|
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠺᠠᠳ᠋ᠷᠴᠤᠳ ᠤᠨ ᠶᠡᠭᠡ | ᠬᠤᠷᠠᠯ ᠬᠤᠷᠠᠯᠳᠤᠭᠤᠯᠵᠤ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ ᠲᠤᠭᠤᠰᠢᠯᠠᠭᠤᠯᠵᠠᠢ |
|
|
ᠨᠡᠶᠢᠲᠡᠯᠡᠭᠰᠡᠨ ᠴᠠᠭ᠄
2025/3/14
|
|
3 ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠭ᠎ᠠ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠥᠬᠦ ᠤᠯᠤᠰ ᠤᠨ ᠬᠤᠶᠠᠷ ᠬᠤᠷᠠᠯ ᠤᠨ ᠬᠤᠯᠪᠣᠭᠳᠠᠯ ᠪᠦᠬᠦᠢ ᠪᠦᠯᠬᠦᠮ ᠳᠤᠭᠤᠶᠢᠯᠠᠩ ᠤᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠪᠠ ᠥᠪᠡᠷᠲᠡᠭᠡᠨ ᠵᠠᠰᠠᠬᠤ ᠣᠷᠣᠨ ᠤ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠦᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠠᠩ ᠱᠣᠣ ᠴᠦᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|