ᠰᠢ ᠶᠢᠨ ᠫᠢᠩ ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ
ᠸᠠᠩ ᠬᠤ᠋ ᠨᠢᠩ ᠶᠠᠷᠢᠶ᠎ᠠ ᠲᠠᠯᠪᠢᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯᠡᠰ ᠢᠶᠠᠨ ᠲᠡᠭᠦᠰ ᠠᠮᠵᠢᠯᠲᠠ ᠲᠠᠢ ᠳᠠᠭᠤᠰᠬᠠᠭᠠᠳ 10 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠬᠤᠷᠠᠯ ᠠᠴᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠬᠰᠠᠨ ᠨᠢᠭᠡᠴᠢ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠤᠷᠢᠶᠠᠯᠠᠪᠠ᠃

3 ᠰᠠᠷ᠎ᠠ ᠶᠢᠨ 10 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ

3 ᠰᠠᠷ᠎ᠠ ᠶᠢᠨ 10 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠡᠭᠦᠰᠪᠡ᠃ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠲᠡᠭᠦᠰᠬᠦ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠸᠧᠢ ᠪᠢᠩ ᠰᠡᠭᠦᠳᠡᠷᠯᠡᠪᠡ
ᠬᠤᠷᠠᠯ ᠢ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠭᠢᠯᠡᠪᠡ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠲᠠᠢ ᠹᠧᠩ᠂ ᠬᠤ᠋ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠫᠠᠪᠠᠯᠠ · ᠭᠧᠯᠸᠭᠨᠠᠮᠵᠢᠯ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠦ᠋ ᠬᠤᠢ᠂ ᠱᠤᠤ ᠬᠤᠩ᠂ ᠭᠤᠤ ᠶᠦᠨ ᠯᠦᠩ᠂ ᠴᠧᠨ ᠦ᠋᠂ ᠮᠦ ᠬᠤᠩ᠂ ᠰᠢᠶᠠᠨ ᠬᠤᠢ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ᠂ ᠸᠠᠩ ᠭᠤᠸᠠᠩ ᠴᠢᠶᠠᠨ᠂ ᠴᠢᠨ ᠪᠦᠸᠧ ᠶᠦᠩ᠂ ᠵᠦ ᠶᠦᠩ ᠰᠢᠨ᠂ ᠶᠠᠩ ᠵᠧᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃
ᠰᠢ ᠶᠢᠨ ᠫᠢᠩ᠂ ᠯᠢ ᠴᠢᠶᠠᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃
ᠦᠳᠡ ᠶᠢᠨ ᠡᠮᠦᠨᠡᠬᠢ 9 ᠴᠠᠭ ᠲᠤ ᠲᠡᠭᠦᠰᠬᠦ ᠬᠤᠷᠠᠯ ᠡᠬᠢᠯᠡᠪᠡ᠃ ᠸᠠᠩ ᠬᠤ᠋ ᠨᠢᠩ᠂ ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠳᠤ ᠣᠷᠤᠯᠴᠠᠬᠤ ᠶᠣᠰᠣᠲᠠᠢ ᠭᠡᠰᠢᠭᠦᠨ 2154 ᠬᠥᠮᠥᠨ ᠪᠤᠢ᠂ ᠪᠣᠳᠠᠲᠠᠢ ᠣᠷᠣᠯᠴᠠᠬᠰᠠᠨ ᠨᠢ 2082 ᠬᠥᠮᠥᠨ ᠪᠠᠶᠢᠵᠤ᠂ ᠲᠣᠭᠲᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ ᠭᠡᠵᠦ ᠨᠡᠶᠢᠲᠡᠯᠡᠪᠡ᠃
ᠬᠤᠷᠠᠯ ᠠᠴᠠ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ ᠶᠢ ᠪᠠᠲᠤᠯᠠᠪᠠ᠃
ᠸᠠᠩ ᠬᠤ᠋ ᠨᠢᠩ ᠶᠠᠷᠢᠶᠠᠨ ᠳᠠᠭᠠᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠪᠣᠯ ᠨᠢᠭᠡ ᠤᠳᠠᠭ᠎ᠠ ᠶᠢᠨ ᠲᠤᠭ ᠢ ᠥᠨᠳᠥᠷ ᠮᠠᠨᠳᠤᠭᠤᠯᠤᠭᠰᠠᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠭᠰᠠᠨ᠂ ᠦᠨᠡᠨ ᠢ ᠪᠠᠷᠢᠮᠲᠠᠯᠠᠵᠤ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠨ ᠤᠷᠤᠭᠰᠢᠯᠠᠭᠰᠠᠨ ᠶᠡᠭᠡ ᠬᠤᠷᠠᠯ ᠪᠣᠯᠣᠨ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠢᠯᠡᠷᠬᠡᠢ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠢᠯᠡᠷᠡᠭᠦᠯᠵᠦ᠂ ᠮᠠᠨ ᠤ ᠤᠯᠤᠰ ᠤᠨ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠪᠡ᠃ ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠥᠷᠥ ᠶᠢᠨ ᠤᠳᠤᠷᠢᠳᠬᠤ ᠨᠥᠬᠦᠳ ᠶᠡᠭᠡ ᠬᠤᠷᠠᠯ ᠤᠨ ᠡᠭᠢᠯᠡᠯᠳᠠ ᠶᠢᠨ ᠬᠤᠷᠠᠯ ᠪᠣᠯᠣᠨ ᠲᠡᠭᠦᠰᠬᠦ ᠬᠤᠷᠠᠯ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠨ ᠦᠵᠡᠭᠰᠡᠨ ᠪᠥᠭᠡᠳ ᠳᠤᠭᠤᠶᠢᠯᠠᠩ ᠬᠠᠮᠲᠤᠷᠠᠭᠰᠠᠨ ᠶᠠᠷᠢᠯᠴᠠᠭ᠎ᠠ ᠳᠤ ᠣᠷᠣᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠲᠠᠢ ᠬᠠᠮᠲᠤ ᠪᠠᠷ ᠤᠯᠤᠰ ᠤᠨ ᠶᠡᠭᠡ ᠶᠠᠪᠤᠳᠠᠯ ᠢ ᠵᠥᠪᠯᠡᠵᠡᠢ᠃ ᠤᠯᠤᠰ ᠲᠦᠷᠦ ᠶᠢᠨ ᠵᠥᠪᠯᠡᠯᠭᠡᠨ ᠤ ᠪᠦᠭᠦ ᠭᠡᠰᠢᠭᠦᠳ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠠ ᠪᠤᠰᠤᠳ ᠮᠡᠳᠡᠭᠦᠯᠦᠯᠲᠡ ᠶᠢ ᠨᠠᠷᠢᠨ ᠬᠢᠨᠠᠮᠠᠭᠠᠢ ᠶᠠᠷᠢᠯᠴᠠᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠬᠢᠨᠠᠨ ᠵᠥᠪᠯᠡᠵᠦ᠂ ᠳᠦᠷᠦ ᠶᠢᠨ ᠶᠠᠪᠤᠳᠠᠯ ᠢ ᠵᠥᠪᠯᠡᠭᠰᠡᠨ ᠦᠯᠡᠮᠵᠢ ᠦᠷ᠎ᠡ ᠪᠦᠲᠦᠭᠡᠯ ᠣᠯᠪᠠ᠃ ᠤᠯᠤᠰ ᠲᠦᠷᠦ ᠶᠢᠨ ᠵᠥᠪᠯᠡᠯᠭᠡᠨ ᠤ ᠪᠦᠭᠦ ᠭᠡᠰᠢᠭᠦᠳ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠤᠭᠠᠳ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠣᠭᠰᠠᠨ ᠢ ᠳᠡᠭᠡᠳᠦ ᠬᠡᠮᠵᠢᠶ᠎ᠡ ᠪᠠᠷ ᠦᠨᠡᠯᠡᠪᠡ︔ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠪᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃
ᠸᠠᠩ ᠬᠤ᠋ ᠨᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠭᠡᠬᠦ ᠬᠤᠶᠠᠷ ᠶᠡᠭᠡ ᠭᠤᠣᠯ ᠰᠡᠳᠦᠪ ᠢ ᠪᠠᠷᠢᠮᠲᠠᠯᠠᠵᠤ᠂ ᠬᠥᠮᠥᠨ ᠤ ᠰᠡᠳᠬᠢᠯ ᠢ ᠨᠢᠭᠲᠠᠷᠠᠭᠤᠯᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠣᠶᠤᠨ ᠤᠬᠠᠭᠠᠨ ᠢ ᠨᠢᠭᠲᠠᠷᠠᠭᠤᠯᠬᠤ᠂ ᠬᠦᠴᠦᠨ ᠢᠶᠠᠨ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ ᠤᠶᠠᠯᠳᠤᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠨᠡᠶᠢᠭᠡᠮ ᠵᠢᠷᠤᠮ ᠤᠨ ᠵᠥᠪᠯᠡᠬᠦ ᠠᠷᠠᠳᠴᠢᠯᠠᠯ ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠶᠢᠭᠤᠯᠤᠮᠵᠢ ᠪᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠬᠠᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠤᠶᠤᠨ ᠤᠬᠠᠭᠠᠨ ᠪᠠ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ ᠭᠡᠵᠦ ᠢᠯᠡᠳᠬᠡᠪᠡ᠃
ᠸᠠᠩ ᠬᠤ᠋ ᠨᠢᠩ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ ᠭᠡᠵᠦ ᠢᠯᠡᠳᠬᠡᠪᠡ᠃
ᠲᠡᠭᠦᠰᠬᠦ ᠬᠤᠷᠠᠯ ᠳᠤ ᠣᠷᠣᠯᠴᠠᠬᠰᠠᠨ ᠤᠳᠤᠷᠢᠳᠬᠤ ᠨᠥᠬᠦᠳ ᠲᠤ ᠪᠠᠰᠠ᠄ ᠮᠠ ᠰᠢᠩ ᠷᠦᠢ᠂ ᠸᠠᠩ ᠢ᠂ ᠶᠢᠨ ᠯᠢ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠦ ᠯᠧᠢ᠂ ᠯᠢ ᠬᠤᠩ ᠵᠦᠩ᠂ ᠾᠧ ᠸᠧᠢ ᠳ᠋ᠦᠩ᠂ ᠾᠧ ᠯᠢ ᠹᠧᠩ᠂ ᠵᠠᠩ ᠶᠢᠤ ᠰᠢᠶᠠ᠂ ᠵᠠᠩ ᠭᠦᠸᠧ ᠴᠢᠩ᠂ ᠴᠧᠨ ᠸᠧᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ ᠶᠢᠨ ᠭᠦᠸᠧ᠂ ᠸᠠᠩ ᠰᠢᠶᠣᠣ ᠬᠤᠩ᠂ ᠸᠠᠩ ᠳ᠋ᠦᠩ ᠮᠢᠩ᠂ ᠰᠢᠶᠣᠣ ᠵᠢᠶᠧ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠶᠢᠨ᠂ ᠼᠠᠢ ᠳ᠋ᠠ ᠹᠧᠩ᠂ ᠾᠧ ᠸᠧᠢ᠂ ᠦ᠋ ᠸᠧᠢ ᠬᠤᠸᠠ᠂ ᠲᠢᠶᠧ ᠨᠢᠩ᠂ ᠫᠧᠩ ᠴᠢᠩ ᠬᠤᠸᠠ᠂ ᠵᠠᠩ ᠴᠢᠩ ᠸᠧᠢ᠂ ᠯᠣᠪᠰᠠᠩᠵᠠᠯᠰᠠᠨ᠂ ᠰᠢᠤᠸᠠᠶᠢᠺᠧᠯᠠᠶᠢᠲ᠋ᠢ · ᠵᠠᠺᠧᠯ᠂ ᠦ᠋ ᠵᠧᠩ ᠯᠦᠩ᠂ ᠱᠧᠨ ᠢ ᠴᠢᠨ᠂ ᠵᠠᠩ ᠵᠢᠶᠦ᠋ᠨ᠂ ᠶᠢᠩ ᠶᠦᠡᠭ ᠨᠠᠷ ᠪᠤᠢ᠃
ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠡᠭᠦᠰᠬᠦ ᠬᠤᠷᠠᠯ ᠳᠤ ᠰᠤᠯᠠ ᠣᠷᠣᠯᠴᠠᠵᠠᠢ᠃ ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ᠂ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠨᠠᠷ ᠤᠷᠢᠯᠭ᠎ᠠ ᠪᠠᠷ ᠲᠡᠭᠦᠰᠬᠦ ᠬᠤᠷᠠᠯ ᠳᠤ ᠣᠷᠣᠯᠴᠠᠪᠠ᠃
ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠳᠤᠮᠳᠠ ᠲᠡᠭᠦᠰᠴᠡᠢ᠃