3 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠵᠠᠢ᠃
ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠥᠬᠦᠶ ᠪᠦᠯᠬᠦᠮ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ᠂ ᠴᠡᠷᠢᠭ ᠠᠩᠭᠢ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠠᠬᠢᠭᠤᠯᠤᠨ ᠬᠡᠷᠡᠭᠵᠢᠭᠦᠯᠬᠦ ᠶᠢ ᠪᠠᠲᠤᠯᠠᠬᠤ ᠵᠡᠷᠭᠡ ᠶᠢᠨ ᠲᠣᠭᠤᠷᠢᠨ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠪᠢᠳᠡᠨ ᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠳᠤ ᠴᠢᠬᠤᠯᠠ ᠵᠢᠷᠤᠮᠯᠠᠯ ᠬᠠᠩᠭᠠᠪᠠ᠃ ᠡᠯ᠎ᠡ ᠱᠠᠲᠤᠨ ᠤ ᠬᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠳᠠ ᠰᠢᠪᠳᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠰᠢᠨ᠎ᠡ ᠡᠨᠧᠷᠭᠢ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠤᠶᠢᠷ᠎ᠠ ᠤᠬᠳᠠᠷᠭᠤᠢ ᠶᠢᠨ ᠠᠵᠤ ᠠᠬᠤᠶ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠢᠶᠠᠷ ᠭᠤᠤᠯ ᠤᠳᠤᠷᠢᠳᠤᠮᠵᠢ ᠪᠣᠯᠭᠠᠭᠰᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠨᠢᠭᠡ ᠴᠤᠬᠴᠠᠵᠢᠭᠤᠯᠤᠨ ᠬᠥᠭᠵᠢᠭᠦᠯᠬᠦ ᠶᠢ ᠭᠦᠨᠵᠡᠭᠡᠶᠢᠷᠡᠭᠦᠯᠵᠦ᠂ ᠨᠠᠩ ᠣᠯᠠᠨ ᠰᠢᠨ᠎ᠡ ᠮᠡᠷᠭᠡᠵᠢᠯ᠂ ᠰᠢᠨ᠎ᠡ ᠦᠢᠯᠡᠳᠪᠦᠷᠢᠯᠡᠯ ᠤᠨ ᠱᠤᠭᠤᠮ᠂ ᠰᠢᠨ᠎ᠡ ᠪᠦᠲᠦᠭᠡᠭᠳᠡᠬᠦᠨ ᠢ ᠥᠪᠥᠷ ᠮᠣᠩᠭᠤᠯ ᠳᠤ ᠦᠷ᠎ᠠ ᠪᠦᠳᠦᠮᠵᠢ ᠭᠠᠷᠭᠠᠯᠭᠠᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠳᠠ ᠶᠢ ᠪᠦᠬᠦ ᠬᠦᠴᠦ ᠪᠠᠷ ᠢᠶᠠᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠳᠤ ᠲᠦᠰᠢᠭᠯᠡᠨ ︽ᠭᠤᠷᠪᠠᠨ ᠲᠦᠪᠰᠢᠨ︾ ᠢ ᠦᠷᠭᠦᠯᠵᠢᠯᠡᠨ ᠳᠡᠭᠡᠭᠰᠢᠯᠡᠭᠦᠯᠬᠦ ᠲᠠᠯ᠎ᠠ ᠪᠠᠷ ᠤᠯᠠᠨ ᠪᠣᠳᠠᠲᠠᠢ ᠠᠷᠭ᠎ᠠ ᠬᠡᠮᠵᠢᠶ᠎ᠡ ᠬᠠᠲᠠᠭᠤ ᠠᠷᠭ᠎ᠠ ᠬᠡᠮᠵᠢᠶ᠎ᠡ ᠠᠪᠴᠤ᠂ ᠴᠢᠯᠥᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠬᠦ ᠲᠠᠢ ᠤᠶᠠᠯᠳᠤᠭᠤᠯᠤᠨ ᠭᠠᠳᠠᠭᠠᠳᠤ ᠨᠡᠭᠡᠭᠡᠯᠳᠠ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠤᠯᠤᠰ ᠤᠨ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠬᠦ ᠪᠠ ᠠᠭᠤᠰᠤᠯᠴᠠᠵᠤ᠂ ᠥᠪᠥᠷ ᠮᠣᠩᠭᠤᠯ ᠤᠨ ᠪᠥᠬᠦ ᠤᠯᠤᠰ ᠤᠨ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠬᠤ ᠬᠤᠯᠪᠤᠬᠳᠠᠯ ᠪᠥᠬᠦᠶ ᠠᠵᠢᠯ ᠢ ᠲᠥᠯᠥᠪᠵᠢᠭᠦᠯᠦᠨ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ ᠣᠷᠣᠨ ᠪᠦᠰᠡ ᠯᠦᠭᠡ ᠬᠤᠯᠪᠣᠯᠳᠤᠨ ᠨᠡᠪᠲᠡᠷᠡᠯᠴᠡᠬᠦ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶᠡᠨ ᠳᠤ ᠣᠷᠣᠰᠢᠵᠤ ᠪᠠᠶᠢᠭ᠎ᠠ ᠳᠤᠲᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠴᠢᠭᠯᠡᠬᠦᠯᠦᠯᠳᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ ᠨᠥᠬᠦᠪᠥᠷᠢᠯᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠳᠠᠪᠤᠷᠢᠲᠠᠨ ᠢ ᠬᠥᠮᠦᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠴᠢᠳᠠᠪᠤᠷᠢᠲᠠᠨ ᠳᠤ ᠦᠵᠡᠭᠦᠯᠬᠦ ᠲᠤᠯᠭᠠᠭᠤᠷᠢᠯᠠᠬᠤ ᠦᠢᠯᠡᠳᠦᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠴᠡᠷᠢᠭ ᠠᠩᠭᠢ ᠶᠢᠨ ᠪᠦᠳᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠪᠦᠬᠦ ᠰᠡᠳᠭᠢᠯ ᠪᠦᠬᠦ ᠴᠢᠳᠠᠯ ᠢᠶᠠᠷ ᠢᠶᠠᠨ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠬᠤᠷᠠᠯ ᠠᠴᠠ 2 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠶᠠᠭ ᠠᠬᠢᠭᠤᠯᠵᠤ ᠪᠠᠶᠢᠭ᠎ᠠ ᠭᠤᠤᠯᠳᠠᠯᠭ᠎ᠠ ᠲᠠᠢ ᠡᠭᠦᠷᠭᠡ ᠲᠠᠢ ᠤᠶᠠᠯᠳᠤᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠨᠥᠬᠦᠳ ᠠᠶᠢᠮᠠᠭ ᠬᠤᠳᠠ ᠲᠠᠢ ᠬᠠᠷᠢᠯᠴᠠᠬᠤ ᠠᠵᠢᠯ ᠤᠨ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠭᠠᠭᠠᠴᠢᠯᠠᠨ ᠬᠠᠷᠢᠭᠤᠴᠠᠵᠦ ᠪᠠᠶᠢᠭ᠎ᠠ ᠭᠠᠵᠠᠷ ᠣᠷᠣᠨ ᠳᠠᠭᠠᠨ ᠭᠦᠨᠵᠡᠭᠡᠶᠢᠷᠡᠨ᠂ ᠡᠯ᠎ᠡ ᠭᠠᠵᠠᠷ ᠤᠨ ᠬᠢᠨ ᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠠᠬᠢᠭᠤᠯᠵᠤ᠂ ᠡᠨᠡ ᠵᠢᠯ ᠤᠨ ᠠᠵᠢᠯ ᠤᠨ ᠰᠠᠶᠢᠨ ᠡᠬᠢᠯᠡᠯᠲᠡ᠂ ᠪᠦᠬᠦ ᠵᠢᠯ ᠳᠡᠭᠡᠨ ᠰᠠᠶᠢᠨ ᠦᠷ᠎ᠠ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠤᠨ ᠠᠮᠤᠷ ᠲᠦᠪᠰᠢᠨ ᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠶᠡᠷᠦᠩᠬᠡᠶ ᠴᠤᠭᠴᠠ ᠶᠢᠨ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠡᠳᠡᠭᠡ ᠵᠠᠩᠭᠢ᠂ ᠤᠷᠢᠳᠴᠢᠯᠠᠨ ᠰᠡᠷᠭᠡᠶᠢᠯᠡᠬᠦ᠂ ᠬᠠᠮᠢᠶᠠᠷᠤᠨ ᠡᠵᠡᠮᠳᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠥᠨᠳᠥᠷ ᠲᠦᠪᠰᠢᠨ ᠪᠥᠬᠦᠶ ᠠᠮᠤᠷ ᠲᠦᠪᠰᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠬᠡᠷᠡᠭᠲᠡᠶ᠃ ᠤᠢ ᠰᠢᠭᠤᠢ ᠨᠤᠲᠤᠭ ᠪᠡᠯᠴᠢᠭᠡᠷ ᠢ ᠡᠪᠳᠡᠵᠦ ᠠᠳᠠᠷ ᠬᠠᠭᠠᠯᠪᠤᠷᠢᠯᠠᠬᠤ ᠵᠡᠷᠭᠡ ᠵᠠᠮᠪᠠᠷᠠᠭ᠎ᠠ ᠦᠬᠡᠢ ᠦᠵᠡᠭᠳᠡᠯ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠬᠠᠤᠯᠢ ᠬᠡᠷᠡᠭᠵᠢᠭᠦᠯᠬᠦ ᠵᠢᠷᠦᠬᠡᠰᠢᠶᠡᠯᠬᠡᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ︽ᠦᠨᠡᠨ︾ ᠰᠡᠳᠬᠦᠯ ᠳᠤ ᠨᠡᠶᠢᠲᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠠᠵᠤ ᠠᠬᠤᠶ ᠶᠢᠨ ᠠᠵᠢᠯ ᠳᠤ ᠡᠷᠬᠡᠪᠰᠢ ᠬᠡᠳᠦᠨ ᠴᠢᠬᠤᠯᠠ ᠬᠠᠷᠢᠴᠠᠭ᠎ᠠ ᠶᠢ ᠨᠢᠭᠡᠳᠦᠯᠲᠡᠶ ᠲᠥᠯᠥᠪᠵᠢᠭᠦᠯᠬᠦ ᠬᠡᠷᠡᠭᠲᠡᠶ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠵᠣᠬᠢᠶᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠨᠢᠭᠡᠳᠦᠯᠲᠡᠶ ᠲᠥᠯᠥᠪᠵᠢᠭᠦᠯᠬᠦ ᠰᠡᠳᠭᠢᠬᠦᠶ ᠪᠠ ᠠᠷᠭ᠎ᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠳᠡᠢ ᠭᠡᠵᠦ ᠴᠢᠬᠤᠯᠠᠴᠢᠯᠠᠵᠠᠢ᠃ ︽ᠨᠢᠭᠡ ᠭᠤᠣᠯ ᠰᠢᠵᠢᠮ︾᠂ ︽ᠲᠠᠪᠤᠨ ᠶᠡᠭᠡ ᠡᠭᠦᠷᠭᠡ︾᠂ ︽ᠵᠢᠷᠭᠤᠭᠠᠨ ᠢᠨᠵᠧᠨᠧᠷᠢᠩ︾᠂ ︽ᠵᠢᠷᠭᠤᠭᠠᠨ ᠠᠵᠢᠯᠯᠠᠭ᠎ᠠ︾ ᠵᠡᠷᠭᠡ ᠶᠡᠭᠡ ᠶᠠᠪᠤᠳᠠᠯ ᠴᠢᠬᠤᠯᠠ ᠶᠠᠪᠤᠳᠠᠯ ᠢ ᠠᠭᠤᠰᠤᠯᠴᠠᠭᠤᠯᠤᠨ ᠨᠡᠪᠲᠡᠷᠡᠯᠴᠡᠭᠦᠯᠵᠦ ᠠᠳᠬᠤᠬᠤ ᠶᠢ ᠪᠠᠷᠢᠮᠲᠠᠯᠠᠵᠤ᠂ ᠦᠢᠯᠡᠳᠦᠯᠭᠡ ᠶᠢᠨ ᠳᠤᠮᠳᠠ ︽ᠠᠳᠠᠯᠢ ᠲᠦᠷᠦᠯ ᠵᠦᠢᠯ ᠢ ᠨᠡᠶᠢᠳᠭᠡᠬᠦ︾ ᠶᠢ ᠰᠤᠷᠴᠤ᠂ ᠡᠬᠢ ᠪᠠᠶᠠᠯᠢᠭ ᠢ ᠪᠦᠲᠦᠮᠵᠢᠲᠡᠢ ᠨᠡᠶᠢᠳᠭᠡᠬᠦ᠂ ᠬᠦᠴᠦᠨ ᠴᠢᠳᠠᠯ ᠢ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠬᠤ ᠳᠠᠭᠠᠨ ᠴᠢᠳᠠᠮᠠᠭᠠᠢ ᠪᠠᠶᠢᠵᠤ᠂ ᠠᠵᠢᠯ ᠤᠨ ᠦᠷ᠎ᠡ ᠪᠦᠲᠦᠮᠵᠢ ᠶᠢ ᠬᠠᠮᠤᠭ ᠤᠨ ᠶᠡᠭᠡ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ 2024 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠢ ᠥᠨᠳᠥᠷ ᠲᠦᠪᠰᠢᠨ ᠢᠶᠠᠷ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠣᠨᠳᠣᠣᠰᠢᠭᠤᠯᠤᠯᠳᠠ ᠬᠡᠷᠡᠭᠯᠡᠯᠳᠡ ᠶᠢ ᠴᠢᠩᠭᠠᠳᠬᠠᠵᠤ᠂ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠳ ᠤᠨ ᠡᠮᠦᠨ᠎ᠡ ᠹᠷᠣᠨᠲ ᠲᠤ ᠭᠦᠨᠵᠡᠭᠡᠶᠢᠷᠡᠨ ᠨᠢᠭᠡ ᠰᠡᠳᠭᠢᠯ ᠢᠶᠠᠷ ᠰᠤᠳᠤᠯᠭᠠᠨ ᠬᠢᠬᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠤᠨ ᠬᠦᠳᠦᠯᠦᠨ ᠵᠢᠯᠣᠭᠤᠳᠴᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠪᠰᠢᠨ ᠢ ᠳᠠᠬᠢᠨᠲᠠ ᠰᠢᠨ᠎ᠡ ᠳᠡᠭᠲᠡᠷ ᠲᠤ ᠭᠠᠷᠭᠠᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃