠡ ᠶᠢᠨ ᠭᠠᠵᠠᠷ ᠲᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ ᠪᠠᠶᠢᠷᠢᠰᠢᠭᠤᠯᠤᠯᠲᠠ ᠶᠣᠰᠣᠭᠠᠷ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠦᠷᠭᠡᠳᠬᠡᠨ ᠨᠠᠶᠢᠷᠠᠭᠤᠯᠤᠨ ᠵᠣᠬᠢᠶᠠᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠤᠷᠢᠳᠴᠢᠯᠠᠨ ᠱᠠᠯᠠᠪᠳᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

2 ᠰᠠᠷ᠎ᠠ ᠶᠢᠨ 5 ᠤ ᠡᠳᠦᠷ᠂ ᠴᠠᠭᠠᠨ ᠰᠠᠷ᠎ᠠ ᠶᠢᠨ ᠠᠮᠠᠷᠠᠯᠲᠠ ᠳᠠᠭᠤᠰᠴᠤ ᠠᠵᠢᠯ ᠳᠠᠭᠠᠨ ᠭᠠᠷᠤᠭᠰᠠᠨ ᠠᠩᠬᠠᠨ ᠤ ᠡᠳᠦᠷ᠂ ᠸᠠᠩ ᠯᠢ ᠰᠢᠶᠠ ᠪᠥᠬᠦ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠲᠤᠬᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠬᠦᠷᠴᠦ ᠪᠠᠶᠢᠴᠠᠭᠠᠨ ᠰᠣᠳᠣᠯᠠᠭᠰᠠᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃
ᠰᠤᠷᠪᠤᠯᠵᠢᠯᠠᠭᠴᠢ ᠸᠠᠩ ᠯᠧᠢ ᠰᠡᠭᠦᠳᠡᠷᠯᠡᠪᠡ
ᠳᠠᠷᠠᠭ᠎ᠠ ᠨᠢ ᠸᠠᠩ ᠯᠢ ᠰᠢᠶᠠ ᠶᠠᠷᠢᠯᠴᠠᠬᠤ ᠬᠤᠷᠠᠯ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠥᠷᠨᠢᠭᠦᠯᠦᠭᠰᠡᠨ ᠪᠠᠶᠢᠳᠠᠯ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠤᠭᠰᠠᠨ᠂ ᠣᠨᠴᠠᠭᠠᠶᠢᠯᠠᠨ ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠶᠢᠨ ᠭᠤᠷᠪᠠᠨ ᠶᠡᠭᠡ ᠨᠢᠭᠡᠴᠢ ᠶᠢᠨ ᠥᠭᠡᠷᠡᠴᠢᠯᠡᠯᠲᠡ ᠬᠢᠵᠦ ᠳᠠᠭᠢᠨ ᠵᠣᠬᠢᠶᠠᠨ ᠪᠠᠶᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠤᠯᠭᠠᠵᠤ᠂ ᠪᠤᠰᠤᠳ ᠠᠴᠠ ᠬᠤᠴᠣᠷᠬᠤ ᠦᠭᠡᠢ᠂ ᠰᠢᠨ᠎ᠡ ᠵᠢᠯ ᠡᠬᠢᠯᠡᠮᠡᠭᠴᠡ ᠳᠠᠷᠤᠢ ᠪᠦᠭᠦ ᠬᠦᠴᠦᠨ ᠢᠶᠠᠷ ᠢᠶᠠᠨ ᠴᠢᠷᠮᠠᠶᠢᠵᠤ᠂ ᠠᠵᠢᠯ ᠢᠶᠠᠨ ᠡᠬᠢᠯᠡᠭᠦᠯᠦᠮᠡᠭᠴᠡ ᠳᠠᠷᠤᠢ ᠡᠷᠴᠢ ᠵᠣᠷᠢᠭ ᠢᠶᠠᠨ ᠭᠦᠢᠴᠡᠳ ᠬᠥᠪᠴᠢᠯᠡᠵᠦ᠂ ᠡᠷᠡᠰ ᠭᠤᠶᠢᠪᠢᠰᠢ ᠦᠭᠡᠢ ᠪᠠᠷ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠦᠷᠭᠡᠨ ︽ᠪᠦᠰᠡᠯᠡᠯᠲᠡ ᠰᠢᠪᠲᠤᠯᠵᠤ︾᠂ ᠠᠯᠳᠠᠭᠳᠠᠯ ᠲᠠᠢ ᠪᠠᠶᠢᠭᠰᠠᠨ ᠠᠴᠠ ᠪᠠᠨ ᠣᠯᠵᠠᠪᠤᠷᠢ ᠲᠠᠢ ᠪᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠠᠷᠠᠯᠲᠠ ᠪᠤᠯᠭᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨ ᠬᠠᠮᠢᠶᠠᠷᠤᠯᠲᠠ ᠪᠠ ᠦᠢᠯᠡᠴᠢᠯᠡᠭᠡ ᠪᠠᠨ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠦᠭᠦ ᠣᠷᠣᠨ ᠢᠶᠠᠷ ᠢᠶᠠᠨ ᠨᠢᠭᠡ ᠬᠥᠯᠭᠡ ᠰᠢᠲᠠᠷ᠎ᠠ ᠪᠠᠶᠢᠵᠤ᠂ ᠨᠠᠷᠢᠨ ᠨᠢᠮᠪᠠᠢ ᠤᠬᠠᠭᠠᠯᠠᠨ ᠲᠥᠯᠥᠪᠯᠡᠵᠦ᠂ ᠨᠠᠷᠢᠯᠢᠭ ᠬᠠᠮᠢᠶᠠᠷᠴᠤ᠂ ᠣᠨᠣᠪᠴᠢᠲᠠᠶ ᠬᠢᠨᠠᠨ ᠬᠠᠮᠢᠶᠠᠷᠴᠤ᠂ ᠨᠢᠭᠡ ᠠᠵᠤ ᠠᠬᠤᠶᠢᠯᠠᠯ ᠢ ᠨᠢᠭᠡ ᠲᠥᠷᠥ ᠶᠢᠨ ᠪᠣᠳᠣᠯᠭ᠎ᠠ ᠪᠠᠷ ᠬᠠᠪᠰᠤᠷᠬᠤ᠂ ᠲᠤᠰᠬᠠᠢ ᠠᠩᠭᠢ ᠪᠠᠷ ᠬᠠᠪᠰᠤᠷᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ ᠬᠠᠪᠰᠤᠷᠬᠤ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠨ ᠪᠠᠭᠤᠷᠠᠭᠤᠯᠵᠤ᠂ ᠬᠥᠭᠵᠢᠯᠲᠡ ᠪᠠᠨ ᠲᠦᠷᠭᠡᠳᠬᠡᠬᠦ ᠶᠢ ᠵᠢᠯᠣᠭᠤᠳᠤᠨ ᠬᠠᠪᠰᠤᠷᠴᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ︽ᠲᠦᠷᠦᠭᠦᠯᠡᠨ ᠬᠢᠬᠦ ᠬᠥᠮᠥᠨ︾ ᠪᠤᠯᠬᠤ ᠪᠠᠷ ᠪᠠᠷᠠᠬᠤ ᠦᠭᠡᠢ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠦᠢᠯᠡᠴᠢᠯᠡᠬᠦ ︽ᠲᠥᠷᠬᠦᠮ ᠤᠨ ᠬᠥᠮᠥᠨ︾ ᠨᠢ ᠪᠤᠯᠬᠤ ᠬᠡᠷᠡᠭᠲᠡᠢ᠃ ᠰᠢᠨ᠎ᠡ ᠪᠠᠷ ᠵᠣᠬᠢᠶᠠᠨ ᠪᠠᠶᠢᠭᠤᠯᠤᠭᠰᠠᠨ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢᠨ ᠪᠦᠯᠦᠭᠯᠡᠯ ᠨᠢ ᠰᠢᠨ᠎ᠡ ᠨᠢᠭᠡ ᠡᠭᠡᠯᠵᠢ ᠶᠢᠨ ᠠᠭᠤᠷᠬᠠᠢ ᠡᠷᠢᠬᠦ ᠰᠢᠪᠲᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠳᠡᠭᠡᠷ᠎ᠡ ᠡᠭᠦᠷᠭᠡᠯᠡᠯ ᠢᠶᠠᠨ ᠢᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠤᠷᠲᠤᠳᠬᠠᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠡᠢ᠃
ᠶᠣᠣ ᠶᠦᠩ ᠪᠦᠸᠧ ᠠᠵᠢᠯᠯᠠᠭ᠎ᠠ ᠳᠤ ᠣᠷᠣᠯᠴᠠᠵᠠᠢ᠃