ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2025/3/14

                                          ᠵᠠᠰᠠᠭ ᠤᠨ ᠣᠷᠳᠣᠨ ᠤ ᠠᠵᠢᠯ ᠤᠨ ᠢᠯᠡᠳᠬᠡᠯ

                          – 2025 ᠣᠨ ᠤ 3 ᠰᠠᠷ᠎ᠠ ᠶᠢᠨ 5 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ

                      ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠡᠭᠡᠷ᠎ᠡ

                               ᠲᠥᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ  ᠰᠠᠶᠢᠳ    ᠯᠢ  ᠴᠢᠶᠠᠩ


强哥.jpg

ᠲᠥᠯᠥᠭᠡᠯᠡᠭᠴᠢᠳ ᠠ᠋᠄

      ᠤᠳᠤ ᠪᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠ ᠤᠤ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠴᠦ ᠰᠠᠨᠠᠯ ᠢᠶᠠᠨ ᠳᠤᠷᠠᠳᠬᠤ ᠪᠣᠯᠪᠠ ᠤᠤ᠃

      ᠨᠢᠭᠡ᠂ 2024 ᠣᠨ ᠤ ᠠᠵᠢᠯ ᠤᠨ ᠡᠷᠭᠢᠴᠡᠭᠦᠯᠦᠯ

      ᠥᠩᠭᠡᠷᠡᠭᠰᠡᠨ ᠨᠢᠭᠡ ᠵᠢᠯ ᠳᠤ᠂ ᠮᠠᠨ ᠤ ᠤᠯᠤᠰ ᠤᠨ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠶᠤᠮ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠢᠯᠠᠯᠲᠠ ᠲᠠᠢ ᠪᠠᠷ ᠬᠤᠷᠠᠯᠳᠤᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠪᠠᠶᠢᠷᠢᠯᠠᠭᠤᠯᠤᠯᠲᠠ ᠬᠢᠪᠡ᠃ ᠪᠢᠳᠡ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠭᠡᠯᠡᠵᠦ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠬᠡ ᠤᠯᠤᠰ ᠢᠶᠠᠨ ᠬᠠᠶᠢᠷᠠᠯᠠᠬᠤ ᠣᠷᠭᠢᠯᠤᠮ᠎ᠠ ᠬᠠᠯᠠᠭᠤᠨ ᠰᠡᠳᠬᠢᠯᠭᠡ ᠪᠠ ᠲᠡᠮᠡᠴᠡᠯ ᠤᠨ ᠵᠣᠷᠢᠭ ᠰᠠᠨᠠᠭ᠎ᠠ ᠶᠢ ᠲᠤᠶᠢᠯ ᠤᠨ ᠶᠡᠭᠡ ᠪᠠᠷ ᠬᠥᠭᠵᠢᠭᠡᠪᠡ᠃ ᠨᠢᠭᠡ ᠵᠢᠯ ᠤᠨ ᠲᠤᠷᠰᠢ᠂ ᠭᠠᠳᠠᠭᠠᠳᠤ ᠳᠠᠷᠤᠯᠲᠠ ᠶᠡᠬᠡᠰᠴᠦ ᠳᠣᠲᠣᠭᠠᠳᠤ ᠶᠢᠨ ᠬᠦᠴᠢᠷᠳᠡᠯ ᠨᠡᠮᠡᠭᠳᠡᠭᠰᠡᠨ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤᠵᠢᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠶᠠᠪᠤᠭᠳᠠᠵᠤ᠂ ᠲᠣᠭᠲᠠᠭᠤᠨ ᠤ ᠳᠤᠮᠳᠠ ᠠᠬᠢᠯᠲᠠ ᠲᠠᠢ ᠪᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠦᠨ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠯᠠᠪᠳᠠᠭᠤᠨ ᠬᠥᠭᠵᠢᠭᠦᠯᠵᠦ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠳᠠᠲᠤ ᠬᠦᠴᠦᠨ᠂ ᠤᠯᠤᠰ ᠤᠨ ᠶᠡᠷᠦᠩᠬᠡᠢ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠯᠠᠪᠳᠠᠭᠤᠨ ᠪᠠᠲᠤ ᠰᠢᠨ᠎ᠡ ᠠᠯᠬᠤᠮ ᠢ ᠠᠯᠬᠤᠭᠠᠳ᠂ ᠪᠢᠳᠡᠨ ᠤ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠷᠡᠰ ᠵᠣᠷᠢᠭ ᠪᠠ ᠢᠲᠡᠭᠡᠯ ᠵᠣᠷᠢᠭ ᠢ ᠨᠡᠩ ᠢᠯᠡᠭᠦᠦ ᠪᠠᠲᠤᠳᠬᠠᠪᠠ᠃

     ︽ᠲᠣᠭᠲᠠᠭᠤᠨ︾ ᠪᠠᠶᠢᠳᠠᠯ ᠪᠠᠬᠢᠵᠢᠨ ᠦᠷᠭᠦᠯᠵᠢᠯᠡᠪᠡ᠃ ᠭᠤᠣᠯ ᠢᠯᠡᠷᠡᠯ ᠨᠢ ᠭᠡᠪᠡᠯ᠂ ᠠᠵᠤ ᠠᠬᠤᠢ ᠶᠢᠨ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠵᠦ᠂ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠥᠷᠲᠡᠭ 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 5% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠬᠤᠪᠢ ᠨᠡᠮᠡᠷᠢ ᠶᠢᠨ ᠨᠤᠷᠮ᠎ᠠ ᠶᠢ 30% ᠣᠷᠴᠢᠮ ᠳᠤ ᠪᠠᠲᠤᠯᠠᠪᠠ᠃ ᠠᠵᠢᠯ ᠣᠯᠭᠤᠯᠲᠠ᠂ ᠪᠠᠷᠠᠭᠠᠨ ᠤ ᠦᠨ᠎ᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1256 ᠲᠦᠮᠡ ᠰᠢᠨ᠎ᠡ ᠪᠠᠷ ᠨᠡᠮᠡᠭᠳᠡᠵᠦ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.1% ᠪᠣᠯᠵᠤ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ᠃ ᠤᠯᠤᠰ ᠤᠨ ᠬᠤᠭᠤᠷᠤᠨᠳᠤᠭᠢ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠠᠶᠢᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠤᠯᠠᠨ ᠤᠯᠤᠰ ᠤᠨ ᠵᠠᠬ᠎ᠠ ᠳᠡᠯᠭᠡᠭᠦᠷ ᠲᠠᠬᠢ ᠬᠤᠪᠢᠳᠠᠴᠡ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ ᠭᠠᠳᠠᠭᠠᠳᠤ ᠭᠤᠪᠢᠭᠤᠯᠭ᠎ᠠ ᠶᠢᠨ ᠨᠥᠭᠡᠴᠡ 3.2 ᠲᠦᠮᠡᠨ ᠳ᠋ᠦᠩᠰᠢᠭᠤᠷ ᠳ᠋ᠣᠯᠯᠠᠷ ᠢ ᠳᠠᠪᠠᠪᠠ᠃ ᠠᠷᠠᠳ ᠤᠨ ᠠᠮᠢᠳᠤᠷᠠᠯ ᠤᠨ ᠪᠠᠲᠤᠯᠠᠭ᠎ᠠ ᠪᠠᠲᠤ ᠪᠠᠬᠢ ᠪᠠᠶᠢᠵᠤ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 5.1% ᠪᠠᠷ ᠪᠣᠳᠠᠲᠠᠢ ᠨᠡᠮᠡᠭᠳᠡᠵᠦ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠨᠠᠰᠤᠵᠢᠯ ᠤᠨ ᠠᠰᠠᠷᠠᠮᠵᠢ᠂ ᠦᠨᠳᠦᠰᠦᠨ ᠡᠮᠨᠡᠯᠭᠡ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠪᠠ᠃ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠠᠷᠢᠯᠭᠠᠬᠤ ᠠᠵᠢᠯ ᠡᠮᠬᠢ ᠵᠢᠷᠤᠮ ᠲᠠᠢ ᠪᠥᠭᠡᠳ ᠪᠦᠲᠦᠮᠵᠢᠲᠡᠶ ᠪᠠᠶᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃

      ︽ᠤᠷᠤᠭᠰᠢᠯᠠᠬᠤ︾ ᠠᠯᠬᠤᠭ᠎ᠠ ᠢᠳᠡᠷᠬᠡᠭ ᠪᠠᠲᠤ ᠪᠠᠶᠢᠨ᠎ᠠ᠃ ᠭᠤᠣᠯ ᠢᠯᠡᠷᠡᠯ ᠨᠢ ᠭᠡᠪᠡᠯ᠂ ᠠᠵᠤ ᠦᠢᠯᠡᠰ ᠤᠨ ᠳᠡᠰ ᠳᠠᠪᠰᠢᠯᠲᠠ ᠰᠢᠨ᠎ᠡ ᠠᠬᠢᠯᠲᠠ ᠲᠠᠢ ᠪᠣᠯᠵᠤ᠂ ᠠᠮᠤ ᠪᠤᠳᠠᠭᠠᠨ ᠤ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠰᠢᠭᠤᠷ ᠵᠢᠩ ᠤᠨ ᠰᠢᠨ᠎ᠡ ᠳᠡᠭᠲᠡᠷ ᠲᠤ ᠭᠠᠷᠴᠤ᠂ ᠮᠦ ᠪᠦᠷᠢ ᠶᠢᠨ ᠤᠨᠠᠯᠲᠠ 10.1 ᠵᠢᠩ ᠳᠡᠭᠡᠭᠰᠢᠯᠡᠪᠡ︔ᠳᠡᠭᠡᠳᠦ ᠮᠡᠷᠭᠡᠵᠢᠯ ᠤᠨ ᠦᠢᠯᠡᠳᠬᠦ ᠦᠢᠯᠡᠰ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠲᠣᠰ ᠲᠣᠰ 8.9%᠂ 7.7% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠵᠢᠯ ᠤᠨ ᠭᠠᠷᠤᠯᠲᠠ 1300 ᠲᠦᠮᠡ ᠶᠢ ᠳᠠᠪᠠᠪᠠ︔ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠣᠰ ᠲᠣᠰ 10.9%᠂ 10.4% ᠪᠠᠷ ᠨᠡᠮᠡᠭᠳᠡᠪᠡ᠃ ᠰᠢᠨ᠎ᠡ ᠶᠢ ᠡᠭᠦᠳᠬᠦ ᠴᠢᠳᠠᠪᠤᠷᠢ ᠰᠢᠨ᠎ᠡ ᠳᠡᠭᠡᠭᠰᠢᠯᠡᠯᠲᠡ ᠲᠠᠢ ᠪᠣᠯᠵᠤ᠂ ᠬᠤᠷᠠᠮᠠᠯ ᠴᠠᠭᠢᠯᠭᠠᠨ ᠬᠡᠯᠬᠢᠶ᠎ᠡ᠂ ᠵᠣᠬᠢᠶᠠᠮᠠᠯ ᠤᠶᠤᠯᠢᠭ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠰᠢᠨ᠎ᠡ ᠦᠷ᠎ᠡ ᠪᠦᠲᠦᠭᠡᠯ ᠣᠯᠪᠠ︔ ︽ᠴᠠᠩ ᠧ ᠵᠢᠷᠭᠤᠳᠤᠭᠠᠷ︾ ᠬᠥᠮᠥᠨ ᠲᠥᠷᠥᠯᠬᠢᠲᠡᠨ ᠤ ᠠᠩᠬ᠎ᠠ ᠤᠳᠠᠭ᠎ᠠ ᠰᠠᠷᠠᠨ ᠪᠥᠮᠪᠥᠷᠴᠡᠭ ᠤᠨ ᠠᠷᠤ ᠲᠠᠯ᠎ᠠ ᠠᠴᠠ ᠦᠯᠢᠭᠡᠷ ᠠᠪᠴᠤ ᠪᠤᠴᠠᠵᠤ ᠢᠷᠡᠬᠦ ᠶᠢ ᠪᠡᠶᠡᠯᠡᠭᠦᠯᠦᠨ᠂ ︽ᠬᠦᠰᠡᠯ ᠡᠷᠡᠮᠡᠯᠵᠡᠯ︾ ᠨᠡᠷᠡᠮᠵᠢᠲᠦ ᠶᠡᠭᠡ ᠲᠠᠯᠠᠢ ᠳᠤ ᠥᠷᠥᠮᠳᠡᠨ ᠬᠠᠶᠢᠬᠤ ᠣᠩᠭᠤᠴᠠ ᠶᠢ ᠪᠠᠶᠢᠭᠤᠯᠤᠨ ᠪᠦᠲᠦᠭᠡᠭᠡᠳ ᠵᠢᠭᠰᠠᠭᠠᠯ ᠳᠤ ᠣᠷᠣᠭᠤᠯᠪᠠ︔ ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 11.2% ᠢᠶᠠᠷ ᠨᠡᠮᠡᠭᠳᠡᠪᠡ᠃ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠰᠢᠨ᠎ᠡ ᠰᠠᠶᠢᠵᠢᠷᠠᠯᠲᠠ ᠲᠠᠢ ᠪᠣᠯᠵᠤ᠂ ᠲᠤᠰᠬᠠᠢ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠵᠢᠵᠢᠭ ᠮᠥᠬᠦᠯᠢᠭᠲᠦ ᠪᠣᠳᠠᠰ ︵PM2.5︶ ᠤᠨ ᠳᠤᠮᠳᠠᠴᠢ ᠥᠳᠬᠡᠴᠡ 2.7% ᠪᠠᠷ ᠪᠠᠭᠤᠷᠠᠵᠤ᠂ ᠴᠡᠪᠡᠷ ᠠᠭᠠᠷᠳᠤ ᠡᠳᠦᠷ ᠤᠨ ᠲᠤᠭ᠎ᠠ ᠶᠢᠨ ᠬᠠᠷᠢᠴᠠᠯ 87.2% ᠪᠣᠯᠣᠨ ᠳᠡᠭᠡᠭᠰᠢᠯᠡᠵᠦ᠂ ᠭᠠᠵᠠᠷ ᠤᠨ ᠭᠠᠳᠠᠷᠭᠤ ᠶᠢᠨ ᠤᠰᠤᠨ ᠤ ᠴᠢᠨᠠᠷ ᠰᠢᠯᠢᠳᠡᠭ ᠰᠠᠶᠢᠨ ᠤᠰᠤᠨ ᠤ ᠣᠭᠲᠣᠯᠣᠭᠠᠰᠤ ᠶᠢᠨ ᠬᠠᠷᠢᠴᠠᠯ ᠢ 90.4% ᠪᠤᠯᠲᠠᠯ᠎ᠠ ᠳᠡᠭᠡᠭᠰᠢᠯᠡᠭᠦᠯᠪᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠤᠨ ᠪᠠᠭᠤᠷᠠᠯᠲᠠ ᠶᠢᠨ ᠬᠡᠮᠵᠢᠶ᠎ᠡ 3% ᠶᠢ ᠲᠠᠪᠠᠪᠠ︔ ᠳᠠᠭᠢᠨ ᠡᠭᠦᠰᠴᠦ ᠪᠤᠯᠬᠤ ᠡᠨᠧᠷᠭᠢ ᠶᠢᠨ ᠰᠤᠷᠪᠤᠯᠵᠢ ᠶᠢᠨ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3.7 ᠳ᠋ᠦᠩᠰᠢᠭᠤᠷ ᠺᠢᠯᠣᠸᠠᠲ ᠲᠤ ᠭᠦᠷᠪᠡ᠃ ᠥᠭᠡᠷᠡᠴᠢᠯᠡᠯᠲᠡ ᠨᠡᠭᠡᠭᠡᠯᠲᠡ ᠰᠢᠨ᠎ᠡ ᠰᠢᠪᠲᠤᠯᠤᠯᠲᠠ ᠲᠠᠢ ᠪᠣᠯᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠯᠠᠪᠳᠠᠭᠤᠨ ᠪᠠᠲᠤᠲᠠᠢ ᠪᠥᠭᠡᠳ ᠬᠦᠴᠦᠲᠡᠢ ᠨᠠᠶᠢᠳᠠᠪᠤᠷᠢᠵᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠪᠡᠶᠡᠯᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠠᠶᠢᠭᠤᠯᠬᠤ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠵᠡᠷᠭᠡ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠵᠠᠯᠭᠠᠭ᠎ᠠ ᠵᠠᠯᠭᠠᠭ᠎ᠠ ᠪᠠᠷ ᠭᠡᠷᠡᠭᠵᠢᠭᠦᠯᠪᠡ︔ ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦᠨ ᠢ ᠬᠦᠴᠦᠨ ᠦᠭᠡᠢ ᠪᠤᠯᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ ᠠᠷᠠᠯᠵᠢᠶ᠎ᠠ ᠪᠡᠯᠡ ᠣᠷᠣᠭᠤᠯᠤᠯᠲᠠ ᠶᠢᠨ ᠬᠠᠮᠲᠤᠷᠠᠯᠴᠠᠭ᠎ᠠ ᠶᠢ ᠲᠠᠰᠤᠷᠠᠯᠳᠠ ᠦᠭᠡᠢ ᠪᠠᠭᠲᠠᠭᠠᠮᠵᠢ ᠶᠢ ᠨᠢ ᠥᠷᠭᠡᠳᠬᠡᠨ ᠲᠡᠰ ᠳᠡᠪᠰᠢᠭᠦᠯᠪᠡ᠃

      ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠭᠠᠳᠠᠭᠠᠳᠤ ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠤᠭᠰᠠᠨ ᠠᠰᠢᠭ ᠦᠭᠡᠢ ᠨᠥᠯᠥᠭᠡ ᠦᠷᠭᠦᠯᠵᠢᠯᠡᠨ ᠭᠦᠨᠵᠡᠭᠡᠶᠢᠷᠡᠵᠦ᠂ ᠤᠯᠤᠰ ᠤᠨ ᠳᠣᠲᠣᠭᠠᠳᠤ ᠶᠢᠨ ᠤᠷᠲᠤ ᠬᠤᠭᠤᠴᠠᠭ᠎ᠠ ᠪᠠᠷ ᠬᠤᠷᠠᠮᠳᠤᠭᠰᠠᠨ ᠵᠠᠷᠢᠮ ᠭᠦᠨ ᠳᠠᠪᠬᠤᠷᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠲᠥᠪᠯᠡᠷᠡᠩᠭᠦᠢ ᠢᠯᠡᠷᠡᠵᠦ᠂ ᠳᠣᠲᠣᠭᠠᠳᠤ ᠬᠡᠷᠡᠭᠴᠡᠭᠡ ᠮᠠᠭᠤᠳᠠᠭᠰᠠᠨ᠂ ᠵᠢᠱᠢᠯᠲᠡ ᠪᠠᠭᠤᠷᠠᠢ ᠪᠣᠯᠤᠭᠰᠠᠨ ᠵᠡᠷᠭᠡ ᠠᠰᠠᠭᠤᠳᠠᠯ ᠰᠣᠯᠪᠢᠴᠠᠨ ᠳᠠᠪᠬᠤᠴᠠᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠣᠯᠠᠨᠲᠠ ᠭᠠᠷᠴᠤ᠂ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭᠠᠨ ᠢ ᠪᠠᠲᠤᠯᠠᠬᠤ ᠳᠤ ᠬᠦᠴᠢᠷᠳᠡᠯ ᠶᠡᠬᠡᠰᠪᠡ᠃ ᠣᠯᠠᠨ ᠳᠠᠪᠬᠤᠷ ᠬᠦᠴᠢᠷ ᠪᠡᠷᠬᠡᠰᠢᠶᠡᠯ ᠪᠠ ᠰᠢᠯᠭᠠᠯᠲᠠ ᠶᠢᠨ ᠡᠮᠦᠨ᠎ᠡ᠂ ᠪᠢᠳᠡ ᠬᠠᠳᠠᠭᠠᠯᠠᠯᠲᠠ ᠲᠥᠷᠥ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠬᠤᠷᠸ᠎ᠠ ᠲᠣᠬᠢᠷᠠᠭᠤᠯᠤᠯ ᠡᠵᠡᠮᠳᠡᠯ ᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ᠂ ᠢᠳᠡᠪᠬᠢᠲᠡᠢ ᠪᠥᠭᠡᠳ ᠪᠦᠲᠦᠮᠵᠢᠲᠡᠶ ᠪᠠᠷ ᠠᠷᠭᠠᠴᠠᠪᠠ᠃ ᠣᠨᠴᠠᠭᠠᠶᠢᠯᠠᠨ 9 ᠰᠠᠷ᠎ᠠ ᠶᠢᠨ 26 ᠤ ᠡᠳᠦᠷ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠠᠴᠠ ᠡᠷᠡᠰ ᠰᠢᠭᠤᠷᠬᠠᠢ ᠪᠠᠷ ᠪᠠᠶᠢᠷᠢᠯᠠᠭᠤᠯᠤᠭᠰᠠᠨ ᠬᠠᠮ ᠨᠡᠮᠡᠭᠳᠡᠯ ᠲᠥᠷᠥ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠢᠯᠡᠳᠲᠡ ᠡᠷᠭᠢᠵᠦ ᠰᠠᠶᠢᠵᠢᠷᠠᠬᠤ ᠶᠢ ᠠᠬᠢᠭᠤᠯᠵᠤ᠂ ᠨᠡᠶᠢᠭᠡᠮ ᠨᠡᠶᠢᠲᠡ ᠶᠢᠨ ᠢᠲᠡᠭᠡᠯ ᠵᠣᠷᠢᠭ ᠢ ᠪᠦᠲᠦᠮᠵᠢᠲᠡᠶ ᠬᠥᠪᠴᠢᠯᠡᠭᠰᠡᠨ ᠢᠶᠠᠷ᠂ ᠪᠦᠭᠦ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠤᠭᠰᠠᠨ ᠮᠥᠷᠲᠡᠭᠡᠨ ᠡᠨᠡ ᠵᠢᠯ ᠤᠨ ᠬᠥᠭᠵᠢᠯᠲᠡ ᠳᠤ ᠴᠤ ᠰᠠᠶᠢᠨ ᠰᠠᠭᠤᠷᠢ ᠶᠢ ᠲᠠᠯᠪᠢᠵᠤ ᠥᠭᠪᠡ᠃ ᠡᠨᠡ ᠶᠠᠪᠤᠴᠠ ᠳᠤ᠂ ᠪᠢᠳᠡ ᠠᠵᠤ ᠠᠬᠤᠢ ᠶᠢᠨ ᠠᠵᠢᠯ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠡᠷᠬᠡᠪᠰᠢ ᠪᠦᠲᠦᠮᠵᠢᠲᠡᠶ ᠵᠠᠬ᠎ᠠ ᠳᠡᠯᠭᠡᠭᠦᠷ ᠪᠠ ᠴᠢᠷᠮᠠᠶᠢᠯᠲᠠ ᠲᠠᠢ ᠵᠠᠰᠠᠭ ᠤᠨ ᠣᠷᠳᠣᠨ᠂ ᠶᠡᠷᠦᠩᠬᠡᠢ ᠬᠠᠩᠭᠠᠯᠭ᠎ᠠ ᠪᠠ ᠶᠡᠷᠦᠩᠬᠡᠢ ᠬᠡᠷᠡᠭᠴᠡᠭᠡ᠂ ᠰᠢᠨ᠎ᠡ ᠬᠥᠳᠡᠯᠭᠡᠭᠴᠢ ᠡᠨᠧᠷᠭᠢ ᠶᠢ ᠪᠣᠶᠢᠵᠢᠭᠤᠯᠬᠤ ᠪᠠ ᠬᠠᠭᠤᠴᠢᠨ ᠬᠥᠳᠡᠯᠭᠡᠭᠴᠢ ᠡᠨᠧᠷᠭᠢ ᠶᠢ ᠰᠢᠨᠡᠳᠬᠡᠬᠦ᠂ ᠨᠡᠮᠡᠭᠳᠡᠯ ᠢ ᠰᠢᠯᠢᠳᠡᠭᠵᠢᠭᠦᠯᠬᠦ ᠪᠠ ᠬᠠᠳᠠᠭᠠᠯᠠᠯᠲᠠ ᠶᠢ ᠠᠮᠢᠳᠤᠯᠢᠭ ᠪᠤᠯᠭᠠᠬᠤ᠂ ᠶᠠᠰᠤ ᠴᠢᠨᠠᠷ ᠢ ᠳᠡᠭᠡᠭᠰᠢᠯᠡᠭᠦᠯᠭᠦ ᠪᠠ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠯᠡᠬᠦ ᠬᠡᠷᠡᠭᠲᠡᠢ ᠭᠡᠳᠡᠭ ᠢ ᠤᠯᠠᠮ ᠨᠢᠭᠡ ᠠᠯᠬᠤᠮ ᠲᠠᠨᠢᠵᠤ ᠣᠯᠪᠠ᠃ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠳᠠᠶᠠᠭᠠᠷ ᠢᠶᠠᠨ ᠬᠦᠴᠦ ᠪᠠᠨ ᠲᠥᠪᠯᠡᠷᠡᠭᠦᠯᠦᠨ ᠪᠡᠷᠬᠡ ᠰᠡᠳᠦᠪ ᠢ ᠰᠢᠢᠳᠪᠦᠷᠢᠯᠡᠪᠡᠯ᠂ ᠮᠠᠨ ᠤ ᠤᠯᠤᠰ ᠤᠨ ᠬᠥᠭᠵᠢᠯᠲᠡ ᠳᠤ ᠳᠠᠪᠠᠵᠤ ᠴᠢᠳᠠᠰᠢ ᠦᠭᠡᠢ ᠪᠡᠷᠬᠡ ᠪᠣᠭᠤᠮᠲᠠ ᠭᠡᠵᠦ ᠦᠭᠡᠢ ᠶᠤᠮ ᠭᠡᠳᠡᠭ ᠢ ᠦᠢᠯᠡᠳᠦᠯᠭᠡ ᠳᠠᠬᠢᠨᠲᠠ ᠭᠡᠷᠡᠴᠢᠯᠡᠪᠡ᠃

      ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠲᠤᠭᠤᠰᠢᠯᠠᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ  ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ ᠠᠵᠢᠯ ᠤᠳ ᠢ ᠬᠢᠪᠡ᠃

      ᠨᠢᠭᠡ ᠳᠤ ᠴᠠᠭ ᠪᠣᠯᠣᠨ ᠪᠠᠶᠢᠳᠠᠯ ᠳᠤ ᠲᠣᠬᠢᠷᠠᠭᠤᠯᠤᠨ ᠬᠤᠷᠸ᠎ᠠ ᠲᠣᠬᠢᠷᠠᠭᠤᠯᠤᠯ ᠡᠵᠡᠮᠳᠡᠯ ᠢ ᠴᠢᠩᠭᠠᠳᠬᠠᠬᠤ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ ᠠᠵᠤ ᠠᠬᠤᠢ ᠶᠢᠨ ᠰᠡᠷᠭᠦᠵᠦ ᠰᠠᠶᠢᠵᠢᠷᠠᠬᠤ ᠶᠢ ᠠᠬᠢᠭᠤᠯᠪᠠ᠃ ᠨᠢᠳᠤᠨᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠰᠠᠶᠢᠨ ᠡᠭᠢᠯᠡᠯᠲᠡ ᠲᠠᠢ ᠪᠠᠶᠢᠭᠰᠠᠨ ᠪᠤᠯᠪᠠᠴᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠲᠠᠯ᠎ᠠ ᠶᠢᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠬᠤᠶᠠᠳᠤᠭᠠᠷ ᠤᠯᠠᠷᠢᠯ ᠳᠤ ᠣᠷᠣᠭᠰᠠᠨ ᠤ ᠳᠠᠷᠠᠭ᠎ᠠ ᠭᠤᠣᠯ ᠭᠤᠣᠯ ᠭᠦᠢᠴᠡᠳᠬᠡᠯ ᠲᠤᠭ᠎ᠠ ᠦᠷᠭᠦᠯᠵᠢᠯᠡᠨ ᠳᠣᠷᠣᠭᠰᠢᠯᠠᠵᠤ᠂ ᠪᠠᠭᠤᠷᠠᠬᠤ ᠳᠠᠷᠤᠯᠲᠠ ᠶᠡᠬᠡᠰᠪᠡ᠃ ᠪᠢᠳᠡ ᠦᠶᠡᠯᠡᠯ ᠥᠭᠰᠥᠭᠦᠯᠦᠨ ᠲᠣᠬᠢᠷᠠᠭᠤᠯᠤᠯᠲᠠ ᠬᠢᠬᠦ ᠪᠠᠨ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠤᠳ ᠲᠤ ᠠᠩᠬᠠᠷᠤᠯ ᠲᠥᠪᠯᠡᠷᠡᠭᠦᠯᠦᠨ ᠬᠠᠨᠳᠤᠯᠭᠠᠲᠤ ᠴᠢᠨᠠᠷᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠠᠳᠠᠭᠠᠯᠠᠯᠲᠠ ᠪᠣᠯᠣᠨ ᠨᠡᠮᠡᠭᠳᠡᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠬᠡᠷᠡᠭᠴᠡᠭᠡ ᠶᠢᠨ ᠨᠡᠯᠢᠶᠡᠳ ᠲᠦᠷᠭᠡᠨ ᠡᠷᠭᠢᠵᠦ ᠰᠠᠶᠢᠵᠢᠷᠠᠬᠤ ᠶᠢ ᠠᠬᠢᠭᠤᠯᠤᠨ᠂ ᠦᠢᠯᠡᠳᠪᠦᠷᠢᠯᠡᠯ ᠤᠨ ᠨᠡᠮᠡᠭᠳᠡᠯ ᠲᠦᠷᠭᠡᠳᠴᠦ᠂ ᠵᠠᠬ᠎ᠠ ᠳᠡᠯᠭᠡᠭᠦᠷ ᠤᠨ ᠵᠢᠱᠢᠯᠲᠡ ᠢᠯᠡᠳᠲᠡ ᠰᠠᠶᠢᠵᠢᠷᠠᠵᠤ᠂ ᠪᠦᠭᠦ ᠵᠢᠯ ᠤᠨ ᠠᠵᠤ ᠠᠬᠤᠢ ᠶᠢᠨ ᠠᠵᠢᠯᠯᠠᠭᠠᠨ ᠳᠤ ᠡᠮᠦᠨᠡᠬᠢ ᠬᠤᠭᠤᠴᠠᠭᠠᠨ ᠳᠤ ᠰᠠᠶᠢᠨ᠂ ᠳᠤᠮᠳᠠ ᠬᠤᠭᠤᠴᠠᠭᠠᠨ ᠳᠤ ᠠᠨᠠᠢ᠂ ᠰᠡᠭᠦᠯ ᠤᠨ ᠬᠤᠭᠤᠴᠠᠭᠠᠨ ᠳᠤ ᠰᠡᠷᠭᠦᠭᠰᠡᠨ ᠪᠠᠶᠢᠳᠠᠯ ᠢᠯᠡᠷᠡᠪᠡ᠃ ᠡᠳ᠋ ᠤᠨ ᠵᠠᠰᠠᠭ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠦᠴᠦᠲᠡᠢ ᠬᠡᠷᠡᠭᠵᠢᠭᠦᠯᠵᠦ᠂ ᠵᠠᠷᠤᠯᠭ᠎ᠠ ᠶᠢᠨ ᠬᠡᠪᠴᠢᠶ᠎ᠡ ᠶᠢ ᠥᠷᠭᠡᠳᠬᠡᠨ᠂ ᠭᠤᠣᠯᠳᠠᠯᠭ᠎ᠠ ᠲᠠᠢ ᠬᠦᠷᠢᠶᠡᠨ ᠤ ᠡᠳ᠋ ᠤᠨ ᠬᠦᠴᠦᠨ ᠤ ᠪᠠᠲᠤᠯᠠᠭ᠎ᠠ ᠶᠢ ᠴᠢᠩᠭᠠᠳᠬᠠᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠪᠠ ᠲᠦᠷᠦ ᠶᠢᠨ ᠪᠣᠳᠣᠯᠭ᠎ᠠ ᠶᠢᠨ ᠴᠢᠨᠠᠷᠲᠠᠢ ᠬᠦᠦ ᠮᠥᠩᠭᠦ ᠶᠢᠨ ᠨᠤᠷᠮ᠎ᠠ ᠶᠢ ᠬᠤᠶᠠᠷ ᠤᠳᠠᠭ᠎ᠠ ᠪᠠᠭᠤᠷᠠᠭᠤᠯᠵᠤ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠲᠡᠭ ᠢ ᠤᠯᠠᠮ ᠨᠢᠭᠡ ᠠᠯᠬᠤᠮ ᠪᠠᠭᠤᠷᠠᠭᠤᠯᠪᠠ᠃ ᠪᠦᠲᠦᠮᠵᠢᠲᠡᠶ ᠬᠡᠷᠡᠭᠴᠡᠭᠡ ᠶᠢ ᠥᠷᠭᠡᠳᠬᠡᠬᠦ ᠶᠢᠨ ᠲᠣᠭᠤᠷᠢᠨ ᠳᠤ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ︽ᠰᠢᠨᠡᠳᠬᠡᠬᠦ ᠪᠠ ᠰᠣᠯᠢᠬᠤ︾ ᠠᠵᠢᠯ ᠢ ᠬᠦᠴᠦᠯᠡᠨ ᠳᠡᠮᠵᠢᠵᠦ᠂ ᠪᠡᠯᠡᠳᠬᠡᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭᠳᠡᠵᠦ᠂ ᠭᠡᠷ ᠤᠨ ᠴᠠᠭᠢᠯᠭᠠᠨ ᠬᠡᠷᠡᠭᠰᠡᠯ ᠤᠨ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 12.3% ᠪᠠᠷ ᠨᠡᠮᠡᠭᠳᠡᠪᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠤᠷᠮ᠎ᠠ ᠪᠠ ᠠᠩᠬ᠎ᠠ ᠲᠤᠰᠢᠶᠠᠬᠤ ᠬᠠᠷᠢᠴᠠᠯ ᠢ ᠪᠠᠭᠤᠷᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠬᠠᠳᠠᠭᠠᠯᠠᠯᠲᠠ ᠣᠷᠣᠨ ᠰᠠᠭᠤᠴᠠ ᠶᠢᠨ ᠵᠢᠭᠡᠯᠡᠯᠭᠡ ᠶᠢᠨ ᠬᠦᠦ ᠮᠥᠩᠭᠦ ᠶᠢᠨ ᠵᠢᠯ ᠤᠨ ᠵᠠᠷᠤᠯᠭ᠎ᠠ ᠶᠢ ᠪᠠᠷᠤᠭ 1500 ᠳ᠋ᠦᠩᠰᠢᠭᠤᠷ ᠲᠥᠭᠦᠷᠢᠭ ᠪᠠᠭᠠᠰᠬᠠᠵᠤ᠂ ᠠᠷᠠᠯᠵᠢᠶᠠᠯᠠᠬᠤ ᠭᠤᠭᠴᠤᠭ᠎ᠠ ᠶᠢᠨ ᠭᠠᠶᠢᠯᠢ ᠰᠦᠢᠳᠬᠡᠯ ᠤᠨ ᠲᠦᠪᠰᠢᠨ ᠢ ᠳᠣᠷᠣᠭᠰᠢᠯᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠲᠣᠭᠲᠠᠪᠤᠷᠢᠵᠢᠭᠤᠯᠵᠤ᠂ ᠰᠠᠭᠤᠷᠢ ᠴᠢᠨᠠᠷᠲᠠᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠬᠠᠷᠢᠯᠴᠠᠨ ᠰᠣᠯᠢᠬᠤ ᠳᠤ ᠲᠦᠭᠦᠮ ᠦᠵᠡᠭᠦᠯᠭᠦ ︵SFISF︶᠂ ᠰᠲ᠋ᠣᠺ ᠢᠶᠠᠨ ᠡᠭᠡᠭᠦᠯᠦᠨ ᠬᠤᠳᠠᠯᠳᠤᠨ ᠠᠪᠴᠤ ᠬᠤᠪᠢ ᠪᠠᠨ ᠨᠡᠮᠡᠵᠦ ᠡᠵᠡᠮᠰᠢᠬᠦ ᠳᠤ ᠲᠠᠭᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶᠢ ᠡᠭᠦᠳᠦᠨ ᠪᠠᠶᠢᠭᠤᠯᠵᠤ᠂ ᠵᠠᠬ᠎ᠠ ᠳᠡᠯᠭᠡᠭᠦᠷ ᠤᠨ ᠬᠥᠭᠵᠢᠶᠡᠨᠲᠦ ᠬᠡᠮᠵᠢᠶ᠎ᠡ ᠶᠢ ᠳᠡᠭᠡᠭᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤᠨ ᠲᠤᠰᠬᠠᠢ ᠵᠦᠢᠯ ᠤᠨ ᠥᠷᠢ ᠥᠭᠴᠡᠭᠡ ᠶᠢᠨ ᠬᠢᠵᠠᠭᠠᠷ ᠲᠤᠭ᠎ᠠ ᠶᠢ 6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ ᠬᠠᠳᠠᠭᠠᠯᠠᠯᠲᠠ ᠳᠠᠯᠳᠠ ᠥᠷᠢ ᠥᠭᠴᠡᠭᠡ ᠶᠢ ᠰᠣᠯᠢᠪᠠ᠃ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠬᠢᠵᠦ ᠲᠦᠭᠰᠢᠭᠦᠷᠢ ᠶᠢ ᠠᠷᠢᠯᠭᠠᠬᠤ ᠶᠢ ᠯᠠᠪᠳᠠᠭᠤᠨ ᠲᠣᠬᠢᠲᠠᠢ ᠠᠬᠢᠭᠤᠯᠪᠠ᠃

      ᠬᠤᠶᠠᠷ ᠲᠤ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠳᠬᠠᠪᠠ᠃ ᠪᠦᠭᠦ ᠤᠯᠤᠰ ᠤᠨ ᠨᠢᠭᠡᠳᠦᠯᠲᠡᠢ ᠵᠠᠬ᠎ᠠ ᠳᠡᠯᠭᠡᠭᠦᠷ ᠢ ᠬᠠᠷᠰᠢᠯᠠᠬᠤ ᠲᠣᠭᠲᠠᠭᠠᠯ ᠪᠣᠯᠣᠨ ᠬᠢᠳᠡᠯ ᠢ ᠴᠡᠪᠡᠷᠯᠡᠨ ᠲᠢᠭᠯᠡᠭᠦ ᠪᠠ ᠬᠦᠴᠦᠨ ᠦᠭᠡᠢ ᠪᠤᠯᠭᠠᠵᠤ᠂ ᠭᠤᠤᠯᠴᠢ ᠥᠷᠢᠰᠦᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠲᠣᠭᠲᠠᠭᠠᠨ ᠬᠡᠷᠡᠭᠵᠢᠭᠦᠯᠵᠦ᠂ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠲᠠᠲᠠᠬᠤ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠨᠡᠶᠢᠲᠡᠯᠡᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢ ᠠᠬᠢᠭᠤᠯᠬᠤ ᠬᠠᠤᠯᠢ ᠶᠢᠨ ᠲᠥᠰᠥᠯ ᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠨ ᠶᠠᠷᠢᠯᠴᠠᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠪᠠ᠃ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠥᠷᠭᠡᠳᠬᠡᠵᠦ᠂ ᠭᠠᠳᠠᠭᠠᠳᠤ ᠤᠷᠤᠭᠤᠯᠤᠯᠲᠠ ᠭᠠᠳᠠᠭᠠᠳᠤ ᠭᠠᠷᠭᠠᠯᠲᠠ ᠶᠢᠨ ᠪᠦᠲᠦᠴᠡ ᠶᠢ ᠲᠠᠰᠤᠷᠠᠯᠳᠠ ᠦᠭᠡᠢ ᠰᠢᠯᠢᠳᠡᠭᠵᠢᠭᠦᠯᠦᠭᠰᠡᠨ ᠢᠶᠠᠷ᠂ ᠠᠵᠤ ᠠᠬᠤᠢ ᠶᠢᠨ ᠨᠡᠮᠡᠭᠳᠡᠯ ᠳᠤ ᠦᠵᠡᠭᠦᠯᠭᠦ ᠭᠠᠳᠠᠭᠠᠳᠤ ᠠᠷᠠᠯᠵᠢᠶᠠᠨ ᠤ ᠭᠠᠳᠠᠭᠠᠳᠤ ᠭᠠᠷᠭᠠᠯᠲᠠ ᠶᠢᠨ ᠬᠤᠪᠢ ᠨᠡᠮᠡᠷᠢ ᠨᠡᠮᠡᠭᠳᠡᠪᠡ᠃ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠪᠦᠭᠦ ᠲᠠᠯ᠎ᠠ ᠪᠠᠷ ᠬᠡᠷᠡᠭᠵᠢᠭᠦᠯᠪᠡ᠃ ᠥᠷᠲᠡᠭ ᠨᠡᠮᠡᠭᠳᠡᠯ ᠤᠨ ᠴᠠᠭᠢᠯᠭᠠᠨ ᠬᠤᠯᠪᠤᠭ᠎ᠠ᠂ ᠠᠮᠢᠳᠤ ᠪᠣᠳᠠᠰ ᠤᠨ ᠮᠡᠷᠭᠡᠵᠢᠯ᠂ ᠲᠤᠰᠠᠭᠠᠷ ᠪᠡᠯᠡᠳᠦ ᠡᠮᠨᠡᠯᠭᠡ ᠶᠢᠨ ᠬᠤᠷᠢᠶ᠎ᠠ ᠶᠢᠨ ᠨᠡᠭᠡᠭᠡᠯᠲᠡ ᠬᠢᠬᠦ ᠲᠤᠷᠰᠢᠯᠲᠠ ᠶᠢ ᠥᠷᠨᠢᠭᠦᠯᠪᠡ᠃ ᠭᠠᠭᠴᠠ ᠲᠠᠯ᠎ᠠ ᠠᠴᠠ ᠨᠡᠭᠡᠭᠡᠯᠲᠡ ᠬᠢᠬᠦ ᠡᠷᠴᠢᠮ ᠢᠶᠠᠨ ᠴᠢᠩᠭᠠᠷᠠᠭᠤᠯᠵᠤ᠂ ᠳᠤᠮᠳᠠᠳᠤ ᠤᠯᠤᠰ ᠯᠤᠭ᠎ᠠ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠬᠥᠭᠵᠢᠯᠲᠡ ᠪᠠᠷ ᠬᠠᠮᠤᠭ ᠤᠨ ᠳᠣᠷᠦᠶ ᠤᠯᠤᠰ ᠤᠳ ᠤᠨ ᠦᠢᠯᠡᠳᠬᠦᠨ ᠳᠤ ᠪᠦᠭᠦ ᠲᠠᠯ᠎ᠠ ᠪᠠᠷ ᠪᠣᠭᠤᠮᠲᠠ ᠶᠢᠨ ᠭᠠᠶᠢᠯᠢ ᠥᠯᠥ ᠬᠤᠷᠢᠶᠠᠬᠤ ᠬᠠᠷᠠᠭᠠᠯᠵᠠᠯ ᠦᠵᠡᠭᠦᠯᠪᠡ᠃ ᠭᠠᠭᠴᠠ ᠲᠠᠯ᠎ᠠ ᠠᠴᠠ ᠸᠢᠰᠠ ᠦᠯᠤ ᠲᠠᠮᠠᠭᠠᠯᠠᠬᠤ ᠤᠯᠤᠰ ᠤᠨ ᠬᠡᠪᠴᠢᠶ᠎ᠡ ᠶᠢ ᠥᠷᠭᠡᠳᠬᠡᠵᠦ᠂ ᠬᠢᠯᠢ ᠪᠠᠷ ᠥᠩᠭᠡᠷᠡᠬᠦ ᠳᠤ ᠸᠢᠰᠠ ᠦᠯᠤ ᠲᠠᠮᠠᠭᠠᠯᠠᠬᠤ ᠬᠢᠯᠢ ᠶᠢᠨ ᠳᠣᠲᠣᠷ᠎ᠠ ᠰᠠᠭᠠᠲᠠᠬᠤ ᠴᠠᠭ ᠢ 240 ᠴᠠᠭ ᠪᠣᠯᠭᠠᠨ ᠤᠷᠲᠤᠳᠬᠠᠭᠰᠠᠨ ᠢᠶᠠᠷ᠂ ᠬᠢᠯᠢ ᠳᠤ ᠣᠷᠣᠬᠤ ᠵᠢᠭᠤᠯᠴᠢᠯᠠᠯ ᠦᠷᠭᠦᠯᠵᠢᠯᠡᠨ ᠰᠠᠶᠢᠵᠢᠷᠠᠪᠠ᠃ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠠᠶᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠠᠷᠠᠳ ᠤᠨ ᠠᠮᠢᠳᠤᠷᠠᠯ ᠤᠨ ᠲᠥᠰᠥᠯ ᠢ ᠯᠠᠪᠳᠠᠭᠤᠨ ᠢᠶᠠᠷ ᠬᠡᠷᠡᠭᠵᠢᠭᠦᠯᠪᠡ᠃

      ᠭᠤᠷᠪᠠ ᠳᠤ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠶᠢ ᠶᠡᠭᠡ ᠪᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠥᠰᠥᠯ ᠢ ᠪᠦᠭᠦ ᠲᠠᠯ᠎ᠠ ᠪᠠᠷ ᠡᠬᠢᠯᠡᠭᠦᠯᠦᠨ ᠬᠡᠷᠡᠭᠵᠢᠭᠦᠯᠵᠦ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠯᠡᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ᠃ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠵᠤ᠂ ᠦᠢᠯᠡᠳᠬᠦ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠠᠬᠢᠭᠤᠯᠵᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢ 9.2% ᠢᠶᠠᠷ ᠨᠡᠮᠡᠭᠳᠡᠭᠦᠯᠪᠡ᠃ ᠨᠢᠭᠡ ᠪᠦᠯᠦᠭ ᠤᠯᠤᠰ ᠤᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠰᠢᠨ᠎ᠡ ᠪᠠᠷ ᠪᠣᠶᠢᠵᠢᠭᠤᠯᠵᠤ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠬᠢᠭᠤᠷ ᠲᠤᠯᠤᠭᠠᠨ ᠤᠳᠤ ᠶᠢᠨ ᠰᠢᠰᠲ᠋ᠧᠮ ᠤᠨ ᠬᠡᠷᠡᠭᠯᠡᠭᠡ᠂ ᠰᠢᠨ᠎ᠡ ᠭᠡᠯᠪᠡᠷᠢ ᠶᠢᠨ ᠡᠨᠧᠷᠭᠢ ᠬᠠᠳᠠᠭᠠᠯᠠᠯᠲᠠ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠦᠳᠲᠡᠷ ᠲᠦᠷᠭᠡᠨ ᠬᠥᠭᠵᠢᠪᠡ᠃ ᠣᠷᠴᠢᠨ ᠠᠬᠤᠢ ᠶᠢᠨ ᠬᠠᠮᠠᠭᠠᠯᠠᠯᠲᠠ᠂ ᠠᠮᠤᠷ ᠲᠦᠪᠰᠢᠨ ᠵᠡᠷᠭᠡ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠣᠭᠲᠠᠭᠠᠭᠰᠠᠨ ᠪᠠ ᠵᠠᠰᠠᠨ ᠲᠣᠭᠲᠠᠭᠠᠪᠠ᠃ ᠳ᠋ᠢᠵᠢᠲ᠋ᠠᠯ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳ᠋ᠢᠵᠢᠲ᠋ᠠᠯ ᠠᠵᠤ ᠠᠬᠤᠢ ᠶᠢᠨ ᠭᠤᠣᠯᠯᠠᠬᠤ ᠠᠵᠤ ᠦᠢᠯᠡᠰ ᠤᠨ ᠨᠡᠮᠡᠭᠳᠡᠯ ᠦᠷᠳᠡᠭ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠳᠡᠭ ᠲᠤ ᠡᠵᠡᠯᠡᠬᠦ ᠬᠤᠪᠢ ᠶᠢᠨ ᠵᠢᠩ 10% ᠣᠷᠴᠢᠮ ᠳᠤ ᠭᠦᠷᠪᠠ᠃

      ᠳᠥᠷᠪᠡ ᠳᠤ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠪᠡ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠲᠠᠪᠤᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠡᠶᠢᠲᠡᠯᠡᠨ ᠬᠡᠷᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠶᠢ 67% ᠪᠤᠯᠲᠠᠯ᠎ᠠ ᠳᠡᠭᠡᠭᠰᠢᠯᠡᠭᠦᠯᠪᠡ᠃ ᠲᠠᠷᠢᠶᠠᠯᠠᠩ ᠤᠨ ᠰᠠᠭᠤᠷᠢ ᠶᠢ ᠴᠥᠬᠦᠷᠡᠰᠢ ᠦᠭᠡᠢ ᠪᠠᠲᠤᠵᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠪᠠ᠃ ᠣᠷᠣᠨ ᠪᠦᠰᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠨᠤᠭᠤᠳ ᠢ ᠨᠡᠶᠢᠲᠡᠯᠡᠨ᠂ ᠣᠷᠣᠨ ᠪᠦᠰᠡ ᠶᠢᠨ ᠴᠢᠬᠤᠯᠠ ᠶᠡᠭᠡ ᠲᠥᠰᠥᠯ ᠤᠳ ᠢ ᠬᠡᠷᠡᠭᠵᠢᠭᠦᠯᠵᠦ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠲᠥᠷᠦ ᠶᠢᠨ ᠪᠣᠳᠣᠯᠭ᠎ᠠ ᠶᠢ ᠪᠦᠷᠢᠨᠰᠢᠭᠦᠯᠵᠦ᠂ ᠣᠷᠣᠨ ᠪᠦᠰᠡ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠰᠢᠨ᠎ᠡ ᠠᠬᠢᠯᠲᠠ ᠲᠠᠢ ᠪᠣᠯᠪᠠ᠃

      ᠲᠠᠪᠤ ᠳᠤ ᠨᠡᠶᠢᠭᠡᠮ ᠤᠨ ᠦᠢᠯᠡᠰ ᠢ ᠢᠳᠡᠪᠬᠢᠲᠡᠢ ᠬᠥᠭᠵᠢᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠪᠡ᠃ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠣᠯᠭᠤᠬᠤ ᠶᠢ ᠳᠡᠮᠵᠢᠬᠦ ᠪᠠᠨ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ᠂ ᠬᠥᠯᠥᠰᠦᠨ ᠠᠵᠢᠯᠴᠢᠨ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠪᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠰᠤᠷᠤᠬᠴᠢᠳ ᠤᠨ ᠠᠮᠢᠳᠤᠷᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠨᠢ ᠥᠷᠭᠡᠳᠬᠡᠵᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠮᠥᠩᠭᠦ ᠶᠢ ᠥᠰᠬᠡᠵᠦ ᠬᠦᠦ ᠮᠥᠩᠭᠦ ᠶᠢ ᠨᠢ ᠪᠠᠭᠤᠷᠠᠭᠤᠯᠤᠨ᠂ ᠰᠤᠷᠤᠬᠴᠢᠳ ᠲᠤ 3400 ᠭᠠᠷᠤᠢ ᠲᠦᠮᠡᠨ ᠬᠥᠮᠥᠨ ᠤᠳᠠᠭ᠎ᠠ ᠠᠰᠢᠭ ᠬᠦᠷᠲᠡᠭᠡᠪᠡ᠃ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠭᠡᠯ ᠢ ᠪᠠᠬᠢᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠪᠡ᠃ ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠭᠰᠠᠨ ᠪᠠ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠵᠤ᠂ ᠦᠨᠳᠦᠰᠦᠨ ᠱᠠᠲᠤᠨ ᠤ ᠤᠵᠢᠭ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠬᠡᠷᠡᠭᠯᠡᠬᠦ ᠡᠮ ᠤᠨ ᠲᠥᠷᠥᠯ ᠵᠦᠢᠯ ᠢ ᠥᠷᠭᠡᠳᠬᠡᠪᠡ᠃ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠪᠡ᠃ ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠬᠤᠪᠢ ᠬᠥᠮᠥᠨ ᠤ ᠲᠠᠩᠰᠠᠨ ᠡᠷᠦᠭᠡ ᠶᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶᠢ ᠥᠷᠭᠡᠳᠬᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠪᠠ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠭᠰᠢᠯᠡᠭᠦᠯᠪᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠤᠭᠤᠷᠤᠯᠴᠤᠳ ᠤᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠲᠣᠭᠲᠠᠭᠠᠪᠠ᠃ ᠵᠡᠮᠳᠡᠭᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠪᠠ᠃ ᠠᠰᠠᠷᠠᠨ ᠬᠠᠷᠠᠭᠠᠯᠵᠠᠬᠤ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠬᠤ ᠪᠠ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠶᠢ ᠥᠷᠭᠡᠳᠬᠡᠪᠡ᠃ ᠬᠦᠴᠢᠷᠳᠡᠯ ᠲᠠᠢ ᠤᠯᠠᠨ ᠲᠦᠮᠡᠨ ᠳᠤ ᠨᠢᠭᠡ ᠤᠳᠠᠭ᠎ᠠ ᠶᠢᠨ ᠴᠢᠨᠠᠷᠲᠠᠢ ᠠᠮᠢᠳᠤᠷᠠᠯ ᠤᠨ ᠨᠥᠬᠦᠪᠦᠷᠢ ᠣᠯᠭᠤᠵᠤ᠂ 1100 ᠭᠠᠷᠤᠢ ᠲᠦᠮᠡᠨ ᠬᠥᠮᠥᠨ ᠳᠤ ᠠᠰᠢᠭ ᠬᠦᠷᠲᠡᠭᠡᠪᠡ᠃ ᠪᠦᠭᠦ ᠤᠯᠤᠰ ᠤᠨ ᠴᠠᠭᠠᠨ ᠰᠠᠷ᠎ᠠ ᠵᠢᠴᠢ ᠪᠠᠶᠠᠷ ᠳᠤᠷᠠᠰᠬᠠᠯ ᠤᠨ ᠡᠳᠦᠷ ᠤᠨ ᠴᠢᠯᠦᠭᠡ ᠲᠠᠯᠪᠢᠬᠤ ᠠᠷᠭ᠎ᠠ ᠶᠢ ᠲᠡᠭᠦᠯᠳᠡᠷᠵᠢᠭᠦᠯᠪᠡ᠃ ᠰᠣᠶᠣᠯ ᠤᠨ ᠦᠢᠯᠡᠰ ᠪᠠ ᠰᠣᠶᠣᠯ ᠤᠨ ᠠᠵᠤ ᠦᠢᠯᠡᠰ ᠢ ᠴᠡᠴᠡᠭᠯᠡᠭᠦᠯᠦᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠵᠠᠬ᠎ᠠ ᠳᠡᠯᠭᠡᠭᠦᠷ ᠢ ᠦᠷᠭᠦᠯᠵᠢᠯᠡᠨ ᠬᠥᠭᠵᠢᠶᠡᠨᠲᠡᠢ ᠪᠣᠯᠭᠠᠪᠠ᠃ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠯᠠᠪᠳᠠᠭᠤᠨ ᠪᠠᠲᠤᠲᠠᠢ ᠪᠡᠯᠡᠳᠬᠡᠵᠦ᠂ ᠠᠷᠪᠠᠨ ᠬᠤᠶᠠᠳᠤᠭᠠᠷ ᠬᠤᠭᠤᠴᠠᠭᠠᠨ ᠤ ᠪᠦᠭᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠤ᠂ ᠮᠠᠨ ᠤ ᠤᠯᠤᠰ ᠤᠨ ᠲᠠᠮᠢᠷᠴᠢᠳ ᠫᠠᠷᠢᠰ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠳᠤ ᠬᠢᠯᠢ ᠶᠢᠨ ᠭᠠᠳᠠᠨᠠᠬᠢ ᠤᠷᠤᠯᠳᠤᠭᠠᠨ ᠳᠤ ᠣᠷᠣᠯᠴᠠᠬᠰᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠪᠠ᠃

      ᠵᠢᠷᠭᠤᠭ᠎ᠠ ᠳᠤ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠪᠡ᠃ ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠭᠤᠣᠯ ᠪᠤᠯᠬᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠦᠷᠭᠦᠯᠵᠢᠯᠡᠨ ᠪᠠᠭᠤᠷᠠᠭᠤᠯᠪᠠ᠃ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠴᠦᠯᠵᠢᠭᠰᠡᠨ᠂ ᠡᠯᠡᠰᠦᠵᠢᠭᠰᠡᠨ ᠭᠠᠵᠠᠷ ᠰᠢᠷᠣᠢ ᠶᠢᠨ ᠲᠠᠯᠠᠪᠠᠢ ᠦᠷᠭᠦᠯᠵᠢᠯᠡᠨ ︽ᠬᠤᠶᠠᠷ ᠪᠠᠭᠠᠰᠬᠠᠯᠲᠠ︾ ᠶᠢ ᠪᠡᠶᠡᠯᠡᠭᠦᠯᠪᠡ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠢᠳᠡᠪᠬᠢᠲᠡᠢ ᠦᠷ᠎ᠡ ᠪᠦᠲᠦᠮᠵᠢ ᠣᠯᠵᠤ᠂ ᠠᠯᠢ ᠤᠯᠠᠨ ᠬᠤᠪᠣᠷ ᠨᠠᠨᠳᠢᠨ ᠤᠰᠠᠳᠬᠤ ᠰᠢᠬᠠᠭᠰᠠᠨ ᠬᠡᠭᠡᠷ᠎ᠡ ᠶᠢᠨ ᠠᠮᠢᠳᠠᠨ ᠤᠷᠭᠤᠮᠠᠯ ᠤᠨ ᠳᠦᠷᠰᠦ ᠶᠢᠨ ᠰᠦᠷᠦᠭ ᠲᠣᠭᠲᠠᠭᠤᠨ ᠢᠶᠠᠷ ᠨᠡᠮᠡᠭᠳᠡᠪᠡ᠃ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠠᠬᠢᠭᠤᠯᠵᠤ᠂ ᠴᠢᠯᠠᠭᠤᠵᠢᠮᠠᠯ ᠪᠤᠰᠤ ᠡᠨᠧᠷᠭᠢ ᠶᠢᠨ ᠰᠤᠷᠪᠤᠯᠵᠢ ᠶᠢᠨ ᠴᠠᠭᠢᠯᠭᠠᠨ ᠭᠠᠷᠭᠠᠬᠤ ᠬᠡᠮᠵᠢᠶ᠎ᠡ ᠶᠢᠨ ᠶᠡᠷᠦᠩᠬᠡᠢ ᠴᠠᠭᠢᠯᠭᠠᠨ ᠭᠠᠷᠭᠠᠬᠤ ᠬᠡᠮᠵᠢᠶᠡᠨ ᠳᠤ ᠡᠵᠡᠯᠡᠬᠦ ᠬᠤᠪᠢ ᠶᠢᠨ ᠵᠢᠩ ᠢ 40% ᠳᠤ ᠣᠶᠢᠷᠠᠲᠤᠭᠤᠯᠪᠠ᠃ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠬᠡᠮᠵᠢᠶ᠎ᠡ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠭᠦᠯᠪᠡ᠃ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶ᠎ᠠ ᠨᠡᠩ ᠬᠥᠭᠵᠢᠶᠡᠨᠲᠡᠢ ᠪᠣᠯᠪᠠ᠃

      ᠲᠤᠯᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠵᠠᠰᠠᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ ᠨᠠᠮ ᠤᠨ ᠲᠥᠪ ᠬᠤᠷᠢᠶ᠎ᠠ ᠶᠢᠨ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ ᠶᠢᠨ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠶᠡᠭᠡ ᠪᠠᠷ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠢ ᠭᠦᠨᠵᠡᠭᠡᠢ ᠵᠠᠰᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠪᠠ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ 19 ᠬᠤᠪᠢ ᠬᠠᠤᠯᠢ ᠴᠠᠭᠠᠵᠠ ᠶᠢᠨ ᠰᠠᠨᠠᠯ ᠵᠥᠪᠯᠡᠯᠭᠡ ᠶᠢ ᠬᠢᠨᠠᠨ ᠶᠠᠷᠢᠯᠴᠠᠭᠤᠯᠬᠤ ᠪᠠᠷ ᠳᠡᠪᠰᠢᠭᠦᠯᠵᠦ᠂ 28 ᠬᠤᠪᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠭᠰᠠᠨ ᠪᠤᠶᠤ ᠵᠠᠰᠠᠨ ᠲᠣᠭᠲᠠᠭᠠᠪᠠ᠃ ᠤᠬᠠᠮᠰᠠᠷ ᠠᠴᠠ ᠪᠠᠨ ᠬᠠᠤᠯᠢ ᠶᠣᠰᠣᠭᠠᠷ ᠬᠢᠨᠠᠯᠲᠠ ᠶᠢ ᠬᠦᠯᠢᠶᠡᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠪᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠪᠠᠶᠢᠴᠠᠭᠠᠯᠲᠠ ᠶᠢ ᠵᠢᠷᠤᠮᠵᠢᠭᠤᠯᠪᠠ᠃ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠬᠤᠶᠠᠷ ᠪᠦᠯᠦᠭ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠭᠦ ᠶᠢ ᠠᠬᠢᠭᠤᠯᠪᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠶᠢᠯᠡᠭᠰᠡᠨ ᠰᠢᠪᠠᠳᠠᠨ ᠪᠠᠶᠢᠴᠠᠭᠠᠯᠲᠠ ᠶᠢ ᠥᠷᠨᠢᠭᠦᠯᠪᠡ᠃ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ ᠲᠡᠭᠦᠯᠳᠡᠷᠵᠢᠭᠦᠯᠪᠡ᠃ ᠵᠥᠷᠢᠴᠡᠯ ᠵᠠᠭᠤᠷᠠᠯᠳᠤᠭᠠᠨ ᠢ ᠰᠠᠮᠨᠠᠨ ᠪᠠᠶᠢᠴᠠᠭᠠᠵᠤ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠠᠬᠢᠭᠤᠯᠪᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠶᠤᠯ ᠦᠭᠡᠢ ᠦᠢᠯᠡᠳᠪᠦᠷᠢᠯᠡᠯ ᠢ ᠴᠢᠩᠭᠠᠷᠠᠭᠤᠯᠵᠤ᠂ ᠰᠢᠲᠠᠮᠠᠬᠠᠢ ᠬᠡᠢ᠂ ᠴᠠᠭᠢᠯᠭᠠᠨ ᠭᠦᠳᠡᠯᠭᠡᠭᠦᠷᠲᠦ ᠳᠤᠭᠤᠢ ᠲᠡᠷᠭᠡ ᠵᠡᠷᠭᠡ ᠶᠢᠨ ᠠᠮᠤᠷ ᠲᠦᠪᠰᠢᠨ ᠤ ᠳᠠᠯᠳᠠ ᠭᠡᠮ ᠢ ᠪᠦᠭᠦ ᠬᠡᠯᠬᠢᠶᠡᠨ ᠳᠤᠨᠢ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠶᠢ ᠥᠷᠨᠢᠭᠦᠯᠪᠡ᠃ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠠᠷᠭᠠᠴᠠᠪᠠ᠃ ᠤᠯᠤᠰ ᠤᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠪᠡ᠃ ᠬᠡᠲᠦᠷᠡᠮᠡᠬᠡᠢ ᠬᠡᠷᠡᠭ ᠪᠠ ᠬᠡᠲᠦᠷᠡᠮᠡᠬᠡᠢ ᠬᠡᠷᠡᠭ ᠶᠠᠪᠤᠳᠠᠯ ᠭᠠᠷᠬᠤ ᠶᠢ ᠴᠢᠩᠭ᠎ᠠ ᠰᠡᠷᠭᠡᠶᠢᠯᠡᠵᠦ᠂ ᠬᠠᠷ᠎ᠠ ᠬᠤᠣᠷᠲᠠᠢ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠬᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠪᠠ᠃

      ᠥᠩᠭᠡᠷᠡᠭᠰᠡᠨ ᠨᠢᠭᠡ ᠵᠢᠯ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠪᠠᠶᠢᠳᠠᠯ ᠢ ᠡᠭᠦᠳᠦᠨ ᠨᠡᠭᠡᠭᠡᠪᠡ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯᠳᠤᠭᠠᠨ᠂ BRICS ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯᠳᠤᠭᠠᠨ᠂ ᠬᠤᠷᠢᠨ ᠤᠯᠤᠰ ᠤᠨ ᠪᠦᠯᠦᠭᠯᠡᠯ ᠤᠨ ᠤᠳᠤᠷᠢᠳᠬᠤ ᠬᠥᠮᠥᠰ ᠤᠨ ᠲᠦᠷᠦᠭᠦᠴᠦᠳ ᠤᠨ ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ ᠤᠯᠠᠨ ᠲᠠᠯᠠᠲᠤ ᠬᠤᠶᠠᠷ ᠲᠠᠯᠠᠲᠤ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯᠳᠤᠭᠠᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠨᠡᠶᠢᠲᠡᠯᠡᠭᠳᠡᠭᠰᠡᠨ 70 ᠵᠢᠯ ᠤᠨ ᠣᠶ ᠶᠢ ᠳᠤᠷᠠᠰᠬᠠᠬᠤ ᠶᠡᠭᠡ ᠬᠤᠷᠠᠯ᠂ ᠳᠤᠮᠳᠠᠳᠤ ᠠᠷᠠᠪ ᠤᠨ ᠬᠠᠮᠲᠤᠷᠠᠯᠴᠠᠭᠠᠨ ᠤ ᠶᠠᠷᠢᠯᠴᠠᠭᠠᠨ ᠤ ᠲᠠᠪᠴᠠᠩ ᠤᠨ ᠰᠠᠶᠢᠳ ᠤᠨ ᠲᠠᠰ ᠤᠨ ᠬᠤᠷᠠᠯᠳᠤᠭᠠᠨ ᠵᠡᠷᠭᠡ ᠴᠢᠬᠤᠯᠠ ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ ᠪᠥᠮᠪᠥᠷᠴᠡᠭ ᠤᠨ ᠬᠠᠨᠢᠲᠠᠨ ᠤ ᠬᠠᠷᠢᠴᠠᠭ᠎ᠠ ᠶᠢ ᠪᠠᠬᠢᠵᠢᠭᠦᠯᠦᠨ ᠥᠷᠭᠡᠳᠬᠡᠵᠦ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠪᠦᠭᠦ ᠪᠥᠮᠪᠥᠷᠴᠡᠭ ᠤᠨ ᠴᠢᠨᠠᠷᠲᠠᠢ ᠰᠢᠯᠭᠠᠯᠲᠠ ᠶᠢ ᠠᠷᠭᠠᠴᠠᠬᠤ ᠪᠣᠯᠣᠨ ᠤᠯᠠᠨ ᠤᠯᠤᠰ ᠤᠨ ᠪᠠ ᠭᠠᠵᠠᠷ ᠣᠷᠣᠨ ᠤ ᠬᠠᠯᠠᠭᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠥᠭᠡᠳ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃

      ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ  ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ ᠪᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠡᠯ᠎ᠡ ᠠᠷᠠᠳ ᠤᠨ ᠪᠦᠯᠭᠦᠮ ᠪᠣᠯᠣᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠰᠢᠶᠠᠩᠭᠠᠩ ᠤᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠣᠣᠮᠧᠨ ᠤ ᠵᠠᠰᠠᠭ ᠵᠠᠬᠢᠷᠭᠠᠨ ᠤ ᠣᠨᠴᠠᠭᠠᠶ ᠣᠷᠣᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ ᠪᠠ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠳᠤᠮᠳᠠᠳᠤ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠠᠮᠵᠢᠵᠤ ᠪᠠᠶᠢᠭ᠎ᠠ ᠡᠯ᠎ᠡ ᠤᠯᠤᠰ ᠤᠨ ᠵᠠᠰᠠᠭ ᠤᠨ ᠣᠷᠳᠣᠨ᠂ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠤᠯᠤᠰ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕

      ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠰᠢᠯᠭᠠᠯᠲᠠ ᠶᠢ ᠰᠡᠷᠭᠡᠭ ᠢᠶᠠᠷ ᠣᠯᠵᠤ ᠬᠠᠷᠠᠪᠠ᠃ ᠳᠡᠯᠡᠬᠡᠢ ᠶᠢᠨ ᠪᠠᠶᠢᠳᠠᠯ ᠠᠴᠠ ᠦᠵᠡᠪᠡᠯ᠂ ᠳᠡᠯᠡᠬᠡᠢ ᠶᠢᠨ ᠵᠠᠭᠤᠨ ᠵᠢᠯ ᠤᠨ ᠬᠤᠪᠢᠰᠤᠯᠲᠠ ᠲᠦᠷᠭᠡᠨ ᠢᠶᠠᠷ ᠤᠯᠠᠷᠢᠨ ᠬᠤᠪᠢᠷᠠᠵᠤ᠂ ᠭᠠᠳᠠᠭᠠᠳᠤ ᠣᠷᠴᠢᠨ ᠨᠥᠬᠦᠴᠡᠯ ᠨᠡᠩ ᠲᠦᠪᠡᠭ ᠪᠤᠳᠤᠯᠢᠶᠠᠨᠲᠠᠢ ᠬᠦᠨᠳᠦ ᠬᠡᠴᠡᠭᠦᠦ ᠪᠣᠯᠵᠤ ᠪᠠᠶᠢᠬᠤ ᠨᠢ ᠮᠠᠨ ᠤ ᠤᠯᠤᠰ ᠤᠨ ᠠᠷᠠᠯᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠬᠦᠷᠢᠶᠡᠨ ᠳᠤ ᠨᠡᠩ ᠶᠡᠭᠡ ᠳᠠᠭᠠᠷᠢᠯᠲᠠ ᠤᠴᠠᠷᠠᠭᠤᠯᠵᠤ ᠮᠡᠳᠡᠨ᠎ᠡ᠃ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠭᠴᠢ ᠡᠨᠧᠷᠭᠢ ᠭᠦᠢᠴᠡᠳ ᠪᠤᠰᠤ ᠪᠠᠶᠢᠵᠤ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠰᠢᠷᠦᠭᠦᠰᠦᠨ᠂ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠬᠠᠷᠰᠢ ᠰᠠᠭᠠᠳ ᠲᠤ ᠤᠴᠠᠷᠠᠵᠤ᠂ ᠪᠣᠭᠤᠮᠲᠠ ᠶᠢᠨ ᠭᠠᠶᠢᠯᠢ ᠶᠢᠨ ᠬᠤᠷᠢᠭ᠎ᠠ ᠰᠠᠭᠠᠳ ᠨᠡᠮᠡᠭᠳᠡᠵᠦ ᠪᠠᠶᠢᠬᠤ ᠨᠢ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠳᠤ ᠳᠠᠭᠠᠷᠢᠯᠲᠠ ᠤᠴᠠᠷᠠᠭᠤᠯᠵᠤ᠂ ᠣᠯᠠᠨ ᠤᠯᠤᠰ ᠤᠨ ᠠᠵᠤ ᠠᠬᠤᠢ ᠶᠢᠨ ᠣᠷᠴᠢᠯ ᠳᠤ ᠬᠠᠷᠰᠢ ᠰᠠᠭᠠᠳ ᠤᠴᠠᠷᠠᠭᠤᠯᠵᠤ ᠪᠠᠶᠢᠨ᠎ᠠ᠃ ᠭᠠᠵᠠᠷ ᠣᠷᠣᠨ ᠤ ᠤᠯᠤᠰ ᠲᠥᠷᠥ ᠶᠢᠨ ᠪᠠᠴᠢᠮ ᠬᠦᠴᠦᠨ ᠵᠦᠢᠯ ᠮᠥᠨ ᠬᠦ ᠨᠡᠯᠢᠶᠡᠳ ᠣᠯᠠᠨ ᠣᠷᠣᠰᠢᠵᠤ ᠪᠠᠶᠢᠬᠤ ᠨᠢ ᠪᠦᠭᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠵᠢᠱᠢᠯᠲᠡ ᠪᠣᠯᠣᠨ ᠪᠡᠯᠡ ᠣᠷᠣᠭᠤᠯᠤᠯᠲᠠ ᠶᠢᠨ ᠢᠲᠡᠭᠡᠯ ᠵᠣᠷᠢᠭ ᠢ ᠨᠥᠯᠥᠭᠡᠯᠡᠵᠦ᠂ ᠤᠯᠠᠨ ᠤᠯᠤᠰ ᠤᠨ ᠵᠠᠬ᠎ᠠ ᠳᠡᠯᠭᠡᠭᠦᠷ ᠤᠨ ᠬᠡᠯᠪᠡᠯᠵᠡᠯ ᠤᠨ ᠠᠶᠤᠯ ᠲᠦᠭᠰᠢᠭᠦᠷᠢ ᠶᠢ ᠨᠡᠮᠡᠭᠳᠡᠭᠦᠯᠵᠦ ᠪᠠᠶᠢᠨ᠎ᠠ᠃ ᠤᠯᠤᠰ ᠤᠨ ᠳᠣᠲᠣᠭᠠᠳᠤ ᠶᠢᠨ ᠪᠠᠶᠢᠳᠠᠯ ᠠᠴᠠ ᠦᠵᠡᠪᠡᠯ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠰᠠᠭᠤᠷᠢ ᠪᠠᠰᠠ ᠲᠣᠭᠲᠠᠭᠤᠨ ᠪᠢᠰᠢ᠂ ᠪᠦᠲᠦᠮᠵᠢᠲᠡᠶ ᠬᠡᠷᠡᠭᠴᠡᠭᠡ ᠬᠦᠷᠦᠯᠴᠡᠬᠦ ᠦᠭᠡᠢ ᠪᠠᠶᠢᠵᠤ᠂ ᠢᠯᠠᠩᠭᠤᠶ᠎ᠠ ᠬᠡᠷᠡᠭᠯᠡᠭᠡ ᠠᠨᠠᠢ ᠪᠠᠶᠢᠨ᠎ᠠ᠃ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯ ᠲᠠᠢ ᠪᠠᠶᠢᠵᠤ᠂ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠥᠷᠢᠲᠦᠬᠦ ᠠᠰᠠᠭᠤᠳᠠᠯ ᠮᠥᠨ ᠬᠦ ᠨᠡᠯᠢᠶᠡᠳ ᠲᠣᠪᠣᠶᠢᠮ᠎ᠠ ᠪᠠᠶᠢᠨ᠎ᠠ᠃ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠳᠤ ᠳᠠᠷᠤᠯᠲᠠ ᠲᠤᠯᠭᠠᠷᠠᠵᠤ ᠪᠠᠶᠢᠨ᠎ᠠ᠃ ᠠᠷᠠᠳ ᠤᠨ ᠠᠮᠢᠳᠤᠷᠠᠯ ᠤᠨ ᠬᠦᠷᠢᠶᠡᠨ ᠳᠤ ᠳᠤᠲᠠᠭᠤᠳᠠᠯ ᠣᠷᠣᠰᠢᠵᠤ ᠪᠠᠶᠢᠨ᠎ᠠ᠃ ᠵᠠᠷᠢᠮ ᠣᠷᠣᠨ ᠨᠤᠲᠤᠭ ᠤᠨ ᠦᠨᠳᠦᠰᠦᠨ ᠱᠠᠲᠤᠨ ᠤ ᠡᠳ᠋ ᠤᠨ ᠵᠠᠰᠠᠭ ᠬᠦᠴᠢᠷᠳᠡᠯ ᠲᠠᠢ ᠪᠠᠶᠢᠨ᠎ᠠ᠃ ᠨᠡᠶᠢᠭᠡᠮ ᠤᠨ ᠵᠥᠷᠢᠴᠡᠯ ᠢ ᠠᠷᠢᠯᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠠᠵᠢᠯ ᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠪᠠ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠳᠡᠭᠡᠭᠰᠢᠯᠡᠭᠦᠯᠭᠦ ᠴᠢᠬᠤᠯᠠᠲᠠᠢ ᠪᠠᠶᠢᠨ᠎ᠠ᠃ ᠵᠠᠷᠢᠮ ᠠᠵᠢᠯ ᠤᠨ ᠵᠣᠬᠢᠴᠠᠭᠤᠯᠭ᠎ᠠ ᠬᠠᠮᠵᠢᠯᠴᠠᠭ᠎ᠠ ᠬᠦᠷᠦᠯᠴᠡᠬᠦ ᠦᠭᠡᠢ ᠪᠠᠶᠢᠵᠤ᠂ ᠵᠠᠷᠢᠮ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠤᠳᠠᠭᠠᠪᠲᠤᠷ ᠪᠠᠶᠢᠵᠤ᠂ ᠦᠷ᠎ᠡ ᠪᠦᠲᠦᠮᠵᠢ ᠨᠢ ᠵᠢᠱᠢᠯᠲᠡ ᠳᠤ ᠬᠦᠷᠬᠦ ᠦᠭᠡᠢ ᠪᠠᠶᠢᠨ᠎ᠠ᠃ ᠵᠠᠷᠢᠮ ᠰᠠᠯᠠᠭ᠎ᠠ ᠮᠥᠴᠢᠷ ᠤᠨ ᠦᠢᠯᠡᠴᠢᠯᠡᠭᠡᠨ ᠤ ᠤᠬᠠᠮᠰᠠᠷ ᠨᠢ ᠴᠢᠩᠭ᠎ᠠ ᠪᠢᠰᠢ᠂ ᠬᠡᠷᠡᠭ ᠡᠷᠭᠢᠯᠡᠭᠦ ᠦᠷ᠎ᠡ ᠪᠦᠲᠦᠮᠵᠢ ᠨᠢ ᠥᠨᠳᠥᠷ ᠪᠢᠰᠢ ᠪᠠᠶᠢᠨ᠎ᠠ᠃ ᠵᠠᠷᠢᠮ ᠺᠠᠳ᠋ᠷ ᠳᠤᠷ᠎ᠠ ᠪᠠᠷ ᠢᠶᠠᠨ ᠦᠢᠯᠡᠳᠴᠦ᠂ ᠡᠰᠡ ᠦᠢᠯᠡᠳᠴᠦ᠂ ᠦᠢᠯᠡᠳᠬᠦᠢ ᠳᠤᠷ ᠴᠢᠳᠠᠮᠠᠭᠠᠢ ᠪᠤᠰᠤ ᠪᠠᠶᠢᠵᠤ᠂ ᠵᠠᠷᠢᠮ ᠬᠦᠷᠢᠶ᠎ᠡ ᠪᠠ ᠣᠷᠣᠨ ᠨᠤᠲᠤᠭ ᠲᠤ ᠢᠯᠵᠢᠷᠡᠯ ᠤᠨ ᠠᠰᠠᠭᠤᠳᠠᠯ ᠮᠥᠨ ᠯᠡ ᠤᠯᠠᠨ ᠭᠠᠷᠴᠤ ᠪᠠᠶᠢᠨ᠎ᠠ᠃ ᠪᠢᠳᠡ ᠬᠦᠴᠢᠷᠳᠡᠯ ᠪᠠ ᠠᠰᠠᠭᠤᠳᠠᠯ ᠳᠤ ᠵᠥᠪ ᠢᠶᠠᠷ ᠬᠠᠨᠳᠤᠬᠤ ᠬᠡᠷᠡᠭᠲᠡᠢ ᠮᠥᠷᠲᠡᠭᠡᠨ ᠨᠡᠩ ᠴᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠮᠠᠨ ᠤ ᠤᠯᠤᠰ ᠢᠯᠡᠳᠲᠡ ᠪᠠᠶᠢᠭᠤᠯᠤᠯ ᠤᠨ ᠳᠠᠪᠠᠭᠤᠯᠢᠭ ᠲᠠᠢ᠂ ᠭᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ᠂ ᠪᠦᠷᠢᠨ ᠲᠥᠬᠦᠷ ᠠᠵᠤ ᠦᠢᠯᠡᠰ ᠤᠨ ᠰᠢᠰᠲ᠋ᠧᠮ᠂ ᠡᠯᠪᠡᠭ ᠳᠡᠯᠪᠡᠭ ᠬᠥᠮᠥᠨ ᠤ ᠬᠦᠴᠦᠨ ᠴᠢᠳᠠᠪᠤᠷᠢᠲᠠᠨ ᠤ ᠡᠬᠢ ᠪᠠᠶᠠᠯᠢᠭ ᠵᠡᠷᠭᠡ ᠣᠯᠠᠨ ᠠᠷᠪᠢᠨ ᠳᠠᠪᠠᠭᠤᠯᠢᠭ ᠨᠥᠬᠦᠴᠡᠯ ᠲᠠᠢ᠂ ᠠᠯᠤᠰ ᠭᠡᠳᠦ ᠶᠢᠨ ᠲᠥᠯᠦᠪᠵᠢᠭᠦᠯᠭᠡ᠂ ᠰᠢᠨᠵᠢᠯᠡᠬᠦ ᠤᠬᠠᠭᠠᠨᠴᠢ ᠲᠣᠬᠢᠷᠠᠭᠤᠯᠤᠯ ᠡᠵᠡᠮᠳᠡᠯ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ ᠪᠦᠲᠦᠮᠵᠢᠲᠡᠶ ᠵᠠᠰᠠᠯᠲᠠ ᠶᠢᠨ ᠲᠣᠭᠲᠠᠴᠠ ᠲᠠᠢ᠂ ᠬᠡᠷᠡᠭᠴᠡᠭᠡ ᠶᠢ ᠳᠡᠰ ᠳᠡᠪᠰᠢᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠬᠥᠳᠡᠯᠭᠡᠭᠴᠢ ᠡᠨᠧᠷᠭᠢ ᠶᠢ ᠰᠣᠯᠢᠬᠤ ᠥᠷᠭᠡᠨ ᠠᠭᠤᠳᠠᠮ ᠨᠡᠮᠡᠭᠳᠡᠯ ᠣᠷᠣᠨ ᠵᠠᠢ ᠲᠠᠢ ᠪᠠᠶᠢᠵᠤ᠂ ᠠᠵᠤ ᠠᠬᠤᠢ ᠶᠢᠨ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭᠰᠠᠨ ᠦᠭᠡᠢ ᠪᠥᠭᠡᠳ ᠬᠤᠪᠢᠷᠠᠬᠤ ᠴᠤ ᠦᠭᠡᠢ ᠶᠤᠮ᠂ ᠮᠠᠨ ᠤ ᠤᠯᠤᠰ ᠤᠨ ᠠᠵᠤ ᠠᠬᠤᠢ ᠶᠢᠨ ᠠᠶᠠᠯᠠᠯ ᠤᠨ ᠣᠩᠭᠤᠴᠠ ᠰᠠᠯᠬᠢ ᠳᠠᠪᠠᠯᠭᠠᠨ ᠢ ᠵᠦᠰᠦᠵᠦ᠂ ᠯᠠᠪᠳᠠᠭᠤᠨ ᠢᠶᠠᠷ ᠬᠤᠯᠠ ᠠᠶᠠᠯᠠᠬᠤ ᠨᠢ ᠯᠠᠪᠲᠠᠢ ᠶᠤᠮ︕

      ᠬᠤᠶᠠᠷ᠂ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ ᠪᠣᠳᠣᠯᠭ᠎ᠠ ᠶᠢᠨ ᠬᠠᠨᠳᠤᠰᠢ

      ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠡᠴᠦᠰ ᠤᠨ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ  ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ  ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠂ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠨ ᠨᠢᠭᠡᠳᠦᠯᠲᠡᠢ ᠲᠥᠯᠥᠪᠯᠡᠵᠦ᠂ ᠨᠡᠩ ᠢᠳᠡᠪᠬᠢᠲᠡᠢ ᠪᠥᠭᠡᠳ ᠪᠦᠳᠦᠮᠵᠢᠳᠠᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠶᠢᠨ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ ᠲᠣᠭᠲᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠤᠨ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠬᠦ ᠬᠡᠷᠡᠭᠲᠡᠢ᠃

      ᠡᠨᠡ ᠵᠢᠯ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠭᠡᠪᠡᠯ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠢ 5% ᠣᠷᠴᠢᠮ ᠢᠶᠠᠷ ᠨᠡᠮᠡᠭᠳᠡᠭᠦᠯᠦᠨ᠎ᠡ︔ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠵᠤ᠂ ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ︔ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ︔ ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ ᠶᠢ 1.4 ᠲᠦᠮᠡᠨ ᠳ᠋ᠦᠩᠰᠢᠭᠤᠷ ᠵᠢᠩ ᠣᠷᠴᠢᠮ ᠪᠠᠶᠢᠯᠭᠠᠨ᠎ᠠ︔ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠪᠦᠭᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃

      ᠳᠡᠭᠡᠷ᠎ᠡ ᠳᠤᠷᠠᠳᠤᠭᠰᠠᠨ ᠵᠢᠱᠢᠭᠰᠡᠨ ᠬᠠᠷᠠᠯᠲᠠ ᠶᠢ ᠳᠤᠷᠠᠳᠬᠤ ᠳᠠᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠪᠣᠯᠣᠨ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠡᠷᠡᠭᠴᠡᠭᠡ ᠪᠣᠯᠣᠨ ᠪᠣᠯᠣᠯᠴᠠᠭ᠎ᠠ ᠶᠢ ᠬᠠᠮᠲᠤ ᠳᠤᠨᠢ ᠬᠠᠷᠠᠭᠠᠯᠵᠠᠭᠰᠠᠨ ᠶᠤᠮ᠃ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢᠨ ᠬᠡᠷᠡᠭᠴᠡᠭᠡ ᠪᠤᠯᠬᠤ ᠮᠥᠷᠲᠡᠭᠡᠨ ᠪᠠᠰᠠ ᠠᠵᠤ ᠠᠬᠤᠢ ᠶᠢᠨ ᠨᠡᠮᠡᠭᠳᠡᠯ ᠤᠨ ᠳᠠᠯᠳᠠ ᠬᠦᠴᠦᠨ ᠪᠠ ᠠᠰᠢᠭᠲᠠᠢ ᠨᠥᠬᠦᠴᠡᠯ ᠤᠨ ᠲᠤᠯᠭᠠᠭᠤᠷᠢᠯᠠᠯ ᠲᠠᠢ ᠪᠠᠶᠢᠵᠤ᠂ ᠲᠡᠷᠡᠴᠢᠯᠡᠨ ᠤᠷᠲᠤᠪᠲᠤᠷ ᠬᠤᠭᠤᠴᠠᠭᠠᠨ ᠤ ᠬᠥᠭᠵᠢᠯᠲᠡ ᠶᠢᠨ ᠬᠠᠷᠠᠯᠲᠠ ᠲᠠᠢ ᠵᠣᠯᠭᠠᠯᠳᠤᠭᠤᠯᠵᠤ᠂ ᠬᠦᠴᠢᠷ ᠢ ᠰᠥᠷᠦᠨ ᠤᠷᠤᠭᠰᠢᠯᠠᠵᠤ ᠬᠦᠴᠦᠯᠡᠨ ᠴᠢᠷᠮᠠᠶᠢᠬᠤ ᠢᠯᠡ ᠲᠣᠳᠣ ᠤᠳᠤᠷᠢᠳᠤᠮᠵᠢ ᠶᠢ ᠲᠤᠪᠤᠶᠢᠯᠭᠠᠬᠰᠠᠨ ᠶᠤᠮ᠃ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠬᠤ ᠨᠢ ᠠᠵᠢᠯ ᠣᠯᠭᠤᠯᠲᠠ ᠶᠢᠨ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠥᠷᠢᠴᠡᠯ ᠨᠠᠩ ᠲᠣᠪᠣᠶᠢᠮ᠎ᠠ ᠪᠠᠶᠢᠬᠤ ᠠᠬᠤᠢ ᠪᠠᠶᠢᠳᠠᠯ ᠳᠣᠣᠷ᠎ᠠ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠡᠷᠴᠢᠮ ᠢ ᠴᠢᠩᠭᠠᠷᠠᠭᠤᠯᠬᠤ ᠱᠠᠭᠠᠷᠳᠠᠯᠭ᠎ᠠ ᠶᠢ ᠢᠯᠡᠷᠡᠭᠦᠯᠦᠭᠰᠡᠨ ᠶᠤᠮ᠃ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 2% ᠣᠷᠴᠢᠮ ᠪᠠᠶᠢᠯᠭᠠᠬᠤ ᠶᠢᠨ ᠵᠣᠷᠢᠯᠭ᠎ᠠ ᠨᠢ ᠡᠯ᠎ᠡ ᠵᠦᠢᠯ ᠤᠨ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠬᠠᠮᠲᠤ ᠶᠢᠨ ᠦᠢᠯᠡᠳᠦᠯ ᠢᠶᠠᠷ ᠳᠠᠮᠵᠢᠭᠤᠯᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠶᠢ ᠰᠠᠶᠢᠵᠢᠷᠠᠭᠤᠯᠵᠤ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠢ ᠵᠦᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢᠨ ᠲᠥᠯᠥᠭᠡ ᠶᠤᠮ᠃ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠮᠠᠰᠢ ᠭᠢᠯᠪᠡᠷ ᠪᠤᠰᠤ ᠶᠤᠮ᠂ ᠡᠷᠬᠡᠪᠰᠢ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠬᠡᠷᠡᠭᠲᠡᠢ᠃

      ᠪᠢᠳᠡ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠ ᠤᠷᠤᠭᠰᠢᠯᠠᠭᠤᠯᠬᠤ ᠪᠠᠷ ᠲᠣᠭᠲᠠᠭᠤᠨ ᠪᠠᠶᠢᠯᠭᠠᠬᠤ ᠶᠢ ᠠᠬᠢᠭᠤᠯᠬᠤ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠪᠠ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢ ᠨᠢ ᠡᠪᠳᠡᠬᠦ᠂ ᠰᠢᠰᠲ᠋ᠧᠮᠵᠢᠭᠦᠯᠦᠨ ᠬᠤᠷᠠᠭᠤᠯᠬᠤ ᠪᠠ ᠬᠠᠮᠲᠤᠷᠠᠨ ᠬᠠᠮᠵᠢᠯᠴᠠᠬᠤ ᠶᠢ ᠪᠠᠷᠢᠮᠲᠠᠯᠠᠵᠤ᠂ ᠲᠦᠷᠦ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠨ ᠲᠦᠷᠦ ᠶᠢᠨ ᠪᠣᠳᠣᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠪᠠᠷᠠᠯᠠᠭᠢᠯᠠᠯᠳᠤ ᠴᠢᠨᠠᠷ᠂ ᠬᠠᠨᠳᠤᠯᠭᠠᠲᠤ ᠴᠢᠨᠠᠷ᠂ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ ᠬᠠᠷᠠᠯᠲᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠡᠵᠡᠮᠳᠡᠨ᠂ ᠴᠠᠭ ᠲᠣᠭᠢᠶᠠᠯ ᠪᠠ ᠡᠷᠴᠢᠮ ᠢ ᠡᠷᠬᠢᠮᠯᠡᠵᠦ᠂ ᠰᠢᠰᠲ᠋ᠧᠮᠲᠦ ᠰᠡᠳᠬᠢᠬᠦᠢ ᠶᠢ ᠴᠢᠩᠭᠠᠳᠬᠠᠵᠤ᠂ ᠬᠤᠷᠸ᠎ᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃

      ᠡᠳ᠋ ᠤᠨ ᠵᠠᠰᠠᠭ ᠤᠨ ᠨᠡᠩ ᠢᠳᠡᠪᠬᠢᠲᠡᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠣᠷᠣᠯᠭ᠎ᠠ᠂ ᠵᠢᠭᠡᠯᠡᠯᠭᠡ ᠶᠢᠨ ᠲᠡᠮᠳᠡᠭᠲᠦ ᠵᠡᠷᠭᠡ ᠡᠯ᠎ᠡ ᠲᠥᠷᠥᠯ ᠤᠨ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠨ ᠬᠦᠴᠦᠯᠡᠵᠦ᠂ ᠨᠠᠩ ᠢᠯᠡᠭᠦᠦ ᠬᠦᠴᠦᠲᠡᠢ ᠪᠤᠯᠬᠤ ᠶᠢ ᠦᠨᠡᠨ ᠬᠦ ᠪᠠᠲᠤᠯᠠᠨ᠎ᠠ᠃ ᠡᠨᠡ ᠵᠢᠯ ᠤᠨ ᠤᠯᠠᠭᠠᠨ ᠲᠤᠭ᠎ᠠ ᠶᠢᠨ ᠨᠣᠷᠮ᠎ᠠ ᠶᠢ 4% ᠣᠷᠴᠢᠮ ᠢᠶᠠᠷ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 1 ᠵᠠᠭᠤᠨ ᠤ ᠨᠢᠭᠡᠴᠢ ᠳᠡᠭᠡᠭᠰᠢᠯᠡᠭᠦᠯᠵᠦ᠂ ᠤᠯᠠᠭᠠᠨ ᠲᠤᠭ᠎ᠠ ᠶᠢᠨ ᠬᠡᠪᠴᠢᠶ᠎ᠡ ᠶᠢ 5.66 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.6 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ ᠶᠢ 29.7 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠵᠤ᠂ ᠲᠦᠷᠦᠭᠦᠦ ᠵᠢᠯ ᠤᠨ ᠬᠢ ᠠᠴᠠ 1.2 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠎ᠡ᠃ ᠭᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 1.3 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠵᠤ᠂ ᠲᠦᠷᠦᠭᠦᠦ ᠵᠢᠯ ᠤᠨ ᠬᠢ ᠠᠴᠠ 3000 ᠳ᠋ᠦᠩᠰᠢᠭᠤᠷ ᠲᠥᠭᠦᠷᠢᠭ ᠨᠡᠮᠡᠭᠳᠡᠭᠦᠯᠬᠦ ᠪᠠᠷ ᠪᠠᠶᠢᠨ᠎ᠠ᠃ ᠣᠨᠴᠠᠭᠠᠶ ᠤᠯᠤᠰ ᠤᠨ ᠵᠢᠭᠡᠯᠡᠯᠭᠡ ᠶᠢ 5000 ᠳ᠋ᠦᠩᠰᠢᠭᠤᠷ ᠲᠥᠭᠦᠷᠢᠭ ᠲᠠᠷᠬᠠᠭᠠᠵᠤ᠂ ᠤᠯᠤᠰ ᠤᠨ ᠥᠮᠴᠢᠯᠡᠯ ᠤᠨ ᠲᠣᠮᠣ ᠭᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠬᠥᠷᠥᠩᠭᠡ ᠪᠠᠨ ᠨᠥᠬᠦᠪᠦᠷᠢᠯᠡᠬᠦ ᠶᠢ ᠳᠡᠮᠵᠢᠬᠦ ᠪᠠᠷ ᠪᠠᠶᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 4.4 ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠵᠤ᠂ ᠲᠦᠷᠦᠭᠦᠦ ᠵᠢᠯ ᠤᠨ ᠬᠢ ᠠᠴᠠ 5000 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ᠂ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠪᠠ ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢᠲᠦᠵᠦ ᠪᠠᠶᠢᠭ᠎ᠠ ᠠᠵᠤ ᠠᠬᠤᠶᠢᠯᠠᠯ ᠤᠨ ᠠᠪᠴᠠᠭᠠᠨ ᠤ ᠵᠣᠭᠤᠰ ᠢ ᠰᠢᠢᠳᠪᠦᠷᠢᠯᠡᠬᠦ ᠵᠡᠷᠭᠡ ᠳᠤ ᠭᠤᠣᠯᠳᠠᠯᠭ᠎ᠠ ᠲᠠᠢ ᠬᠡᠷᠡᠭᠯᠡᠬᠦ ᠪᠠᠷ ᠪᠠᠶᠢᠨ᠎ᠠ᠃ ᠡᠨᠡ ᠵᠢᠯ ᠵᠠᠰᠠᠭ ᠤᠨ ᠣᠷᠳᠣᠨ ᠤ ᠥᠷᠢ ᠥᠭᠴᠡᠭᠡ ᠶᠢᠨ ᠶᠡᠷᠦᠩᠬᠡᠢ ᠬᠡᠪᠴᠢᠶ᠎ᠡ ᠶᠢ ᠨᠡᠶᠢᠲᠡ 11.86 ᠲᠦᠮᠡᠨ ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠦᠯᠵᠦ᠂ ᠲᠦᠷᠦᠭᠦᠦ ᠵᠢᠯ ᠤᠨ ᠬᠢ ᠠᠴᠠ 2.9 ᠲᠦᠮᠡᠨ ᠳ᠋ᠦᠩᠰᠢᠭᠤᠷ ᠲᠥᠭᠦᠷᠢᠭ ᠨᠡᠮᠡᠭᠳᠡᠭᠦᠯᠦᠨ᠂ ᠡᠳ᠋ ᠤᠨ ᠵᠠᠰᠠᠭ ᠤᠨ ᠵᠠᠷᠤᠯᠭ᠎ᠠ ᠶᠢᠨ ᠡᠷᠴᠢᠮ ᠢ ᠢᠯᠡᠳᠲᠡ ᠴᠢᠩᠭᠠᠷᠠᠭᠤᠯᠤᠨ᠎ᠠ᠃ ᠡᠯ᠎ᠡ ᠵᠦᠢᠯ ᠤᠨ ᠪᠡᠯᠡ ᠮᠥᠩᠭᠦ ᠶᠢ ᠳᠣᠷᠣᠭᠰᠢ ᠪᠠᠭᠤᠯᠭᠠᠵᠤ ᠰᠠᠯᠭᠠᠨ ᠥᠭᠬᠦ ᠶᠢ ᠲᠦᠷᠭᠡᠳᠬᠡᠵᠦ᠂ ᠠᠯᠢ ᠲᠦᠷᠭᠡᠨ ᠢᠶᠠᠷ ᠪᠣᠳᠠᠲᠠᠢ ᠵᠠᠷᠤᠯᠭ᠎ᠠ ᠪᠤᠯᠭᠠᠵᠤ ᠪᠦᠷᠢᠯᠳᠦᠭᠦᠯᠦᠨ᠎ᠡ᠃ ᠵᠠᠷᠤᠯᠭ᠎ᠠ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ᠂ ᠰᠡᠯᠭᠦᠬᠦ ᠬᠦᠴᠦᠨ ᠢ ᠨᠡᠮᠡᠭᠳᠡᠭᠦᠯᠬᠦ ᠶᠢ ᠨᠡᠩ ᠴᠢᠬᠤᠯᠠᠴᠢᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠲᠥᠪ ᠤᠨ ᠡᠳ᠋ ᠤᠨ ᠵᠠᠰᠠᠭ ᠠᠴᠠ ᠣᠷᠣᠨ ᠨᠤᠲᠤᠭ ᠲᠤ ᠡᠡ᠊ᠩ ᠤᠨ ᠴᠢᠨᠠᠷᠲᠠᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯ ᠲᠠᠢ ᠭᠠᠵᠠᠷ ᠣᠷᠣᠨ ᠪᠠ ᠬᠥᠭᠵᠢᠯᠲᠡ ᠪᠠᠷᠤᠭᠲᠠᠢ ᠭᠠᠵᠠᠷ ᠣᠷᠣᠨ ᠲᠡᠶᠢᠰᠢ ᠬᠡᠯᠪᠡᠶᠢᠯᠭᠡᠨ᠎ᠡ᠃ ᠱᠠᠲᠤ ᠬᠤᠪᠢᠶᠠᠨ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠬᠢᠵᠠᠭᠠᠷ ᠱᠤᠭᠤᠮ ᠢ ᠪᠠᠲᠤ ᠴᠣᠭᠴᠠᠯᠠᠵᠤ ᠪᠠᠲᠤ ᠰᠠᠬᠢᠨ᠎ᠠ᠃ ᠵᠠᠰᠠᠭ ᠤᠨ ᠣᠷᠳᠣᠨ ᠠᠷᠪᠢᠯᠠᠵᠤ ᠠᠮᠢᠳᠤᠷᠠᠬᠤ ᠶᠢ ᠪᠠᠷᠢᠮᠲᠠᠯᠠᠵᠤ᠂ ᠡᠳ᠋ ᠤᠨ ᠵᠠᠰᠠᠭ ᠤᠨ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠠᠬᠢᠭᠤᠯᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠨ᠂ ᠱᠠᠯᠢᠨ ᠪᠦᠷᠢᠯᠭᠡᠬᠦ ᠶᠢ ᠴᠢᠩᠭ᠎ᠠ ᠴᠠᠭᠠᠵᠠᠯᠠᠵᠤ᠂ ᠨᠡᠩ ᠤᠯᠠᠨ ᠪᠡᠯᠡ ᠮᠥᠩᠭᠦ ᠶᠢ ᠰᠤᠯᠠᠯᠠᠨ ᠭᠠᠷᠭᠠᠵᠤ ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ ᠬᠡᠷᠡᠭᠯᠡᠨ᠎ᠡ᠃

      ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠶᠡᠷᠦᠩᠬᠡᠢ ᠬᠡᠮᠵᠢᠶ᠎ᠡ ᠪᠣᠯᠣᠨ ᠪᠦᠲᠦᠴᠡ ᠶᠢᠨ ᠳᠠᠪᠬᠤᠷ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠬᠠᠳᠠᠭᠠᠯᠠᠮᠵᠢ ᠶᠢᠨ ᠪᠡᠯᠡᠳᠬᠡᠯ ᠮᠥᠩᠭᠦ ᠶᠢᠨ ᠨᠤᠷᠮ᠎ᠠ ᠪᠠ ᠬᠦᠦ ᠮᠥᠩᠭᠦ ᠶᠢᠨ ᠨᠤᠷᠮ᠎ᠠ ᠶᠢ ᠴᠠᠭ ᠲᠤᠨᠢ ᠲᠣᠬᠢᠷᠠᠭᠤᠯᠤᠨ ᠪᠠᠭᠤᠷᠠᠭᠤᠯᠵᠤ᠂ ᠭᠦᠢᠯᠭᠡᠭᠡᠨ ᠤ ᠴᠢᠨᠠᠷ ᠢᠶᠠᠷ ᠭᠦᠢᠴᠡᠳ ᠪᠠᠶᠢᠬᠤ ᠶᠢ ᠪᠠᠲᠤᠯᠠᠵᠤ᠂ ᠨᠡᠶᠢᠭᠡᠮ ᠤᠨ ᠪᠡᠯᠡ ᠲᠣᠬᠢᠷᠠᠭᠤᠯᠭ᠎ᠠ ᠶᠢᠨ ᠬᠡᠪᠴᠢᠶ᠎ᠡ᠂ ᠵᠣᠭᠤᠰᠤᠨ ᠤ ᠬᠠᠩᠭᠠᠯᠭ᠎ᠠ ᠶᠢᠨ ᠬᠡᠮᠵᠢᠶ᠎ᠡ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ᠂ ᠦᠨ᠎ᠡ ᠬᠠᠩᠰᠢ ᠶᠢᠨ ᠶᠡᠷᠦᠩᠬᠡᠢ ᠲᠦᠪᠰᠢᠨ ᠤ ᠵᠢᠱᠢᠭᠰᠡᠨ ᠬᠠᠷᠠᠯᠲᠠ ᠯᠤᠭ᠎ᠠ ᠵᠣᠬᠢᠴᠠᠯᠳᠤᠭᠤᠯᠤᠨ᠎ᠠ᠃ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠪᠠᠭᠠᠵᠢ ᠶᠢ ᠰᠢᠯᠢᠳᠡᠭᠵᠢᠭᠦᠯᠬᠦ ᠪᠠ ᠡᠨᠡ ᠲᠠᠯ᠎ᠠ ᠪᠠᠷ ᠰᠢᠨ᠎ᠡ ᠶᠢ ᠡᠭᠦᠳᠴᠦ᠂ ᠲᠠᠸᠠᠷ ᠤᠨ ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠨᠠᠩ ᠶᠡᠭᠡ ᠡᠷᠴᠢᠮ ᠢᠶᠠᠷ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠨᠣᠭᠤᠭᠠᠨ ᠬᠥᠭᠵᠢᠯᠲᠡ᠂ ᠬᠡᠷᠡᠭᠯᠡᠭᠡ ᠶᠢ ᠬᠥᠭᠵᠢᠭᠡᠬᠦ ᠵᠢᠴᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠳᠤ ᠦᠵᠡᠭᠦᠯᠭᠦ ᠳᠡᠮᠵᠢᠯᠭᠡ ᠪᠠᠨ ᠴᠢᠩᠭᠠᠷᠠᠭᠤᠯᠤᠨ᠎ᠠ᠃ ᠵᠣᠭᠤᠰᠤᠨ ᠤ ᠲᠥᠷᠥ ᠶᠢᠨ ᠪᠣᠳᠣᠯᠭ᠎ᠠ ᠶᠢᠨ ᠳᠠᠮᠵᠢᠭᠤᠯᠬᠤ ᠠᠷᠭ᠎ᠠ ᠵᠠᠮ ᠢ ᠤᠯᠠᠮ ᠨᠢᠭᠡ ᠠᠯᠬᠤᠮ ᠨᠠᠪᠲᠠᠷᠡᠭᠦᠯᠵᠦ᠂ ᠬᠦᠦ ᠮᠥᠩᠭᠦ ᠶᠢᠨ ᠨᠣᠷᠮ᠎ᠠ ᠶᠢᠨ ᠪᠦᠷᠢᠯᠳᠦᠬᠦ ᠪᠠ ᠳᠠᠮᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠬᠡ ᠮᠥᠩᠭᠦ ᠶᠢ ᠨᠢ ᠪᠤᠴᠠᠭᠠᠯᠭᠠᠬᠤ ᠦᠭᠡᠢ ᠪᠠᠷ ᠵᠢᠭᠡᠯᠡᠯᠭᠡ ᠶᠢ ᠦᠷᠭᠦᠯᠵᠢᠯᠡᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠡᠯᠡ ᠲᠣᠬᠢᠷᠠᠭᠤᠯᠭ᠎ᠠ ᠶᠢᠨ ᠢᠲᠡᠭᠡᠮᠵᠢ ᠶᠢ ᠨᠡᠮᠡᠭᠳᠡᠭᠦᠯᠬᠦ ᠪᠠ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠵᠡᠷᠭᠡ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠦᠷᠲᠡᠵᠦ ᠪᠤᠯᠬᠤ ᠴᠢᠨᠠᠷ ᠪᠠ ᠲᠥᠭᠦᠮ ᠳᠥᠲᠡ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠡᠭᠡᠷ᠎ᠡ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠨ᠎ᠠ᠃ ᠲᠥᠪ ᠪᠠᠩᠬᠢ ᠶᠢᠨ ᠬᠤᠷᠸ᠎ᠠ ᠲᠠᠯ᠎ᠠ ᠪᠠᠷ ᠬᠢᠨᠠᠭᠤᠷ ᠪᠣᠯᠭᠤᠮᠵᠢᠲᠠᠢ ᠬᠠᠮᠢᠶᠠᠷᠬᠤ ᠪᠠ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠴᠢᠳᠠᠮᠵᠢ ᠶᠢ ᠥᠷᠭᠡᠳᠬᠡᠵᠦ᠂ ᠮᠥᠩᠭᠦᠨ ᠭᠦᠢᠯᠭᠡᠭᠡᠨ ᠤ ᠪᠠᠭᠠᠵᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃

      ᠬᠤᠷᠸ᠎ᠠ ᠲᠥᠷᠥ ᠶᠢᠨ ᠪᠣᠳᠣᠯᠭ᠎ᠠ ᠶᠢᠨ ᠠᠷᠠᠳ ᠤᠨ ᠠᠮᠢᠳᠤᠷᠠᠯ ᠢᠶᠠᠷ ᠤᠳᠤᠷᠢᠳᠤᠮᠵᠢ ᠪᠤᠯᠭᠠᠬᠤ ᠶᠢ ᠴᠢᠩᠭᠠᠳᠬᠠᠨ᠎ᠠ᠃ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠬᠡᠷᠡᠭᠯᠡᠭᠡ ᠶᠢ ᠠᠬᠢᠭᠤᠯᠬᠤ ᠲᠡᠶᠢᠰᠢ ᠨᠡᠩ ᠢᠯᠡᠭᠦᠦ ᠰᠢᠯᠵᠢᠭᠦᠯᠵᠦ᠂ ᠬᠡᠷᠡᠭᠯᠡᠭᠡ ᠪᠠᠷ ᠠᠵᠤ ᠠᠬᠤᠢ ᠶᠢᠨ ᠣᠷᠴᠢᠯ ᠢ ᠬᠥᠭᠵᠢᠭᠡᠨ ᠰᠢᠯᠤᠭᠤᠳᠬᠠᠵᠤ᠂ ᠬᠡᠷᠡᠭᠯᠡᠭᠡ ᠶᠢᠨ ᠳᠡᠰ ᠳᠡᠪᠰᠢᠯᠲᠡ ᠪᠠᠷ ᠠᠵᠤ ᠦᠢᠯᠡᠰ ᠤᠨ ᠳᠡᠰ ᠳᠡᠪᠰᠢᠯᠲᠡ ᠶᠢ ᠬᠥᠲᠥᠯᠥᠨ ᠳᠠᠭᠠᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤᠮᠳᠠ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠨ᠎ᠠ᠃ ᠨᠠᠩ ᠣᠯᠠᠨ ᠪᠡᠯᠡ ᠮᠥᠩᠭᠦ ᠡᠬᠢ ᠪᠠᠶᠠᠯᠢᠭ ᠤᠨ ︽ᠬᠥᠮᠥᠨ ᠳᠤ ᠪᠡᠯᠡ ᠣᠷᠣᠭᠤᠯᠬᠤ︾ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠶᠢ ᠠᠬᠢᠭᠤᠯᠵᠤ᠂ ᠠᠵᠢᠯ ᠣᠯᠭᠤᠯᠲᠠ ᠶᠢ ᠥᠷᠭᠡᠳᠬᠡᠬᠦ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠬᠤ᠂ ᠬᠡᠷᠡᠭᠯᠡᠭᠡ ᠶᠢᠨ ᠤᠷᠮᠠᠰᠢᠭᠤᠯᠤᠯ ᠢ ᠴᠢᠩᠭᠠᠳᠬᠠᠬᠤ ᠶᠢ ᠳᠡᠮᠵᠢᠵᠦ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢᠨ ᠰᠠᠶᠢᠨ ᠣᠷᠴᠢᠯ ᠢ ᠪᠤᠢ ᠪᠣᠯᠭᠠᠨ᠎ᠠ᠃

      ᠬᠠᠮ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠦᠨ᠎ᠡ᠃ ᠡᠳ᠋ ᠤᠨ ᠵᠠᠰᠠᠭ᠂ ᠵᠣᠭᠤᠰ᠂ ᠠᠵᠢᠯ ᠣᠯᠭᠤᠯᠲᠠ᠂ ᠠᠵᠤ ᠦᠢᠯᠡᠰ᠂ ᠣᠷᠣᠨ ᠪᠦᠰᠡ᠂ ᠠᠷᠠᠯᠵᠢᠶ᠎ᠠ᠂ ᠣᠷᠴᠢᠨ ᠠᠬᠤᠢ ᠶᠢᠨ ᠬᠠᠮᠠᠭᠠᠯᠠᠯᠲᠠ᠂ ᠬᠢᠨᠠᠯᠲᠠ ᠬᠠᠮᠢᠶᠠᠷᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠵᠢᠴᠢ ᠥᠭᠡᠷᠡᠴᠢᠯᠡᠯᠲᠡ ᠨᠡᠭᠡᠭᠡᠯᠲᠡ ᠶᠢᠨ ᠠᠷᠭ᠎ᠠ ᠬᠡᠮᠵᠢᠶ᠎ᠡ ᠯᠦᠭᠡ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠨᠡᠶᠢᠯᠡᠯ ᠬᠦᠴᠦᠨ ᠢ ᠴᠢᠩᠭᠠᠷᠠᠭᠤᠯᠤᠨ᠎ᠠ᠃ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠦᠨᠡᠯᠡᠨ ᠵᠢᠱᠢᠬᠦ ᠠᠵᠢᠯ ᠤᠨ ᠲᠣᠭᠲᠠᠴᠠ ᠶᠢ ᠪᠦᠷᠢᠨᠰᠢᠭᠦᠯᠬᠦ ᠪᠠ ᠰᠠᠶᠢᠲᠤᠷ ᠬᠡᠷᠡᠭᠯᠡᠵᠦ᠂ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠣᠯᠣᠨ ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠨᠢᠭᠡᠳᠦᠯᠲᠡᠢ ᠣᠷᠣᠭᠤᠯᠵᠤ᠂ ᠲᠥᠷᠥ ᠶᠢᠨ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠭᠦᠯᠬᠦ ᠪᠦᠭᠦ ᠶᠠᠪᠤᠴᠠ ᠶᠢ ᠨᠢᠭᠡᠳᠦᠯᠲᠡᠢ ᠲᠥᠯᠥᠪᠯᠡᠵᠦ᠂ ᠲᠥᠷᠥ ᠶᠢᠨ ᠪᠣᠳᠣᠯᠭ᠎ᠠ ᠶᠢᠨ ᠬᠠᠷᠠᠯᠲᠠ᠂ ᠪᠠᠭᠠᠵᠢ᠂ ᠴᠠᠭ ᠲᠣᠭᠢᠶᠠᠯ᠂ ᠡᠷᠴᠢᠮ᠂ ᠠᠶᠢᠵᠠᠮ ᠤᠨ ᠵᠣᠬᠢᠴᠠᠯᠳᠤᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠷᠥ ᠶᠢᠨ ᠪᠣᠳᠣᠯᠭ᠎ᠠ ᠨᠡᠶᠢᠲᠡᠯᠡᠨ ᠬᠡᠷᠡᠭᠵᠢᠭᠦᠯᠬᠦ ᠳᠡᠭᠡᠨ ᠡᠷᠲᠡᠯᠡᠭᠦᠯᠵᠦ ᠪᠤᠯᠬᠤ ᠶᠢ ᠨᠢ ᠡᠷᠲᠡᠯᠡᠭᠦᠯᠦᠨ᠂ ᠡᠷᠲᠡᠯᠡᠭᠦᠯᠬᠦ ᠠᠴᠠ ᠪᠢᠰᠢ ᠣᠷᠦ᠋ᠢᠲᠠᠭᠤᠯᠬᠤ ᠦᠭᠡᠢ ᠪᠠᠶᠢᠵᠤ᠂ ᠡᠯ᠎ᠡ ᠵᠦᠢᠯ ᠤᠨ ᠮᠠᠭᠠᠳ ᠪᠤᠰᠤ ᠴᠢᠨᠠᠷ ᠯᠤᠭ᠎ᠠ ᠤᠷᠤᠯᠳᠤᠨ ᠴᠠᠭ ᠢ ᠠᠮᠵᠢᠵᠤ᠂ ᠵᠥᠪ ᠭᠡᠵᠦ ᠦᠵᠡᠭᠰᠡᠨ ᠢᠶᠠᠨ ᠨᠢᠭᠡ ᠯᠡ ᠳᠡᠭᠡᠷ᠎ᠡ ᠭᠦᠢᠴᠡᠳ ᠬᠠᠩᠭᠠᠯᠲᠠᠲᠠᠢ ᠲᠣᠭᠲᠠᠭᠠᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠬᠥᠨᠳᠡᠯᠡᠨ ᠢᠶᠠᠷ ᠬᠠᠮᠵᠢᠯᠴᠠᠬᠤ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ︽ᠡᠬᠢᠨ ᠤ ᠨᠢᠭᠡ ᠺᠢᠯᠣᠮᠧᠲᠷ︾ ᠠᠴᠠ ︽ᠡᠴᠦᠰ ᠤᠨ ᠨᠢᠭᠡ ᠺᠢᠯᠣᠮᠧᠲᠷ︾ ᠭᠦᠷᠲᠡᠯ᠎ᠡ ᠵᠣᠯᠭᠠᠯᠳᠤᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠠᠭᠤᠨ ᠢ ᠰᠣᠨᠣᠰᠬᠤ ᠶᠢ ᠴᠢᠬᠤᠯᠠᠴᠢᠯᠠᠵᠤ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠ ᠵᠢᠱᠢᠯᠲᠡ ᠪᠠᠷ ᠬᠥᠲᠥᠯᠥᠨ ᠵᠢᠯᠤᠭᠤᠳᠬᠤ ᠶᠢ ᠬᠠᠮᠵᠢᠯᠴᠠᠭᠤᠯᠤᠨ ᠠᠬᠢᠭᠤᠯᠵᠤ᠂ ᠢᠳᠡᠪᠬᠢᠲᠡᠢ ᠨᠡᠶᠢᠭᠡᠮ ᠤᠨ ᠵᠢᠱᠢᠯᠲᠡ ᠶᠢ ᠪᠤᠶ ᠪᠣᠯᠭᠠᠨ᠎ᠠ᠃

      ᠡᠨᠡ ᠵᠢᠯ ᠤᠨ ᠬᠠᠷᠠᠯᠲᠠ ᠡᠭᠦᠷᠭᠡ ᠶᠢ ᠰᠠᠶᠢᠲᠤᠷ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠶᠠᠰᠤ ᠴᠢᠨᠠᠷ ᠢᠶᠠᠷ ᠢᠯᠠᠬᠤ ᠪᠠ ᠬᠡᠪᠴᠢᠶᠡᠵᠢᠭᠦᠯᠬᠦ ᠦᠢᠯᠡᠳᠦᠯ ᠢ ᠪᠠᠳᠠᠷᠠᠭᠤᠯᠬᠤ ᠶᠢ ᠨᠢᠭᠡᠳᠦᠭᠦᠯᠬᠦ ᠶᠢ ᠪᠠᠷᠢᠮᠲᠠᠯᠠᠵᠤ᠂ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ ᠪᠡᠶᠡᠯᠡᠭᠦᠯᠦᠨ᠎ᠡ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠭᠡᠭᠡᠯᠲᠡ ᠶᠢ ᠥᠷᠭᠡᠳᠬᠡᠬᠦ ᠳᠤᠮᠳᠠ ᠤᠯᠠᠨ ᠤᠯᠤᠰ ᠤᠨ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠤᠨ ᠨᠡᠩ ᠥᠨᠳᠥᠷ ᠲᠦᠪᠰᠢᠨ ᠳᠡᠭᠡᠷ᠎ᠡ ᠬᠠᠷᠢᠯᠴᠠᠨ ᠠᠬᠢᠭᠤᠯᠬᠤ᠂ ᠰᠠᠶᠢᠨ ᠦᠢᠯᠡᠳᠦᠯᠴᠡᠬᠦ ᠶᠢ ᠪᠡᠶᠡᠯᠡᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠡᠷᠡᠭᠯᠡᠭᠡᠨ ᠤ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ ᠬᠥᠲᠥᠯᠥᠨ ᠳᠠᠭᠠᠭᠤᠯᠬᠤ ᠪᠠ ᠬᠡᠷᠡᠭᠴᠡᠭᠡ ᠶᠢ ᠡᠭᠦᠳᠬᠦ ᠶᠢ ᠨᠡᠩ ᠴᠢᠬᠤᠯᠠᠴᠢᠯᠠᠨ᠎ᠠ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠶᠢ ᠪᠠᠷᠢᠮᠲᠠᠯᠠᠵᠤ᠂ ᠨᠡᠶᠢᠭᠡᠮ ᠳᠠᠶᠠᠭᠠᠷ ᠤᠨ ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃

      ᠭᠤᠷᠪᠠ᠂ 2025 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ

      ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠭᠦᠷᠭᠡ ᠮᠠᠰᠢ ᠨᠦᠰᠡᠷ ᠬᠦᠨᠳᠦ ᠪᠠᠶᠢᠨ᠎ᠠ᠃ ᠪᠢᠳᠡ ᠭᠤᠣᠯᠳᠠᠯᠭ᠎ᠠ ᠶᠢ ᠲᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠳᠣᠣᠷᠠᠬᠢ ᠬᠡᠳᠦᠨ ᠲᠠᠯ᠎ᠠ ᠶᠢᠨ ᠠᠵᠢᠯ ᠢ ᠴᠢᠬᠤᠯᠠᠴᠢᠯᠠᠨ ᠰᠠᠶᠢᠲᠤᠷ ᠠᠳᠬᠤᠬᠤ ᠬᠡᠷᠡᠭᠲᠡᠢ᠃

     ︵ᠨᠢᠭᠡ︶ ᠬᠡᠷᠡᠭᠯᠡᠭᠡ ᠶᠢ ᠶᠡᠭᠡ ᠪᠠᠷ ᠬᠥᠭᠵᠢᠭᠡᠵᠦ᠂ ᠪᠡᠯᠡ ᠣᠷᠣᠭᠤᠯᠤᠯᠲᠠ ᠶᠢᠨ ᠦᠷ᠎ᠡ ᠠᠰᠢᠭ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠭᠦ ᠲᠠᠯ᠎ᠠ ᠪᠠᠷ ᠥᠷᠭᠡᠳᠬᠡᠨ᠎ᠡ᠃ ᠬᠡᠷᠡᠭᠯᠡᠭᠡ ᠪᠠ ᠪᠡᠯᠡ ᠣᠷᠣᠭᠤᠯᠤᠯᠲᠠ ᠶᠢᠨ ᠨᠠᠩ ᠰᠠᠶᠢᠨ ᠤᠶᠠᠯᠳᠤᠯ ᠢ ᠠᠬᠢᠭᠤᠯᠵᠤ᠂ ᠳᠣᠲᠣᠭᠠᠳᠤ ᠬᠡᠷᠡᠭᠴᠡᠭᠡ ᠢᠯᠠᠩᠭᠤᠶ᠎ᠠ ᠬᠡᠷᠡᠭᠯᠡᠭᠡ ᠶᠢᠨ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠳᠣᠲᠣᠭᠠᠳᠤ ᠬᠡᠷᠡᠭᠴᠡᠭᠡ ᠶᠢ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠴᠢ ᠬᠦᠴᠦᠨ ᠪᠠ ᠲᠣᠭᠲᠠᠪᠤᠷᠢᠵᠢᠭᠤᠯᠤᠭᠴᠢ ᠪᠣᠯᠭᠠᠨ᠎ᠠ᠃

      ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠭᠦ᠂ ᠴᠢᠨᠠᠷ ᠰᠠᠶᠢᠲᠠᠢ ᠬᠠᠩᠭᠠᠯᠭ᠎ᠠ ᠶᠢ ᠨᠡᠮᠡᠭᠳᠡᠭᠦᠯᠬᠦ᠂ ᠬᠡᠷᠡᠭᠯᠡᠭᠡᠨ ᠤ ᠣᠷᠴᠢᠨ ᠨᠥᠬᠦᠴᠡᠯ ᠢ ᠰᠠᠶᠢᠵᠢᠷᠠᠭᠤᠯᠬᠤ ᠲᠤᠰᠬᠠᠢ ᠠᠷᠭ᠎ᠠ ᠬᠡᠮᠵᠢᠶ᠎ᠡ ᠶᠢ ᠲᠣᠭᠲᠠᠭᠠᠵᠤ᠂ ᠣᠯᠠᠨ ᠶᠠᠩᠵᠤᠴᠢᠯᠠᠭᠰᠠᠨ᠂ ᠵᠦᠷᠢᠶᠡᠵᠢᠭᠰᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠬᠡᠷᠡᠭᠯᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠣᠯᠠᠨ ᠠᠷᠭ᠎ᠠ ᠵᠠᠮ ᠢᠶᠠᠷ ᠠᠬᠢᠭᠤᠯᠵᠤ᠂ ᠳᠤᠮᠳᠠ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠯᠭ᠎ᠠ ᠶᠢ ᠨᠡᠮᠡᠭᠳᠡᠭᠦᠯᠦᠨ ᠳᠠᠷᠤᠭᠠᠰᠤ ᠶᠢ ᠬᠥᠩᠭᠡᠷᠡᠭᠦᠯᠬᠦ ᠶᠢ ᠠᠬᠢᠭᠤᠯᠵᠤ᠂ ᠬᠥᠳᠡᠯᠮᠦᠷᠢᠴᠢᠳ ᠤᠨ ᠴᠠᠯᠢᠩ ᠤᠨ ᠬᠡᠪ ᠤᠨ ᠥᠰᠦᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠡᠲᠦ ᠤᠷᠳᠤ ᠬᠤᠭᠤᠴᠠᠭᠠᠨ ᠤ ᠣᠨᠴᠠᠭᠠᠶ ᠤᠯᠤᠰ ᠤᠨ ᠵᠢᠭᠡᠯᠡᠯᠭᠡ ᠶᠢ 3000 ᠳ᠋ᠦᠩᠰᠢᠭᠤᠷ ᠲᠥᠭᠦᠷᠢᠭ ᠲᠣᠬᠢᠷᠠᠭᠤᠯᠵᠤ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠳᠡᠮᠵᠢᠨ᠎ᠡ᠃ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ᠂ ᠬᠢᠵᠠᠭᠠᠷᠯᠠᠯ ᠢ ᠪᠠᠭᠠᠰᠬᠠᠬᠤ᠂ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠲᠠᠯ᠎ᠠ ᠠᠴᠠ ᠭᠠᠷᠳᠠᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠵᠡᠮᠳᠡᠭᠴᠦᠳ ᠢ ᠲᠤᠰᠠᠯᠠᠬᠤ᠂ ᠬᠡᠦᠬᠡᠳ ᠰᠠᠭᠠᠲᠠᠭᠤᠯᠬᠤ᠂ ᠭᠡᠷ ᠠᠬᠤᠢ ᠵᠡᠷᠭᠡ ᠤᠯᠠᠨ ᠡᠰᠢᠴᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ᠃ ᠬᠡᠷᠡᠭᠯᠡᠭᠡᠨ ᠤ ᠠᠬᠤᠢ ᠪᠠᠶᠢᠳᠠᠯ ᠤᠨ ᠰᠢᠨ᠎ᠡ ᠶᠢ ᠡᠭᠦᠳᠬᠦ ᠪᠠ ᠲᠡᠭᠦᠨ ᠢ ᠪᠠᠶᠠᠯᠢᠭᠵᠢᠭᠤᠯᠵᠤ᠂ ᠳ᠋ᠢᠵᠢᠲ᠋ᠠᠯ᠂ ᠨᠣᠭᠤᠭᠠᠨ᠂ ᠤᠶᠤᠯᠢᠭ ᠵᠡᠷᠭᠡ ᠰᠢᠨ᠎ᠡ ᠭᠡᠯᠪᠡᠷᠢ ᠶᠢᠨ ᠬᠡᠷᠡᠭᠯᠡᠭᠡ ᠶᠢᠨ ᠬᠥᠭᠵᠢᠯᠲᠡ ᠶᠢ ᠲᠦᠷᠭᠡᠳᠬᠡᠨ᠎ᠡ᠃ ᠠᠮᠠᠷᠠᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠰᠢᠯᠢᠳᠡᠭᠵᠢᠭᠦᠯᠵᠦ᠂ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠵᠡᠷᠭᠡ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠤᠨ᠎ᠠ᠃ ᠭᠠᠶᠢᠯᠢ ᠬᠡᠯᠲᠦᠷᠢᠭᠦᠯᠬᠦ ᠳᠡᠯᠭᠡᠭᠦᠷ ᠤᠨ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠯᠢ ᠪᠠᠷ ᠣᠷᠣᠵᠤ ᠢᠷᠡᠨ ᠬᠡᠷᠡᠭᠯᠡᠭᠡ ᠬᠢᠬᠦ ᠶᠢ ᠥᠷᠭᠡᠳᠬᠡᠬᠦ ᠶᠢ ᠠᠬᠢᠭᠤᠯᠤᠨ᠎ᠠ᠃ ᠣᠯᠠᠨ ᠤᠯᠤᠰ ᠤᠨ ᠬᠡᠷᠡᠭᠯᠡᠭᠡᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮ ᠢ ᠪᠦᠷᠢᠨᠰᠢᠭᠦᠯᠦᠨ᠎ᠡ᠃ ᠪᠦᠭᠦ ᠰᠢᠰᠲ᠋ᠧᠮ ᠤᠨ ᠬᠡᠷᠡᠭᠯᠡᠭᠡᠨ ᠤ ᠲᠤᠭ᠎ᠠ ᠪᠦᠷᠢᠳᠬᠡᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠬᠡᠷᠡᠭᠯᠡᠭᠴᠢᠳ ᠤᠨ ᠡᠷᠬᠡ ᠠᠰᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠤᠢ  ᠪᠣᠯᠭᠠᠨ᠎ᠠ᠃

      ᠪᠦᠲᠦᠮᠵᠢᠲᠡᠶ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠡᠯ᠎ᠡ ᠲᠥᠷᠥᠯ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠠᠭᠠᠵᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠪᠣᠯᠣᠨ ᠮᠥᠩᠭᠦᠨ ᠭᠦᠢᠯᠭᠡᠭᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠲᠥᠰᠥᠯ ᠤᠨ ᠨᠥᠭᠡᠴᠡ ᠪᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠨᠢᠭᠡ ᠪᠦᠯᠦᠭ ᠭᠤᠣᠯᠳᠠᠯᠭ᠎ᠠ ᠲᠠᠢ ᠲᠥᠰᠥᠯ ᠢ ᠲᠦᠷᠭᠡᠯᠡᠨ ᠬᠡᠷᠡᠭᠵᠢᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠴᠢᠬᠤᠯᠠ ᠶᠡᠭᠡ ᠢᠨᠵᠧᠨᠧᠷᠢᠩ ᠢ ᠤᠷᠤᠭᠰᠢᠲᠠᠢ ᠳᠠᠭᠤᠰᠬᠠᠬᠤ ᠶᠢ ᠠᠬᠢᠭᠤᠯᠤᠨ᠎ᠠ᠃ ᠲᠥᠰᠥᠯ ᠢ ᠦᠨᠡᠨ ᠬᠦ ᠣᠨᠣᠪᠴᠢᠲᠠᠶ ᠪᠥᠭᠡᠳ ᠰᠠᠶᠢᠲᠤᠷ ᠰᠣᠩᠭᠤᠵᠤ᠂ ᠪᠡᠯᠡ ᠮᠥᠩᠭᠦ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠪᠦᠲᠦᠭᠡᠨ ᠪᠠᠶᠢᠭᠤᠯᠵᠤ ᠪᠠᠶᠢᠭ᠎ᠠ ᠲᠥᠰᠥᠯ ᠤᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠦᠷ᠎ᠡ ᠠᠰᠢᠭ ᠳᠣᠣᠷ᠎ᠠ ᠪᠡᠯᠡ ᠤᠷᠤᠭᠤᠯᠤᠯᠲᠠ ᠪᠠ ᠦᠷ᠎ᠡ ᠠᠰᠢᠭ ᠦᠭᠡᠢ ᠪᠡᠯᠡ ᠣᠷᠣᠭᠤᠯᠤᠯᠲᠠ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢ 7350 ᠳ᠋ᠦᠩᠰᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠭᠡᠲᠦ ᠤᠷᠲᠤ ᠬᠤᠭᠤᠴᠠᠭᠠᠨ ᠤ ᠣᠨᠴᠠᠭᠠᠢ ᠤᠯᠤᠰ ᠤᠨ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠭᠡᠲᠦ ᠤᠷᠲᠤ ᠬᠤᠭᠤᠴᠠᠭᠠᠨ ᠤ ᠵᠢᠭᠡᠯᠡᠯᠭᠡ ᠵᠡᠷᠭᠡ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢ ᠴᠢᠩᠭᠠᠳᠬᠠᠵᠤ᠂ ᠳᠡᠭᠡᠷ᠎ᠡ ᠠᠴᠠ ᠳᠣᠷᠣᠭᠰᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢ ᠴᠢᠩᠭᠠᠳᠬᠠᠵᠤ᠂ ︽ᠨᠢᠭᠡ ᠴᠢᠬᠤᠯᠠ ᠨᠢᠭᠡ ᠭᠤᠣᠯᠳᠠᠯᠭ᠎ᠠ︾ ᠶᠢᠨ ᠪᠠᠶᠢᠭᠤᠯᠤᠯᠲᠠ ᠶᠢ ᠨᠡᠩ ᠶᠡᠭᠡ ᠡᠷᠴᠢᠮ ᠢᠶᠠᠷ ᠲᠡᠮᠵᠢᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ ᠬᠦᠷᠢᠶᠡᠨ ᠳᠤ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠶᠠᠪᠤᠭᠤᠯᠬᠤ᠂ ᠲᠥᠰᠥᠯ ᠢ ᠬᠢᠨᠠᠨ ᠬᠠᠷᠭᠤᠭᠤᠯᠬᠤ ᠡᠷᠬᠡ ᠶᠢ ᠳᠣᠷᠣᠭᠰᠢ ᠪᠠᠭᠤᠯᠭᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠎ᠡ᠃ ᠪᠡᠯᠡ ᠣᠷᠣᠭᠤᠯᠤᠯᠲᠠ ᠶᠢ ᠬᠢᠨᠠᠨ ᠵᠥᠪᠰᠢᠶᠡᠷᠡᠬᠦ ᠶᠠᠪᠤᠴᠠ ᠶᠢ ᠳᠥᠭᠦᠮᠴᠢᠯᠡᠵᠦ᠂ ᠰᠠᠯᠠᠭ᠎ᠠ ᠮᠥᠴᠢᠷ ᠠᠯᠤᠰᠯᠠᠭᠰᠠᠨ ᠣᠷᠣᠨ ᠪᠦᠰᠡ ᠠᠯᠤᠰᠯᠠᠭᠰᠠᠨ ᠴᠢᠬᠤᠯᠠ ᠶᠡᠭᠡ ᠲᠥᠰᠥᠯ ᠢ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠪᠡᠯᠡ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠠᠷᠠᠳ ᠤᠨ ᠪᠡᠯᠡ ᠣᠷᠣᠭᠤᠯᠤᠯᠲᠠ ᠶᠢᠨ ᠬᠥᠭᠵᠢᠯᠲᠡ ᠶᠢ ᠳᠡᠮᠵᠢᠬᠦ ᠪᠠ ᠵᠣᠷᠢᠭᠵᠢᠭᠤᠯᠵᠤ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠰᠢᠨ᠎ᠡ ᠲᠣᠭᠲᠠᠴᠠ ᠶᠢ ᠵᠢᠷᠤᠮᠵᠢᠭᠤᠯᠤᠨ ᠬᠡᠷᠡᠭᠵᠢᠭᠦᠯᠵᠦ᠂ ᠨᠡᠩ ᠤᠯᠠᠨ ᠠᠷᠠᠳ ᠤᠨ ᠬᠥᠷᠥᠩᠭᠡ ᠶᠢ ᠬᠥᠲᠥᠯᠥᠨ ᠵᠢᠯᠤᠭᠤᠳᠴᠤ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠨᠡᠶᠢᠭᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠬᠥᠷᠥᠩᠭᠡ ᠶᠢ ᠨᠠᠩ ᠶᠡᠭᠡ ᠬᠥᠭᠵᠢᠯᠲᠡ ᠶᠢᠨ ᠣᠷᠣᠨ ᠵᠠᠢ ᠲᠠᠢ ᠪᠣᠯᠭᠠᠨ᠎ᠠ᠃

     ︵ᠬᠤᠶᠠᠷ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠶᠡᠭᠡ ᠪᠠᠷ ᠠᠬᠢᠭᠤᠯᠤᠨ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂ ᠰᠢᠨ᠎ᠡ ᠬᠥᠳᠡᠯᠭᠡᠭᠴᠢ ᠡᠨᠧᠷᠭᠢ ᠶᠢᠨ ᠬᠤᠷᠠᠮᠳᠤᠨ ᠵᠤᠵᠠᠭᠠᠷᠠᠵᠤ ᠬᠦᠴᠦᠷᠬᠡᠭᠵᠢᠬᠦ ᠪᠠ ᠤᠯᠠᠮᠵᠢᠯᠠᠯᠲᠤ ᠬᠥᠳᠡᠯᠭᠡᠭᠴᠢ ᠡᠨᠧᠷᠭᠢ ᠶᠢᠨ ᠰᠢᠨᠡᠳᠦᠨ ᠳᠡᠰ ᠳᠡᠪᠰᠢᠬᠦ ᠶᠢ ᠠᠬᠢᠭᠤᠯᠤᠨ᠎ᠠ᠃

      ᠰᠢᠨ᠎ᠡ ᠪᠠᠷ ᠬᠥᠭᠵᠢᠭᠰᠡᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠥᠭᠡᠭᠡᠨᠡᠷᠡᠨ ᠬᠥᠭᠵᠢᠬᠦ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠢᠨ᠎ᠡ ᠮᠡᠷᠭᠡᠵᠢᠯ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠢ ᠶᠡᠭᠡ ᠬᠡᠪᠴᠢᠶ᠎ᠡ ᠪᠠᠷ ᠬᠡᠷᠡᠭᠯᠡᠬᠦ ᠵᠢᠱᠢᠶ᠎ᠡ  ᠦᠵᠡᠭᠦᠯᠭᠦ ᠠᠵᠢᠯᠯᠠᠭ᠎ᠠ ᠶᠢ ᠥᠷᠨᠢᠭᠦᠯᠵᠦ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ ᠠᠵᠤ ᠠᠬᠤᠢ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠮᠤᠷ ᠲᠦᠪᠰᠢᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠢᠷᠡᠭᠡᠳᠦᠢ ᠶᠢᠨ ᠠᠵᠤ ᠦᠢᠯᠡᠰ ᠤᠨ ᠣᠷᠣᠭᠤᠯᠤᠯᠲᠠ ᠶᠢᠨ ᠨᠡᠮᠡᠭᠳᠡᠯ ᠤᠨ ᠲᠣᠭᠲᠠᠴᠠ ᠶᠢ ᠪᠠᠶᠢᠭᠤᠯᠵᠤ᠂ ᠠᠮᠢᠳᠤ ᠪᠣᠳᠠᠰ ᠤᠨ ᠦᠢᠯᠡᠳᠬᠦ ᠦᠢᠯᠡᠰ᠂ ᠺᠸᠠᠨ᠋ᠲ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ EAI᠂ 6G ᠵᠡᠷᠭᠡ ᠢᠷᠡᠭᠡᠳᠦᠢ ᠶᠢᠨ ᠠᠵᠤ ᠦᠢᠯᠡᠰ ᠢ ᠪᠣᠶᠢᠵᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ ᠪᠠ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠤᠷᠰᠢᠯᠲᠠ ᠶᠢ ᠭᠦᠨᠵᠡᠭᠡᠶᠢᠷᠡᠭᠦᠯᠵᠦ᠂ ᠦᠢᠯᠡᠴᠢᠯᠡᠭᠡᠨ ᠤ ᠭᠡᠯᠪᠡᠷᠢ ᠶᠢᠨ ᠦᠢᠯᠡᠳᠬᠦ ᠦᠢᠯᠡᠰ ᠢ ᠲᠦᠷᠭᠡᠯᠡᠨ ᠬᠥᠭᠵᠢᠭᠦᠯᠦᠨ᠎ᠡ᠃ ᠠᠵᠤ ᠦᠢᠯᠡᠰ ᠢ ᠨᠢᠭᠡᠳᠦᠯᠲᠡᠢ ᠲᠥᠯᠥᠪᠯᠡᠨ ᠪᠠᠶᠢᠷᠢᠯᠠᠭᠤᠯᠬᠤ ᠪᠠ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠬᠥᠭᠵᠢᠬᠦ ᠪᠠ ᠰᠠᠶᠢᠨ ᠥᠷᠢᠰᠦᠯᠳᠦᠭᠡᠨ ᠢ ᠠᠬᠢᠭᠤᠯᠤᠨ᠎ᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠨ᠎ᠡ᠃ ᠰᠢᠨ᠎ᠡ ᠶᠢ ᠡᠭᠦᠳᠬᠦ ᠭᠡᠯᠪᠡᠷᠢ ᠶᠢᠨ ᠠᠵᠤ ᠠᠬᠤᠶᠢᠯᠠᠯ ᠢ ᠱᠠᠲᠤᠯᠠᠨ ᠪᠣᠶᠢᠵᠢᠭᠤᠯᠵᠤ᠂ ᠲᠤᠰᠬᠠᠢ ᠨᠠᠷᠢᠯᠢᠭ ᠥᠪᠡᠷᠮᠢᠴᠡ ᠰᠢᠨ᠎ᠡ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠵᠤ᠂ ᠠᠩᠬᠠᠨ ᠤ ᠡᠭᠦᠳᠦᠯᠲᠡ ᠶᠢᠨ ᠴᠢᠨᠠᠷᠲᠠᠢ ᠰᠠᠭᠤᠷᠢ ᠰᠠᠶᠢᠲᠠᠢ ᠠᠵᠤ ᠠᠬᠤᠶᠢᠯᠠᠯ᠂ ᠪᠠᠳᠠᠷᠠᠩᠭᠤᠢ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠨᠠᠩ ᠣᠯᠠᠨ ᠠᠵᠤ ᠠᠬᠤᠶᠢᠯᠠᠯ ᠢ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠳᠤ ︽ᠬᠤᠷᠳᠤᠳᠬᠠᠯ︾ ᠲᠠᠢ ᠪᠣᠯᠭᠠᠨ᠎ᠠ᠃

      ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠭᠦ ᠶᠢ ᠠᠬᠢᠭᠤᠯᠤᠨ᠎ᠠ᠃ ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢ ᠳᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠨ᠎ᠠ᠃ ᠤᠯᠠᠮ ᠨᠢᠭᠡ ᠠᠯᠬᠤᠮ ᠬᠡᠪᠴᠢᠶ᠎ᠡ ᠶᠢ ᠥᠷᠭᠡᠳᠬᠡᠨ᠂ ᠪᠠᠷᠢᠮᠵᠢᠶ᠎ᠠ ᠶᠢ ᠪᠠᠭᠤᠷᠠᠭᠤᠯᠵᠤ᠂ ᠦᠢᠯᠡᠳᠬᠦ ᠦᠢᠯᠡᠰ ᠤᠨ ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠳᠡᠰ ᠳᠡᠪᠰᠢᠭᠦᠯᠬᠦ ᠪᠠ ᠶᠡᠭᠡ ᠬᠡᠪᠴᠢᠶᠡᠨ ᠤ ᠪᠡᠯᠡᠳᠬᠡᠮᠵᠢ ᠶᠢ ᠰᠢᠨᠡᠳᠬᠡᠬᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠦᠢᠯᠡᠳᠬᠦ ᠦᠢᠯᠡᠰ ᠤᠨ ᠭᠡᠯᠪᠡᠷᠢ ᠶᠢ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠠᠵᠢᠯ ᠲᠥᠷᠥᠯ ᠢ ᠣᠶᠢᠯᠠᠭᠠᠬᠤ ᠮᠥᠷᠲᠡᠭᠡᠨ ᠳ᠋ᠢᠵᠢᠲ᠋ᠠᠯᠴᠢᠯᠠᠯᠳᠠ ᠶᠢ ᠣᠶᠢᠯᠠᠭᠠᠬᠤ ᠦᠢᠯᠡᠴᠢᠯᠡᠭᠡᠨ ᠤ ᠬᠤᠳᠠᠯᠳᠤᠭᠠᠴᠢᠨ ᠢ ᠨᠢᠭᠡ ᠪᠦᠯᠦᠭ ᠪᠣᠶᠢᠵᠢᠭᠤᠯᠵᠤ᠂ ᠳᠤᠮᠳᠠ ᠵᠢᠵᠢᠭ ᠠᠵᠤ ᠠᠬᠤᠶᠢᠯᠠᠯ ᠤᠨ ᠭᠡᠯᠪᠡᠷᠢ ᠪᠠᠨ ᠳ᠋ᠢᠵᠢᠲ᠋ᠠᠯᠴᠢᠯᠠᠬᠰᠠᠨ ᠲᠡᠶᠢᠰᠢ ᠬᠤᠪᠢᠷᠠᠭᠤᠯᠬᠤ ᠳᠤ ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠦᠨ᠎ᠡ᠃ ᠪᠠᠷᠢᠮᠵᠢᠶ᠎ᠠ ᠶᠢ ᠳᠡᠭᠡᠭᠰᠢᠯᠡᠭᠦᠯᠭᠦ ᠪᠠᠷ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠬᠥᠲᠥᠯᠥᠨ ᠳᠠᠭᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠦᠢᠯᠡᠳᠬᠦ ᠦᠢᠯᠡᠰ ᠤᠨ ︽ᠲᠥᠷᠥᠯ ᠵᠦᠢᠯ ᠢ ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠭᠦ᠂ ᠨᠠᠷᠠᠲᠤ ᠲᠡᠮᠳᠡᠭ ᠢ ᠡᠭᠦᠳᠬᠦ︾ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ᠂ ᠪᠦᠭᠦ ᠲᠠᠯ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠨᠠᠷᠠᠲᠤ ᠪᠦᠲᠦᠭᠡᠭᠳᠡᠬᠦᠨ ᠰᠣᠳᠣᠨ ᠪᠦᠲᠦᠭᠡᠭᠳᠡᠬᠦᠨ᠂ ᠰᠣᠩᠭᠤᠳᠠᠭ ᠠᠵᠤ ᠦᠢᠯᠡᠰ ᠢ ᠪᠤᠶ ᠪᠣᠯᠭᠠᠨ᠎ᠠ᠃

      ᠳ᠋ᠢᠵᠢᠲ᠋ᠠᠯ ᠠᠵᠤ ᠠᠬᠤᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ︽ᠵᠣᠬᠢᠶᠠᠮᠠᠯ ᠣᠶᠤᠯᠢᠬ +︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳ᠋ᠢᠵᠢᠲ᠋ᠠᠯ ᠮᠡᠷᠭᠡᠵᠢᠯ ᠢ ᠦᠢᠯᠡᠳᠬᠦ ᠳᠠᠪᠠᠭᠤᠯᠢᠭ᠂ ᠵᠠᠬ᠎ᠠ ᠳᠡᠯᠭᠡᠭᠦᠷ ᠤᠨ ᠳᠠᠪᠠᠭᠤᠯᠢᠭ ᠯᠤᠭ᠎ᠠ ᠨᠠᠩ ᠰᠠᠶᠢᠲᠤᠷ ᠤᠶᠠᠯᠳᠤᠭᠤᠯᠵᠤ᠂ ᠲᠣᠮᠣ ᠵᠠᠭᠪᠤᠷ ᠢ ᠥᠷᠭᠡᠨ ᠢᠶᠠᠷ ᠬᠡᠷᠡᠭᠯᠡᠬᠦ ᠶᠢ ᠳᠠᠮᠵᠢᠵᠤ᠂ ᠣᠶᠤᠨᠴᠢ ᠰᠦᠯᠵᠢᠶᠡᠨ ᠬᠤᠯᠪᠤᠯᠳᠤᠯᠲᠦ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ᠂ ᠵᠣᠬᠢᠶᠠᠮᠠᠯ ᠤᠶᠤᠯᠢᠬ ᠭᠠᠷ ᠤᠲᠠᠰᠤ ᠪᠠ ᠺᠤᠮᠫᠢᠦ᠋ᠲ᠋ᠧᠷ᠂ ᠤᠶᠤᠯᠢᠬ ᠮᠠᠰᠢᠨ ᠬᠥᠮᠥᠨ ᠵᠡᠷᠭᠡ ᠰᠢᠨ᠎ᠡ ᠨᠢᠭᠡ ᠦᠶ᠎ᠡ ᠶᠢᠨ ᠤᠶᠤᠯᠢᠬ ᠦᠵᠦᠭᠦᠷ ᠵᠢᠴᠢ ᠤᠶᠤᠯᠢᠬ ᠦᠢᠯᠡᠳᠬᠦ ᠲᠣᠨᠣᠭᠯᠠᠯ ᠢ ᠶᠡᠭᠡ ᠪᠠᠷ ᠬᠥᠭᠵᠢᠭᠦᠯᠦᠨ᠎ᠡ᠃ 5G ᠶᠢ ᠬᠡᠪᠴᠢᠶᠡᠵᠢᠭᠦᠯᠦᠨ ᠬᠡᠷᠡᠭᠯᠡᠬᠦ ᠶᠢ ᠥᠷᠭᠡᠳᠬᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠲᠦᠷᠭᠡᠳᠬᠡᠵᠦ᠂ ᠪᠦᠭᠦ ᠤᠯᠤᠰ ᠤᠨ ᠪᠤᠳᠤᠬᠤ ᠬᠦᠴᠦᠨ ᠤ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠳᠡᠯᠡᠬᠡᠢ ᠳᠡᠭᠡᠷ᠎ᠡ ᠥᠷᠢᠰᠦᠯᠳᠦᠬᠦ ᠬᠦᠴᠦᠨ ᠪᠦᠬᠦᠢ ᠳ᠋ᠢᠵᠢᠲ᠋ᠠᠯ ᠠᠵᠤ ᠦᠢᠯᠡᠰ ᠤᠨ ᠪᠥᠭᠡᠭᠡᠨᠡᠷᠡᠯ ᠢ ᠪᠤᠢ ᠪᠣᠯᠭᠠᠨ᠎ᠠ᠃ ᠳ᠋ᠠᠶᠢᠲ᠋ᠠ ᠶᠢᠨ ᠰᠠᠭᠤᠷᠢ ᠳᠦᠷᠢᠮ ᠢ ᠲᠦᠷᠭᠡᠯᠡᠨ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠭᠦᠨᠵᠡᠭᠡᠶᠢᠷᠡᠭᠦᠯᠵᠦ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠭᠦ ᠶᠢ ᠠᠬᠢᠭᠤᠯᠬᠤ ᠪᠠ ᠵᠢᠷᠤᠮᠵᠢᠭᠤᠯᠤᠨ᠎ᠠ᠃ ᠲᠠᠪᠴᠠᠩ ᠤᠨ ᠠᠵᠤ ᠠᠬᠤᠢ ᠶᠢᠨ ᠵᠢᠷᠤᠮᠵᠢᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠲᠡᠭᠦᠨ ᠤ ᠰᠢᠨ᠎ᠡ ᠶᠢ ᠡᠭᠦᠳᠬᠦ ᠶᠢ ᠠᠬᠢᠭᠤᠯᠬᠤ᠂ ᠬᠡᠷᠡᠭᠯᠡᠭᠡ ᠶᠢ ᠥᠷᠭᠡᠳᠬᠡᠬᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠵᠡᠷᠭᠡ ᠲᠠᠯ᠎ᠠ ᠪᠠᠷ ᠬᠢ ᠢᠳᠡᠪᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃

     ︵ᠭᠤᠷᠪᠠ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠤᠯᠤᠰ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠢ ᠬᠥᠭᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠭᠤᠷᠢ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠨ᠎ᠠ᠃

      ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠲᠦᠷᠭᠡᠯᠡᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠶᠣᠰᠣ ᠰᠤᠷᠲᠠᠬᠤᠨ ᠢ ᠪᠤᠢ ᠪᠤᠯᠭᠠᠵᠤ ᠬᠥᠮᠥᠨ ᠢ ᠬᠥᠮᠥᠵᠢᠭᠦᠯᠬᠦ ᠢᠨᠵᠧᠨᠧᠷᠢᠩ ᠢ ᠪᠦᠭᠦ ᠲᠠᠯ᠎ᠠ ᠪᠠᠷ ᠬᠡᠷᠡᠭᠵᠢᠭᠦᠯᠵᠦ᠂ ᠶᠡᠭᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠦ ᠶᠢᠨ ᠬᠢᠴᠢᠶᠡᠯ ᠢ ᠨᠢᠭᠡ ᠴᠣᠭᠴᠠᠵᠢᠭᠤᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠨᠢ ᠥᠷᠭᠡᠳᠬᠡᠨ ᠴᠢᠨᠠᠷ ᠢ ᠨᠢ ᠳᠡᠭᠡᠭᠰᠢᠯᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠬᠥᠮᠥᠨ ᠠᠮᠠ ᠶᠢᠨ ᠬᠤᠪᠢᠷᠠᠯᠲᠠ ᠯᠤᠭ᠎ᠠ ᠵᠣᠬᠢᠴᠠᠭᠰᠠᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠣᠷᠣᠨ ᠲᠤᠭ᠎ᠠ ᠶᠢᠨ ᠬᠠᠩᠭᠠᠯᠭ᠎ᠠ ᠶᠢ ᠥᠷᠭᠡᠳᠬᠡᠵᠦ᠂ ᠰᠤᠷᠭᠠᠭᠤᠯᠢ ᠳᠤ ᠣᠷᠣᠬᠤ ᠨᠠᠰᠤᠨ ᠠᠴᠠ ᠡᠮᠦᠨᠡᠬᠢ ᠰᠦᠢᠳᠬᠡᠯ ᠦᠯᠤ ᠬᠤᠷᠢᠶᠠᠬᠤ ᠰᠤᠷᠭᠠᠨ ᠬᠥᠮᠦᠵᠢᠯ ᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠣᠨᠴᠠᠭᠠᠶ ᠰᠤᠷᠭᠠᠨ ᠬᠥᠮᠦᠵᠢᠯ᠂ ᠦᠷᠭᠦᠯᠵᠢᠯᠡᠯ ᠰᠤᠷᠭᠠᠨ ᠬᠥᠮᠦᠵᠢᠯ᠂ ᠲᠤᠰᠬᠠᠢ ᠰᠤᠷᠭᠠᠨ ᠬᠥᠮᠦᠵᠢᠯ ᠢ ᠰᠠᠶᠢᠲᠤᠷ ᠡᠷᠭᠢᠯᠡᠵᠤ᠂ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠬᠥᠲᠥᠯᠥᠨ ᠵᠢᠯᠤᠭᠤᠳᠴᠤ ᠵᠢᠷᠤᠮᠵᠢᠭᠤᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠡᠩ ᠤᠨ ᠰᠤᠷᠭᠠᠨ ᠬᠥᠮᠦᠵᠢᠯ ᠢ ᠠᠭᠤᠰᠤᠯᠴᠠᠭᠤᠯᠤᠨ ᠨᠡᠪᠲᠡᠷᠡᠭᠦᠯᠬᠦ᠂ ᠦᠢᠯᠡᠳᠪᠦᠷᠢᠯᠡᠯ ᠪᠣᠯᠣᠨ ᠬᠢᠴᠢᠶᠡᠯ ᠬᠥᠮᠦᠵᠢᠯ ᠢ ᠠᠭᠤᠰᠤᠯᠴᠠᠭᠤᠯᠤᠨ ᠬᠠᠮᠲᠤᠷᠠᠭᠤᠯᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠣᠬᠢᠴᠠᠬᠤ ᠴᠢᠨᠠᠷ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠲᠥᠷᠥᠯ ᠬᠤᠪᠢᠶᠠᠨ ᠠᠬᠢᠭᠤᠯᠵᠤ᠂ ᠰᠢᠯᠢᠳᠡᠭ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ︽ᠬᠤᠣᠰ ᠲᠡᠷᠢᠭᠦᠨ ᠵᠡᠷᠭᠡ︾ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠭᠡᠨ ᠤ ᠰᠠᠯᠠᠭ᠎ᠠ ᠶᠢ ᠪᠠᠶᠢᠭᠤᠯᠵᠤ ᠲᠣᠬᠢᠷᠠᠭᠤᠯᠬᠤ ᠲᠣᠭᠲᠠᠴᠠ ᠪᠠ ᠴᠢᠳᠠᠪᠤᠷᠢᠲᠠᠨ ᠬᠥᠮᠥᠵᠢᠭᠦᠯᠬᠦ ᠵᠠᠭᠪᠤᠷ ᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠢ ᠢᠳᠡᠪᠬᠢᠲᠡᠢ ᠥᠷᠨᠢᠭᠦᠯᠵᠦ᠂ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ ᠲᠦᠭᠡᠮᠡᠯᠵᠢᠭᠦᠯᠵᠦ᠂ ᠪᠠᠭᠰᠢ ᠰᠤᠷᠤᠬᠴᠢ ᠶᠢᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠶᠢ ᠬᠠᠯᠠᠮᠵᠢᠯᠠᠨ᠎ᠠ᠃ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠪᠠ ᠪᠠᠭᠰᠢ ᠶᠢᠨ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠤᠯᠤᠰ ᠤᠨ ᠬᠡᠷᠡᠭᠴᠡᠭᠡ ᠪᠣᠯᠣᠨ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠲᠠᠢ ᠨᠢᠭᠲᠠ ᠤᠶᠠᠯᠳᠤᠭᠤᠯᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠲᠣᠮᠣ ᠤᠯᠤᠰ ᠠᠴᠠ ᠰᠤᠷᠭᠠᠨ ᠬᠥᠮᠦᠵᠢᠯ ᠤᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠶᠢ ᠲᠦᠷᠭᠡᠳᠬᠡᠬᠦ ᠬᠡᠷᠡᠭᠲᠡᠢ᠃

      ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠬᠤᠰᠢᠭᠤᠷᠠᠯ ᠤᠨ ᠴᠢᠨᠠᠷᠲᠠᠢ᠂ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠢ ᠰᠤᠳᠤᠯᠤᠨ ᠨᠡᠭᠡᠭᠡᠬᠦ ᠶᠢ ᠴᠢᠩᠭᠠᠳᠬᠠᠵᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠲᠦᠷᠭᠡᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠤᠷᠢᠳᠴᠢᠯᠠᠨ ᠪᠠᠶᠢᠷᠢᠯᠠᠭᠤᠯᠤᠨ᠎ᠠ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠲᠤᠷᠰᠢᠯᠲᠠ ᠶᠢᠨ ᠲᠠᠰᠤᠭ ᠤᠨ ᠰᠢᠨ᠎ᠡ ᠭᠡᠯᠪᠡᠷᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠢ ᠵᠣᠬᠢᠶᠠᠨ ᠪᠠᠶᠢᠭᠤᠯᠬᠤ ᠵᠠᠭᠪᠤᠷ ᠢ ᠬᠠᠶᠢᠨ ᠰᠦᠪᠡᠭᠴᠢᠯᠡᠵᠦ᠂ ᠤᠯᠠᠨ ᠤᠯᠤᠰ ᠤᠨ ᠪᠠ ᠣᠷᠣᠨ ᠪᠦᠰᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠰᠠᠴᠤᠷᠠᠭᠯᠠᠨ ᠳᠠᠶᠢᠴᠢᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢ ᠰᠠᠭᠤᠷᠢ ᠰᠤᠳᠤᠯᠭᠠᠨ ᠲᠡᠶᠢᠰᠢ ᠬᠡᠯᠪᠡᠶᠢᠯᠭᠡᠬᠦ ᠶᠢ ᠠᠬᠢᠭᠤᠯᠵᠤ᠂ ᠥᠷᠢᠰᠦᠯᠳᠦᠭᠡᠨᠲᠦ ᠳᠡᠮᠵᠢᠯᠭᠡ ᠪᠠ ᠲᠣᠭᠲᠠᠭᠤᠨ ᠳᠡᠮᠵᠢᠯᠭᠡ ᠶᠢ ᠤᠶᠠᠯᠳᠤᠭᠤᠯᠤᠭᠰᠠᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠰᠠᠭᠤᠷᠢ ᠰᠤᠳᠤᠯᠭᠠᠨ ᠤ ᠵᠣᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠲᠣᠯᠣᠭᠠᠶᠢᠯᠠᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠢᠶᠠᠷ ᠭᠤᠣᠯ ᠤᠳᠤᠷᠢᠳᠤᠮᠵᠢ ᠪᠤᠯᠭᠠᠬᠰᠠᠨ ᠦᠢᠯᠡᠳᠪᠦᠷᠢᠯᠡᠬᠦ ᠵᠢᠭᠠᠬᠤ ᠰᠤᠳᠤᠯᠬᠤ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠳᠣᠯᠭ᠎ᠠ ᠲᠣᠭᠲᠠᠭᠠᠬᠤ ᠳᠤ ᠣᠷᠤᠯᠴᠠᠬᠤ᠂ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠰᠥᠯ ᠢ ᠡᠭᠦᠷᠭᠡᠯᠡᠬᠦ ᠶᠢ ᠪᠠᠶᠢᠭᠤᠯᠤᠯ ᠤᠨ ᠲᠠᠯ᠎ᠠ ᠠᠴᠠ ᠪᠠᠲᠤᠯᠠᠨ᠎ᠠ᠃ ᠲᠥᠪ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠤᠨ ᠬᠤᠪᠢᠶᠠᠷᠢᠯᠠᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠪᠦᠷᠢᠨᠰᠢᠭᠦᠯᠵᠦ᠂ ᠲᠤᠰᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠳᠤ ᠡᠷᠬᠡ ᠣᠯᠭᠤᠬᠤ ᠪᠠ ᠪᠡᠯᠡ ᠬᠥᠷᠥᠩᠭᠡ ᠶᠢ ᠠᠰ ᠲᠤᠨᠢ ᠵᠢᠭᠰᠠᠭᠠᠬᠤ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠬᠡᠷᠡᠭᠯᠡᠯᠲᠡ ᠶᠢ ᠴᠢᠩᠭᠠᠳᠬᠠᠨ᠎ᠠ᠃ ᠤᠬᠠᠭᠳᠠᠬᠤᠨ ᠢ ᠰᠢᠯᠭᠠᠨ ᠨᠤᠲᠠᠯᠠᠬᠤ᠂ ᠵᠠᠪᠰᠠᠷ ᠤᠨ ᠲᠤᠷᠰᠢᠯᠲᠠ ᠪᠠᠷ ᠰᠢᠯᠭᠠᠨ ᠨᠤᠲᠠᠯᠠᠬᠤ ᠪᠠ ᠠᠵᠢᠯ ᠲᠥᠷᠥᠯ ᠤᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠢᠯᠭᠠᠭᠠᠵᠢᠭᠤᠯᠤᠬᠰᠠᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠂ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢ ᠲᠦᠷᠭᠡᠯᠡᠨ ᠬᠥᠭᠵᠢᠭᠦᠯᠵᠦ᠂ ᠬᠦᠯᠢᠴᠡᠩᠭᠦᠢ ᠬᠥᠷᠥᠩᠭᠡ ᠶᠢ ᠲᠦᠷᠭᠡᠯᠡᠨ ᠪᠤᠵᠠᠭᠠᠶᠢᠷᠠᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠭᠡᠭᠡᠯᠲᠡᠲᠤ ᠬᠠᠮᠲᠤᠷᠠᠯᠴᠠᠭ᠎ᠠ ᠶᠢ ᠥᠷᠭᠡᠳᠬᠡᠨ᠎ᠡ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠴᠢᠩᠭᠠᠳᠬᠠᠵᠤ᠂ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠶᠢᠨ ᠰᠦᠪᠡᠭᠴᠢᠯᠡᠬᠦ ᠶᠢ ᠵᠣᠷᠢᠭᠵᠢᠭᠤᠯᠬᠤ᠂ ᠢᠯᠠᠭᠳᠠᠯ ᠢ ᠪᠠᠭᠲᠠᠭᠠᠨ ᠠᠭᠤᠴᠢᠯᠠᠬᠤ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠪᠤᠢ ᠪᠤᠯᠭᠠᠬᠤ ᠶᠢ ᠠᠬᠢᠭᠤᠯᠤᠨ᠎ᠠ᠃

      ᠴᠢᠳᠠᠪᠤᠷᠢᠲᠠᠨ ᠤ ᠡᠩᠨᠡᠭᠡ ᠶᠢᠨ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠳᠠᠪᠤᠷᠢᠲᠠᠨ ᠤ ᠥᠨᠳᠦᠷᠯᠢᠭ ᠭᠠᠵᠠᠷ ᠪᠠ ᠴᠢᠳᠠᠪᠤᠷᠢᠲᠠᠨ ᠤ ᠲᠠᠪᠴᠠᠩ ᠤᠨ ᠰᠠᠴᠤᠷᠠᠭᠯᠠᠬᠤ ᠦᠢᠯᠡᠳᠦᠯ ᠢ ᠪᠠᠳᠠᠷᠠᠭᠤᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠳᠠᠪᠤᠷᠢᠲᠠᠨ ᠤ ᠬᠦᠴᠦᠨ ᠢ ᠲᠦᠷᠭᠡᠯᠡᠨ ᠪᠠᠶᠢᠭᠤᠯᠵᠤ᠂ ᠰᠢᠨ᠎ᠡ ᠶᠢ ᠡᠭᠦᠳᠬᠦ ᠣᠷᠣᠶᠢᠯᠠᠭᠰᠠᠨ ᠴᠢᠳᠠᠪᠤᠷᠢᠲᠠᠨ᠂ ᠭᠤᠣᠯᠳᠠᠯᠭ᠎ᠠ ᠲᠠᠢ ᠬᠦᠷᠢᠶᠡᠨ ᠳᠤ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠴᠢᠳᠠᠪᠤᠷᠢᠲᠠᠨ ᠪᠠ ᠤᠷ᠎ᠠ ᠴᠢᠳᠠᠪᠤᠷᠢ ᠰᠠᠶᠢᠲᠠᠢ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠶᠡᠭᠡ ᠪᠠᠷ ᠲᠡᠮᠵᠢᠵᠦ᠂ ᠵᠣᠷᠢᠭᠲᠠᠢ ᠪᠠᠷ ᠬᠡᠷᠡᠭᠯᠡᠨ᠎ᠡ᠃ ᠲᠡᠷᠢᠭᠦᠨ ᠵᠡᠷᠭᠡ ᠶᠢᠨ ᠠᠵᠤ ᠦᠢᠯᠡᠰ ᠤᠨ ᠮᠡᠷᠭᠡᠵᠢᠯ ᠤᠨ ᠠᠵᠢᠯᠴᠢᠨ ᠤ ᠡᠩᠨᠡᠭᠡ ᠶᠢ ᠪᠠᠶᠢᠭᠤᠯᠤᠨ᠎ᠠ᠃ ᠭᠠᠳᠠᠭᠠᠳᠤ ᠠᠴᠠ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠪᠠ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠳᠤ ᠵᠣᠷᠢᠭᠤᠯᠤᠭᠰᠠᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠢ ᠬᠠᠮᠢᠶᠠᠷᠬᠤ ᠪᠠ ᠬᠡᠷᠡᠭᠯᠡᠬᠦ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠬᠡᠷᠡᠭᠯᠡᠬᠦ ᠨᠢᠭᠡᠴᠢ ᠳᠤ ᠨᠡᠩ ᠶᠡᠭᠡ ᠡᠵᠡᠨ ᠮᠡᠳᠡᠬᠦ ᠡᠷᠬᠡ ᠣᠯᠭᠤᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠴᠢᠳᠠᠪᠤᠷᠢᠲᠠᠨ ᠢ ᠬᠤᠯᠪᠤᠭᠠᠯᠠᠨ ᠬᠥᠮᠥᠵᠢᠭᠦᠯᠬᠦ ᠪᠠ ᠰᠣᠯᠢᠯᠴᠠᠬᠤ ᠶᠢ ᠠᠬᠢᠭᠤᠯᠤᠨ᠎ᠠ᠃ ᠴᠢᠳᠠᠪᠤᠷᠢᠲᠠᠨ ᠤ ᠣᠷᠣᠨ ᠪᠦᠰᠡ ᠶᠢᠨ ᠵᠦᠢ ᠵᠣᠬᠢᠰᠲᠠᠢ ᠪᠠᠶᠢᠷᠢᠯᠠᠭᠤᠯᠤᠯᠲᠠ ᠶᠢ ᠠᠬᠢᠭᠤᠯᠵᠤ᠂ ᠵᠡᠭᠦᠨ ᠬᠡᠰᠡᠭ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠴᠢᠳᠠᠪᠤᠷᠢᠲᠠᠨ ᠤ ᠬᠠᠮᠵᠢᠯᠴᠠᠭ᠎ᠠ ᠶᠢ ᠴᠢᠩᠭᠠᠳᠬᠠᠨ᠎ᠠ᠃ ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠬᠦ ᠥᠭᠡᠷᠡᠴᠢᠯᠡᠯᠲᠡ ᠪᠠ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠡᠲᠡᠭᠡᠳ ᠤᠨ ︽ᠣᠲᠤᠭ᠎ᠠ ᠵᠢᠩᠰᠡ︾ ᠶᠢᠨ ᠵᠠᠰᠠᠯᠲᠠ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ  ᠴᠢᠳᠠᠪᠤᠷᠢ᠂ ᠶᠠᠰᠤ ᠴᠢᠨᠠᠷ᠂ ᠪᠣᠳᠠᠲᠤ  ᠪᠦᠲᠦᠮᠵᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠪᠠᠶᠢᠭᠤᠯᠵᠤ᠂ ᠡᠯ᠎ᠡ ᠲᠥᠷᠥᠯ ᠤᠨ ᠴᠢᠳᠠᠪᠤᠷᠢᠲᠠᠨ ᠤ ᠰᠡᠳᠬᠢᠯ ᠲᠥᠪᠯᠡᠷᠡᠭᠦᠯᠦᠨ ᠰᠢᠮᠳᠠᠨ ᠰᠤᠳᠤᠯᠬᠤ᠂ ᠦᠯᠡᠮᠵᠢ ᠬᠤᠷᠠᠮᠳᠤᠭᠤᠯᠵᠤ ᠥᠨᠳᠥᠷ ᠠᠮᠵᠢᠯᠲᠠ ᠭᠠᠷᠭᠠᠬᠤ ᠶᠢ ᠵᠣᠷᠢᠭᠵᠢᠭᠤᠯᠤᠨ᠎ᠠ᠃

     ︵ᠳᠥᠷᠪᠡ︶ ᠪᠡᠯᠭᠡ ᠲᠡᠮᠳᠡᠭ ᠤᠨ ᠴᠢᠨᠠᠷᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠦᠷᠭᠡᠯᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠥᠲᠥᠯᠥᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠨᠡᠩ ᠲᠥᠪ ᠭᠤᠣᠯᠴᠢ᠂ ᠨᠡᠩ ᠠᠮᠢᠵᠢᠷᠠᠯ ᠤᠨ ᠬᠦᠴᠦᠨ ᠪᠦᠬᠦᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠡᠭᠦᠳᠦᠨ᠎ᠡ᠃

      ᠡᠯ᠎ᠡ ᠲᠥᠷᠥᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠪᠦᠲᠦᠮᠵᠢᠲᠡᠢ ᠬᠥᠭᠵᠢᠭᠡᠨ᠎ᠡ᠃ ︽ᠬᠤᠶᠠᠷ ᠥᠴᠥᠬᠡᠨ ᠴᠦ ᠭᠤᠶᠢᠪᠢᠰᠢ ᠦᠭᠡᠢ︾ ᠪᠠᠶᠢᠬᠤ ᠶᠢ ᠪᠠᠷᠢᠮᠲᠠᠯᠠᠨ ᠨᠠᠶᠢᠳᠠᠪᠤᠷᠢᠵᠢᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠭᠦ ᠠᠵᠢᠯᠯᠠᠭ᠎ᠠ ᠶᠢ ᠴᠢᠨᠠᠷ ᠰᠠᠶᠢᠲᠠᠢ ᠪᠡᠶᠡᠯᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠪᠠ ᠪᠦᠲᠦᠴᠡ ᠶᠢ ᠲᠣᠬᠢᠷᠠᠭᠤᠯᠬᠤ ᠵᠢᠯᠣᠭᠤᠳᠤᠮᠵᠢ ᠶᠢ ᠬᠡᠷᠡᠭᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠳᠦᠷᠢᠮ ᠢ ᠲᠦᠷᠭᠡᠯᠡᠨ ᠪᠠᠶᠢᠭᠤᠯᠤᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠤᠯᠢ ᠶᠣᠰᠣᠭᠠᠷ ᠬᠠᠮᠠᠭᠠᠯᠠᠵᠤ᠂ ᠨᠥᠬᠦᠴᠡᠯ ᠲᠠᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠳᠤ ᠥᠷᠢᠲᠦᠭᠰᠡᠨ ᠠᠪᠴᠠᠭᠠᠨ ᠤ ᠵᠣᠭᠤᠰ ᠢ ᠢᠯᠭᠠᠷᠠᠭᠤᠯᠬᠤ ᠠᠵᠢᠯ ᠢ ᠬᠦᠴᠦᠯᠡᠨ ᠠᠬᠢᠭᠤᠯᠵᠤ᠂ ᠡᠬᠢ ᠡᠭᠦᠰᠦᠯ ᠠᠴᠠ ᠨᠢ ᠵᠠᠰᠠᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠤ ᠠᠬᠤᠶᠢᠯᠠᠯ ᠳᠤ ᠥᠷᠢᠲᠦᠭᠰᠡᠨ ᠠᠪᠴᠠᠭᠠᠨ ᠤ ᠵᠣᠭᠤᠰ ᠤᠨ ᠠᠰᠠᠭᠤᠳᠠᠯ ᠢ ᠰᠢᠢᠳᠪᠦᠷᠢᠯᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠪᠠᠶᠢᠩᠭᠤ ᠶᠢᠨ ᠴᠢᠨᠠᠷᠲᠠᠢ ᠨᠡᠪᠲᠡᠷᠡᠯᠴᠡᠨ ᠰᠣᠯᠢᠯᠴᠠᠬᠤ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠢ ᠦᠨᠡᠨ ᠬᠦ ᠬᠠᠪᠰᠤᠷᠤᠨ ᠪᠣᠳᠠᠲᠠᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃ ᠤᠯᠠᠨ  ᠠᠷᠭ᠎ᠠ ᠠᠪᠴᠠᠯ ᠢ ᠬᠡᠷᠡᠭᠯᠡᠵᠦ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠬᠥᠭᠵᠢᠯᠲᠡ ᠶᠢ  ᠤᠨᠤᠪᠴᠢᠳᠠᠢ ᠳᠠᠮᠵᠢᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠥᠷᠨᠢᠭᠦᠯᠵᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠲᠣᠭᠲᠠᠭᠠᠯ ᠠᠴᠠ ᠵᠥᠷᠢᠴᠡᠨ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠪᠠ ᠠᠰᠢᠭ ᠬᠠᠷᠠᠬᠤ ᠴᠢᠨᠠᠷᠲᠠᠢ ᠪᠠᠷ ᠬᠠᠤᠯᠢ ᠬᠡᠷᠡᠭᠵᠢᠭᠦᠯᠬᠦ ᠶᠢ ᠡᠷᠡᠰ ᠰᠡᠷᠭᠡᠶᠢᠯᠡᠨ ᠬᠤᠷᠢᠭᠯᠠᠨ᠎ᠠ᠃ ᠵᠠᠰᠠᠭ ᠤᠨ ᠣᠷᠳᠣᠨ ᠬᠠᠮᠢᠶᠠᠷᠤᠯᠲᠠ ᠪᠠᠨ ᠦᠢᠯᠡᠴᠢᠯᠡᠬᠦ ᠶᠢᠨ ᠳᠤᠮᠳᠠ ᠠᠬᠤᠭᠤᠯᠵᠤ᠂ ᠦᠢᠯᠡᠴᠢᠯᠡᠬᠦ ᠶᠢᠨ ᠳᠤᠯᠠᠭᠠᠬᠠᠨ ᠰᠡᠳᠬᠢᠯ ᠢᠶᠠᠷ ᠠᠵᠤ ᠠᠬᠤᠶᠢᠯᠠᠯ ᠤᠨ ᠢᠲᠡᠭᠡᠯ ᠵᠣᠷᠢᠭ ᠢ ᠨᠡᠮᠡᠭᠳᠡᠭᠦᠯᠬᠦ ᠬᠡᠷᠡᠭᠲᠡᠢ᠃

      ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠰᠠᠭᠤᠷᠢ ᠳᠦᠷᠢᠮ ᠳᠦᠷᠢᠮᠯᠡᠯ ᠢ ᠲᠦᠷᠭᠡᠯᠡᠨ ᠪᠠᠶᠢᠭᠤᠯᠤᠨ ᠪᠦᠷᠢᠨᠰᠢᠭᠦᠯᠵᠦ᠂ ᠣᠷᠣᠨ ᠨᠤᠲᠤᠭ ᠤᠨ ᠬᠠᠮᠠᠭᠠᠯᠠᠯᠲᠠ ᠪᠠ ᠵᠠᠬ᠎ᠠ ᠳᠡᠯᠭᠡᠭᠦᠷ ᠤᠨ ᠬᠡᠰᠡᠭᠯᠡᠯ ᠢ ᠡᠪᠳᠡᠵᠦ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠵᠠᠬ᠎ᠠ ᠳᠡᠯᠭᠡᠭᠦᠷ ᠠᠴᠠ ᠤᠬᠤᠷᠢᠨ ᠭᠠᠷᠬᠤ᠂ ᠡᠯᠧᠮᠧᠨ᠋ᠲ ᠢ ᠲᠣᠬᠢᠷᠠᠭᠤᠯᠬᠤ ᠵᠡᠷᠭᠡ ᠲᠠᠯ᠎ᠠ ᠪᠠᠷ ᠠᠵᠤ ᠠᠬᠤᠢ ᠶᠢᠨ ᠣᠷᠴᠢᠯ ᠢ ᠬᠢᠵᠠᠭᠠᠷᠯᠠᠵᠤ ᠪᠠᠶᠢᠭ᠎ᠠ ᠪᠣᠭᠤᠭᠳᠠᠯ ᠲᠦᠭᠵᠢᠷᠡᠯ ᠢ ᠠᠷᠢᠯᠭᠠᠨ ᠨᠠᠪᠲᠠᠷᠡᠭᠦᠯᠵᠦ᠂ ︽ᠬᠤᠮᠢᠷᠠᠭ᠎ᠠ︾ ᠥᠷᠢᠰᠦᠯᠳᠦᠭᠡᠨ ᠢ ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠬᠡᠷᠡᠭᠵᠢᠭᠦᠯᠵᠦ᠂ ᠰᠢᠨ᠎ᠡ ᠬᠡᠪᠯᠡᠯ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ ᠵᠠᠰᠠᠨ ᠲᠣᠭᠲᠠᠭᠠᠵᠤ ᠨᠡᠶᠢᠲᠡᠯᠡᠨ᠂ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ ᠰᠢᠨ᠎ᠡ ᠬᠦᠷᠢᠶᠡᠨ ᠳᠠᠬᠢ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠭᠤᠣᠯᠳᠠᠯᠭ᠎ᠠ ᠲᠠᠢ ᠬᠦᠷᠢᠶᠡᠨ ᠳᠠᠬᠢ ᠭᠤᠤᠯᠴᠢ ᠥᠷᠢᠰᠦᠯᠳᠦᠭᠡᠨ ᠢ ᠲᠣᠭᠲᠠᠭᠠᠯ ᠳᠤ ᠨᠡᠶᠢᠴᠡᠭᠦᠯᠬᠦ ᠵᠢᠯᠣᠭᠤᠳᠤᠮᠵᠢ ᠶᠢ ᠲᠣᠭᠲᠠᠭᠠᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠳᠤ ᠣᠷᠤᠯᠴᠠᠬᠤ ᠪᠠᠶᠢᠭᠤᠯᠤᠯ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠪᠦᠷᠢᠨᠰᠢᠭᠦᠯᠬᠦ ᠲᠦᠷᠦ ᠶᠢᠨ ᠪᠣᠳᠣᠯᠭ᠎ᠠ ᠶᠢ ᠨᠡᠶᠢᠲᠡᠯᠡᠵᠦ᠂ ᠢᠲᠡᠭᠡᠮᠵᠢ ᠶᠢ ᠰᠡᠷᠭᠦᠭᠡᠬᠦ ᠨᠢᠭᠡᠳᠦᠯᠲᠡᠢ ᠳᠦᠷᠢᠮ ᠢ ᠪᠠᠶᠢᠭᠤᠯᠤᠨ᠎ᠠ᠃ ᠠᠵᠤ ᠠᠬᠤᠶᠢᠯᠠᠯ ᠤᠨ ᠤᠬᠤᠷᠢᠨ ᠭᠠᠷᠬᠤ ᠲᠦᠭᠦᠮ ᠳᠦᠷᠢᠮ ᠢ ᠲᠡᠭᠦᠯᠳᠡᠷᠵᠢᠭᠦᠯᠵᠦ᠂ ᠡᠵᠡᠩᠨᠡᠯᠲᠡ ᠶᠢᠨ ᠪᠡᠶᠡᠴᠢ ᠴᠣᠭᠴᠠ ᠶᠢᠨ ᠠᠵᠢᠯᠯᠠᠭ᠎ᠠ ᠡᠭᠦᠰᠦᠭᠰᠡᠨ ᠭᠠᠵᠠᠷ ᠲᠤ ᠪᠦᠷᠢᠳᠬᠡᠯ ᠬᠢᠬᠦ ᠶᠢ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠨᠢᠭᠡᠳᠦᠯᠲᠡᠢ ᠪᠥᠭᠡᠳ ᠨᠡᠭᠡᠭᠡᠯᠲᠡᠲᠡᠢ ᠵᠠᠮ ᠲᠡᠭᠡᠭᠡᠪᠦᠷᠢ ᠶᠢᠨ ᠵᠠᠬ᠎ᠠ ᠳᠡᠯᠭᠡᠭᠦᠷ ᠢ ᠲᠦᠷᠭᠡᠯᠡᠨ ᠪᠦᠲᠦᠭᠡᠨ ᠪᠠᠶᠢᠭᠤᠯᠵᠤ᠂ ᠪᠦᠭᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ᠃

      ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠲᠥᠪ ᠤᠨ ᠰᠠᠯᠠᠭ᠎ᠠ ᠮᠥᠴᠢᠷ ᠤᠨ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠣᠷᠣᠨ ᠨᠤᠲᠤᠭ ᠤᠨ ᠬᠢᠨ ᠤ ᠲᠡᠭ ᠰᠠᠭᠤᠷᠢᠨ ᠲᠥᠰᠥᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠳᠠᠮᠵᠢᠵᠤ᠂ ᠵᠠᠷᠤᠯᠭ᠎ᠠ ᠶᠢᠨ ᠪᠠᠷᠢᠮᠵᠢᠶ᠎ᠠ᠂ ᠠᠮᠵᠢᠯᠲᠠ ᠪᠦᠲᠦᠮᠵᠢ ᠶᠢ ᠦᠨᠡᠯᠡᠬᠦ ᠵᠡᠷᠭᠡ ᠵᠠᠩᠭᠢᠯᠠᠭ᠎ᠠ ᠶᠢᠨ ᠳᠦᠷᠢᠮ ᠤᠨ ᠲᠠᠯ᠎ᠠ ᠪᠠᠷ ᠢᠳᠡᠪᠬᠢᠲᠡᠢ ᠪᠠᠷ ᠰᠢᠨ᠎ᠡ ᠶᠢ ᠡᠭᠦᠳᠦᠨ᠎ᠡ᠃ ᠬᠡᠰᠡᠭ ᠲᠠᠸᠠᠷ ᠤᠨ ᠲᠦᠷᠦᠯ ᠤᠨ ᠬᠡᠷᠡᠭᠯᠡᠭᠡᠨ ᠤ ᠭᠠᠶᠢᠯᠢ ᠲᠠᠲᠠᠪᠤᠷᠢᠯᠠᠬᠤ ᠭᠤᠭᠴᠤᠭ᠎ᠠ ᠶᠢ ᠬᠤᠶᠢᠰᠢ ᠰᠢᠯᠵᠢᠭᠦᠯᠬᠦ ᠶᠢᠨ ᠬᠠᠮᠲᠤ ᠣᠷᠣᠨ ᠨᠤᠲᠤᠭ ᠲᠤ ᠪᠠᠭᠤᠯᠭᠠᠨ ᠥᠭᠬᠦ ᠶᠢ ᠲᠦᠷᠭᠡᠯᠡᠨ ᠠᠬᠢᠭᠤᠯᠵᠤ᠂ ᠣᠷᠣᠨ ᠨᠤᠲᠤᠭ ᠤᠨ ᠡᠵᠡᠨ ᠮᠡᠳᠡᠬᠦ ᠡᠳ᠋ ᠤᠨ ᠬᠦᠴᠦᠨ ᠢ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ᠎ᠠ᠃ ᠤᠷᠮᠠᠰᠢᠭᠤᠯᠬᠤ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠣᠷᠣᠨ ᠨᠤᠲᠤᠭ ᠤᠨ ᠬᠢᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠡᠳ᠋ ᠮᠥᠩᠭᠦᠨ ᠤ ᠢᠷᠡᠯᠲᠡ ᠶᠢ ᠪᠣᠶᠢᠵᠢᠭᠤᠯᠬᠤ ᠶᠢ ᠠᠬᠢᠭᠤᠯᠤᠨ᠎ᠠ᠃ ᠡᠳ᠋ ᠤᠨ ᠵᠠᠰᠠᠭ ᠠᠴᠠ ᠲᠡᠵᠢᠭᠡᠬᠦ ᠬᠥᠮᠥᠰ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡ᠂ ᠨᠣᠭᠤᠭᠠᠨ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠳ᠋ᠢᠵᠢᠲ᠋ᠠᠯ ᠮᠥᠩᠭᠦᠨ ᠭᠦᠢᠯᠭᠡᠭᠡ ᠶᠢᠨ ᠪᠠᠷᠢᠮᠵᠢᠶ᠎ᠠ ᠶᠢᠨ ᠰᠢᠰᠲ᠋ᠧᠮ ᠪᠠ ᠰᠠᠭᠤᠷᠢ ᠳᠦᠷᠢᠮ ᠢ ᠲᠡᠭᠦᠯᠳᠡᠷᠵᠢᠭᠦᠯᠦᠨ᠎ᠡ᠃ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠣᠷᠣᠭᠤᠯᠤᠯᠳᠡ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠷᠲᠤᠪᠲᠤᠷ ᠬᠤᠭᠤᠴᠠᠭᠠᠨ ᠤ ᠪᠡᠯᠡ ᠮᠥᠩᠭᠦ ᠶᠢᠨ ᠵᠠᠬ᠎ᠠ ᠳᠡᠯᠭᠡᠭᠦᠷ ᠲᠤ ᠣᠷᠣᠬᠤ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠬᠦᠴᠦᠨ ᠤ ᠨᠥᠭᠡᠴᠡ ᠪᠠ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠰᠲ᠋ᠣᠺ ᠲᠠᠷᠬᠠᠭᠠᠨ ᠵᠠᠬ᠎ᠠ ᠳᠡᠯᠭᠡᠭᠦᠷ ᠲᠤ ᠭᠠᠷᠭᠠᠬᠤ ᠪᠠ ᠨᠡᠶᠢᠯᠡᠭᠦᠯᠦᠨ ᠬᠤᠳᠠᠯᠳᠤᠨ ᠠᠪᠴᠤ ᠲᠠᠭᠢᠨ ᠵᠣᠬᠢᠶᠠᠨ ᠪᠠᠶᠢᠭᠤᠯᠬᠤ ᠳᠦᠷᠢᠮ ᠢ ᠥᠭᠡᠷᠡᠴᠢᠯᠡᠨ ᠰᠢᠯᠢᠳᠡᠭᠵᠢᠭᠦᠯᠦᠨ᠎ᠡ᠃ ᠤᠯᠠᠨ ᠲᠡᠰ ᠳᠠᠪᠬᠤᠷᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠤᠨ ᠬᠥᠭᠵᠢᠯᠲᠡ ᠶᠢ ᠲᠦᠷᠭᠡᠳᠬᠡᠨ᠎ᠡ᠃

     ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠢᠳᠡᠪᠬᠢᠲᠡᠢ ᠪᠠᠷ ᠭᠠᠳᠠᠭᠠᠳᠤ ᠠᠷᠠᠯᠵᠢᠶ᠎ᠠ ᠶᠢ ᠲᠣᠭᠲᠠᠭᠤᠨ ᠪᠠᠶᠢᠯᠭᠠᠵᠤ ᠭᠠᠳᠠᠭᠠᠳᠤ ᠪᠡᠯᠡ ᠶᠢ ᠲᠣᠭᠲᠠᠭᠤᠨ ᠪᠠᠶᠢᠯᠭᠠᠨ᠎ᠠ᠃ ᠭᠠᠳᠠᠭᠠᠳᠤ ᠣᠷᠴᠢᠨ ᠨᠥᠬᠦᠴᠡᠯ ᠬᠡᠷᠬᠢᠨ ᠬᠤᠪᠢᠷᠠᠭᠰᠠᠨ ᠴᠤ᠂ ᠭᠠᠳᠠᠭᠰᠢ ᠨᠡᠭᠡᠭᠡᠯᠲᠡ ᠬᠢᠬᠦ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ᠂ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠪᠠ ᠭᠠᠭᠴᠠ ᠲᠠᠯ᠎ᠠ ᠠᠴᠠ ᠨᠡᠭᠡᠭᠡᠯᠲᠡ ᠬᠢᠬᠦ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠵᠤ ᠬᠥᠭᠵᠢᠯᠲᠡ ᠶᠢ ᠠᠬᠢᠭᠤᠯᠤᠨ᠎ᠠ᠃

      ᠭᠠᠳᠠᠭᠠᠳᠤ ᠠᠷᠠᠯᠵᠢᠶᠠᠨ ᠤ ᠬᠥᠭᠵᠢᠯᠲᠡ ᠶᠢ ᠲᠣᠭᠲᠠᠪᠤᠷᠢᠵᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠤᠨ ᠵᠠᠬᠢᠶᠠᠯᠠᠭ᠎ᠠ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠶᠢ ᠲᠡᠮᠵᠢᠨ᠎ᠡ᠃ ᠪᠡᠯᠡ ᠲᠣᠬᠢᠷᠠᠭᠤᠯᠭ᠎ᠠ᠂ ᠲᠠᠰᠤᠯᠤᠨ ᠪᠣᠳᠣᠯᠲᠠ᠂ ᠭᠠᠳᠠᠭᠠᠳᠤ ᠭᠤᠪᠢᠭᠤᠯᠭ᠎ᠠ ᠵᠡᠷᠭᠡ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠤᠨ ᠳᠠᠭᠠᠳᠬᠠᠬᠤ ᠬᠡᠪᠴᠢᠶ᠎ᠡ ᠪᠠ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠵᠤ ᠠᠬᠤᠶᠢᠯᠠᠯ ᠤᠨ ᠬᠢᠯᠢ ᠶᠢᠨ ᠭᠠᠳᠠᠨ᠎ᠠ ᠦᠵᠡᠰᠭᠦᠯᠡᠩ ᠳᠤ ᠣᠷᠤᠯᠴᠠᠬᠤ ᠪᠠ ᠦᠵᠡᠰᠭᠦᠯᠡᠩ ᠡᠷᠭᠢᠯᠡᠭᠦ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢ ᠠᠬᠢᠭᠤᠯᠵᠤ᠂ ᠬᠢᠯᠢ ᠠᠯᠤᠰᠯᠠᠨ ᠢᠯᠡᠭᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠭᠠᠳᠠᠭᠠᠳᠤ ᠳᠠᠬᠢ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠯᠢ ᠶᠢᠨ ᠭᠠᠳᠠᠨᠠᠬᠢ ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠣᠷᠣᠨ ᠤ ᠴᠢᠳᠠᠮᠵᠢ ᠶᠢ ᠥᠷᠭᠡᠳᠬᠡᠵᠦ᠂ ᠵᠠᠪᠰᠠᠷ ᠤᠨ ᠪᠦᠲᠦᠭᠡᠭᠳᠡᠬᠦᠨ ᠤ ᠠᠷᠠᠯᠵᠢᠶ᠎ᠠ ᠶᠢ ᠬᠥᠭᠵᠢᠭᠦᠯᠵᠦ᠂ ᠤᠯᠠᠨ ᠡᠰᠢᠵᠢᠭᠰᠡᠨ ᠵᠠᠬ᠎ᠠ ᠳᠡᠯᠭᠡᠭᠦᠷ ᠢ ᠨᠡᠭᠡᠭᠡᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠨᠢᠭᠡ ᠴᠣᠭᠴᠠᠵᠢᠭᠰᠠᠨ ᠬᠥᠭᠵᠢᠯᠲᠡ ᠶᠢ ᠳᠠᠮᠵᠢᠵᠤ᠂ ᠪᠠᠷᠢᠮᠵᠢᠶ᠎ᠠ ᠶᠢᠨ ᠭᠡᠷᠡᠴᠢᠯᠡᠯᠲᠡ᠂ ᠵᠠᠬ᠎ᠠ ᠳᠡᠯᠭᠡᠭᠦᠷ ᠤᠨ ᠠᠷᠭ᠎ᠠ ᠵᠠᠮ ᠵᠡᠷᠭᠡ ᠲᠠᠯ᠎ᠠ ᠶᠢᠨ ᠠᠰᠠᠭᠤᠳᠠᠯ ᠢ ᠲᠦᠷᠭᠡᠯᠡᠨ ᠰᠢᠢᠳᠪᠦᠷᠢᠯᠡᠨ᠎ᠡ᠃ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠦᠢᠯᠡᠴᠢᠯᠡᠭᠡ ᠶᠢᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠤ᠂ ᠦᠢᠯᠡᠴᠢᠯᠡᠭᠡ ᠶᠢ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠶᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠎ᠡ᠃ ᠨᠣᠭᠤᠭᠠᠨ ᠠᠷᠠᠯᠵᠢᠶ᠎ᠠ᠂ ᠳ᠋ᠢᠵᠢᠲ᠋ᠠᠯ ᠠᠷᠠᠯᠵᠢᠶ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠨᠥᠬᠦᠴᠡᠯ ᠲᠠᠢ ᠭᠠᠵᠠᠷ ᠣᠷᠣᠨ ᠤ ᠰᠢᠨ᠎ᠡ ᠭᠡᠯᠪᠡᠷᠢ ᠶᠢᠨ ᠬᠢᠯᠢ ᠶᠢᠨ ᠭᠠᠳᠠᠨᠠᠬᠢ ᠠᠷᠠᠯᠵᠢᠶ᠎ᠠ ᠶᠢ ᠬᠥᠭᠵᠢᠭᠦᠯᠬᠦ ᠶᠢ ᠲᠡᠮᠵᠢᠨ᠎ᠠ᠃ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠳ᠋ᠢᠵᠢᠲ᠋ᠠᠯ ᠠᠷᠠᠯᠵᠢᠶᠠᠨ ᠤ ᠴᠤᠭᠯᠠᠭᠠᠨ᠂ ᠬᠡᠷᠡᠭᠯᠡᠭᠡᠨ ᠤ ᠵᠦᠢᠯ ᠤᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠴᠤᠭᠯᠠᠭᠠᠨ ᠢ ᠴᠢᠨᠠᠷ ᠰᠠᠶᠢᠲᠠᠢ ᠰᠠᠶᠢᠲᠤᠷ ᠡᠷᠭᠢᠯᠡᠨ᠎ᠡ᠃ ᠣᠶᠤᠨᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠪᠣᠭᠤᠮᠲᠠ ᠥᠩᠭᠡᠷᠡᠬᠦ ᠶᠢ ᠳᠥᠲᠡᠴᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃

      ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠶᠢ ᠶᠡᠭᠡ ᠪᠠᠷ ᠵᠣᠷᠢᠭᠵᠢᠭᠤᠯᠤᠨ᠎ᠠ᠃ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠠᠬᠢᠭᠤᠯᠵᠤ᠂ ᠢᠨᠲ᠋ᠧᠷ ᠰᠦᠯᠵᠢᠶ᠎ᠡ᠂ ᠰᠣᠶᠣᠯ ᠵᠡᠷᠭᠡ ᠬᠦᠷᠢᠶᠡᠨ ᠤ ᠡᠮᠬᠢ ᠵᠢᠷᠤᠮ ᠲᠠᠢ ᠪᠠᠷ ᠨᠡᠭᠡᠭᠡᠯᠲᠡ ᠬᠢᠬᠦ ᠶᠢ ᠠᠬᠢᠭᠤᠯᠵᠤ᠂ ᠴᠠᠭᠢᠯᠭᠠᠨ ᠬᠤᠯᠪᠤᠭ᠎ᠠ᠂ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠤ ᠨᠡᠭᠡᠭᠡᠯᠲᠡ ᠬᠢᠬᠦ ᠲᠤᠷᠰᠢᠯᠲᠠ ᠶᠢ ᠥᠷᠭᠡᠳᠬᠡᠨ᠎ᠡ᠃ ᠭᠠᠳᠠᠭᠠᠳᠤ ᠶᠢᠨ ᠪᠡᠯᠡ ᠣᠷᠣᠭᠤᠯᠤᠭᠴᠢ ᠶᠢᠨ ᠲᠠᠭᠢᠨ ᠪᠡᠯᠡ ᠣᠷᠣᠭᠤᠯᠤᠯᠲᠠ ᠪᠠᠨ ᠥᠷᠭᠡᠳᠬᠡᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠬᠠᠮᠵᠢᠯᠴᠠᠭ᠎ᠠ ᠳᠤ ᠣᠷᠤᠯᠴᠠᠬᠤ ᠶᠢ ᠲᠡᠮᠵᠢᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠡᠯᠧᠮᠧᠨ᠋ᠲ ᠣᠯᠬᠤ᠂ ᠬᠢᠷᠢ ᠴᠢᠳᠠᠯ ᠢᠶᠠᠨ ᠵᠥᠪᠰᠢᠶᠡᠷᠡᠭᠦᠯᠬᠦ᠂ ᠪᠠᠷᠢᠮᠵᠢᠶ᠎ᠠ ᠲᠣᠭᠲᠠᠭᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠪᠠᠷ ᠬᠢ ᠠᠷᠠᠳ ᠢᠷᠭᠡᠨ ᠤ ᠬᠠᠷᠠᠭᠠᠯᠵᠠᠯ ᠢ ᠦᠨᠡᠨ ᠬᠦ ᠪᠠᠲᠤᠯᠠᠨ᠎ᠠ᠃ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠵᠤ᠂ ᠪᠡᠯᠭᠡ ᠲᠡᠮᠳᠡᠭ ᠤᠨ ᠴᠢᠨᠠᠷᠲᠠᠢ ᠲᠥᠰᠥᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ᠂ ︽ᠳᠤᠮᠳᠠᠳᠤ ᠤᠯᠤᠰ ᠲᠤ ᠪᠡᠯᠡ ᠤᠷᠤᠭᠤᠯᠬᠤ︾ ᠨᠠᠷᠠᠲᠤ ᠲᠡᠮᠳᠡᠭ ᠢ ᠦᠷᠭᠦᠯᠵᠢᠯᠡᠨ ᠪᠤᠶ ᠪᠣᠯᠭᠠᠨ᠎ᠠ᠃ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠥᠭᠡᠷᠡᠴᠢᠯᠡᠯᠲᠡ ᠶᠢᠨ ᠡᠭᠦᠷᠭᠡ ᠶᠢᠨ ᠡᠷᠬᠡ ᠣᠯᠭᠤᠯᠲᠠ ᠶᠢ ᠥᠷᠭᠡᠳᠬᠡᠬᠦ ᠶᠢ ᠠᠬᠢᠭᠤᠯᠵᠤ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠭᠤᠣᠯ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠯᠡᠨ ᠠᠬᠢᠭᠤᠯᠵᠤ᠂ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠨᠡᠭᠡᠭᠡᠯᠲᠡᠲᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠭᠠᠶᠢᠯᠢ ᠶᠢᠨ ᠪᠠᠲᠤᠯᠠᠭᠠᠲᠤ ᠣᠷᠣᠨ ᠤ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ᠂ ᠬᠠᠤᠯᠢ ᠪᠠᠷ ᠵᠠᠰᠠᠭᠰᠠᠨ᠂ ᠤᠯᠠᠨ ᠤᠯᠤᠰᠴᠢᠯᠠᠭᠰᠠᠨ ᠲᠡᠷᠢᠭᠦᠨ ᠵᠡᠷᠭᠡ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠪᠤᠢ ᠪᠤᠯᠭᠠᠵᠤ᠂ ᠭᠠᠳᠠᠭᠠᠳᠤ  ᠪᠡᠯᠡ ᠶᠢᠨ  ᠠᠵᠤ  ᠠᠬᠤᠶᠢᠯᠠᠯ ᠢ ᠨᠠᠩ ᠰᠠᠶᠢᠨ ᠬᠥᠭᠵᠢᠯᠲᠡ ᠲᠠᠢ  ᠪᠣᠯᠭᠠᠨ᠎ᠠ᠃

      ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠠ ︽ᠪᠠᠭ᠎ᠠ ᠠᠲᠠᠯ᠎ᠠ ᠰᠠᠶᠢᠬᠠᠨ︾ ᠠᠷᠠᠳ ᠤᠨ ᠠᠮᠢᠳᠤᠷᠠᠯ ᠤᠨ ᠲᠥᠰᠥᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠢᠭᠡ ᠪᠦᠯᠦᠭ ᠵᠢᠱᠢᠶ᠎ᠡ ᠦᠵᠡᠭᠦᠯᠭᠦ ᠴᠢᠨᠠᠷᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠢ ᠪᠤᠢ ᠪᠣᠯᠭᠠᠨ᠎ᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠴᠤᠪᠤᠭ᠎ᠠ ᠲᠡᠷᠭᠡ ᠶᠢᠨ ᠲᠣᠭᠲᠠᠭᠤᠨ ᠪᠥᠭᠡᠳ ᠰᠠᠭᠠᠳ ᠦᠭᠡᠢ ᠠᠵᠢᠯᠯᠠᠭᠠᠨ ᠢ ᠪᠠᠲᠤᠯᠠᠵᠤ᠂ ᠪᠠᠷᠠᠭᠤᠨ ᠬᠡᠰᠡᠭ ᠤᠨ ᠭᠠᠵᠠᠷ ᠣᠷᠣᠨ ᠤ ᠳᠠᠯᠠᠢ ᠬᠠᠭᠤᠷᠠᠢ ᠶᠢᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠭᠠᠳᠠᠭᠠᠳᠤ ᠳᠠᠬᠢ ᠪᠡᠯᠡ ᠣᠷᠣᠭᠤᠯᠤᠯᠳᠡ ᠶᠢᠨ ᠡᠷᠡᠭᠦᠯ ᠪᠥᠭᠡᠳ ᠠᠮᠤᠷ ᠲᠦᠪᠰᠢᠨ ᠢᠶᠠᠷ ᠡᠮᠬᠢ ᠵᠢᠷᠤᠮ ᠲᠠᠢ ᠬᠥᠭᠵᠢᠬᠦ ᠶᠢ ᠬᠥᠲᠥᠯᠥᠨ ᠵᠢᠯᠤᠭᠤᠳᠴᠤ᠂ ᠬᠠᠤᠯᠢ ᠴᠠᠭᠠᠵᠠ᠂ ᠮᠥᠩᠭᠦᠨ ᠭᠦᠢᠯᠭᠡᠭᠡ᠂ ᠪᠠᠷᠠᠭᠠᠨ ᠤ ᠭᠦᠢᠯᠭᠡᠭᠡ ᠵᠡᠷᠭᠡ ᠶᠢᠨ ᠭᠠᠳᠠᠭᠠᠳᠤ ᠳᠠᠬᠢ ᠶᠡᠷᠦᠩᠬᠡᠶᠢᠯᠡᠭᠰᠡᠨ ᠦᠢᠯᠡᠴᠢᠯᠡᠭᠡ ᠶᠢ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠤᠯᠠᠨ ᠤᠯᠤᠰ ᠤᠨ ᠬᠠᠮᠲᠤᠷᠠᠯᠴᠠᠭᠠᠨ ᠤ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃

      ᠤᠯᠠᠨ ᠲᠠᠯᠠᠲᠤ ᠬᠤᠶᠠᠷ ᠲᠠᠯᠠᠲᠤ ᠠᠵᠤ ᠠᠬᠤᠢ ᠶᠢᠨ ᠬᠠᠮᠲᠤᠷᠠᠯᠴᠠᠭ᠎ᠠ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠪᠦᠭᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠦᠷᠭᠦᠯᠵᠢᠯᠡᠨ ᠥᠷᠭᠡᠳᠬᠡᠵᠦ᠂ ᠳᠤᠮᠳᠠᠳᠤ ᠤᠯᠤᠰ -  ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠴᠢᠯᠦᠭᠡᠲᠦ ᠠᠷᠠᠯᠵᠢᠶᠠᠨ ᠤ ᠣᠷᠣᠨ ᠤ 3.0 ᠬᠡᠪᠯᠡᠯ ᠤᠨ ᠲᠡᠰ ᠳᠡᠪᠰᠢᠭᠰᠡᠨ ᠬᠡᠯᠡᠯᠴᠡᠭᠡᠷ ᠲᠤ ᠭᠠᠷ ᠤᠨ   ᠦᠰᠦᠭ   ᠵᠢᠷᠤᠬᠤ ᠶᠢ ᠠᠬᠢᠭᠤᠯᠵᠤ᠂ ︽ᠳ᠋ᠢᠵᠢᠲ᠋ᠠᠯ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠪᠠ ︽ᠪᠦᠭᠦ ᠲᠠᠯ᠎ᠠ ᠶᠢᠨ ᠬᠢᠭᠡᠳ ᠳᠠᠪᠰᠢᠩᠭᠤᠢ ᠨᠣᠮᠣᠬᠠᠨ ᠲᠡᠯᠡᠶ ᠠᠯᠤᠰᠯᠠᠭᠰᠠᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ︾ ᠲᠤ ᠣᠷᠤᠯᠴᠠᠬᠤ ᠠᠬᠢᠴᠠ ᠶᠢ ᠢᠳᠡᠪᠬᠢᠲᠡᠢ ᠠᠬᠢᠭᠤᠯᠤᠨ᠎ᠠ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯᠯᠠᠭᠤᠯᠤᠭᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠡᠯ᠎ᠡ ᠤᠯᠤᠰ ᠯᠤᠭ᠎ᠠ ᠶᠢᠨ ᠠᠰᠢᠭ ᠲᠤᠰᠠ ᠶᠢᠨ ᠨᠡᠶᠢᠯᠡᠯ ᠴᠡᠭ ᠢ ᠥᠷᠭᠡᠳᠬᠡᠵᠦ᠂ ᠬᠠᠮᠲᠤ ᠶᠢᠨ ᠬᠥᠭᠵᠢᠯᠲᠡ ᠶᠢ ᠠᠬᠢᠭᠤᠯᠤᠨ᠎ᠠ᠃

     ︵ᠵᠢᠷᠭᠤᠭ᠎ᠠ︶ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ  ᠬᠢᠵᠠᠭᠠᠷ ᠱᠤᠭᠤᠮ ᠢ ᠪᠠᠲᠤ ᠰᠠᠬᠢᠨ᠎ᠠ᠃ ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠯᠡᠵᠦ᠂ ᠬᠥᠭᠵᠢᠭᠦᠯᠬᠦ ᠶᠠᠪᠤᠴᠠ ᠳᠤ ᠠᠶᠤᠯ ᠲᠦᠭᠰᠢᠭᠦᠷᠢ ᠶᠢ ᠠᠯᠬᠤᠮ ᠠᠯᠬᠤᠮ ᠢᠶᠠᠷ  ᠠᠷᠢᠯᠭᠠᠬᠤ ᠶᠢ ᠪᠠᠷᠢᠮᠲᠠᠯᠠᠵᠤ᠂ ᠴᠢᠨᠠᠷ  ᠰᠠᠶᠢᠲᠠᠢ ᠬᠥᠭᠵᠢᠯᠲᠡ ᠪᠠ  ᠥᠨᠳᠥᠷ ᠲᠦᠪᠰᠢᠨ ᠪᠦᠬᠦᠢ ᠠᠮᠤᠷ ᠲᠦᠪᠰᠢᠨ ᠤ  ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠦᠨ᠎ᠡ᠃

      ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠭᠤᠷᠠᠯᠲᠠ ᠶᠢ ᠵᠣᠭᠰᠣᠭᠠᠵᠤ ᠲᠣᠭᠲᠠᠭᠤᠨ ᠪᠠᠶᠢᠳᠠᠯ ᠳᠤ ᠤᠷᠤᠭᠤᠯᠬᠤ ᠶᠢ ᠦᠷᠭᠦᠯᠵᠢᠯᠡᠨ ᠬᠦᠴᠦᠯᠡᠨ ᠠᠬᠢᠭᠤᠯᠤᠨ᠎ᠠ᠃ ᠬᠤᠲᠠ ᠶᠢᠨ ᠪᠠᠶᠢᠳᠠᠯ ᠳᠤᠨᠢ ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ ᠪᠠᠶᠢᠭᠠᠳ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠲᠣᠬᠢᠷᠠᠭᠤᠯᠤᠨ ᠬᠠᠰᠤᠵᠤ᠂ ᠬᠤᠲᠠ ᠶᠢᠨ ᠳᠣᠲᠣᠷᠠᠬᠢ ᠲᠣᠰᠬᠤᠨ ᠪᠣᠯᠣᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠬᠦᠴᠦᠯᠡᠨ ᠬᠡᠷᠡᠭᠵᠢᠭᠦᠯᠵᠦ᠂ ᠵᠠᠶᠢᠯᠠᠰᠢ ᠦᠭᠡᠢ ᠴᠢᠨᠠᠷᠲᠠᠢ ᠪᠠ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠬᠡᠷᠡᠭᠴᠡᠭᠡ ᠶᠢᠨ ᠳᠠᠯᠳᠠ ᠬᠦᠴᠦᠨ ᠢ ᠭᠦᠢᠴᠡᠳ ᠰᠤᠯᠠᠯᠠᠨ ᠭᠠᠷᠭᠠᠨ᠎ᠠ᠃ ᠬᠤᠲᠠ ᠶᠢᠨ ᠣᠷᠣᠨ ᠵᠠᠢ ᠶᠢᠨ ᠪᠦᠲᠦᠴᠡ ᠪᠠ ᠭᠠᠵᠠᠷ ᠰᠢᠷᠣᠢ ᠠᠰᠢᠭᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠰᠢᠨ᠎ᠡ ᠪᠠᠷ ᠨᠡᠮᠡᠭᠳᠡᠭᠦᠯᠬᠦ ᠶᠢ ᠵᠦᠢ ᠵᠣᠬᠢᠰᠲᠠᠢ ᠬᠢᠵᠠᠭᠠᠷᠯᠠᠨ᠎ᠠ᠃ ᠬᠠᠳᠠᠭᠠᠯᠠᠯᠲᠠ ᠬᠡᠷᠡᠭᠯᠡᠬᠦ ᠭᠠᠵᠠᠷ ᠪᠠ ᠬᠤᠳᠠᠯᠳᠤᠭ᠎ᠠ ᠡᠷᠭᠢᠯᠡᠭᠦ ᠠᠯᠪᠠᠯᠠᠬᠤ ᠳᠤ ᠬᠡᠷᠡᠭᠯᠡᠬᠦ ᠭᠡᠷ ᠪᠠᠶᠢᠰᠢᠩ ᠢ ᠠᠮᠢᠳᠤᠯᠢᠭ ᠪᠤᠯᠭᠠᠵᠤ᠂ ᠬᠠᠳᠠᠭᠠᠯᠠᠯᠲᠠ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠶᠢ ᠠᠬᠢᠭᠤᠯᠵᠤ᠂ ᠬᠤᠳᠠᠯᠳᠤᠨ ᠠᠪᠬᠤ ᠪᠡᠶᠡᠴᠢ ᠴᠣᠭᠴᠠ᠂ ᠦᠨ᠎ᠡ ᠬᠠᠩᠰᠢ ᠪᠠ ᠬᠡᠷᠡᠭᠴᠡᠭᠡᠨ ᠤ ᠲᠠᠯ᠎ᠠ ᠪᠠᠷ ᠬᠤᠲᠠ ᠶᠢᠨ ᠵᠠᠰᠠᠭ ᠤᠨ ᠣᠷᠳᠣᠨ ᠳᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠳᠠᠭᠢᠨ ᠵᠢᠭᠡᠯᠡᠯᠭᠡ ᠶᠢᠨ ᠬᠡᠷᠡᠭᠯᠡᠬᠦ ᠬᠡᠪᠴᠢᠶ᠎ᠡ ᠶᠢ ᠥᠷᠭᠡᠳᠬᠡᠨ᠎ᠡ᠃ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠭᠡᠷ ᠪᠠᠶᠢᠰᠢᠩ ᠢ ᠪᠠᠲᠤᠲᠠᠢ ᠲᠤᠰᠢᠶᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠤᠨ ᠥᠷᠢ ᠥᠭᠴᠡᠭᠡ ᠶᠢᠨ ᠭᠡᠷ᠎ᠡ ᠵᠥᠷᠢᠴᠡᠬᠦ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠎ᠡ᠃ ᠬᠠᠮᠢᠶ᠎ᠠ ᠪᠦᠬᠦᠢ ᠰᠠᠭᠤᠷᠢ ᠴᠢᠨᠠᠷᠲᠠᠢ ᠳᠦᠷᠢᠮ ᠢ ᠡᠮᠬᠢ ᠵᠢᠷᠤᠮ ᠲᠠᠢ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠯᠡᠨ ᠪᠠᠶᠢᠭᠤᠯᠤᠨ᠎ᠠ᠃ ᠠᠷᠠᠳ ᠣᠯᠠᠨ ᠤ ᠥᠨᠳᠥᠷ ᠴᠢᠨᠠᠷ ᠴᠢᠨᠰᠠᠭ᠎ᠠ ᠪᠦᠬᠦᠢ ᠣᠷᠣᠰᠢᠨ ᠰᠠᠭᠤᠬᠤ ᠬᠡᠷᠡᠭᠴᠡᠭᠡ ᠳᠤ ᠵᠣᠬᠢᠴᠠᠭᠤᠯᠤᠨ᠂ ᠪᠠᠷᠢᠮᠵᠢᠶ᠎ᠠ ᠵᠢᠷᠤᠮᠵᠢᠯ ᠢ ᠲᠡᠭᠦᠯᠳᠡᠷᠵᠢᠭᠦᠯᠵᠦ᠂ ᠠᠮᠤᠷ ᠲᠦᠪᠰᠢᠨ᠂ ᠲᠠᠭᠠᠯᠠᠮᠵᠢᠲᠠᠢ᠂ ᠨᠣᠭᠤᠭᠠᠨ᠂ ᠣᠶᠤᠨᠴᠢ ︽ᠰᠠᠶᠢᠨ ᠪᠠᠶᠢᠰᠢᠩ︾ ᠢ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃

      ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡᠨ ᠤ ᠠᠶᠤᠯ ᠲᠦᠭᠰᠢᠭᠦᠷᠢ ᠶᠢ ᠯᠠᠪᠳᠠᠭᠤᠨ ᠲᠣᠬᠢᠲᠠᠢ ᠠᠷᠢᠯᠭᠠᠨ᠎ᠠ᠃ ᠬᠥᠭᠵᠢᠭᠦᠯᠬᠦ ᠳᠤᠮᠳᠠ ᠥᠷᠢ ᠶᠢ ᠰᠢᠢᠳᠪᠦᠷᠢᠯᠡᠬᠦ᠂ ᠥᠷᠢ ᠶᠢ ᠰᠢᠢᠳᠪᠦᠷᠢᠯᠡᠬᠦ ᠳᠤᠮᠳᠠ ᠬᠥᠭᠵᠢᠭᠦᠯᠬᠦ ᠶᠢ ᠪᠠᠷᠢᠮᠲᠠᠯᠠᠵᠤ᠂ ᠥᠷᠢ ᠶᠢ ᠰᠢᠢᠳᠪᠦᠷᠢᠯᠡᠬᠦ ᠬᠠᠮ ᠲᠥᠰᠥᠯ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠢᠨᠠᠨ ᠰᠢᠯᠭᠠᠬᠤ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ᠂ ᠥᠷᠢ ᠥᠭᠴᠡᠭᠡ ᠶᠢᠨ ᠲᠦᠭᠰᠢᠭᠦᠷᠢ ᠶᠡᠬᠡᠲᠡᠢ ᠭᠠᠵᠠᠷ ᠣᠷᠣᠨ ᠤ ᠨᠡᠷᠡᠰ ᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡ ᠣᠷᠣᠭᠤᠯᠤᠯᠲᠠ ᠶᠢᠨ ᠰᠢᠨ᠎ᠡ ᠣᠷᠣᠨ ᠵᠠᠢ ᠨᠡᠭᠡᠭᠡᠬᠦ ᠶᠢ ᠳᠡᠮᠵᠢᠨ᠎ᠡ᠃ ᠰᠢᠨᠵᠢᠯᠡᠬᠦ ᠤᠬᠠᠭᠠᠨᠴᠢ ᠪᠠᠷ ᠲᠥᠷᠥᠯ ᠬᠤᠪᠢᠶᠠᠬᠤ᠂ ᠨᠠᠷᠢᠯᠢᠭ ᠣᠨᠣᠴᠠᠲᠠᠢ ᠪᠠᠷ ᠰᠣᠯᠢᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠣᠯᠢᠬᠤ ᠠᠵᠢᠯ ᠢ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠬᠥᠭᠰᠡᠯ ᠢ ᠡᠷᠡᠰ ᠬᠤᠷᠢᠭᠯᠠᠨ᠎ᠠ᠃ ᠣᠷᠣᠨ ᠨᠤᠲᠤᠭ ᠤᠨ ᠪᠡᠯᠡ ᠲᠣᠬᠢᠷᠠᠭᠤᠯᠬᠤ ᠲᠠᠪᠴᠠᠩ ᠤᠨ ᠵᠠᠰᠠᠭ ᠤᠨ ᠣᠷᠳᠣᠨ ᠤ ᠪᠡᠯᠡ ᠲᠣᠬᠢᠷᠠᠭᠤᠯᠬᠤ ᠴᠢᠳᠠᠮᠵᠢ ᠶᠢ ᠲᠦᠷᠭᠡᠯᠡᠨ ᠰᠠᠯᠭᠠᠵᠤ᠂ ᠵᠠᠬ᠎ᠠ ᠳᠡᠯᠭᠡᠭᠦᠷᠴᠢᠯᠡᠨ ᠭᠡᠯᠪᠡᠷᠢ ᠪᠠᠨ ᠬᠤᠪᠢᠷᠠᠭᠤᠯᠬᠤ ᠪᠠ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠶᠢ ᠠᠬᠢᠭᠤᠯᠤᠨ᠎ᠠ᠃

      ᠮᠥᠩᠭᠦᠨ ᠭᠦᠢᠯᠭᠡᠭᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠢᠳᠡᠪᠬᠢᠲᠡᠢ ᠰᠡᠷᠭᠡᠶᠢᠯᠡᠨ᠎ᠡ᠃ ᠵᠠᠬ᠎ᠠ ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ ᠵᠠᠷᠴᠢᠮ ᠤᠨ ᠶᠣᠰᠣᠭᠠᠷ᠂ ᠣᠷᠣᠨ ᠨᠤᠲᠤᠭ ᠤᠨ ᠳᠤᠮᠳᠠ ᠵᠢᠵᠢᠭ ᠮᠥᠩᠭᠦᠨ ᠭᠦᠢᠯᠭᠡᠭᠡᠨ ᠤ  ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠬᠥᠷᠥᠩᠭᠡ ᠮᠥᠩᠭᠦ ᠶᠢ ᠨᠥᠬᠦᠪᠦᠷᠢᠯᠡᠬᠦ᠂ ᠨᠡᠶᠢᠯᠡᠭᠦᠯᠦᠨ ᠳᠠᠭᠢᠨ ᠵᠣᠬᠢᠶᠠᠨ ᠪᠠᠶᠢᠭᠤᠯᠬᠤ᠂ ᠵᠠᠬ᠎ᠠ ᠳᠡᠯᠭᠡᠭᠦᠷ ᠠᠴᠠ ᠤᠬᠤᠷᠢᠨ ᠭᠠᠷᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠠᠶᠤᠯ ᠲᠦᠭᠰᠢᠭᠦᠷᠢ ᠶᠢ ᠲᠥᠷᠥᠯ ᠬᠤᠪᠢᠶᠠᠨ ᠠᠷᠢᠯᠭᠠᠨ᠎ᠠ᠃ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠵᠠᠰᠠᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠭᠠᠭᠠᠵᠢᠭᠤᠯᠤᠬᠰᠠᠨ᠂ ᠠᠭᠤᠯᠤᠭᠳᠠᠬᠤᠨ ᠤ ᠬᠡᠯᠪᠡᠷᠢᠲᠦ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ᠲᠥᠪ ᠤᠨ ᠪᠠ ᠣᠷᠣᠨ ᠨᠤᠲᠤᠭ ᠤᠨ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠥᠨᠳᠥᠷ ᠳᠠᠷᠤᠯᠲᠠ ᠦᠵᠡᠭᠦᠯᠵᠦ ᠴᠢᠩᠭ᠎ᠠ ᠴᠣᠬᠢᠯᠲᠠ ᠥᠭᠬᠦ ᠪᠠᠶᠢᠳᠠᠯ ᠢ ᠪᠠᠲᠤᠯᠠᠨ᠎ᠠ᠃ ᠬᠠᠳᠠᠭᠠᠯᠠᠮᠵᠢ ᠶᠢᠨ ᠳᠠᠭᠠᠳᠬᠠᠯ ᠤᠨ ᠰᠠᠭᠤᠷᠢ ᠮᠥᠩᠭᠦ᠂ ᠮᠥᠩᠭᠦᠨ ᠭᠦᠢᠯᠭᠡᠭᠡ ᠶᠢ ᠲᠣᠭᠲᠠᠭᠤᠨ ᠪᠠᠶᠢᠯᠭᠠᠬᠤ ᠪᠠᠲᠤᠯᠠᠭ᠎ᠠ ᠶᠢᠨ ᠰᠠᠭᠤᠷᠢ ᠮᠥᠩᠭᠦ ᠵᠡᠷᠭᠡ ᠲᠦᠭᠰᠢᠭᠦᠷᠢ ᠶᠢ ᠠᠷᠢᠯᠭᠠᠬᠤ ᠡᠬᠢ ᠪᠠᠶᠠᠯᠢᠭ ᠢ ᠲᠡᠭᠦᠯᠳᠡᠷᠵᠢᠭᠦᠯᠦᠨ᠎ᠡ᠃ ᠭᠠᠳᠠᠭᠠᠳᠤ ᠠᠶᠤᠯ ᠲᠦᠭᠰᠢᠭᠦᠷᠢ ᠶᠢᠨ ᠳᠠᠭᠠᠷᠢᠯᠲᠠ ᠶᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠨ᠎ᠠ᠃

     ︵ᠳᠣᠯᠤᠭ᠎ᠠ︶ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠬᠦᠴᠦᠯᠡᠨ ᠰᠠᠶᠢᠲᠤᠷ ᠠᠳᠬᠤᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ᠂ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠲᠠᠷᠢᠶᠠᠯᠠᠩ ᠢ ᠬᠦᠴᠦᠷᠬᠡᠭᠵᠢᠭᠦᠯᠬᠦ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠵᠦ᠂ ᠠᠷᠭ᠎ᠠ ᠪᠦᠭᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠎ᠠ᠃

      ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠦᠷᠭᠦᠯᠵᠢᠯᠡᠨ ᠴᠢᠩᠭᠠᠷᠠᠭᠤᠯᠤᠨ᠎ᠠ᠃ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠲᠠᠯᠠᠪᠠᠢ ᠨᠢᠭᠡᠴᠢ ᠶᠢᠨ ᠤᠨᠠᠯᠲᠠ ᠪᠠ ᠶᠠᠰᠤ ᠴᠢᠨᠠᠷ ᠤᠨ ᠳᠡᠭᠡᠭᠰᠢᠯᠡᠯᠲᠡ ᠶᠢᠨ ᠲᠠᠯ᠎ᠠ ᠪᠠᠷ ᠭᠤᠣᠯᠯᠠᠨ ᠰᠢᠪᠲᠤᠯᠤᠯᠲᠠ ᠬᠢᠨ᠎ᠡ᠃ ᠰᠢᠷ᠎ᠠ ᠪᠤᠷᠴᠠᠭ ᠢ  ᠥᠷᠭᠡᠳᠬᠡᠨ ᠳᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠣᠰᠣᠯᠢᠭ ᠲᠠᠷᠢᠮᠠᠯ ᠤᠨ ᠭᠠᠷᠤᠯᠲᠠ ᠶᠢ ᠥᠷᠭᠡᠳᠬᠡᠬᠦ ᠳᠠᠯᠳᠠ ᠬᠦᠴᠦᠨ ᠢ ᠠᠭᠤᠳᠠᠯᠤᠨ᠎ᠠ᠃ ᠬᠥᠪᠥᠩ ᠰᠢᠬᠢᠷ ᠭᠤᠮ ᠵᠡᠷᠭᠡ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠶᠠᠰᠤ ᠴᠢᠨᠠᠷ ᠢ ᠨᠢ ᠳᠡᠭᠡᠭᠰᠢᠯᠡᠭᠦᠯᠭᠦ ᠶᠢ ᠠᠬᠢᠭᠤᠯᠤᠨ᠎ᠠ᠃ ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠲᠣᠭᠲᠠᠭᠤᠨ ᠢᠶᠠᠷ ᠬᠥᠭᠵᠢᠬᠦ ᠶᠢ ᠲᠡᠳᠬᠦᠨ ᠳᠡᠮᠵᠢᠵᠦ᠂ ᠣᠲᠣ ᠦᠶ᠎ᠡ ᠶᠢᠨ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠶᠢ ᠲᠠᠮᠵᠢᠵᠦ᠂ ᠢᠳᠡᠭᠡᠨ ᠤ ᠡᠬᠢ ᠪᠠᠶᠠᠯᠢᠭ ᠢ ᠪᠦᠭᠦ ᠲᠠᠯ᠎ᠠ ᠪᠠᠷ ᠨᠡᠭᠡᠭᠡᠨ ᠬᠥᠭᠵᠢᠭᠦᠯᠦᠨ᠎ᠡ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ ᠶᠢ ᠴᠢᠨᠠᠷ ᠰᠠᠶᠢᠲᠠᠢ ᠠᠬᠢᠭᠤᠯᠵᠤ᠂ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠪᠣᠯᠣᠨ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠮᠠᠭᠤᠳᠠᠭᠰᠠᠨ ᠲᠠᠷᠢᠶᠠᠨ ᠭᠠᠵᠠᠷ ᠤᠨ ᠵᠠᠰᠠᠯᠲᠠ ᠶᠢ ᠠᠬᠢᠭᠤᠯᠤᠨ᠎ᠠ᠃ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠲᠡᠷᠢᠭᠦᠨ ᠤ ᠪᠥᠭᠡᠳ ᠬᠡᠷᠡᠭᠯᠡᠭᠡᠨ ᠳᠤ ᠲᠣᠬᠢᠷᠠᠬᠤ ᠲᠠᠷᠢᠶᠠᠯᠠᠩ ᠤᠨ ᠮᠠᠰᠢᠨ ᠲᠣᠨᠣᠭᠯᠠᠯ ᠢ ᠰᠤᠳᠤᠯᠤᠨ ᠨᠡᠭᠡᠭᠡᠵᠦ ᠬᠡᠷᠡᠭᠯᠡᠬᠦ ᠪᠠ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠶᠡᠭᠡ ᠬᠡᠪᠴᠢᠶ᠎ᠡ ᠪᠠᠷ ᠳᠡᠯᠭᠡᠷᠡᠭᠦᠯᠬᠦ ᠶᠢ ᠲᠦᠷᠭᠡᠳᠬᠡᠨ᠎ᠡ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠠᠮᠤ ᠪᠤᠳᠠᠭ᠎ᠠ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠵᠦᠢ ᠵᠣᠬᠢᠰᠲᠠᠢ ᠲᠦᠪᠰᠢᠨ ᠳᠤ ᠪᠠᠶᠢᠯᠭᠠᠬᠤ ᠶᠢ ᠠᠬᠢᠭᠤᠯᠤᠨ᠎ᠠ᠃ ᠲᠥᠪ ᠤᠨ ᠨᠢᠭᠡᠳᠦᠯᠲᠡᠢ ᠲᠥᠯᠥᠪᠯᠡᠭᠰᠡᠨ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠠᠰᠢᠭ ᠲᠤᠰᠠ ᠶᠢ ᠬᠥᠨᠳᠡᠯᠡᠨ ᠢᠶᠠᠷ ᠨᠥᠬᠦᠪᠦᠷᠢᠯᠡᠬᠦ ᠠᠵᠢᠯ ᠢ ᠡᠬᠢᠯᠡᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠢ ᠰᠢᠶᠠᠨ ᠳᠤ ᠦᠵᠡᠭᠦᠯᠭᠦ ᠳᠡᠮᠵᠢᠯᠭᠡ ᠪᠠᠨ ᠨᠡᠮᠡᠭᠳᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠪᠠ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠤ ᠢᠳᠡᠪᠬᠢᠵᠢᠯ ᠢ ᠬᠠᠮᠠᠭᠠᠯᠠᠨ᠎ᠠ᠃ ᠡᠯ᠎ᠡ ᠭᠠᠵᠠᠷ ᠣᠷᠣᠨ ᠴᠥᠮ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠷᠢᠭᠤᠴᠠᠯᠭ᠎ᠠ ᠶᠢ ᠯᠠᠪᠳᠠᠭᠤᠨ ᠡᠭᠦᠷᠭᠡᠯᠡᠵᠦ᠂ ᠬᠠᠮᠲᠤ ᠪᠠᠷ ᠢᠶᠠᠨ ᠬᠤᠭᠤᠯᠠ ᠬᠦᠨᠡᠰᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ᠃

      ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠪᠠᠬᠢᠵᠢᠭᠦᠯᠦᠨ ᠥᠷᠭᠡᠳᠬᠡᠨ᠎ᠡ᠃ ᠬᠢᠨᠠᠨ ᠬᠡᠮᠵᠢᠵᠦ ᠬᠠᠪᠰᠤᠷᠤᠨ ᠲᠡᠳᠬᠦᠬᠦ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ︽ᠭᠤᠷᠪᠠ ᠶᠢ ᠪᠠᠲᠤᠯᠠᠭ᠎ᠠ ᠲᠠᠢ ᠪᠠᠶᠢᠯᠭᠠᠬᠤ︾ ᠪᠠ ᠢᠳᠡᠬᠦ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠬᠡᠪᠴᠢᠶᠡᠵᠢᠯ ᠤᠨ ᠴᠢᠨᠠᠷᠲᠠᠢ ᠪᠠᠷ ᠳᠠᠭᠢᠨ ᠶᠠᠳᠠᠭᠤᠷᠠᠬᠤ ᠪᠠ ᠶᠠᠳᠠᠭᠤᠷᠠᠬᠤ ᠪᠠᠶᠢᠳᠠᠯ ᠡᠭᠦᠰᠬᠦ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠨ ᠳᠡᠮᠵᠢᠬᠦ ᠠᠵᠢᠯ ᠢ ᠴᠢᠩᠭᠠᠳᠬᠠᠵᠤ᠂ ᠬᠠᠪᠰᠤᠷᠤᠨ ᠲᠡᠳᠬᠦᠬᠦ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠥᠷᠥᠯ ᠬᠤᠪᠢᠶᠠᠨ ᠠᠬᠢᠭᠤᠯᠵᠤ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠡᠷᠴᠢᠮ ᠢ ᠴᠢᠩᠭᠠᠷᠠᠭᠤᠯᠵᠤ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠎ᠡ᠃ ᠵᠡᠭᠦᠨ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠬᠠᠮᠵᠢᠯᠴᠠᠬᠤ᠂ ᠴᠡᠭ ᠲᠣᠭᠲᠠᠭᠠᠨ ᠬᠠᠪᠰᠤᠷᠤᠨ ᠲᠡᠳᠬᠦᠬᠦ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠤᠯᠤᠰ ᠤᠨ ᠣᠷᠣᠭᠤᠯᠤᠯᠲᠠ ᠠᠴᠠ ᠪᠦᠷᠢᠯᠳᠦᠭᠰᠡᠨ ᠪᠡᠯᠡ ᠬᠥᠷᠥᠩᠭᠡ ᠶᠢᠨ ᠤᠷᠳᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠥᠳᠡᠭᠡ ᠲᠤᠰᠬᠤᠨ ᠤ ᠲᠠᠭᠢᠨ ᠶᠠᠳᠠᠭᠤᠷᠠᠬᠤ ᠪᠠ ᠶᠠᠳᠠᠭᠤᠷᠠᠬᠤ ᠠᠴᠠ ᠰᠡᠷᠭᠡᠶᠢᠯᠡᠬᠦ ᠲᠣᠭᠲᠠᠴᠠ ᠪᠣᠯᠣᠨ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ᠂ ᠬᠥᠭᠵᠢᠯᠲᠡ ᠪᠠᠭᠤᠷᠠᠢ ᠭᠠᠵᠠᠷ ᠣᠷᠣᠨ ᠢ ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ  ᠳᠦᠷᠢᠮ ᠢ   ᠨᠢᠭᠡᠳᠦᠯᠲᠡᠢ ᠲᠥᠯᠥᠪᠯᠡᠨ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠯᠳᠤᠭᠤᠯᠤᠭᠰᠠᠨ ᠲᠤᠬᠠᠢ ᠶᠡᠷᠦᠩᠬᠡᠢ ᠦᠨᠡᠯᠡᠨ ᠵᠢᠱᠢᠯᠲᠡ ᠶᠢ ᠥᠷᠨᠢᠭᠦᠯᠵᠦ᠂ ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃

      ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ  ᠲᠡᠭᠦᠯᠳᠡᠷᠵᠢᠭᠦᠯᠵᠦ᠂ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ ᠳᠠᠭᠢᠭᠠᠳ 30 ᠵᠢᠯ ᠤᠷᠲᠤᠳᠬᠠᠬᠤ ᠲᠤᠷᠰᠢᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠪᠦᠬᠦᠯᠢ ᠮᠤᠵᠢ ᠶᠢᠨ ᠲᠤᠷᠰᠢᠯᠲᠠ ᠶᠢᠨ ᠬᠡᠪᠴᠢᠶ᠎ᠡ ᠶᠢ ᠥᠷᠭᠡᠳᠬᠡᠨ᠎ᠡ᠃ ᠳᠠᠭᠠᠭᠠᠴᠢᠯᠠᠯᠲᠠ ᠶᠢᠨ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠦᠨ᠎ᠡ᠃ ᠰᠢᠨ᠎ᠡ ᠭᠡᠯᠪᠡᠷᠢ ᠶᠢᠨ ᠬᠥᠳᠡᠭᠡ  ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠲᠣᠭᠲᠠᠴᠠ ᠶᠢᠨ ᠰᠢᠨ᠎ᠡ ᠶᠢ ᠡᠭᠦᠳᠦᠨ᠎ᠡ᠃ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠬᠠᠮᠲᠤ ᠶᠢᠨ ᠤᠢ ᠮᠣᠳᠣᠨ ᠤ ᠡᠷᠬᠡ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠷᠢᠶᠠᠯᠠᠩ ᠤᠨ ᠤᠰᠤᠨ ᠤ ᠦᠨ᠎ᠡ ᠵᠡᠷᠭᠡ ᠶᠢᠨ ᠥᠭᠡᠷᠡᠴᠢᠯᠡᠯᠲᠡ ᠶᠢ   ᠭᠦᠨᠵᠡᠭᠡᠶᠢᠷᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠵᠤ ᠦᠢᠯᠡᠰ ᠢ ᠬᠥᠭᠵᠢᠭᠦᠯᠬᠦ᠂ ᠰᠢᠶᠠᠨ ᠢ ᠬᠦᠴᠦᠷᠬᠡᠭᠵᠢᠭᠦᠯᠬᠦ᠂ ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ︽ᠨᠤᠲᠤᠭ ᠤᠨ ᠣᠨᠴᠠ ᠭᠠᠷᠤᠯᠲᠠ︾ ᠶᠢᠨ ᠠᠵᠢᠯ ᠢ ᠰᠠᠶᠢᠲᠤᠷ ᠬᠢᠵᠦ᠂ ᠠᠭᠤᠯᠠ ᠬᠥᠳᠡᠭᠡ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠨ ᠲᠠᠢ ᠬᠤᠯᠪᠣᠭᠠᠯᠠᠵᠤ ᠲᠠᠷᠢᠶᠠᠴᠢᠨ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠨᠤᠲᠤᠭ ᠤᠨ ᠪᠣᠯᠪᠠᠰᠤᠨ ᠵᠠᠩ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠬᠠᠭᠤᠴᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠤᠨ᠎ᠠ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ᠂ ᠤᠯᠠᠨ ᠨᠡᠶᠢᠲᠡ ᠶᠢᠨ ᠦᠢᠯᠡᠴᠢᠯᠡᠭᠡ ᠪᠠ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠡᠷᠭᠢᠯᠡᠭᠦ ᠳᠤ ᠲᠣᠬᠢᠷᠠᠮᠵᠢᠲᠠᠢ ᠡᠶ᠎ᠡ ᠨᠠᠶᠢᠷᠠᠮᠳᠠᠭᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃

     ︵ᠨᠠᠢᠮᠠ︶ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠢᠶᠠᠷ ᠦᠨᠳᠦᠰᠦ ᠪᠣᠯᠭᠠᠨ ᠬᠤᠳᠠ ᠪᠠᠯᠭᠠᠰᠤᠵᠢᠯᠲᠠ ᠶᠢᠨ ᠶᠠᠰᠤ ᠴᠢᠨᠠᠷ ᠬᠢᠷᠢ ᠬᠡᠮᠵᠢᠶ᠎ᠡ ᠶᠢ ᠳᠡᠭᠡᠭᠰᠢᠯᠡᠭᠦᠯᠭᠦ ᠶᠢ ᠪᠠᠷᠢᠮᠲᠠᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠭᠰᠡᠨ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠯᠠᠭᠤᠯᠤᠯᠲᠠ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠰᠢᠰᠲ᠋ᠧᠮ ᠢ ᠪᠠᠶᠢᠭᠤᠯᠤᠨ᠎ᠠ᠃

      ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠪᠠᠷ ᠠᠬᠢᠭᠤᠯᠵᠤ᠂ ᠪᠠᠶᠢᠩᠭᠤ ᠰᠠᠭᠤᠭ᠎ᠠ ᠭᠠᠵᠠᠷ ᠲᠤᠨᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠶᠢ ᠪᠦᠭᠦ ᠲᠠᠯ᠎ᠠ ᠪᠠᠷ ᠠᠬᠢᠭᠤᠯᠵᠤ᠂ ᠳᠠᠭᠠᠵᠤ ᠨᠡᠭᠦᠭᠰᠡᠨ ᠦᠷ᠎ᠡ ᠬᠡᠦᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠨᠥᠬᠦᠴᠡᠯ ᠳᠤ ᠨᠡᠶᠢᠴᠡᠬᠦ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠳᠤ ᠣᠷᠣᠭᠤᠯᠬᠤ ᠶᠢ ᠠᠬᠢᠭᠤᠯᠵᠤ᠂ ᠨᠡᠶᠢᠭᠡᠮ ᠤᠨ ᠳᠠᠭᠠᠳᠬᠠᠯ ᠳᠤ ᠣᠷᠤᠯᠴᠠᠬᠤ ᠠᠷᠭ᠎ᠠ ᠵᠠᠮ ᠢ ᠨᠢ ᠰᠢᠯᠤᠭᠤᠳᠬᠠᠨ᠎ᠠ᠃ ᠰᠢᠶᠠᠨ ᠤ ᠬᠤᠲᠠ ᠶᠢᠨ ᠰᠠᠭᠤᠷᠢ ᠲᠥᠬᠦᠭᠡᠷᠦᠮᠵᠢ ᠪᠣᠯᠣᠨ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠯᠡᠨ ᠨᠥᠬᠦᠪᠦᠷᠢᠯᠡᠵᠦ᠂ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠵᠠᠰᠠᠯᠲᠠ ᠶᠢ ᠠᠭᠤᠰᠤᠯᠴᠠᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ᠃ ᠣᠳᠣᠬᠢᠴᠢᠯᠠᠭᠰᠠᠨ ᠲᠣᠮᠣ ᠬᠤᠲᠠ ᠶᠢᠨ ᠴᠠᠭᠠᠷᠢᠭ ᠢ ᠬᠥᠭᠵᠢᠭᠦᠯᠵᠦ᠂ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠭᠡᠲᠦ ᠲᠣᠮᠣ ᠣᠨᠴᠠ ᠲᠣᠮᠣ ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠲᠣᠮᠣ ᠳᠤᠮᠳᠠ ᠵᠢᠵᠢᠭ ᠬᠤᠲᠠ ᠪᠠ ᠵᠢᠵᠢᠭ ᠬᠤᠲᠠ ᠪᠠᠯᠭᠠᠰᠤ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠤᠲᠠ ᠶᠢ ᠰᠢᠨᠡᠳᠬᠡᠬᠦ ᠪᠠ ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠬᠤᠲᠠ ᠶᠢᠨ ᠳᠣᠣᠷ᠎ᠠ ᠠᠰᠢᠭᠯᠠᠮᠵᠢᠲᠤ ᠭᠠᠵᠠᠷ ᠢ ᠳᠠᠭᠢᠨ ᠨᠡᠭᠡᠭᠡᠨ ᠠᠰᠢᠭᠯᠠᠬᠤ ᠶᠢ ᠨᠢᠭᠡᠳᠦᠯᠲᠡᠢ ᠲᠥᠯᠥᠪᠯᠡᠵᠦ᠂ ᠬᠤᠲᠠ ᠶᠢᠨ ᠦᠶᠡᠷ ᠢ ᠰᠡᠷᠭᠡᠶᠢᠯᠡᠵᠦ ᠤᠰᠤᠲᠤᠯ ᠢ ᠠᠷᠢᠯᠭᠠᠬᠤ ᠰᠢᠰᠲ᠋ᠧᠮ ᠢ ᠲᠦᠷᠭᠡᠯᠡᠨ ᠪᠦᠷᠢᠨᠰᠢᠭᠦᠯᠵᠦ᠂ ᠰᠢᠲᠠᠮᠠᠬᠠᠢ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ᠂ ᠭᠠᠵᠠᠷ ᠳᠣᠣᠷᠠᠬᠢ ᠳᠠᠮᠵᠢᠭᠤᠯᠬᠤ ᠬᠤᠭᠤᠯᠠᠢ ᠶᠢᠨ ᠬᠤᠩᠭᠢᠯ ᠵᠡᠷᠭᠡ ᠶᠢ ᠪᠦᠲᠦᠭᠡᠨ ᠪᠠᠶᠢᠭᠤᠯᠬᠤ ᠪᠠ ᠬᠠᠮᠵᠢᠯᠴᠠᠨ ᠬᠠᠮᠢᠶᠠᠷᠬᠤ ᠶᠢ ᠴᠢᠩᠭᠠᠳᠬᠠᠨ᠎ᠠ᠃ ᠳ᠋ᠢᠵᠢᠲ᠋ᠠᠯᠴᠢᠯᠠᠬᠰᠠᠨ᠂ ᠣᠶᠤᠨᠴᠢᠯᠠᠭᠰᠠᠨ ᠰᠠᠭᠤᠷᠢ ᠲᠥᠬᠦᠭᠡᠷᠦᠮᠵᠢ ᠶᠢ ᠬᠥᠭᠵᠢᠭᠦᠯᠵᠦ᠂ ᠰᠠᠭᠠᠳ ᠦᠭᠡᠢ ᠪᠥᠭᠡᠳ ᠨᠠᠰᠤᠵᠢᠬᠰᠠᠳ ᠲᠤ ᠲᠣᠬᠢᠷᠠᠬᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠤᠶᠠᠨ ᠬᠠᠳᠠᠨ ᠴᠢᠨᠠᠷᠲᠠᠢ᠂ ᠣᠶᠤᠨᠴᠢ ᠬᠤᠲᠠ ᠶᠢ ᠴᠣᠭᠴᠠᠯᠠᠨ ᠪᠠᠶᠢᠭᠤᠯᠤᠨ᠎ᠠ᠃

      ᠣᠷᠣᠨ ᠪᠦᠰᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠳᠠᠪᠬᠤᠴᠠᠯ ᠨᠥᠯᠥᠭᠡᠯᠡᠯ ᠢ ᠪᠠᠳᠠᠷᠠᠭᠤᠯᠵᠤ᠂ ᠰᠢᠨ᠎ᠡ ᠨᠡᠮᠡᠭᠳᠡᠯ ᠤᠨ ᠲᠤᠶᠢᠯ ᠢ ᠢᠳᠡᠪᠬᠢᠲᠡᠢ ᠪᠣᠶᠢᠵᠢᠭᠤᠯᠤᠨ᠎ᠠ᠃ ᠪᠠᠷᠠᠭᠤᠨ ᠬᠡᠰᠡᠭ ᠤᠨ ᠭᠠᠵᠠᠷ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠳᠤᠮᠳᠠ ᠬᠡᠰᠡᠭ ᠤᠨ ᠭᠠᠵᠠᠷ ᠣᠷᠣᠨ ᠢ ᠲᠦᠷᠭᠡᠯᠡᠨ ᠮᠠᠨᠳᠤᠭᠤᠯᠤᠨ ᠬᠥᠭᠵᠢᠭᠦᠯᠬᠦ᠂ ᠵᠡᠭᠦᠨ ᠬᠡᠰᠡᠭ ᠤᠨ ᠭᠠᠵᠠᠷ ᠣᠷᠣᠨ ᠤ ᠣᠳᠣᠬᠢᠴᠢᠯᠠᠯᠲᠠ ᠶᠢ ᠲᠦᠷᠭᠡᠯᠡᠨ ᠠᠬᠢᠭᠤᠯᠬᠤ ᠵᠡᠷᠭᠡ ᠪᠠᠶᠢᠯᠳᠤᠬᠤ ᠪᠣᠳᠣᠯᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠦᠨ᠎ᠡ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠣᠷᠣᠨ ᠪᠦᠰᠡ ᠶᠢᠨ ᠰᠢᠨ᠎ᠡ ᠶᠢ ᠡᠭᠦᠳᠬᠦ ᠴᠢᠳᠠᠪᠤᠷᠢ ᠪᠠ ᠰᠠᠴᠤᠷᠠᠭᠯᠠᠨ ᠳᠠᠶᠢᠴᠢᠯᠠᠬᠤ ᠦᠢᠯᠡᠳᠦᠯ ᠢ ᠳᠡᠭᠡᠭᠰᠢᠯᠡᠭᠦᠯᠦᠨ᠎ᠡ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠪᠦᠲᠦᠭᠡᠨ ᠪᠠᠶᠢᠭᠤᠯᠤᠯᠲᠠ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ ᠠᠵᠤ ᠠᠬᠤᠢ ᠶᠢᠨ ᠲᠣᠮᠣ ᠮᠤᠵᠢ ᠶᠢᠨ ᠬᠦᠨᠳᠦ ᠡᠭᠦᠷᠭᠡ ᠡᠭᠦᠷᠭᠡᠯᠡᠬᠦ ᠶᠢ ᠳᠠᠮᠵᠢᠵᠤ᠂ ᠡᠯᠧᠮᠧᠨ᠋ᠲ ᠢ ᠪᠠᠲᠤᠯᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ ᠶᠢ ᠲᠣᠭᠲᠠᠭᠠᠨ᠎ᠠ᠃ ᠪᠤᠰᠤᠳ ᠭᠠᠵᠠᠷ ᠣᠷᠣᠨ ᠤ ᠬᠢᠨ ᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠤᠰ ᠲᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠤᠨ᠎ᠠ᠃ ᠴᠧᠩᠳᠦ᠋ ᠴᠦᠩᠴᠢᠩ ᠣᠷᠣᠨ ᠤ ᠬᠤᠣᠰ ᠬᠤᠲᠠ ᠶᠢᠨ ᠠᠵᠤ ᠠᠬᠤᠢ ᠶᠢᠨ ᠬᠦᠷᠢᠶ᠎ᠡ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠵᠡᠭᠦᠨ ᠬᠡᠰᠡᠭ᠂ ᠳᠤᠮᠳᠠ ᠬᠡᠰᠡᠭ᠂ ᠪᠠᠷᠠᠭᠤᠨ ᠬᠡᠰᠡᠭ᠂ ᠵᠡᠭᠦᠨ ᠬᠤᠶᠢᠲᠤ ᠣᠷᠣᠨ ᠤ ᠠᠵᠤ ᠦᠢᠯᠡᠰ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠱᠠᠲᠤᠯᠠᠨ ᠰᠢᠯᠵᠢᠭᠦ ᠶᠢ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠬᠦ ᠶᠢ ᠳᠠᠮᠵᠢᠵᠤ᠂ ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠤᠨ ᠪᠠᠬᠢᠵᠢᠭᠦᠯᠬᠦ ᠶᠢ ᠠᠬᠢᠭᠤᠯᠤᠨ᠎ᠠ᠃ ᠡᠬᠢ ᠪᠠᠶᠠᠯᠢᠭ ᠤᠨ ᠭᠡᠯᠪᠡᠷᠢ ᠶᠢᠨ ᠭᠠᠵᠠᠷ ᠣᠷᠣᠨ ᠤ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠨ᠎ᠡ᠃ ᠳᠠᠯᠠᠢ ᠲᠠᠩᠭᠢᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠪᠦᠭᠦ ᠤᠯᠤᠰ ᠤᠨ ᠳᠠᠯᠠᠢ ᠲᠠᠩᠭᠢᠰ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠤᠨ᠎ᠠ᠃

     ︵ᠶᠢᠰᠦ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠪᠣᠬᠢᠷᠳᠤᠯ ᠢ ᠪᠠᠭᠠᠰᠬᠠᠬᠤ ᠨᠣᠭᠤᠭᠠᠷᠠᠭᠤᠯᠤᠯᠲᠠ ᠶᠢ ᠥᠷᠭᠡᠳᠬᠡᠬᠦ ᠠᠵᠤ ᠠᠬᠤᠢ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠶᠢᠨ ᠨᠣᠭᠤᠭᠠᠨ ᠬᠤᠪᠢᠷᠠᠭᠤᠯᠤᠯᠲᠠ ᠶᠢ ᠲᠦᠷᠭᠡᠳᠬᠡᠨ᠎ᠡ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠪᠣᠬᠢᠷᠳᠤᠯ ᠢ ᠵᠠᠰᠠᠬᠤ᠂ ᠠᠮᠢ ᠠᠬᠤᠢ ᠶᠢ ᠬᠠᠮᠠᠭᠠᠯᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠶᠢ ᠨᠢᠭᠡᠳᠦᠯᠲᠡᠢ ᠲᠥᠯᠥᠪᠯᠡᠨ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠠᠷᠪᠢᠴᠢ ᠡᠷᠴᠢᠮᠯᠢᠭ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠠᠬᠢᠭᠤᠯᠤᠨ᠎ᠠ᠃

      ᠪᠣᠬᠢᠷᠳᠤᠯ ᠢ ᠰᠡᠷᠭᠡᠶᠢᠯᠡᠨ ᠵᠠᠰᠠᠬᠤ ᠪᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠴᠡᠯᠮᠡᠭ ᠲᠡᠭᠷᠢ᠂ ᠲᠤᠩᠭᠠᠯᠠᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠠᠶᠢᠨ ᠢ ᠦᠷᠭᠦᠯᠵᠢᠯᠡᠨ ᠭᠦᠨᠵᠡᠭᠡᠶᠢᠷᠡᠭᠦᠯᠦᠨ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠰᠢᠨ᠎ᠡ ᠪᠣᠬᠢᠷᠲᠤᠭᠤᠯᠬᠤ ᠪᠣᠳᠠᠰ ᠢ ᠬᠠᠮᠵᠢᠯᠴᠠᠨ ᠵᠠᠰᠠᠬᠤ ᠪᠠ ᠣᠷᠴᠢᠨ ᠠᠬᠤᠢ ᠶᠢᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠠᠮᠢ ᠠᠬᠤᠢ ᠶᠢᠨ ᠣᠷᠴᠢᠨ ᠨᠥᠬᠦᠴᠡᠯ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠲᠣᠭᠤᠷᠢᠮ ᠡᠪᠡᠰᠦ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠳᠠᠶᠢᠨ ᠤ ᠴᠢᠬᠤᠯᠠ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠬᠥᠬᠡᠮᠥ᠋ᠷᠡᠨ ᠳᠤ ᠵᠢᠭᠠᠰᠤ ᠠᠩᠨᠠᠬᠤ ᠶᠢ ᠠᠷᠪᠠᠨ ᠵᠢᠯ ᠴᠠᠭᠠᠵᠠᠯᠠᠬᠤ ᠶᠢ ᠡᠷᠡᠰ ᠠᠬᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠦᠨ᠎ᠡ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠤ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠨᠥᠬᠦᠴᠡᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠎ᠠ᠃

      ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠠᠬᠤᠢ ᠶᠢ ᠲᠦᠷᠭᠡᠯᠡᠨ ᠬᠥᠭᠵᠢᠭᠦᠯᠦᠨ᠎ᠡ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠠᠮᠢ ᠠᠬᠤᠢ ᠶᠢ ᠪᠤᠢ ᠪᠣᠯᠭᠠᠨ᠎ᠠ᠃ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠲᠡᠷᠢᠭᠦᠨ ᠤ ᠮᠡᠷᠭᠡᠵᠢᠯ ᠤᠨ ᠵᠢᠱᠢᠶ᠎ᠡ ᠦᠵᠡᠭᠦᠯᠭᠦ ᠢᠨᠵᠧᠨᠧᠷᠢᠩ ᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠨᠣᠭᠤᠭᠠᠨ ᠪᠠᠷᠢᠯᠭ᠎ᠠ᠂ ᠨᠣᠭᠤᠭᠠᠨ ᠡᠨᠧᠷᠭᠢ᠂ ᠨᠣᠭᠤᠭᠠᠨ ᠵᠠᠮ ᠬᠠᠷᠢᠯᠴᠠᠭ᠎ᠠ ᠵᠡᠷᠭᠡ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠨ᠎ᠠ᠃ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠶᠢ ᠬᠠᠮᠢᠶᠠᠷᠬᠤ ᠪᠠ ᠪᠦᠭᠦ ᠲᠠᠯ᠎ᠠ ᠪᠠᠷ ᠠᠷᠪᠢᠯᠠᠨ ᠭᠠᠮᠨᠠᠬᠤ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠬᠡᠷᠡᠭᠯᠡᠬᠦ ᠤᠰᠤ ᠬᠡᠷᠡᠭᠯᠡᠬᠦ ᠭᠤᠣᠯᠳᠠᠯᠭ᠎ᠠ ᠲᠠᠢ ᠨᠢᠭᠡᠴᠢ ᠶᠢᠨ ᠡᠨᠧᠷᠭᠢ ᠠᠷᠪᠢᠯᠠᠵᠤ ᠤᠰᠤ ᠠᠷᠪᠢᠯᠠᠬᠤ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠥᠰᠥᠯ ᠢ ᠬᠦᠴᠦᠲᠡᠢ ᠪᠥᠭᠡᠳ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠬᠠᠶᠠᠭᠳᠠᠮᠠᠯ ᠪᠣᠳᠠᠰ ᠢ ᠤᠷᠴᠢᠯᠳᠤᠭᠤᠯᠤᠨ ᠠᠰᠢᠭᠯᠠᠬᠤ ᠶᠢ ᠴᠢᠩᠭᠠᠳᠬᠠᠵᠤ᠂ ᠳᠠᠬᠢᠯᠲᠠ ᠮᠠᠲ᠋ᠧᠷᠢᠶᠠᠯ ᠢ ᠬᠡᠷᠡᠭᠯᠡᠬᠦ ᠶᠢ ᠶᠡᠭᠡ ᠪᠠᠷ ᠳᠡᠯᠭᠡᠷᠡᠭᠦᠯᠵᠦ᠂ ᠣᠷᠴᠢᠯᠲᠤ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠎ᠠ᠃ ᠨᠣᠭᠤᠭᠠᠨ ᠬᠡᠷᠡᠭᠯᠡᠭᠡ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠨᠣᠭᠤᠭᠠᠨ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠦᠢᠯᠡᠳᠪᠦᠷᠢᠯᠡᠯ ᠤᠨ ᠠᠷᠭ᠎ᠠ ᠮᠠᠶ᠋ᠢᠭ ᠪᠠ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠶᠢ ᠠᠬᠢᠭᠤᠯᠤᠨ᠎ᠠ᠃

      ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠲᠣᠬᠢᠲᠠᠢ ᠠᠬᠢᠭᠤᠯᠤᠨ᠎ᠠ᠃ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤᠨᠢ ᠬᠦᠷᠭᠡᠬᠦ ᠬᠤᠶᠠᠳᠤᠭᠠᠷ ᠪᠦᠯᠦᠭ ᠤᠨ ᠲᠤᠷᠰᠢᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠢᠭᠡ ᠪᠦᠯᠦᠭ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠳᠪᠦᠷᠢ ᠶᠢ ᠪᠠᠶᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠬᠢᠵᠠᠭᠠᠷᠯᠠᠯ ᠤᠨ ᠳᠦᠷᠢᠮ ᠤᠨ ᠰᠢᠰᠲ᠋ᠧᠮ ᠢ ᠲᠦᠷᠭᠡᠯᠡᠨ ᠪᠠᠶᠢᠭᠤᠯᠵᠤ᠂ ᠪᠦᠭᠦ ᠤᠯᠤᠰ ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢ ᠠᠷᠠᠯᠵᠢᠶᠠᠯᠠᠬᠤ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠦᠷᠢᠳᠬᠡᠵᠦ ᠲᠣᠭᠠᠴᠠᠭ᠎ᠠ ᠬᠢᠬᠦ ᠠᠵᠢᠯ ᠢ ᠥᠷᠨᠢᠭᠦᠯᠵᠦ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠰᠢᠰᠲ᠋ᠧᠮ᠂ ᠨᠡᠭᠦᠷᠡᠰᠦᠲᠥ᠋ᠷᠥᠭᠴᠢ ᠶᠢᠨ ᠢᠯᠡᠳᠬᠡᠮᠵᠢ ᠲᠡᠮᠳᠡᠭ ᠤᠨ ᠭᠡᠷᠡᠴᠢᠯᠡᠯ ᠤᠨ ᠳᠦᠷᠢᠮ ᠢ ᠪᠠᠶᠢᠭᠤᠯᠵᠤ᠂ ᠨᠣᠭᠤᠭᠠᠨ ᠠᠷᠠᠯᠵᠢᠶᠠᠨ ᠤ ᠬᠤᠷᠢᠭ᠎ᠠ ᠰᠠᠭᠠᠳ ᠢ ᠢᠳᠡᠪᠬᠢᠲᠡᠢ ᠠᠷᠭᠠᠴᠠᠨ᠎ᠠ᠃ ᠡᠯᠡᠰᠦ᠂ ᠭᠤᠪᠢ᠂ ᠴᠥᠯ ᠭᠠᠵᠠᠷ ᠤᠨ ᠰᠢᠨ᠎ᠡ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ ᠢ ᠲᠦᠷᠭᠡᠯᠡᠨ ᠪᠠᠶᠢᠭᠤᠯᠵᠤ᠂ ᠳᠠᠯᠠᠢ ᠳᠡᠭᠡᠷᠡᠬᠢ ᠰᠠᠯᠬᠢᠨ ᠴᠠᠭᠢᠯᠭᠠᠨ ᠢ ᠬᠥᠭᠵᠢᠭᠦᠯᠵᠦ᠂ ᠲᠤᠬᠠᠢ ᠶᠢᠨ ᠭᠠᠵᠠᠷ ᠲᠤᠨᠢ ᠪᠠᠭᠲᠠᠭᠠᠨ ᠰᠢᠩᠭᠡᠭᠡᠬᠦ ᠪᠠ ᠭᠠᠳᠠᠭᠰᠢ ᠬᠦᠷᠭᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ᠎ᠡ᠃ ᠨᠡᠭᠦᠷᠡᠰᠦᠨ ᠴᠠᠭᠢᠯᠭᠠᠨ ᠢ ᠨᠡᠭᠦᠷᠡᠰᠦᠲᠥ᠋ᠷᠥᠭᠴᠢ ᠪᠠᠭᠠᠲᠠᠢ ᠪᠤᠯᠭᠠᠬᠤ ᠥᠭᠡᠷᠡᠴᠢᠯᠡᠯᠲᠡ ᠶᠢᠨ ᠲᠤᠷᠰᠢᠯᠲᠠ ᠶᠢᠨ ᠵᠢᠱᠢᠶ᠎ᠡ ᠦᠵᠡᠭᠦᠯᠭᠦ ᠠᠵᠢᠯ ᠢ ᠥᠷᠨᠢᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠬᠠᠮ ᠴᠢᠬᠤᠯᠠ ᠶᠡᠭᠡ ᠢᠨᠵᠧᠨᠧᠷᠢᠩ ᠢ ᠲᠥᠯᠥᠪᠵᠢᠭᠦᠯᠵᠦ᠂ ᠪᠦᠭᠦ ᠪᠥᠮᠪᠥᠷᠴᠡᠭ ᠤᠨ ᠣᠷᠴᠢᠨ ᠠᠬᠤᠢ ᠪᠠ ᠠᠭᠤᠷ ᠠᠮᠢᠰᠬᠤᠯ ᠤᠨ ᠵᠠᠰᠠᠯᠲᠠ ᠳᠤ ᠢᠳᠡᠪᠬᠢᠲᠡᠢ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠤᠨ᠎ᠠ᠃

     ︵ᠠᠷᠪᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠦᠭᠡᠮᠡᠯ ᠬᠠᠷᠠᠭᠠᠯᠵᠠᠯᠲᠤ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠤᠨ᠂ ᠠᠷᠠᠳ ᠤᠯᠠᠨ ᠤ ᠠᠰᠢᠭ ᠭᠥᠷᠳᠡᠭᠰᠡᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃

      ᠨᠡᠩ ᠶᠡᠭᠡ ᠡᠷᠴᠢᠮ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠨ᠎ᠡ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠪᠡᠯᠡ ᠮᠥᠩᠭᠦ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠭᠦᠢᠴᠡᠳ ᠠᠵᠢᠯ ᠣᠯᠭᠤᠯᠲᠠ ᠶᠢ ᠠᠬᠢᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠥᠷᠥᠯ᠂ ᠬᠤᠲᠠ ᠬᠥᠳᠡᠭᠡ ᠶᠢᠨ ᠦᠨᠳᠦᠰᠦᠨ ᠱᠠᠲᠤ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯ ᠣᠯᠭᠤᠯᠲᠠ ᠶᠢ ᠳᠡᠮᠵᠢᠬᠦ ᠲᠥᠯᠥᠪᠯᠡᠭᠡ ᠶᠢ ᠬᠡᠷᠡᠭᠵᠢᠭᠦᠯᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠠᠯᠳᠠᠯᠲᠠ ᠶᠢᠨ ᠳᠠᠭᠠᠳᠬᠠᠯ ᠢ ᠪᠤᠴᠠᠭᠠᠬᠤ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ᠂ ᠠᠵᠢᠯ ᠣᠯᠭᠤᠯᠲᠠ ᠶᠢᠨ ᠨᠥᠬᠦᠪᠦᠷᠢ ᠥᠭᠬᠦ ᠵᠡᠷᠭᠡ ᠲᠦᠷᠦ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠨ᠎ᠡ᠃ ᠭᠦᠳᠡᠯᠮᠦᠷᠢ ᠬᠤᠷᠠᠭᠰᠠᠨ ᠭᠡᠯᠪᠡᠷᠢ ᠶᠢᠨ ᠠᠵᠤ ᠦᠢᠯᠡᠰ ᠤᠨ ᠠᠵᠢᠯ ᠣᠯᠭᠤᠬᠤ ᠪᠠ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠲᠡᠮᠵᠢᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ ᠪᠠ ᠠᠵᠢᠯ ᠤᠨ ᠪᠠᠶᠢᠷᠢ ᠶᠢᠨ ᠰᠣᠯᠢᠭᠳᠠᠯ ᠢ ᠰᠠᠶᠢᠲᠤᠷ ᠨᠢᠭᠡᠳᠦᠯᠲᠡᠢ ᠲᠥᠯᠥᠪᠯᠡᠨ᠂ ᠠᠵᠢᠯ ᠣᠯᠭᠤᠬᠤ ᠰᠢᠨ᠎ᠡ ᠲᠣᠭᠢᠶᠠᠯ ᠢ ᠡᠭᠦᠳᠦᠨ᠎ᠡ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠬᠴᠢᠳ ᠵᠡᠷᠭᠡ ᠵᠠᠯᠠᠭᠤᠴᠤᠳ ᠤᠨ ᠠᠵᠢᠯ ᠣᠯᠬᠤ ᠠᠳᠠᠯ ᠦᠢᠯᠡᠰ ᠴᠣᠭᠴᠠᠯᠠᠬᠤ ᠠᠷᠭ᠎ᠠ ᠵᠠᠮ ᠢ ᠥᠷᠭᠡᠳᠬᠡᠵᠦ᠂ ᠴᠡᠷᠢᠭ ᠤᠨ ᠠᠯᠪᠠ ᠠᠴᠠ ᠪᠠᠭᠤᠭᠰᠠᠳ ᠢ ᠲᠥᠪᠬᠢᠨᠡᠭᠦᠯᠬᠦ ᠪᠠ ᠳᠡᠳᠡᠨ ᠳᠤ ᠠᠵᠢᠯ ᠣᠯᠭᠤᠬᠤ ᠦᠢᠯᠡᠴᠢᠯᠡᠭᠡ ᠶᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠪᠣᠯᠣᠨ ᠬᠥᠯᠥᠰᠦᠨ ᠠᠵᠢᠯᠴᠢᠨ ᠳᠤ ᠠᠵᠢᠯ ᠣᠯᠭᠤᠬᠤ ᠶᠢ ᠠᠬᠢᠭᠤᠯᠵᠤ᠂ ᠨᠠᠰᠤ ᠠᠬᠢᠭᠰᠠᠳ᠂ ᠵᠡᠮᠳᠡᠭᠴᠦᠳ᠂ ᠨᠡᠯᠢᠶᠡᠳ ᠤᠷᠲᠤ ᠬᠤᠭᠤᠴᠠᠭ᠎ᠠ ᠪᠠᠷ ᠠᠵᠢᠯ ᠠᠯᠳᠠᠭᠰᠠᠳ ᠵᠡᠷᠭᠡ ᠠᠵᠢᠯ ᠣᠯᠬᠤ ᠳᠤ ᠬᠦᠴᠢᠷᠳᠡᠯ ᠲᠠᠢ ᠬᠠᠮᠲᠤᠯᠢᠭ ᠢ ᠬᠠᠪᠰᠤᠷᠤᠨ ᠲᠡᠳᠬᠦᠬᠦ ᠶᠢ ᠴᠢᠩᠭᠠᠳᠬᠠᠨ᠎ᠠ᠃ ᠠᠮᠢᠳᠤᠯᠢᠭ ᠢᠶᠠᠷ ᠠᠵᠢᠯ ᠣᠯᠣᠭᠰᠠᠨ ᠪᠠ ᠰᠢᠨ᠎ᠡ ᠭᠡᠯᠪᠡᠷᠢ ᠪᠠᠶᠢᠳᠠᠯ ᠢᠶᠠᠷ ᠠᠵᠢᠯ ᠣᠯᠣᠭᠰᠠᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠬᠥᠨᠥᠭᠡᠯ ᠤᠨ ᠲᠤᠬᠠᠢ ᠪᠠᠲᠤᠯᠠᠭ᠎ᠠ ᠶᠢᠨ ᠲᠤᠷᠰᠢᠯᠲᠠ ᠶᠢ ᠥᠷᠭᠡᠳᠬᠡᠬᠦ ᠶᠢ ᠠᠬᠢᠭᠤᠯᠤᠨ᠎ᠠ᠃ ᠬᠥᠳᠡᠯᠮᠦᠷᠢᠴᠢᠳ ᠤᠨ ᠴᠠᠯᠢᠩ ᠢ ᠥᠭᠬᠦ ᠶᠢ ᠦᠨᠡᠨ ᠬᠦ ᠪᠠᠲᠤᠯᠠᠵᠤ᠂ ᠴᠠᠯᠢᠩ ᠢ ᠬᠤᠶᠢᠰᠢᠯᠠᠭᠤᠯᠤᠨ ᠥᠷᠢᠲᠦᠭᠰᠡᠨ ᠢ ᠢᠯᠭᠠᠷᠠᠭᠤᠯᠤᠨ ᠴᠡᠭᠴᠡᠯᠡᠵᠦ᠂ ᠠᠵᠢᠯ ᠣᠯᠭᠤᠯᠲᠠ ᠶᠢᠨ ᠡᠯ᠎ᠡ ᠲᠦᠷᠦᠯ ᠤᠨ ᠭᠠᠳᠠᠭᠤᠷᠴᠢᠯᠠᠯ ᠢ ᠡᠷᠡᠰ ᠵᠠᠯᠠᠷᠠᠭᠤᠯᠤᠨ᠎ᠠ᠃ ᠶᠡᠭᠡ ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠭᠦ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ ᠤᠨ ᠲᠤᠲᠠᠭᠳᠠᠵᠤ ᠪᠠᠶᠢᠭ᠎ᠠ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠤᠷ᠎ᠠ ᠴᠢᠳᠠᠪᠤᠷᠢ ᠪᠠᠷ ᠤᠳᠤᠷᠢᠳᠤᠮᠵᠢ ᠪᠤᠯᠭᠠᠬᠰᠠᠨ ᠴᠠᠯᠢᠩ ᠬᠥᠯᠥᠰᠦ ᠶᠢᠨ ᠬᠤᠪᠢᠶᠠᠷᠢᠯᠠᠯᠲᠠ ᠶᠢᠨ ᠳᠦᠷᠢᠮ ᠢ ᠲᠦᠷᠭᠡᠯᠡᠨ ᠪᠠᠶᠢᠭᠤᠯᠵᠤ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠤ ᠬᠠᠷᠠᠭᠠᠯᠵᠠᠯ ᠤᠨ ᠲᠦᠪᠰᠢᠨ ᠢ ᠳᠡᠭᠡᠭᠰᠢᠯᠡᠭᠦᠯᠦᠨ᠂ ᠢᠯᠡᠭᠦᠦ ᠬᠥᠳᠡᠯᠮᠦᠷᠢᠯᠡᠭᠰᠡᠳ ᠨᠢ ᠢᠯᠡᠭᠦᠦ ᠣᠯᠬᠤ᠂ ᠮᠡᠷᠭᠡᠵᠢᠯ ᠰᠠᠶᠢᠨ ᠨᠢ ᠢᠯᠡᠭᠦᠦ ᠣᠯᠬᠤ᠂ ᠰᠢᠨ᠎ᠡ ᠶᠢ ᠡᠭᠦᠳᠦᠭᠰᠡᠳ ᠨᠢ ᠢᠯᠡᠭᠦᠦ ᠣᠯᠬᠤ ᠪᠣᠯᠭᠠᠨ᠎ᠠ᠃

      ᠦᠨᠳᠦᠰᠦᠨ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠡᠷᠡᠭᠦᠯ ᠮᠡᠨᠳᠦ ᠶᠢ ᠲᠡᠷᠢᠭᠦᠨ ᠳᠤ ᠲᠠᠯᠪᠢᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠨᠡᠯᠭᠡ᠂ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠶᠢ ᠠᠬᠢᠭᠤᠯᠤᠨ᠎ᠠ᠃ ᠨᠡᠶᠢᠲᠡ ᠶᠢᠨ ᠠᠰᠠᠷᠠᠮᠵᠢ ᠶᠢᠨ ᠴᠢᠨᠠᠷ ᠢᠶᠠᠷ ᠤᠳᠤᠷᠢᠳᠤᠮᠵᠢ ᠪᠤᠯᠭᠠᠬᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ  ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠣᠨ ᠲᠤᠭ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠶᠢ ᠠᠬᠢᠭᠤᠯᠵᠤ᠂ ᠡᠮᠴᠢᠯᠡᠭᠡᠨ ᠤ ᠦᠢᠯᠡᠴᠢᠯᠡᠭᠡ ᠪᠠᠷ ᠭᠤᠣᠯ ᠤᠳᠤᠷᠢᠳᠤᠮᠵᠢ ᠪᠤᠯᠭᠠᠬᠰᠠᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠵᠤ᠂ ᠴᠠᠯᠢᠩ ᠬᠥᠯᠥᠰᠦ ᠶᠢᠨ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠪᠦᠲᠦᠮᠵᠢ ᠶᠢᠨ ᠬᠢᠨᠠᠨ ᠰᠢᠯᠭᠠᠯᠲᠠ ᠶᠢ ᠰᠢᠯᠢᠳᠡᠭᠵᠢᠭᠦᠯᠦᠨ᠎ᠡ᠃ ᠡᠪᠡᠳᠴᠢᠲᠡᠨ ᠤ ᠥᠷᠥᠭᠡ ᠪᠠ ᠣᠨᠣᠰᠢᠯᠠᠨ ᠡᠮᠴᠢᠯᠡᠬᠦ ᠨᠥᠬᠦᠴᠡᠯ ᠢ ᠰᠠᠶᠢᠵᠢᠷᠠᠭᠤᠯᠵᠤ᠂ ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ᠃ ᠴᠢᠨᠠᠷ ᠰᠠᠶᠢᠲᠠᠢ ᠡᠮᠴᠢᠯᠡᠭᠡᠨ ᠤ ᠡᠬᠢ ᠪᠠᠶᠠᠯᠢᠭ ᠤᠨ ᠬᠡᠪᠴᠢᠶ᠎ᠡ ᠶᠢ ᠥᠷᠭᠡᠳᠬᠡᠵᠦ ᠳᠣᠷᠣᠭᠰᠢ ᠪᠠᠭᠤᠯᠭᠠᠬᠤ ᠪᠠ ᠣᠷᠣᠨ ᠪᠦᠰᠡ ᠳᠤ ᠲᠡᠩᠴᠡᠭᠦᠷᠢᠲᠡᠢ ᠪᠠᠶᠢᠷᠢᠯᠠᠭᠤᠯᠬᠤ ᠶᠢ ᠠᠬᠢᠭᠤᠯᠵᠤ᠂ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠰᠤᠪᠢᠯᠠᠯᠲᠠ᠂ ᠬᠡᠦᠬᠡᠳ ᠤᠨ ᠰᠠᠯᠠᠭ᠎ᠠ᠂ ᠡᠪᠡᠳᠴᠢᠨ ᠤ ᠵᠦᠢ᠂ ᠶᠡᠷᠦᠩᠬᠡᠢ ᠰᠠᠯᠠᠭ᠎ᠠ᠂ ᠨᠠᠰᠤᠲᠠᠶᠢᠴᠤᠳ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠣᠶᠣᠨ ᠮᠡᠳᠡᠷᠡᠯ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠳᠬᠠᠨ᠂ ᠠᠷᠠᠳ ᠣᠯᠠᠨ ᠢ ᠨᠠᠩ ᠰᠠᠨᠠᠭ᠎ᠠ ᠠᠮᠤᠷ ᠡᠮ ᠬᠡᠷᠡᠭᠯᠡᠬᠦ ᠪᠣᠯᠭᠠᠨ᠎ᠠ᠃ ᠡᠮ ᠤᠨ ᠵᠦᠢᠯ ᠤᠨ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠦᠭᠰᠡᠨ ᠡᠮ ᠤᠨ ᠭᠠᠷᠴᠠᠭ ᠢ ᠲᠣᠭᠲᠠᠭᠠᠨ᠂ ᠰᠢᠨ᠎ᠡ ᠶᠢ ᠡᠭᠦᠳᠦᠭᠰᠡᠨ ᠡᠮ ᠪᠠ ᠡᠮᠴᠢᠯᠡᠭᠡᠨ ᠤ ᠲᠤᠨᠤᠭ ᠲᠥᠬᠦᠭᠡᠷᠦᠮᠵᠢ ᠶᠢᠨ ᠬᠥᠭᠵᠢᠯᠲᠡ ᠶᠢ ᠳᠡᠮᠵᠢᠨ᠎ᠡ᠃ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠶᠢᠨ ᠦᠢᠯᠡᠰ ᠪᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠪᠠ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠵᠠᠷᠤᠳᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠶᠢ ᠲᠣᠰ ᠲᠤᠰ ᠲᠠᠭᠢᠭᠠᠳ 30 ᠲᠥᠭᠦᠷᠢᠭ ᠪᠠ 5 ᠲᠥᠭᠦᠷᠢᠭ ᠳᠡᠭᠡᠭᠰᠢᠯᠡᠭᠦᠯᠦᠨ᠎ᠡ᠃ ᠦᠨᠳᠦᠰᠦᠨ ᠡᠮᠨᠡᠯᠭᠡ ᠶᠢᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ ᠯᠠᠪᠳᠠᠭᠤᠨ ᠢᠶᠠᠷ ᠠᠬᠢᠭᠤᠯᠵᠤ᠂ ᠦᠨᠳᠦᠰᠦᠨ ᠡᠮᠨᠡᠯᠭᠡ ᠶᠢᠨ ᠳᠠᠭᠠᠳᠬᠠᠯ ᠤᠨ ᠪᠡᠯᠡ ᠴᠤᠭᠯᠠᠭᠤᠯᠬᠤ ᠪᠠ ᠬᠠᠷᠠᠭᠠᠯᠵᠠᠯ ᠢ ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠡᠮᠨᠡᠯᠭᠡ ᠶᠢᠨ ᠳᠠᠭᠠᠳᠬᠠᠯ ᠤᠨ ᠵᠣᠭᠤᠰ ᠲᠥᠯᠥᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠤᠨ᠎ᠠ᠃ ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠥᠭᠰᠥᠭᠦᠯᠦᠨ ᠨᠡᠬᠡᠮᠵᠢᠯᠡᠬᠦ ᠲᠣᠭᠲᠠᠴᠠ ᠶᠢ ᠪᠦᠭᠦ ᠲᠠᠯ᠎ᠠ ᠪᠠᠷ ᠪᠠᠶᠢᠭᠤᠯᠵᠤ᠂ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠮᠥᠩᠭᠦ‍ ᠨᠢᠭᠡ ᠪᠦᠷᠢ ᠶᠢ ᠴᠥᠮ ᠠᠷᠠᠳ ᠲᠦᠮᠡᠨ ᠤ ᠡᠷᠡᠭᠦᠯ ᠮᠡᠨᠳᠦ ᠠᠵᠠ ᠵᠢᠷᠭᠠᠯ ᠢ ᠨᠡᠮᠡᠭᠳᠡᠭᠦᠯᠬᠦ ᠳᠤ ᠬᠡᠷᠡᠭᠯᠡᠭᠦᠯᠦᠨ᠎ᠡ᠃

      ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ ᠳᠠᠭᠢᠭᠠᠳ 20 ᠲᠥᠭᠦᠷᠢᠭ ᠳᠡᠭᠡᠭᠰᠢᠯᠡᠭᠦᠯᠵᠦ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠵᠣᠬᠢᠰᠲᠠᠢ ᠳᠡᠭᠡᠭᠰᠢᠯᠡᠭᠦᠯᠦᠨ᠎ᠡ᠃ ᠭᠤᠷᠪᠠᠳᠤᠭᠠᠷ ᠲᠤᠯᠭᠠᠭᠤᠷᠢᠯᠠᠯ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠦᠷᠭᠡᠯᠡᠨ ᠬᠥᠭᠵᠢᠭᠦᠯᠵᠦ᠂ ᠬᠤᠪᠢ ᠬᠥᠮᠥᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠳᠦᠷᠢᠮ ᠢ ᠰᠠᠶᠢᠲᠤᠷ ᠬᠡᠷᠡᠭᠵᠢᠭᠦᠯᠦᠨ᠎ᠡ᠃ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠬᠥᠭᠵᠢᠭᠦᠯᠬᠦ ᠲᠦᠷᠦ ᠶᠢᠨ ᠪᠣᠳᠣᠯᠭ᠎ᠠ ᠲᠣᠭᠲᠠᠴᠠ ᠶᠢ ᠲᠡᠭᠦᠯᠳᠡᠷᠵᠢᠭᠦᠯᠵᠦ᠂ ᠪᠤᠭᠤᠷᠤᠯᠴᠤᠳ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠣᠶᠤᠨᠴᠢ ᠨᠠᠰᠤᠵᠢᠯ ᠤᠨ ᠠᠰᠠᠷᠠᠮᠵᠢ ᠶᠢ ᠲᠦᠷᠭᠡᠨ ᠬᠥᠭᠵᠢᠭᠦᠯᠦᠨ᠎ᠡ᠃ ᠨᠡᠶᠢᠭᠡᠮ ᠲᠣᠭᠤᠷᠢᠭ ᠠᠴᠠ ᠳᠡᠮᠵᠢᠬᠦ ᠨᠠᠰᠤᠲᠠᠶᠢᠴᠤᠳ ᠢ ᠭᠡᠷ ᠲᠤᠨᠢ ᠠᠰᠠᠷᠠᠬᠤ ᠦᠢᠯᠡᠴᠢᠯᠡᠭᠡ ᠶᠢ ᠠᠬᠢᠭᠤᠯᠵᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠨ ᠠᠰᠠᠷᠠᠬᠤ ᠶᠢ ᠴᠢᠩᠭᠠᠳᠬᠠᠵᠤ᠂ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠮᠵᠢ ᠥᠵᠡᠭᠦᠯᠭᠦ ᠦᠢᠯᠡᠴᠢᠯᠡᠭᠡ᠂ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠢ ᠬᠤᠳᠠᠯᠳᠤᠨ ᠠᠪᠬᠤ ᠪᠠ ᠲᠦᠷᠢᠶᠡᠰᠦᠯᠡᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠲᠦᠷᠭᠡᠯᠡᠨ ᠪᠠᠶᠢᠭᠤᠯᠤᠨ᠎ᠠ᠃ ᠦᠷᠡᠵᠢᠯ ᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠡᠦᠬᠡᠳ ᠪᠣᠶᠢᠵᠢᠭᠤᠯᠬᠤ ᠨᠥᠬᠦᠪᠦᠷᠢ ᠣᠯᠭᠤᠵᠤ᠂ ᠬᠡᠦᠬᠡᠳ ᠰᠠᠭᠠᠲᠠᠭᠤᠯᠬᠤ ᠭᠠᠵᠠᠷ ᠪᠠ ᠬᠡᠦᠬᠡᠳ ᠤᠨ ᠴᠡᠴᠡᠷᠯᠢᠭ ᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ ᠶᠡᠭᠡ ᠪᠠᠷ ᠬᠥᠭᠵᠢᠭᠦᠯᠦᠨ᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠭᠤᠵᠤ ᠠᠮᠠᠷᠠᠬᠤ ᠨᠠᠰᠤ ᠶᠢ ᠠᠭᠠᠵᠢᠮ ᠢᠶᠠᠷ ᠱᠠᠲᠤᠯᠠᠨ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠲᠣᠬᠢᠲᠠᠢ ᠬᠡᠷᠡᠭᠵᠢᠭᠦᠯᠦᠨ᠎ᠡ᠃ ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ᠂ ᠴᠡᠷᠢᠭ ᠤᠨ ᠠᠯᠪᠠ ᠠᠴᠠ ᠪᠠᠭᠤᠭᠰᠠᠳ ᠪᠠ ᠪᠤᠰᠤᠳ ᠠᠰᠠᠷᠠᠨ ᠬᠠᠷᠠᠭᠠᠯᠵᠠᠭᠳᠠᠬᠤ ᠡᠲᠡᠭᠡᠳ ᠤᠨ ᠬᠠᠷᠠᠭᠠᠯᠵᠠᠯ ᠠᠰᠠᠷᠠᠮᠵᠢ ᠶᠢᠨ ᠠᠵᠢᠯ ᠢ ᠰᠠᠶᠢᠲᠤᠷ ᠬᠢᠨ᠎ᠡ᠃ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ ᠬᠡᠦᠬᠡᠳ ᠪᠠ ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠲᠤ ᠬᠠᠶᠢᠷ᠎ᠠ ᠬᠠᠯᠠᠮᠵᠢ ᠬᠦᠷᠲᠡᠭᠡᠬᠦ ᠦᠢᠯᠡᠴᠢᠯᠡᠭᠡ ᠶᠢ ᠴᠢᠩᠭᠠᠳᠬᠠᠨ᠎ᠠ᠃ ᠬᠦᠨᠳᠦ ᠵᠡᠮᠳᠡᠭᠴᠦᠳ ᠢ ᠨᠠᠶᠢᠳᠠᠨ ᠠᠰᠠᠷᠠᠭᠤᠯᠬᠤ ᠬᠠᠷᠠᠭᠠᠯᠵᠠᠨ ᠰᠤᠪᠢᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠵᠡᠮᠳᠡᠭᠷᠡᠬᠦ ᠶᠢ ᠤᠷᠢᠳᠴᠢᠯᠠᠨ ᠰᠡᠷᠭᠡᠶᠢᠯᠡᠬᠦ ᠪᠠ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠭᠦᠯᠤᠨ᠎ᠠ᠃ ᠣᠷᠣᠯᠭ᠎ᠠ ᠪᠠᠭᠠᠲᠠᠢ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠬᠡᠮᠵᠢᠬᠦ ᠪᠠ ᠪᠠᠶᠢᠩᠭᠤ ᠶᠢᠨ ᠴᠢᠨᠠᠷᠲᠠᠢ ᠪᠠᠷ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠱᠠᠲᠤ ᠬᠤᠪᠢᠶᠠᠵᠤ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃

      ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠤ ᠡᠭᠦᠳᠦᠨ ᠪᠠᠶᠢᠭᠤᠯᠤᠯᠲᠠ ᠪᠠ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ᠂ ᠰᠣᠨᠢᠨ ᠮᠡᠳᠡᠭᠡᠯᠡᠯ ᠬᠡᠪᠯᠡᠯ᠂ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠤᠳᠬ᠎ᠠ ᠵᠣᠬᠢᠶᠠᠯ ᠤᠷᠠᠯᠢᠭ ᠪᠠ ᠳᠠᠩᠰᠠ ᠡᠪᠬᠡᠮᠡᠯ ᠵᠡᠷᠭᠡ ᠶᠢᠨ ᠦᠢᠯᠡᠰ ᠢ ᠬᠥᠭᠵᠢᠭᠦᠯᠵᠦ᠂ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠷᠠᠳ ᠨᠡᠶᠢᠲᠡ ᠪᠠᠷ ᠢᠶᠠᠨ ᠨᠣᠮ ᠤᠩᠰᠢᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ᠎ᠡ᠃ ᠨᠠᠰᠤᠨ ᠳᠤ ᠦᠯᠦ ᠭᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠤᠨ᠎ᠠ᠃ ᠰᠦᠯᠵᠢᠶᠡᠨ ᠤ ᠠᠮᠢ ᠠᠬᠤᠢ ᠶᠢᠨ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠢᠳᠡᠪᠬᠢᠲᠡᠢ ᠪᠥᠭᠡᠳ ᠡᠷᠡᠭᠦᠯ ᠰᠠᠷᠠᠭᠤᠯ ᠰᠦᠯᠵᠢᠶᠡᠨ ᠤ ᠰᠣᠶᠣᠯ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠰᠦᠯᠵᠢᠶᠡᠨ ᠤ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ ᠰᠢᠭᠤᠳ ᠬᠦᠷᠭᠡᠬᠦ ᠶᠢ ᠠᠬᠢᠭᠤᠯᠤᠨ᠎ᠠ᠃ ᠰᠣᠶᠣᠯ ᠤᠨ ᠠᠵᠤ ᠦᠢᠯᠡᠰ ᠤᠨ ᠰᠢᠰᠲ᠋ᠧᠮ ᠪᠠ ᠵᠠᠬ᠎ᠠ ᠳᠡᠯᠭᠡᠭᠦᠷ ᠤᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠭᠡᠯᠪᠡᠷᠢ ᠶᠢᠨ ᠰᠣᠶᠣᠯ ᠤᠨ ᠡᠵᠡᠩᠨᠡᠯᠲᠡ ᠶᠢᠨ ᠭᠡᠯᠪᠡᠷᠢ ᠪᠠᠶᠢᠳᠠᠯ ᠢ ᠲᠦᠷᠭᠡᠯᠡᠨ ᠬᠥᠭᠵᠢᠭᠦᠯᠵᠦ᠂ᠵᠢᠭᠤᠯᠴᠢᠯᠠᠯ ᠤᠨ ᠦᠢᠯᠡᠰ ᠢ ᠶᠡᠭᠡ ᠪᠠᠷ ᠬᠥᠭᠵᠢᠭᠦᠯᠦᠨ᠎ᠡ᠃ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠪᠠ ᠬᠠᠭᠤᠴᠢ ᠰᠤᠳᠤᠯᠤᠯ ᠤᠨ ᠰᠤᠳᠤᠯᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠠᠨ ᠤᠯᠤᠰ ᠤᠨ ᠬᠥᠮᠥᠨ ᠨᠡᠶᠢᠭᠡᠮ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠤᠯᠠᠨ ᠤᠯᠤᠰ ᠲᠤ ᠤᠯᠠᠮᠵᠢᠯᠠᠨ ᠲᠠᠷᠬᠠᠭᠠᠬᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢᠨ ᠪᠠᠶᠢᠭᠤᠯᠤᠯ ᠪᠠ ᠠᠵᠢᠯᠯᠠᠭᠠᠨ ᠤ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠷᠪᠠᠨ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ ᠳᠡᠯᠡᠬᠡᠢ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠨ᠎ᠠ᠃ ᠮᠥᠰᠥ ᠴᠠᠰᠤᠨ ᠳᠡᠭᠡᠷᠡᠬᠢ ᠬᠥᠳᠡᠯᠭᠡᠭᠡᠨ ᠪᠠ ᠮᠥᠰᠥ ᠴᠠᠰᠤᠨ ᠤ ᠠᠵᠤ ᠠᠬᠤᠢ ᠶᠢ ᠢᠳᠡᠪᠬᠢᠲᠡᠢ ᠬᠥᠭᠵᠢᠭᠦᠯᠦᠨ᠎ᠡ᠃ ᠣᠯᠠᠨ ᠲᠦᠮᠡᠨ ᠤ ᠳᠡᠷᠭᠡᠳᠡᠬᠢ ᠬᠥᠳᠡᠯᠭᠡᠭᠡᠨ ᠤ ᠲᠠᠯᠠᠪᠤᠷ ᠭᠠᠵᠠᠷ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠷᠠᠳ ᠨᠡᠶᠢᠳᠡ ᠶᠢᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨᠴᠢ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠲᠦᠭᠡᠮᠡᠯᠵᠢᠭᠦᠯᠬᠦ ᠪᠠ ᠡᠷᠡᠭᠦᠯ ᠮᠠᠡᠳᠥ ᠶᠢᠨ ᠪᠠᠶᠢᠳᠠᠯ ᠳᠤ ᠭᠠᠷ ᠲᠦᠷᠦᠭᠦ ᠶᠢ ᠴᠢᠩᠭᠠᠳᠬᠠᠵᠤ᠂ ᠵᠠᠯᠠᠭᠤ ᠨᠢᠭᠡ ᠦᠶ᠎ᠡ ᠶᠢᠨ ᠬᠢᠨ ᠢ ᠬᠥᠳᠡᠯᠭᠡᠭᠡᠨ ᠤ ᠳᠤᠮᠳᠠ ᠵᠣᠷᠢᠭ ᠢ ᠨᠢ ᠴᠢᠩᠭᠠᠷᠠᠭᠤᠯᠤᠨ ᠪᠡᠶ᠎ᠡ ᠶᠢ ᠨᠢ ᠴᠢᠭᠢᠷᠠᠭᠵᠢᠭᠤᠯᠵᠤ ᠰᠡᠳᠬᠢᠯ ᠢ ᠨᠢ ᠰᠠᠷᠠᠭᠤᠯᠵᠢᠭᠤᠯᠤᠨ᠎ᠠ᠃

      ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠤᠯᠤᠰ ᠤᠨ ᠶᠡᠷᠦᠩᠬᠡᠢ ᠴᠣᠭᠴᠠ ᠶᠢᠨ ᠠᠮᠤᠷ ᠲᠦᠪᠰᠢᠨ ᠤ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠤᠯᠠᠨ ᠨᠡᠶᠢᠲᠡ ᠶᠢᠨ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠰᠠᠭᠤᠷᠢ ᠪᠠ ᠬᠦᠴᠦᠨ ᠢ ᠴᠢᠩᠭᠠᠳᠬᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠦᠨᠳᠦᠰᠦ ᠰᠤᠷᠪᠤᠯᠵᠢ ᠠᠴᠠ ᠨᠢ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠶᠤᠯ ᠦᠭᠡᠢ ᠦᠢᠯᠡᠳᠪᠦᠷᠢᠯᠡᠯ ᠤᠨ ᠲᠦᠭᠰᠢᠭᠦᠷᠢ ᠶᠢ ᠰᠠᠮᠨᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠭᠡᠨ ᠤ ᠵᠦᠢᠯ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠰᠤᠷᠭᠠᠭᠤᠯᠢ ᠶᠢᠨ ᠬᠦᠷᠢᠶᠡᠨ ᠤ ᠰᠤᠷᠤᠬᠴᠢᠳ ᠤᠨ ᠬᠤᠭᠤᠯᠠ᠂ ᠲᠠᠪᠴᠠᠩ ᠤᠨ ᠵᠠᠬᠢᠶᠠᠯᠠᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠴᠠᠭ ᠠᠭᠤᠷ ᠤᠨ ᠦᠢᠯᠡᠴᠢᠯᠡᠭᠡ ᠶᠢ ᠴᠢᠩᠭᠠᠳᠬᠠᠨ᠎ᠠ᠃ ᠦᠶᠡᠷ ᠤᠰᠤᠲᠤᠯ᠂ ᠭᠠᠩ ᠬᠠᠭᠰᠠᠷᠠᠭᠠᠨ᠂ ᠲᠠᠶᠢᠹᠧᠩ ᠰᠠᠯᠬᠢ᠂ ᠣᠢ ᠰᠢᠭᠤᠢ ᠨᠤᠲᠤᠭ ᠪᠡᠯᠴᠢᠭᠡᠷ ᠤᠨ ᠲᠦᠢᠮᠡᠷ᠂ ᠭᠠᠵᠠᠷ ᠤᠨ ᠭᠠᠢ ᠭᠠᠮᠰᠢᠭ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠠᠵᠢᠯ ᠢ ᠰᠠᠶᠢᠲᠤᠷ ᠬᠢᠨ᠎ᠡ᠃ ᠲᠥᠪᠡᠳ ᠤᠨ ᠲᠢᠩᠷᠢ ᠰᠢᠶᠠᠨ ᠤ ᠭᠠᠵᠠᠷ ᠬᠥᠳᠡᠯᠦᠯᠲᠡ ᠶᠢᠨ ᠭᠠᠮᠰᠢᠭ ᠤᠨ ᠳᠠᠷᠠᠭᠠᠬᠢ ᠰᠡᠷᠭᠦᠭᠡᠵᠦ ᠳᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠭᠤᠣᠯᠳᠠᠯᠭ᠎ᠠ ᠲᠠᠢ ᠭᠠᠵᠠᠷ ᠣᠷᠣᠨ ᠤ ᠭᠡᠷ ᠪᠠᠶᠢᠰᠢᠩ᠂ ᠰᠠᠭᠤᠷᠢ ᠲᠥᠬᠦᠭᠡᠷᠦᠮᠵᠢ ᠶᠢᠨ ᠭᠠᠵᠠᠷ ᠬᠥᠳᠡᠯᠦᠯᠲᠡ ᠶᠢ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠬᠤᠲᠠ ᠬᠥᠳᠡᠭᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠦᠢᠯᠡᠴᠢᠯᠡᠭᠡ ᠬᠠᠮᠢᠶᠠᠷᠤᠯᠲᠠ ᠶᠢᠨ ᠬᠦᠴᠦᠨ ᠢ ᠴᠢᠩᠭᠠᠳᠬᠠᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠥᠮᠦᠯᠢᠭ ᠠᠪᠤᠷᠠᠨ ᠲᠤᠰᠠᠯᠠᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠦᠢᠯᠡᠰ ᠵᠡᠷᠭᠡ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠤᠭᠤᠳᠴᠤ ᠳᠡᠮᠵᠢᠨ᠎ᠡ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ ᠶᠡᠷᠦᠩᠬᠡᠶᠢᠯᠡᠨ ᠵᠠᠰᠠᠬᠤ ᠲᠥᠪ ᠢ ᠵᠢᠷᠤᠮᠵᠢᠭᠤᠯᠬᠤ ᠪᠠᠶᠢᠭᠤᠯᠤᠯᠲᠠ ᠶᠢ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠶᠢ ᠦᠷᠭᠦᠯᠵᠢᠯᠡᠨ ᠠᠬᠢᠭᠤᠯᠵᠤ᠂ ᠨᠡᠶᠢᠭᠡᠮ ᠤᠨ ᠵᠥᠷᠢᠴᠡᠯ ᠪᠠ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠴᠢᠨᠠᠭᠰᠢᠳᠠ ᠴᠢᠩᠭᠠᠳᠬᠠᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠨ᠂ ᠴᠤᠬᠤᠶᠢᠯᠳᠡ ᠶᠢᠨ ᠪᠠᠶᠢᠳᠠᠯ ᠳᠤᠨᠢ ᠠᠷᠢᠯᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠡᠩᠴᠡᠭᠦᠷᠢᠲᠦ ᠴᠢᠨᠠᠷ ᠪᠠ ᠭᠦᠷᠳᠡᠭᠦ᠋ᠢᠴᠡ ᠴᠢᠨᠠᠷ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠰᠡᠳᠬᠢᠴᠡ ᠶᠢᠨ ᠦᠢᠯᠡᠴᠢᠯᠡᠭᠡᠨ ᠤ ᠰᠢᠰᠲ᠋ᠧᠮ ᠪᠠ ᠰᠡᠳᠬᠢᠴᠡ ᠶᠢᠨ ᠬᠢᠮᠤᠷᠠᠯ ᠳᠤ ᠭᠠᠷ ᠲᠦᠷᠦᠭᠦ ᠲᠣᠭᠲᠠᠴᠠ ᠶᠢ ᠪᠦᠷᠢᠨᠰᠢᠭᠦᠯᠵᠦ᠂ ᠪᠡᠶ᠎ᠡ ᠪᠠᠨ ᠭᠦᠨᠳᠦᠳᠭᠡᠵᠦ ᠪᠡᠶ᠎ᠡ ᠪᠠᠨ ᠢᠲᠡᠭᠡᠬᠦ᠂ ᠣᠶᠤᠨᠴᠢ ᠡᠶᠡᠯᠳᠡᠭ᠂ ᠢᠳᠡᠪᠬᠢ ᠥᠭᠡᠳᠡᠷᠬᠡᠭ ᠨᠡᠶᠢᠭᠡᠮ ᠨᠡᠶᠢᠳᠡ ᠶᠢᠨ ᠰᠠᠨᠠᠭ᠎ᠠ ᠰᠡᠳᠬᠢᠯ ᠤᠨ ᠪᠠᠶᠢᠳᠠᠯ ᠢ ᠪᠣᠶᠢᠵᠢᠭᠤᠯᠤᠨ᠎ᠠ᠃ ᠨᠡᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠨᠡᠶᠢᠭᠡᠮ ᠤᠨ ᠠᠮᠤᠷ ᠲᠦᠪᠰᠢᠨ ᠢ ᠪᠦᠬᠦᠯᠢ ᠴᠣᠭᠴᠠ ᠪᠠᠷ ᠨᠢ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠷ᠎ᠠ ᠬᠠᠷᠭᠢᠰ ᠬᠦᠴᠦᠨ᠂ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠠᠮᠤᠷ ᠵᠢᠮᠤᠷ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ ᠪᠠᠲᠤᠯᠠᠨ᠎ᠠ᠃

      ᠡᠨᠡ ᠵᠢᠯ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠪᠣᠯᠣᠨ᠎ᠠ᠃ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠰᠢᠨ᠎ᠡ ᠱᠠᠲᠤ ᠥᠶᠡᠴᠢ ᠴᠢᠨᠠᠷᠲᠠᠢ ᠣᠨᠴᠠᠯᠢᠭ ᠢ ᠭᠦᠨᠵᠡᠭᠡᠢ ᠵᠠᠳᠠᠯᠵᠤ᠂ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠤᠨ ᠲᠥᠰᠥᠯ ᠢ ᠰᠠᠶᠢᠲᠤᠷ ᠤᠬᠠᠭᠠᠯᠠᠨ ᠲᠥᠯᠥᠪᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠭᠦ ᠲᠥᠯᠦᠪᠵᠢᠭᠦᠯᠭᠡ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠡᠩ ᠰᠠᠶᠢᠨ ᠪᠠᠳᠠᠷᠠᠭᠤᠯᠬᠤ ᠬᠡᠷᠡᠭᠲᠡᠢ᠃

      ᠰᠢᠨ᠎ᠡ ᠰᠢᠯᠭᠠᠯᠲᠠ ᠶᠢ ᠠᠷᠭᠠᠴᠠᠵᠤ᠂ ᠰᠢᠨ᠎ᠡ ᠡᠭᠦᠷᠭᠡ ᠶᠢ ᠪᠡᠶᠡᠯᠡᠭᠦᠯᠬᠦ ᠨᠢ ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠵᠠᠰᠠᠭ ᠤᠨ ᠣᠷᠳᠣᠨ ᠤ ᠠᠵᠢᠯᠲᠠᠨ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠥᠪ ᠬᠤᠷᠢᠶ᠎ᠠ ᠶᠢᠨ  ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠰᠠᠭ ᠤᠨ ᠣᠷᠳᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠠᠬᠢᠭᠤᠯᠤᠨ᠎ᠠ᠃ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠨ᠎ᠠ᠃

      ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠨ ᠬᠠᠤᠯᠢ ᠬᠠᠤᠯᠢ ᠴᠠᠭᠠᠵᠠ ᠶᠢ ᠴᠢᠩᠭ᠎ᠠ ᠵᠢᠷᠤᠮᠯᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠵᠠᠰᠠᠭ ᠤᠨ ᠣᠷᠳᠣᠨ ᠤ ᠪᠠᠶᠢᠭᠤᠯᠤᠮᠵᠢ᠂ ᠡᠭᠦᠷᠭᠡ ᠴᠢᠳᠠᠪᠤᠷᠢ᠂ ᠡᠷᠬᠡ ᠮᠡᠳᠡᠯ᠂ ᠵᠢᠷᠤᠮ᠂ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ ᠶᠢ ᠠᠬᠢᠭᠤᠯᠤᠨ᠎ᠠ᠃ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ  ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠎ᠡ᠃ ᠬᠢᠨᠠᠨ ᠪᠤᠳᠤᠬᠤ ᠬᠢᠨᠠᠯᠲᠠ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨᠴᠢ ᠪᠠᠷ᠂ ᠠᠷᠠᠳᠴᠢᠯᠠᠯ ᠢᠶᠠᠷ᠂ ᠬᠠᠤᠯᠢ ᠶᠣᠰᠣᠭᠠᠷ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢ ᠬᠢᠨᠠᠨ ᠪᠠᠶᠢᠴᠠᠭᠠᠬᠤ ᠶᠢ ᠴᠢᠩᠭᠠᠳᠬᠠᠵᠤ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠭᠦᠨᠵᠡᠭᠡᠶᠢᠷᠡᠭᠦᠯᠦᠨ᠎ᠡ᠃ ᠬᠠᠤᠯᠢ ᠶᠢ ᠴᠢᠩᠭ᠎ᠠ ᠵᠢᠷᠤᠮᠵᠢᠭᠤᠨ ᠭᠤᠥᠯᠴᠢ ᠪᠣᠯᠪᠠᠰᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠵᠠᠰᠠᠭ ᠵᠠᠬᠢᠷᠭᠠᠨ ᠤ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠳᠦᠷᠢᠮ ᠲᠣᠭᠲᠠᠴᠠ ᠶᠢ ᠪᠦᠷᠢᠨᠰᠢᠭᠦᠯᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ ᠤᠯᠠᠨ ᠲᠦᠮᠡᠨ ᠤ ᠡᠪᠯᠡᠯ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠨ ᠪᠠᠳᠠᠷᠠᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠠᠵᠢᠯᠲᠠᠳ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠵᠦ᠂ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠵᠦ᠂ ᠬᠠᠤᠯᠢ ᠶᠣᠰᠣᠭᠠᠷ ᠠᠵᠢᠯᠯᠠᠨ᠂ ᠨᠠᠮ ᠪᠠ ᠠᠷᠠᠳ ᠲᠦᠮᠡᠨ ᠠᠴᠠ ᠣᠯᠭᠤᠭᠰᠠᠨ ᠡᠷᠬᠡ ᠶᠢ ᠢᠮᠠᠭᠲᠠ ᠠᠷᠠᠳ ᠲᠦᠮᠡᠨ ᠳᠤ ᠵᠣᠯ ᠵᠢᠷᠭᠠᠯ ᠣᠯᠭᠤᠬᠤ ᠳᠤ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃

      ᠵᠠᠰᠠᠭ ᠶᠠᠪᠤᠭᠤᠯᠬᠤ ᠦᠢᠯᠡᠳᠦᠯ ᠴᠢᠳᠠᠪᠤᠷᠢ ᠪᠠ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ ᠪᠣᠳᠠᠲᠠᠢ ᠠᠴᠠ ᠡᠭᠦᠰᠴᠦ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠨ᠎ᠠ᠃ ᠨᠠᠮ ᠤᠨ ᠲᠥᠪ ᠬᠤᠷᠢᠶ᠎ᠠ ᠶᠢᠨ  ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠳᠠᠭᠠᠨ ᠴᠢᠳᠠᠮᠠᠭᠠᠢ ᠪᠠᠶᠢᠵᠤ᠂ ᠬᠥᠲᠥᠯᠥᠮᠵᠢ ᠶᠢᠨ ᠴᠢᠨᠠᠷ᠂ ᠬᠥᠰᠢᠵᠦ ᠬᠥᠳᠡᠯᠭᠡᠬᠦ ᠴᠢᠨᠠᠷ ᠢᠶᠠᠷ ᠴᠢᠩᠭ᠎ᠠ ᠠᠵᠢᠯ ᠤᠨ ᠭᠠᠷᠳᠠᠴᠠ ᠪᠠ ᠠᠴᠢᠶᠠᠯᠠᠪᠤᠷᠢ ᠶᠢ ᠤᠬᠠᠭᠠᠯᠠᠨ ᠲᠥᠯᠥᠪᠯᠡᠵᠦ᠂ ᠪᠦᠲᠦᠭᠡᠯᠴᠢ ᠴᠢᠨᠠᠷᠲᠠᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠳ᠋ᠢᠵᠢᠲ᠋ᠠᠯ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠵᠦ᠂ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠪᠦᠲᠦᠭᠡᠬᠦ︾ ᠭᠤᠣᠯᠳᠠᠯᠭ᠎ᠠ ᠲᠠᠢ ᠵᠦᠢᠯᠡᠰ ᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠪᠠ ᠪᠠᠶᠢᠩᠭᠤᠵᠢᠭᠤᠯᠤᠨ ᠠᠬᠢᠭᠤᠯᠬᠤ ᠲᠣᠭᠲᠠᠴᠠ ᠶᠢ ᠪᠦᠷᠢᠨᠰᠢᠭᠦᠯᠵᠦ᠂ ᠪᠦᠭᠦ ᠤᠯᠤᠰ ᠢ ᠬᠠᠮᠤᠷᠤᠭᠰᠠᠨ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠦᠨ᠎ᠡ᠃ ᠵᠥᠪ ᠴᠢᠭᠯᠡᠯ ᠢᠶᠠᠷ ᠤᠷᠮᠠᠰᠢᠭᠤᠯᠤᠨ ᠵᠣᠷᠢᠭᠵᠢᠭᠤᠯᠬᠤ ᠶᠢ ᠴᠢᠩᠭᠠᠳᠬᠠᠵᠤ᠂ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠂ ᠭᠡᠯᠪᠡᠷᠢ ᠶᠢᠨ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠦᠨᠳᠦᠰᠦᠨ ᠱᠠᠲᠤᠨ ᠳᠤ ᠬᠠᠨᠳᠤᠭᠤᠯᠤᠭᠰᠠᠨ ᠣᠯᠠᠨ ᠲᠠᠯ᠎ᠠ ᠠᠴᠠ ᠳᠠᠪᠬᠤᠷᠳᠠᠭᠤᠯᠤᠨ ᠬᠢᠬᠦ᠂ ᠭᠦᠢᠴᠡᠳᠬᠡᠯ ᠲᠤᠭ᠎ᠠ ᠨᠢ ᠠᠷᠰᠠᠷ ᠵᠢᠵᠢᠭ ᠰᠠᠵᠢᠭ᠂ ᠠᠷᠭ᠎ᠠ ᠮᠠᠶ᠋ᠢᠭ ᠨᠢ ᠶᠠᠷᠰᠢᠭ ᠲᠦᠪᠡᠭᠲᠡᠢ ᠬᠢᠨᠠᠨ ᠪᠠᠶᠢᠴᠠᠭᠠᠯᠲᠠ᠂ ᠪᠠᠶᠢᠴᠠᠭᠠᠯᠲᠠ ᠪᠠ ᠬᠢᠨᠠᠨ ᠰᠢᠯᠭᠠᠯᠲᠠ ᠶᠢ ᠦᠨᠡᠨ ᠬᠦ ᠪᠠᠭᠠᠰᠬᠠᠵᠤ᠂ ᠥᠷᠭᠡᠨ ᠤᠯᠠᠨ ᠺᠠᠳ᠋ᠷᠴᠤᠳ ᠢ ᠨᠡᠩ ᠤᠯᠠᠨ ᠴᠠᠭ ᠪᠠ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ ᠳᠡᠭᠡᠷ᠎ᠡ ᠬᠡᠷᠡᠭᠯᠡᠬᠦ ᠪᠣᠯᠭᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠴᠢᠷᠮᠠᠶᠢᠨ ᠠᠵᠢᠯᠯᠠᠬᠤ ᠶᠢ ᠲᠡᠷᠢᠭᠦᠨ ᠳᠤ ᠲᠠᠯᠪᠢᠬᠤ᠂ ᠯᠠᠪᠳᠠᠭᠤᠨ ᠪᠠᠲᠤᠲᠠᠢ ᠠᠵᠢᠯᠯᠠᠬᠤ ᠶᠢ ᠪᠠᠷᠢᠮᠲᠠᠯᠠᠵᠤ᠂ ᠲᠡᠦᠬᠡ ᠪᠠ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠨᠡᠩ ᠤᠯᠠᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠡᠭᠦᠳᠬᠦ ᠬᠡᠷᠡᠭᠲᠡᠢ᠃

      ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠲᠠᠰᠤᠷᠠᠯᠲᠠ ᠦᠭᠡᠢ ᠠᠬᠢᠭᠤᠯᠤᠨ᠂ ᠦᠨᠳᠦᠰᠦᠲᠡᠨ ᠤ ᠭᠠᠵᠠᠷ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠯᠳᠠ ᠶᠢ ᠰᠢᠰᠲ᠋ᠧᠮ ᠲᠠᠢ ᠠᠬᠢᠭᠤᠯᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢ ᠬᠠᠤᠯᠢ ᠪᠠᠷ ᠵᠠᠰᠠᠬᠤ ᠶᠢ ᠴᠢᠩᠭᠠᠳᠬᠠᠨ᠎ᠠ᠃ ᠬᠠᠷᠢᠶᠠᠲᠤ ᠨᠠᠷ ᠤᠨ ᠶᠠᠪᠤᠳᠠᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠪᠣᠯᠣᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠵᠢᠴᠢ ᠬᠠᠷᠢᠶᠠᠲᠤ ᠨᠠᠷ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠭᠡᠷᠡᠯ ᠰᠠᠴᠤᠷᠠᠩᠭᠤᠢ ᠦᠢᠯᠡᠰ ᠢ ᠬᠠᠮᠲᠤ ᠪᠠᠷ ᠴᠣᠭᠴᠠᠯᠠᠬᠤ ᠬᠦᠴᠦᠷᠬᠡᠭ ᠶᠡᠭᠡ ᠬᠦᠴᠦᠨ ᠴᠢᠳᠠᠯ ᠢ ᠨᠢᠭᠲᠠᠷᠠᠭᠤᠯᠤᠨ᠎ᠠ᠃

      ᠥᠩᠭᠡᠷᠡᠭᠰᠡᠨ ᠨᠢᠭᠡ ᠵᠢᠯ ᠳᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠰᠢᠨ᠎ᠡ ᠠᠬᠢᠯᠲᠠ ᠲᠠᠢ ᠪᠣᠯᠪᠠ᠃ ᠰᠢᠨ᠎ᠡ ᠨᠢᠭᠡ ᠵᠢᠯ ᠳᠤ᠂ ᠪᠢᠳᠡ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠤᠨ᠂ ᠠᠷᠠᠳ ᠤᠨ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ  ᠲᠡᠷᠢᠭᠦᠯᠡᠭᠴᠢ ᠬᠠᠷᠢᠭᠤᠴᠠᠬᠤ ᠳᠦᠷᠢᠮ ᠢ ᠪᠦᠭᠦ ᠲᠠᠯ᠎ᠠ ᠪᠠᠷ ᠭᠦᠨᠵᠡᠭᠡᠢ ᠲᠤᠭᠤᠰᠢᠯᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠭᠤᠯᠤᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠪᠦᠭᠦ ᠬᠦᠴᠦᠨ ᠢᠶᠠᠷ ᠰᠠᠶᠢᠲᠤᠷ ᠬᠢᠬᠦ ᠬᠡᠷᠡᠭᠲᠡᠢ᠃ ᠴᠡᠷᠢᠭ ᠪᠤᠯᠪᠠᠰᠤᠷᠠᠭᠤᠯᠵᠤ ᠳᠠᠶᠢᠨ ᠳᠤ ᠪᠡᠯᠡᠳᠬᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠰᠢᠨ᠎ᠡ ᠴᠢᠨᠠᠷ ᠤᠨ ᠲᠠᠶᠢᠴᠢᠨ ᠬᠦᠴᠦᠨ ᠢ ᠲᠦᠷᠭᠡᠯᠡᠨ ᠬᠥᠭᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠴᠡᠷᠢᠭ ᠤᠨ ᠶᠠᠪᠤᠳᠠᠯ ᠤᠨ ᠤᠨᠤᠯ ᠤᠨ ᠰᠢᠰᠲ᠋ᠧᠮ ᠢ ᠪᠠᠶᠢᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠨ᠎ᠠ᠃ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠠᠵᠢᠯ ᠢ ᠳᠠᠭᠤᠰᠬᠠᠬᠤ ᠶᠢ ᠰᠠᠶᠢᠲᠤᠷ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠭᠵᠢᠯᠲᠡ ᠶᠢᠨ ᠴᠢᠬᠤᠯᠠ ᠶᠡᠭᠡ ᠢᠨᠵᠧᠨᠧᠷᠢᠩ ᠢ ᠱᠠᠯᠠᠪᠳᠠᠨ ᠬᠡᠷᠡᠭᠵᠢᠭᠦᠯᠵᠦ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠯᠡᠨ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠠᠯᠤᠰᠯᠠᠭᠰᠠᠨ ᠥᠭᠡᠷᠡᠴᠢᠯᠡᠯᠲᠡ ᠶᠢ ᠬᠦᠴᠦ ᠬᠠᠮᠲᠤᠳᠬᠠᠨ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠰᠢᠰᠲ᠋ᠧᠮ ᠪᠠ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠤᠯᠤᠰ ᠤᠨ ᠨᠢᠭᠡ ᠴᠣᠭᠴᠠᠵᠢᠭᠰᠠᠨ ᠪᠠᠶᠢᠯᠳᠤᠬᠤ ᠪᠣᠳᠣᠯᠭ᠎ᠠ ᠶᠢᠨ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤᠯᠤᠰ ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠳᠠᠮᠵᠢᠵᠤ᠂ ᠬᠤᠶᠠᠷ ᠢ ᠬᠦᠷᠢᠶᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠴᠡᠷᠢᠭ ᠵᠠᠰᠠᠭ ᠴᠡᠷᠢᠭ ᠠᠷᠠᠳ ᠤᠨ ᠬᠠᠳᠠᠡ ᠪᠠᠲᠤ ᠪᠦᠯᠬᠦᠮᠳᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃

      ᠪᠢᠳᠡ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩ ᠤᠨ ᠬᠥᠮᠥᠨ ᠢᠶᠠᠷ ᠰᠢᠶᠠᠩᠭᠠᠩ ᠢ ᠵᠠᠰᠠᠭᠤᠯᠬᠤ︾᠂ ︽ᠣᠣᠮᠧᠨ ᠤ ᠬᠥᠮᠥᠨ ᠢᠶᠠᠷ ᠣᠣᠮᠧᠨ ᠢ ᠵᠠᠰᠠᠭᠤᠯᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ᠂ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠭᠤᠣᠯ ᠬᠠᠤᠯᠢ ᠳᠤ ᠲᠣᠭᠲᠠᠭᠠᠭᠰᠠᠨ ᠵᠠᠰᠠᠭ ᠵᠠᠬᠢᠷᠭᠠᠨ ᠤ ᠣᠨᠴᠠᠭᠠᠶ ᠣᠷᠣᠨ ᠤ ᠦᠨᠳᠦᠰᠦᠨ ᠬᠠᠤᠯᠢᠲᠤ ᠡᠮᠬᠢ ᠵᠢᠷᠤᠮ ᠢ ᠬᠠᠮᠠᠭᠠᠯᠠᠵᠤ᠂ ︽ᠡᠬᠡ ᠣᠷᠣᠨᠴᠢ ᠬᠥᠮᠥᠰ ᠢᠶᠠᠷ ᠰᠢᠶᠠᠩᠭᠠᠩ ᠢ ᠵᠠᠰᠠᠭᠤᠯᠬᠤ︾᠂ ︽ᠡᠬᠡ ᠣᠷᠣᠨᠴᠢ ᠬᠥᠮᠥᠰ ᠢᠶᠠᠷ ᠣᠣᠮᠧᠨ ᠢ ᠵᠠᠰᠠᠭᠤᠯᠬᠤ︾ ᠵᠠᠷᠴᠢᠮ ᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ ᠤᠯᠤᠰ ᠯᠤᠭ᠎ᠠ ᠶᠢᠨ ᠶᠠᠪᠤᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠨ ᠠᠭᠤᠰᠤᠨ ᠣᠷᠣᠬᠤ ᠶᠢ ᠳᠡᠮᠵᠢᠵᠦ᠂ ᠰᠢᠶᠠᠩᠭᠠᠩ᠂ ᠣᠣᠮᠧᠨ ᠤ ᠤᠷᠳᠤ ᠬᠤᠭᠤᠴᠠᠭᠠᠨ ᠤ ᠴᠡᠴᠡᠭᠯᠡᠯ ᠬᠥᠭᠵᠢᠯ ᠪᠠ ᠲᠣᠭᠲᠠᠭᠤᠨ ᠪᠠᠶᠢᠳᠠᠯ ᠢ ᠪᠠᠲᠤᠯᠠᠨ᠎ᠠ᠃

      ᠪᠢᠳᠡ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ ᠲᠤᠭᠤᠰᠢᠯᠠᠭᠤᠯᠵᠤ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠬᠦᠴᠦᠨ ᠤ ᠭᠠᠷ ᠳᠦᠷᠦᠯᠲᠡ ᠶᠢ ᠡᠷᠡᠰ ᠡᠰᠡᠷᠭᠦᠴᠡᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠬᠠᠷᠢᠴᠠᠭᠠᠨ ᠤ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠦᠷᠢᠮ ᠪᠠ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ᠂ ᠲᠠᠶᠢᠸᠠᠨ ᠬᠤᠭᠤᠯᠠᠢ ᠶᠢᠨ ᠬᠤᠶᠠᠷ ᠲᠠᠯ᠎ᠠ ᠶᠢᠨ ᠠᠬ᠎ᠠ ᠳᠡᠭᠦᠦ ᠨᠠᠷ ᠤᠨ ᠠᠵᠠ ᠵᠢᠷᠭᠠᠯ ᠢ ᠨᠡᠮᠡᠭᠳᠡᠭᠦᠯᠦᠨ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠭᠠᠷ ᠬᠤᠯᠪᠣᠯᠴᠠᠨ ᠬᠠᠮᠲᠤ ᠪᠠᠷ ᠴᠣᠭᠴᠠᠯᠠᠨ᠎ᠠ᠃

      ᠪᠢᠳᠡ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠥᠷᠥ ᠶᠢ ᠡᠰᠡᠷᠭᠦᠴᠡᠵᠦ᠂ ᠠᠯᠢᠪᠠ ᠭᠡᠯᠪᠡᠷᠢ ᠶᠢᠨ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠦ᠂ ᠤᠯᠠᠨ ᠤᠯᠤᠰ ᠤᠨ ᠲᠥᠪ ᠭᠤᠥᠯᠴᠢ ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠳᠡᠯᠡᠬᠡᠢ ᠨᠡᠶᠢᠳᠡ ᠲᠠᠢ ᠬᠠᠮᠲᠤ ᠪᠠᠷ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠠᠵᠤ ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠠ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠎ᠠ᠃

      ᠲᠥᠯᠥᠭᠡᠯᠡᠭᠴᠢᠳ ᠠ᠋︕ ᠢᠲᠡᠭᠡᠯ ᠵᠣᠷᠢᠭ ᠬᠦᠴᠦᠨ ᠴᠢᠳᠠᠯ ᠢ ᠨᠢᠭᠲᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠷᠠᠭᠤ ᠬᠠᠭᠤᠳᠠᠰᠤ ᠶᠢ ᠪᠢᠴᠢᠭᠯᠡᠨᠡᠮ᠃ ᠪᠢᠳᠡ  ᠰᠢ ᠶᠢᠨ ᠫᠢᠩ  ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠶᠢᠨ  ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠬᠦᠴᠢᠷ ᠢ ᠰᠥᠷᠦᠨ ᠤᠷᠤᠭᠰᠢᠯᠠᠵᠤ᠂ ᠢᠷᠮᠡᠭᠦᠨ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠲᠡᠭᠦᠰ ᠠᠮᠵᠢᠯᠲᠠ ᠲᠠᠢ ᠳᠠᠭᠤᠰᠬᠠᠬᠤ ᠶᠢ ᠦᠨᠡᠨ ᠬᠦ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠡᠭᠡᠶ᠎ᠡ︕

                                          ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 12 ᠤᠨ ᠴᠠᠭᠢᠯᠭᠠᠨ ᠮᠡᠳᠡᠭᠡ᠂

                                       ᠳᠣᠮᠳᠠᠳᠣ ᠤᠯᠤᠰ ᠤᠨ ᠦᠨᠳᠦᠰᠦᠲᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ