ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 6 ᠤ ᠴᠠᠭᠢᠯᠭᠠᠨ ᠮᠡᠳᠡᠭᠡ 2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠲᠠᠢ ᠤᠯᠤᠰ ᠤᠨ ᠶᠡᠷᠦᠩᠬᠡᠢ ᠰᠠᠶᠢᠳ ᠫᠸᠶᠢᠲ᠋ᠥ᠋ᠩᠲ᠋ᠠᠨ ᠲᠠᠢ ᠠᠭᠤᠯᠵᠠᠪᠠ᠃

2 ᠰᠠᠷ᠎ᠠ ᠶᠢᠨ 6 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠲᠠᠢ ᠤᠯᠤᠰ ᠤᠨ ᠶᠡᠷᠦᠩᠬᠡᠢ ᠰᠠᠶᠢᠳ ᠫᠸᠶᠢᠲ᠋ᠥ᠋ᠩᠲ᠋ᠠᠨ ᠲᠠᠢ ᠠᠭᠤᠯᠵᠠᠪᠠ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ
ᠰᠢ ᠶᠢᠨ ᠫᠢᠩ᠂ ᠳᠤᠮᠳᠠᠳᠤ ᠪᠠ ᠲᠠᠢ ᠬᠤᠶᠠᠷ ᠤᠯᠤᠰ ᠤᠨ ᠨᠥᠭᠦᠷᠰᠡᠭ ᠬᠠᠷᠢᠯᠴᠠᠭ᠎ᠠ ᠮᠢᠩᠭᠠᠨ ᠵᠢᠯ ᠤᠯᠠᠮᠵᠢᠯᠠᠭᠳᠠᠵᠤ᠂ ︽ᠳᠤᠮᠳᠠᠳᠤ ᠪᠠ ᠲᠠᠢ ᠤᠯᠤᠰ ᠪᠣᠯ ᠨᠢᠭᠡ ᠭᠡᠷ ᠮᠡᠲᠦ ᠳᠣᠲᠣᠨᠣ︾ ᠪᠠᠶᠢᠬᠤ ᠨᠢ ᠶᠠᠪᠤᠬᠤ ᠲᠤᠲᠤᠮ ᠭᠦᠨᠵᠡᠭᠡᠶᠢᠷᠡᠵᠦ ᠪᠠᠶᠢᠨ᠎ᠠ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠠᠭᠠᠰ ᠵᠠᠭᠤᠨ ᠤ ᠲᠤᠷᠰᠢ᠂ ᠬᠤᠶᠠᠷ ᠤᠯᠤᠰ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ ᠬᠠᠨᠳᠤᠯᠴᠠᠬᠤ᠂ ᠴᠢᠩ ᠦᠨᠡᠨᠴᠢ ᠪᠠᠷ ᠢᠲᠡᠭᠡᠯᠴᠡᠬᠦ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠬᠤ ᠶᠢ ᠪᠠᠷᠢᠮᠲᠠᠯᠠᠵᠤ᠂ ᠨᠦᠭᠦᠭᠡ ᠡᠲᠡᠭᠡᠳ ᠤᠨ ᠢᠶᠠᠨ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠢᠮᠠᠭᠲᠠ ᠡᠷᠡᠰ ᠳᠡᠮᠵᠢᠭᠰᠡᠭᠡᠷ ᠢᠷᠡᠪᠡ᠃ ᠡᠨᠡ ᠵᠢᠯ ᠪᠣᠯ ᠳᠤᠮᠳᠠᠳᠤ ᠪᠠ ᠲᠠᠢ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠵᠢᠴᠢ ︽ᠳᠤᠮᠳᠠᠳᠤ ᠤᠯᠤᠰ ᠬᠢᠭᠡᠳ ᠲᠠᠢ ᠤᠯᠤᠰ ᠤᠨ ᠨᠥᠬᠦᠷᠯᠡᠯ ᠤᠨ ᠰᠢᠵᠢᠷ ᠠᠯᠳᠠᠨ 50 ᠵᠢᠯ︾ ᠪᠣᠯᠣᠨ᠎ᠠ᠂ ᠬᠤᠶᠠᠷ ᠲᠠᠯ᠎ᠠ ᠪᠠᠷ ᠢᠶᠠᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠨ ᠤᠷᠤᠭᠰᠢᠯᠠᠵᠤ᠂ ᠳᠤᠮᠳᠠᠳᠤ ᠪᠠ ᠲᠠᠢ ᠬᠤᠶᠠᠷ ᠤᠯᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ ᠦᠢᠯᠡᠳᠴᠦ᠂ ᠭᠠᠵᠠᠷ ᠣᠷᠣᠨ ᠪᠠ ᠳᠡᠯᠡᠬᠡᠢ ᠳ᠋ᠠᠬᠢᠨ ᠳᠤ ᠨᠡᠩ ᠤᠯᠠᠨ ᠠᠰᠢᠭ ᠬᠦᠷᠲᠡᠭᠡᠶ᠎ᠡ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠡᠮᠦᠨ᠎ᠡ᠂ ᠳᠤᠮᠳᠠᠳᠤ ᠪᠠ ᠲᠠᠢ ᠤᠯᠤᠰ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠬᠠᠷᠢᠯᠴᠠᠨ ᠡᠷᠡᠰ ᠳᠡᠮᠵᠢᠯᠴᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠬᠠᠷᠢᠯᠴᠠᠭᠠᠨ ᠤ ᠲᠣᠭᠲᠠᠪᠤᠷᠢᠲᠤ ᠴᠢᠨᠠᠷ ᠪᠣᠯᠣᠨ ᠲᠣᠬᠲᠠᠭᠠᠯᠲᠤ ᠴᠢᠨᠠᠷ ᠢᠶᠠᠷ ᠭᠠᠳᠠᠭᠠᠳᠤ ᠣᠷᠴᠢᠨ ᠤ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠶ᠎ᠠ᠃ ᠳᠤᠮᠳᠠᠳᠤ ᠤᠯᠤᠰ ᠳᠤᠷᠠᠲᠠᠶ᠎ᠠ ᠲᠠᠢ ᠤᠯᠤᠰ ᠯᠤᠭ᠎ᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ ᠵᠣᠯᠭᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠪᠠ ᠲᠠᠢ ᠬᠤᠶᠠᠷ ᠤᠯᠤᠰ ᠤᠨ ᠲᠡᠮᠦᠷ ᠵᠠᠮ ᠵᠡᠷᠭᠡ ᠳᠠᠭᠠᠭᠤᠯᠤᠭᠴᠢ ᠲᠥᠷᠥᠯ ᠵᠦᠢᠯ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠤᠯᠤᠰ ᠯᠠᠤᠰ ᠪᠠ ᠲᠠᠢ ᠤᠯᠤᠰ ᠤᠨ ᠬᠤᠯᠪᠣᠯᠳᠤᠨ ᠨᠡᠪᠲᠡᠷᠡᠯᠴᠡᠵᠦ ᠬᠥᠭᠵᠢᠬᠦ ᠪᠣᠳᠣᠯᠬᠢᠯᠠᠯ ᠤᠨ ᠡᠷᠲᠡᠬᠡᠨ ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠤᠶ᠎ᠠ᠃ ᠲᠣᠭᠠᠴᠢᠯᠠᠭᠰᠠᠨ ᠠᠵᠤ ᠠᠬᠤᠢ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠨᠡᠩ ᠲᠣᠭᠲᠠᠭᠤᠨ ᠰᠠᠭᠠᠳ ᠦᠭᠡᠢ ᠨᠡᠪᠲᠡᠷᠡᠬᠦ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠭᠠᠷ ᠬᠤᠯᠪᠣᠨ ᠴᠣᠭᠴᠠᠯᠠᠶ᠎ᠠ᠃ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠤᠰ ᠤᠨ ᠬᠦᠴᠦᠲᠡᠢ ᠠᠷᠭ᠎ᠠ ᠬᠡᠮᠵᠢᠶ᠎ᠡ ᠠᠪᠴᠤ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠤᠨ ᠠᠵᠢᠯᠯᠠᠭ᠎ᠠ ᠳᠤ ᠴᠣᠬᠢᠯᠲᠠ ᠥᠭᠴᠦ ᠪᠠᠶᠢᠬᠤ ᠶᠢ ᠮᠠᠭᠲᠠᠨ ᠰᠠᠶᠢᠰᠢᠶᠠᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠠᠤᠯᠢ ᠬᠡᠷᠡᠭᠵᠢᠭᠦᠯᠬᠦ ᠠᠮᠤᠷ ᠲᠦᠪᠰᠢᠨ ᠪᠣᠯᠣᠨ ᠬᠠᠤᠯᠢ ᠴᠠᠭᠠᠵᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠭᠠᠵᠠᠷ ᠣᠷᠣᠨ ᠤ ᠤᠯᠤᠰ ᠤᠳ ᠤᠨ ᠶᠠᠪᠤᠯᠴᠠᠭ᠎ᠠ ᠬᠠᠮᠲᠤᠷᠠᠯᠴᠠᠭᠠᠨ ᠤ ᠡᠮᠬᠢ ᠳᠢᠭᠯᠢᠮ ᠢ ᠬᠠᠮᠠᠭᠠᠯᠠᠶ᠎ᠠ᠃ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ ᠪᠠᠨ ᠭᠦᠨᠵᠡᠭᠡᠶᠢᠷᠡᠭᠦᠯᠵᠦ᠂ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢ ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠬᠠᠮᠲᠤ ᠪᠠᠷ ᠡᠷᠭᠢᠯᠡᠵᠦ᠂ ᠬᠥᠮᠥᠰ ᠤᠨ ᠰᠡᠳᠬᠢᠯ ᠢ ᠳᠤᠯᠠᠭᠠᠴᠠᠭᠤᠯᠬᠤ᠂ ᠠᠷᠠᠳ ᠲᠤ ᠠᠰᠢᠭ ᠬᠦᠷᠲᠡᠭᠡᠬᠦ ᠨᠡᠩ ᠤᠯᠠᠨ ᠢᠨᠵᠧᠨᠧᠷᠢᠩ ᠢ ᠪᠠᠶᠢᠭᠤᠯᠵᠤ᠂ ᠳᠤᠮᠳᠠᠳᠤ ᠪᠠ ᠲᠠᠢ ᠬᠤᠶᠠᠷ ᠤᠯᠤᠰ ᠤᠨ ᠨᠥᠬᠦᠷᠯᠡᠯ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠵᠤ᠂ ᠦᠶ᠎ᠡ ᠶᠢᠨ ᠦᠶ᠎ᠡ ᠳᠤ ᠤᠯᠠᠮᠵᠢᠯᠠᠶ᠎ᠠ᠃ ᠳᠤᠮᠳᠠᠳᠤ ᠶᠢᠨ ᠲᠠᠯ᠎ᠠ ᠬᠢᠨ ᠲᠠᠢ ᠤᠯᠤᠰ ᠤᠨ ᠯᠠᠨᠼᠠᠩᠵᠢᠶᠠᠩ ᠮᠥᠷᠡᠨ ᠮᠸᠶᠢᠭᠤᠩ ᠮᠥᠷᠡᠨ ᠤ ᠬᠠᠮᠲᠤᠷᠠᠯᠴᠠᠭᠠᠨ ᠤ ᠬᠠᠮᠲᠤ ᠶᠢᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠬᠦ ᠶᠢ ᠲᠡᠮᠵᠢᠵᠥ᠂ ᠲᠠᠢ ᠤᠯᠤᠰ ᠤᠨ ᠠᠯᠳᠠᠨ ᠲᠣᠭᠤᠰᠭ᠋᠎ᠠ ᠤᠯᠤᠰ ᠤᠳ ᠤᠨ ᠬᠠᠨᠢᠲᠠᠨ ᠤᠯᠤᠰ ᠪᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠷᠠᠲᠠᠶ᠎ᠠ ᠲᠠᠢ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ ᠬᠥᠭᠵᠢᠯᠲᠡ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃
ᠫᠸᠶᠢᠲ᠋ᠥ᠋ᠩᠲ᠋ᠠᠨ᠂ ︽ ᠲᠠᠢ ᠤᠯᠤᠰ ᠬᠢᠭᠡᠳ ᠳᠤᠮᠳᠠᠳᠤ ᠤᠯᠤᠰ ᠤᠨ ᠨᠥᠬᠦᠷᠯᠡᠯ ᠤᠨ ᠰᠢᠵᠢᠷ ᠠᠯᠳᠠᠨ 50 ᠵᠢᠯ︾ ᠬᠦᠷᠴᠦ ᠢᠷᠡᠬᠦ ᠲᠠᠰᠢᠷᠠᠮ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ 50 ᠵᠢᠯ ᠤᠨ ᠲᠤᠷᠰᠢ᠂ ᠲᠠᠢ ᠤᠯᠤᠰ ᠳᠤᠮᠳᠠᠳᠤ ᠤᠯᠤᠰ ᠤᠨ ᠬᠠᠷᠢᠯᠴᠠᠭ᠎ᠠ ᠰᠠᠯᠬᠢ ᠪᠣᠷᠣᠭᠠᠨ ᠢ ᠲᠤᠭᠤᠯᠵᠤ᠂ ᠢᠮᠠᠭᠲᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠬᠥᠭᠵᠢᠵᠦ᠂ ᠢᠮᠠᠭᠲᠠ ᠬᠠᠷᠢᠯᠴᠠᠨ ᠢᠲᠡᠭᠡᠯᠴᠡᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠶᠢ ᠭᠦᠨᠳᠦᠳᠭᠡᠵᠦ᠂ ᠣᠨᠴᠠᠭᠠᠢ ᠨᠥᠭᠦᠷᠰᠡᠭ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠪᠠ᠃ ᠲᠠᠢ ᠤᠯᠤᠰ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠯᠤᠭ᠎ᠠ ᠬᠠᠮᠲᠤ ᠪᠠᠷ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠴᠢᠩᠭᠠᠳᠬᠠᠵᠤ᠂ ᠬᠤᠯᠪᠣᠯᠳᠤᠨ ᠨᠡᠪᠲᠡᠷᠡᠯᠴᠡᠬᠦ᠂ ᠠᠵᠤ ᠠᠬᠤᠢ ᠠᠷᠠᠯᠵᠢᠶ᠎ᠠ᠂ ᠬᠥᠳᠡᠭᠡ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠨᠢᠭᠲᠠᠷᠠᠭᠤᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠡᠩᠬᠡ ᠲᠠᠶᠢᠪᠤᠩ ᠢ ᠬᠠᠮᠲᠤ ᠪᠠᠷ ᠡᠳ᠋ᠯᠡᠬᠦ᠂ ᠬᠠᠮᠲᠤ ᠪᠠᠷ ᠴᠡᠴᠡᠭᠯᠡᠨ ᠬᠥᠭᠵᠢᠬᠦ ᠲᠠᠷᠠᠭᠠᠴᠢ ᠶᠢᠨ 50 ᠵᠢᠯ ᠢ ᠡᠬᠢᠯᠡᠭᠦᠯᠵᠦ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠲᠠᠢ ᠤᠯᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠪᠣᠯᠣᠨ ᠪᠤᠰᠤᠳ ᠬᠥᠷᠰᠢ ᠵᠡᠷᠭᠡᠯᠡᠳᠡᠭᠡ ᠤᠯᠤᠰ ᠯᠤᠭ᠎ᠠ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠷᠡᠰ ᠰᠢᠭᠤᠷᠬᠠᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠰᠦᠯᠵᠢᠶᠡᠨ ᠳᠡᠭᠡᠷ᠎ᠡ ᠵᠣᠭᠤᠰ ᠮᠥᠷᠥᠶᠢᠴᠡᠬᠦ ᠴᠠᠭᠢᠯᠭᠠᠨ ᠴᠢᠮᠡᠭᠡ ᠬᠤᠯᠪᠤᠭ᠎ᠠ ᠶᠢᠨ ᠮᠡᠬᠡᠯᠡᠯ ᠵᠡᠷᠭᠡ ᠬᠢᠯᠢ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠭᠦᠨ᠎ᠡ᠃ ᠤᠯᠠᠨ ᠤᠯᠤᠰ ᠤᠨ ᠬᠡᠷᠡᠭ ᠶᠠᠪᠤᠳᠠᠯ ᠳᠤ ᠳᠤᠮᠳᠠᠳᠤ ᠤᠯᠤᠰ ᠢᠮᠠᠭᠲᠠ ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢᠶᠠᠨ ᠪᠠᠳᠠᠷᠠᠭᠤᠯᠵᠤ᠂ ᠬᠥᠭᠵᠢᠵᠦ ᠪᠠᠶᠢᠭ᠎ᠠ ᠤᠯᠤᠰ ᠤᠨ ᠠᠰᠢᠭ ᠲᠤᠰᠠ ᠶᠢ ᠡᠷᠡᠰ ᠬᠠᠮᠠᠭᠠᠯᠠᠪᠠ᠂ ᠲᠠᠢ ᠤᠯᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ᠃
ᠸᠠᠩ ᠢ ᠠᠭᠤᠯᠵᠠᠯᠲᠠ ᠳᠤ ᠣᠷᠣᠯᠴᠠᠵᠠᠢ᠃