︵1992 ᠣᠨ ᠤ 4 ᠰᠠᠷ᠎ᠠ ᠶᠢᠨ 3 ᠤ ᠡᠳᠦᠷ ᠳᠣᠯᠣᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠣᠳᠣᠭᠠᠷ ᠬᠤᠷᠠᠯ ᠠᠴᠠ ᠪᠠᠳᠣᠯᠠᠪᠠ 2009 ᠣᠨ ᠤ 8 ᠰᠠᠷ᠎ᠠ ᠶᠢᠨ 27 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠣᠭᠠᠷ ᠬᠤᠷᠠᠯ ᠤᠨ ︽ᠬᠡᠰᠡᠭ ᠬᠠᠣᠯᠢ ᠴᠠᠭᠠᠵᠠ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ ᠦᠨᠳᠦᠰᠦᠯᠡᠨ ᠠᠩᠬ᠎ᠠ ᠣᠳᠠᠭ᠎ᠠ ᠵᠠᠰᠠᠪᠣᠷᠢ ᠣᠷᠣᠭᠤᠯᠪᠠ 2010 ᠣᠨ ᠤ 10 ᠰᠠᠷ᠎ᠠ ᠶᠢᠨ 28 ᠤ ᠡᠳᠦᠷ ᠤᠨ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠳᠣᠯᠣᠳᠣᠭᠠᠷ ᠬᠤᠷᠠᠯ ᠤᠨ ︽︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ ᠦᠨᠳᠦᠰᠦᠯᠡᠨ ᠬᠤᠶᠠᠳᠠᠬᠢ ᠣᠳᠠᠭ᠎ᠠ ᠵᠠᠰᠠᠪᠣᠷᠢ ᠣᠷᠣᠭᠤᠯᠪᠠ 2015 ᠣᠨ ᠤ 8 ᠰᠠᠷ᠎ᠠ ᠶᠢᠨ 29 ᠤ ᠡᠳᠦᠷ ᠤᠨ ᠠᠷᠪᠠᠨ ᠬᠤᠶᠠᠳᠣᠭᠠᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠵᠢᠷᠭᠤᠳᠣᠭᠠᠷ ᠬᠤᠷᠠᠯ ᠤᠨ ︽︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠡᠯ᠎ᠡ ᠱᠠᠳᠣᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠣᠯᠢ﹀᠂ ︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠣᠩᠭᠤᠭᠤᠯᠢ ᠶᠢᠨ ᠬᠠᠣᠯᠢ﹀᠂ ︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ ᠦᠨᠳᠦᠰᠦᠯᠡᠨ ᠭᠤᠷᠪᠠᠳᠠᠬᠢ ᠣᠳᠠᠭ᠎ᠠ ᠵᠠᠰᠠᠪᠣᠷᠢ ᠣᠷᠣᠭᠤᠯᠪᠠ 2025 ᠣᠨ ᠤ 3 ᠰᠠᠷ᠎ᠠ ᠶᠢᠨ 11 ᠤ ᠡᠳᠦᠷ ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠭᠤᠷᠪᠠᠳᠣᠭᠠᠷ ᠬᠤᠷᠠᠯ ᠤᠨ ︿ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠦᠬᠦ ᠣᠯᠣᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠣᠳᠤᠭ ᠤᠨ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠣᠯᠢ﹀ ᠳᠤ ᠵᠠᠰᠠᠪᠣᠷᠢ ᠣᠷᠣᠭᠤᠯᠬᠤ ᠳᠣᠬᠠᠢ ᠳᠣᠭᠳᠠᠭᠠᠯ︾ ᠢ ᠦᠨᠳᠦᠰᠦᠯᠡᠨ ᠳᠦᠷᠪᠡᠳᠡᠬᠢ ᠣᠳᠠᠭ᠎ᠠ ᠵᠠᠰᠠᠪᠣᠷᠢ ᠣᠷᠣᠭᠤᠯᠪᠠ︶
ᠭᠠᠷᠴᠠᠭ
ᠨᠢᠭᠡᠳᠦᠭᠡᠷ ᠪᠦᠯᠦᠭ ᠶᠡᠷᠦᠩᠭᠡᠢ ᠲᠦᠷᠢᠮ
ᠬᠤᠶᠡᠳᠦᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠠᠬᠢ ᠠᠵᠢᠯ
ᠭᠤᠷᠪᠠᠳᠤᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ
ᠲᠦᠷᠪᠡᠳᠦᠭᠡᠷ ᠪᠦᠯᠦᠭ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠪᠠᠳᠤᠯᠠᠬᠤ
ᠲᠠᠪᠤᠳᠤᠭᠠᠷ ᠪᠦᠯᠦᠭ ᠲᠦᠯᠦᠭᠡᠯᠡᠭᠴᠢ ᠳᠤ ᠬᠢᠨᠠᠯᠳᠡ ᠲᠠᠯᠪᠢᠬᠤ
ᠵᠢᠷᠭᠤᠳᠦᠭᠠᠷ ᠪᠦᠯᠦᠭ ᠲᠡᠭᠠᠯᠳᠦᠭᠤᠯᠦᠯ ᠲᠦᠷᠢᠮ
ᠨᠢᠭᠡᠳᠦᠭᠡᠷ ᠪᠦᠯᠦᠭ ᠶᠡᠷᠦᠩᠭᠡᠢ ᠲᠦᠷᠢᠮ
ᠨᠢᠭᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠠᠦᠯᠢ ᠶᠤᠰᠤᠭᠠᠷ ᠲᠦᠯᠦᠭᠡᠯᠡᠭᠴᠢ ᠶᠢᠨ ᠡᠷᠭᠡ ᠲᠤᠰᠢᠶᠡᠯ ᠢᠶᠠᠨ ᠬᠡᠷᠡᠭᠵᠢᠬᠦᠯᠵᠦ᠂ ᠲᠦᠯᠦᠭᠡᠯᠡᠭᠴᠢ ᠶᠢᠨ ᠡᠬᠦᠷᠭᠡ ᠪᠠᠨ ᠬᠦᠢᠴᠡᠳᠭᠡᠵᠦ᠂ ᠲᠥᠯᠦᠭᠡᠯᠡᠭᠴᠢ ᠶᠢᠨ ᠦᠢᠯᠡᠳᠦᠯ ᠢᠶᠠᠨ ᠪᠠᠳᠠᠷᠠᠭᠤᠯᠬᠤ ᠶᠢ ᠪᠠᠳᠤᠯᠠᠬᠤ ᠶᠢᠨ ᠲᠦᠯᠦᠭᠡ᠂ ᠦᠨᠳᠤᠰᠤᠨ ᠬᠠᠦᠯᠢ ᠶᠢ ᠦᠨᠳᠦᠰᠦᠯᠡᠵᠦ᠂ ᠲᠤᠰ ᠬᠠᠦᠯᠢ ᠶᠢ ᠲᠤᠬᠳᠠᠭᠠᠪᠠ᠃
ᠬᠤᠶᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠬᠠᠤᠯᠢ ᠴᠠᠭᠠᠵᠠ ᠶᠢᠨ ᠲᠣᠭᠲᠠᠭᠠᠯ ᠶᠣᠰᠣᠭᠠᠷ ᠰᠣᠩᠭᠤᠵᠤ ᠭᠠᠷᠭᠠᠨ᠎ᠠ᠃
ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠲᠦᠷᠦ ᠶᠢᠨ ᠳᠡᠭᠡᠳᠦ ᠡᠷᠬᠡᠲᠦ ᠪᠠᠶᠢᠭᠤᠯᠭ᠎ᠠ ᠶᠢᠨ ᠪᠦᠷᠢᠯᠳᠦᠬᠦᠨ ᠮᠥᠨ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠣᠷᠣᠨ ᠨᠤᠲᠤᠭ ᠤᠨ ᠡᠯ᠎ᠡ ᠱᠠᠲᠤᠨ ᠤ ᠲᠦᠷᠦ ᠶᠢᠨ ᠡᠷᠬᠡᠲᠦ ᠪᠠᠶᠢᠭᠤᠯᠭ᠎ᠠ ᠶᠢᠨ ᠪᠦᠷᠢᠯᠳᠦᠬᠦᠨ ᠮᠥᠨ᠃
ᠪᠦᠬᠦ ᠤᠯᠤᠰ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠤᠭᠤᠴᠠᠭ᠎ᠠ ᠪᠦᠷᠢ ᠶᠢᠨ ᠳᠤᠰᠢᠶᠠᠯ ᠤᠨ ᠬᠤᠭᠤᠴᠠᠭ᠎ᠠ ᠨᠢ ᠳᠠᠪᠤᠨ ᠵᠢᠯ᠂ ᠡᠨᠡ ᠨᠢ ᠬᠤᠭᠤᠴᠠᠭ᠎ᠠ ᠪᠦᠷᠢ ᠶᠢᠨ ᠲᠤᠰ ᠱᠠᠳᠤᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠩᠬᠠᠳᠤᠭᠠᠷ ᠬᠤᠷᠠᠯ ᠬᠤᠷᠠᠯᠳᠤᠭᠤᠯᠬᠤ ᠠᠴᠠ ᠡᠬᠢᠯᠡᠨ ᠳᠠᠷᠠᠭᠠᠴᠢ ᠶᠢᠨ ᠬᠤᠭᠤᠴᠠᠭᠠᠨ ᠤ ᠲᠤᠰ ᠱᠠᠲᠦᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠠᠩᠬᠠᠳᠤᠭᠠᠷ ᠬᠤᠷᠠᠯ ᠢ ᠬᠤᠷᠠᠯᠳᠤᠭᠤᠯᠬᠤ ᠬᠦᠷᠳᠡᠯᠡᠬᠢ ᠴᠠᠭ ᠪᠤᠯᠤᠨ᠎ᠠ᠃
ᠭᠤᠷᠪᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠤᠯᠤᠰ ᠲᠥᠷᠥ ᠶᠢᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠡᠯ᠎ᠡ ᠵᠦᠢᠯ ᠤᠨ ᠡᠷᠬᠡ ᠲᠤᠰᠢᠶᠠᠯ ᠤᠨ ᠶᠤᠰᠤᠭᠠᠷ᠂ ᠠᠷᠠᠳᠴᠢᠯᠠᠯ ᠲᠥᠪᠯᠡᠷᠡᠯ ᠤᠨ ᠶᠣᠰᠣᠨ ᠤ ᠵᠠᠷᠴᠢᠮ ᠢ ᠵᠢᠷᠤᠮᠯᠠᠵᠤ᠂ ᠲᠥᠷᠥ ᠶᠢᠨ ᠡᠷᠬᠡ ᠶᠢ ᠬᠡᠷᠡᠭᠵᠢᠭᠦᠯᠬᠦ ᠳᠤ ᠣᠷᠣᠯᠴᠠᠬᠤ ᠬᠡᠷᠡᠭᠲᠠᠢ᠃
ᠳᠥᠷᠪᠡᠳᠦᠭᠡᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠤᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠰᠠᠶᠢᠲᠤᠷ ᠠᠵᠢᠯᠯᠠᠭᠤᠯᠬᠤ ᠶᠢ ᠥᠪᠡᠷ ᠤᠨ ᠢᠶᠠᠨ ᠡᠭᠦᠷᠭᠡ ᠪᠣᠯᠭᠠᠵᠤ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠪᠠᠶᠢᠬᠤ᠂ ᠠᠷᠠᠳ ᠲᠦᠮᠡᠨ ᠳᠤ ᠦᠢᠯᠡᠴᠢᠯᠡᠬᠦ᠂ ᠬᠠᠤᠯᠢ ᠪᠠᠷ ᠵᠠᠰᠠᠬᠤ ᠶᠢ ᠬᠦᠨᠳᠦᠳᠭᠡᠬᠦ᠂ ᠠᠷᠠᠳᠴᠢᠯᠠᠯ ᠢ ᠪᠠᠳᠠᠷᠠᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠭᠡᠬᠦ ᠶᠢ ᠪᠡᠶᠠᠯᠡᠭᠦᠯᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ ᠪᠠᠶᠢᠭᠤᠯᠭ᠎ᠠ᠂ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠲᠦᠷᠦ ᠶᠢᠨ ᠡᠷᠬᠡᠲᠦ ᠪᠠᠶᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ᠂ ᠢᠮᠠᠬᠲᠠ ᠠᠷᠠᠳ ᠤᠯᠠᠨ ᠯᠤᠭ᠎ᠠ ᠨᠢᠭᠲᠠ ᠬᠠᠷᠢᠯᠴᠠᠭ᠎ᠠ ᠪᠠᠨ ᠪᠠᠳᠤᠯᠠᠬᠤ ᠲᠦᠯᠦᠭᠡᠯᠡᠬᠦ ᠪᠠᠶᠢᠭᠤᠯᠭ᠎ᠠ ᠪᠤᠯᠭᠠᠨ ᠪᠦᠲᠦᠭᠡᠨ ᠪᠠᠶᠢᠭᠤᠯᠬᠤ ᠶᠢᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠠᠢ᠃
ᠲᠠᠪᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠬᠦᠯᠵᠦ᠂ ᠢᠮᠠᠭᠲᠠ ᠠᠷᠠᠳ ᠣᠯᠠᠨ ᠯᠤᠭ᠎ᠠ ᠨᠢᠭᠲᠠ ᠬᠠᠷᠢᠯᠴᠠᠭ᠎ᠠ ᠪᠠᠨ ᠪᠠᠳᠤᠯᠠᠠ᠂ ᠠᠷᠠᠳ ᠲᠦᠮᠡᠨ ᠤ ᠠᠰᠢᠭ ᠲᠤᠰᠠ ᠪᠠ ᠵᠣᠷᠢᠭ ᠰᠠᠨᠠᠭ᠎ᠠ ᠶᠢ ᠦᠨᠡᠨᠴᠢ ᠰᠢᠳᠤᠷᠭᠤ ᠪᠠᠷ ᠲᠥᠯᠥᠭᠡᠯᠡᠵᠦ᠂ ᠠᠷᠠᠳ ᠲᠦᠮᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠠᠢ᠃
ᠵᠢᠷᠭᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠪᠠ ᠨᠡᠷ᠎ᠡ ᠬᠦᠨᠳᠦ ᠶᠢ ᠬᠠᠮᠠᠭᠠᠯᠠᠨ᠂ ᠪᠦᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠤᠯᠤᠰ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠭᠡᠷᠡᠭᠲᠠᠢ᠃
ᠳᠤᠯᠤᠳᠤᠭᠠᠷ ᠵᠦᠢᠯ ᠲᠦᠯᠦᠭᠡᠯᠡᠭᠴᠢ ᠲᠤᠤᠷ᠎ᠠ ᠵᠢᠬᠰᠠᠭᠠᠬᠰᠠᠨ ᠡᠷᠭᠡ ᠶᠢ ᠡᠳ᠋ᠯᠡᠨ᠎ᠠ᠄
︵ᠨᠢᠭᠡ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠵᠦ᠂ ᠡᠯ᠎ᠠ ᠵᠦᠢᠯ ᠤᠨ ᠰᠠᠨᠠᠯ ᠵᠦᠪᠯᠡᠯᠭᠡ᠂ ᠢᠯᠡᠳᠭᠡᠯ ᠮᠡᠳᠡᠬᠦᠯᠦᠯᠳᠡ ᠪᠠ ᠪᠤᠰᠤᠳ ᠵᠦᠪᠯᠡᠬᠦ ᠰᠡᠳᠦᠪ ᠤᠳ ᠢ ᠬᠢᠨᠠᠨ ᠶᠠᠷᠢᠯᠴᠠᠬᠤ ᠳᠤ ᠤᠷᠤᠯᠴᠠᠵᠦ ᠰᠠᠨᠠᠯ ᠢᠶᠠᠨ ᠢᠯᠡᠳᠭᠡᠨ᠎ᠠ︔
︵ᠬᠤᠶᠠᠷ︶ ᠬᠠᠦᠯᠢ ᠶᠤᠰᠤᠭᠠᠷ ᠰᠠᠨᠠᠯ ᠵᠦᠪᠯᠡᠯᠭᠡ᠂ ᠲᠤᠯᠭᠠᠨ ᠠᠰᠠᠭᠤᠬᠤ ᠵᠦᠪᠯᠡᠯᠭᠡ᠂ ᠤᠬᠴᠤᠷᠠᠭᠤᠯᠬᠤ ᠵᠦᠪᠯᠡᠯᠭᠡ ᠵᠡᠷᠭᠡ ᠶᠢ ᠨᠡᠷ᠎ᠠ ᠬᠤᠯᠪᠤᠭᠠᠯᠠᠨ ᠲᠤᠷᠠᠳᠤᠨ᠎ᠠ︔
︵ᠭᠤᠷᠪᠠ︶ ᠡᠯ᠎ᠠ ᠲᠠᠯ᠎ᠠ ᠶᠢᠨ ᠠᠵᠢᠯ ᠳᠤ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠤᠨ᠎ᠠ︔
︵ᠲᠦᠷᠪᠡ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠰᠤᠩᠭᠤᠭᠤᠯᠢ ᠳᠤ ᠤᠷᠤᠯᠴᠠᠨ᠎ᠠ︔
︵ᠲᠠᠪᠤ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠪᠠᠲᠤᠯᠠᠯᠲᠠ ᠳᠤ ᠤᠷᠤᠯᠴᠠᠨ᠎ᠠ︔
︵ᠵᠢᠷᠭᠤᠭ᠎ᠠ︶ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠠᠬᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠡᠯ᠎ᠡ ᠵᠦᠢᠯ ᠤᠨ ᠠᠵᠢᠯᠯᠠᠭ᠎ᠠ ᠳᠤ ᠣᠷᠣᠯᠴᠠᠨ᠎ᠠ︔
︵ᠲᠤᠯᠤᠭ᠎ᠠ︶ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠱᠠᠭᠠᠷᠳᠠᠭᠳᠠᠬᠤ ᠮᠡᠳᠡᠭᠡ ᠵᠠᠩᠭᠢ ᠪᠠ ᠡᠯ᠎ᠡ ᠵᠦᠢᠯ ᠤᠨ ᠪᠠᠲᠤᠯᠠᠭ᠎ᠠ ᠶᠢ ᠬᠦᠷᠳᠡᠨ᠎ᠡ︔
︵ᠨᠠᠢᠮᠠ︶ ᠬᠠᠤᠯᠢ ᠴᠠᠭᠠᠵᠠ ᠳᠤ ᠲᠤᠭᠲᠠᠭᠠᠭᠰᠠᠨ ᠪᠤᠰᠤᠳ ᠡᠷᠬᠡ᠃
ᠨᠠᠢᠮᠠᠳᠤᠭᠠᠷ ᠵᠦᠢᠯ ᠲᠦᠯᠦᠭᠡᠯᠡᠭᠴᠢ ᠲᠤᠤᠷ᠎ᠠ ᠵᠢᠬᠰᠠᠭᠠᠬᠰᠠᠨ ᠡᠬᠦᠷᠭᠡ ᠶᠢ ᠬᠦᠢᠴᠡᠳᠭᠡᠬᠦ ᠬᠡᠷᠡᠭᠳᠠᠢ᠄
︵ᠨᠢᠭᠡ︶ ᠦᠨᠳᠤᠰᠤᠨ ᠬᠠᠦᠯᠢ ᠪᠠ ᠬᠠᠦᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠵᠦ᠂ ᠤᠯᠤᠰ ᠤᠨ ᠨᠢᠭᠤᠴᠠ ᠶᠢ ᠬᠠᠮᠠᠭᠠᠯᠠᠵᠦ᠂ ᠦᠪᠡᠷ ᠤᠨ ᠤᠷᠤᠯᠴᠠᠵᠦ ᠪᠠᠶᠢᠭ᠎ᠠ ᠦᠢᠯᠡᠳᠪᠤᠷᠢᠯᠡᠯ᠂ ᠠᠵᠢᠯ ᠪᠠ ᠨᠠᠶᠢᠭᠡᠮ ᠤᠨ ᠠᠵᠢᠯᠯᠠᠭ᠎ᠠ ᠶᠢᠨ ᠲᠤᠮᠳᠠ᠂ ᠦᠨᠳᠤᠰᠤᠨ ᠬᠠᠦᠯᠢ ᠪᠠ ᠬᠠᠦᠯᠢ ᠴᠠᠭᠠᠵᠠ ᠶᠢ ᠬᠡᠷᠡᠭᠵᠢᠬᠦᠯᠬᠦ ᠶᠠᠪᠤᠳᠡᠯ ᠳᠤ ᠬᠠᠮᠵᠢᠯᠴᠠᠨ᠎ᠠ︔
︵ᠬᠤᠶᠠᠷ︶ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠴᠠᠭ ᠲᠠᠭᠠᠨ ᠣᠷᠣᠯᠴᠠᠵᠤ᠂ ᠡᠯ᠎ᠡ ᠵᠦᠢᠯ ᠤᠨ ᠰᠠᠨᠠᠯ ᠵᠥᠪᠯᠡᠯᠭᠡ᠂ ᠢᠯᠡᠳᠭᠡᠯ ᠮᠡᠳᠡᠬᠦᠯᠦᠯᠳᠡ ᠪᠠ ᠪᠤᠰᠤᠳ ᠵᠥᠪᠯᠡᠬᠦ ᠰᠡᠳᠦᠪ ᠢ ᠬᠢᠨᠠᠮᠠᠭᠠᠶ ᠬᠢᠨᠠᠨ ᠵᠦᠪᠯᠡᠵᠦ᠂ ᠰᠠᠨᠠᠯ ᠢᠶᠠᠨ ᠢᠯᠡᠳᠭᠡᠨ᠂ ᠰᠣᠩᠭᠤᠭᠤᠯᠢ ᠪᠠ ᠪᠠᠲᠤᠯᠠᠯᠲᠠ ᠳᠤ ᠣᠷᠣᠯᠴᠠᠵᠤ᠂ ᠬᠤᠷᠠᠯ ᠤᠨ ᠰᠠᠬᠢᠯᠭ᠎ᠠ ᠪᠠᠲᠤ ᠶᠢ ᠵᠢᠷᠤᠮᠯᠠᠨ ᠰᠠᠬᠢᠵᠤ᠂ ᠬᠤᠷᠠᠯ ᠤᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠡ︔
︵ᠭᠤᠷᠪᠠ︶ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠲᠦᠷᠦᠭᠦᠯᠡᠨ ᠤᠬᠠᠭᠤᠯᠤᠨ ᠲᠤᠭᠤᠰᠢᠯᠠᠭᠤᠯᠤᠨ᠎ᠠ︔
︵ᠳᠦᠷᠪᠡ︶ ᠨᠢᠭᠡᠳᠦᠯᠳᠠᠢ ᠵᠤᠬᠢᠶᠡᠨ ᠪᠠᠶᠢᠭᠤᠯᠤᠬᠰᠠᠨ ᠪᠠᠶᠢᠴᠠᠭᠠᠨ ᠦᠵᠡᠬᠦ᠂ ᠲᠤᠰᠬᠠᠢ ᠰᠡᠳᠦᠪᠳᠤ ᠪᠠᠶᠢᠴᠠᠭᠠᠨ ᠰᠤᠳᠤᠯᠤᠯᠳᠡ ᠬᠢᠬᠦ᠂ ᠬᠠᠦᠯᠢ ᠬᠡᠷᠡᠭᠵᠢᠬᠦᠯᠦᠯᠳᠡ ᠶᠢᠨ ᠪᠠᠶᠢᠴᠠᠭᠠᠯᠳᠡ ᠬᠢᠬᠦ ᠵᠡᠷᠭᠡ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠳᠤ ᠢᠳᠡᠪᠬᠢᠳᠠᠢ ᠤᠷᠤᠯᠴᠠᠨ᠎ᠠ︔
︵ᠲᠠᠪᠤ︶ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠬᠦ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠡ ᠶᠢ ᠴᠢᠩᠭᠠᠳᠬᠠᠵᠦ᠂ ᠲᠤᠰᠢᠶᠡᠯ ᠢᠶᠠᠨ ᠬᠦᠢᠴᠡᠳᠭᠡᠬᠦ ᠴᠢᠳᠠᠪᠤᠷᠢ ᠪᠠᠨ ᠲᠠᠰᠤᠷᠠᠯᠳᠡ ᠦᠭᠡᠢ ᠲᠡᠭᠡᠭᠰᠢᠯᠡᠬᠦᠯᠦᠨ᠎ᠠ︔
︵ᠵᠢᠷᠭᠤᠭ᠎ᠠ︶ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠪᠤᠯᠤᠨ ᠠᠷᠠᠳ ᠤᠯᠠᠨ ᠲᠠᠢ ᠨᠢᠬᠳᠠ ᠬᠠᠷᠢᠯᠴᠠᠵᠦ᠂ ᠲᠡᠳᠡᠨ ᠤ ᠰᠠᠨᠠᠯ ᠱᠠᠭᠠᠷᠳᠠᠯᠭ᠎ᠠ ᠶᠢ ᠰᠤᠨᠤᠰᠤᠨ ᠲᠤᠰᠠᠬᠵᠦ᠂ ᠠᠷᠠᠳ ᠲᠦᠮᠡᠨ ᠳᠤ ᠴᠢᠷᠮᠠᠶᠢᠨ ᠦᠢᠯᠡᠴᠢᠯᠡᠨ᠎ᠠ︔
︵ᠳᠤᠯᠤᠭ᠎ᠠ︶ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠲᠦᠷᠦᠭᠦᠯᠡᠨ ᠦᠢᠯᠡᠳᠦᠯᠭᠡᠵᠢᠭᠦᠯᠵᠤ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠲᠦ ᠴᠤᠭᠴᠠᠯᠠᠵᠤ᠂ ᠨᠠᠶᠢᠭᠡᠮ ᠨᠠᠶᠢᠳᠡ ᠶᠢᠨ ᠶᠤᠰᠤ ᠮᠤᠷᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠦ᠂ ᠠᠷᠢᠭᠤᠨ ᠴᠢᠭᠡᠴᠢ ᠪᠠᠷ ᠪᠡᠶ᠎ᠠ ᠪᠠᠨ ᠪᠠᠷᠢᠵᠦ᠂ ᠭᠤᠤᠯᠴᠢ ᠴᠢᠭᠡᠴᠢ ᠪᠠᠶᠢᠵᠦ᠂ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠭᠡᠨ᠎ᠠ︔
︵ᠨᠠᠢᠮᠠ︶ ᠬᠠᠦᠯᠢ ᠴᠠᠭᠠᠵᠠ ᠳᠤ ᠲᠤᠬᠳᠠᠭᠠᠬᠰᠠᠨ ᠪᠤᠰᠤᠳ ᠡᠬᠦᠷᠭᠡ᠃
ᠶᠢᠰᠦᠳᠦᠭᠡᠷ ᠵᠦᠢᠯ ᠲᠦᠯᠦᠭᠡᠯᠡᠭᠴᠢ ᠶᠢᠨ ᠲᠤᠰ ᠬᠠᠦᠯᠢ ᠶᠢᠨ ᠲᠤᠬᠳᠠᠭᠠᠯ ᠶᠤᠰᠤᠭᠠᠷ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠠᠬᠢ ᠠᠵᠢᠯ ᠪᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ ᠠᠵᠢᠯᠯᠠᠭ᠎ᠠ ᠬᠢᠬᠦ ᠨᠢ ᠴᠦᠮ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠵᠦ ᠪᠠᠶᠢᠭ᠎ᠠ ᠶᠠᠪᠤᠳᠡᠯ ᠪᠤᠯᠤᠨ᠎ᠠ᠃
ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠠᠪᠤᠳᠡᠯ ᠳᠤ ᠤᠯᠤᠰ ᠪᠤᠯᠤᠨ ᠨᠠᠶᠢᠭᠡᠮ ᠠᠴᠠ ᠪᠠᠳᠤᠯᠠᠭ᠎ᠠ ᠬᠠᠨᠭ᠍ᠭᠠᠨ᠎ᠠ᠃
ᠲᠦᠯᠦᠭᠡᠯᠡᠭᠴᠢ ᠲᠤᠰ ᠲᠤᠰ ᠤᠨ ᠬᠢᠵᠦ ᠪᠠᠶᠢᠭ᠎ᠠ ᠦᠢᠯᠡᠳᠪᠤᠷᠢᠯᠡᠯ ᠪᠠ ᠠᠵᠢᠯ ᠠᠴᠠ ᠪᠠᠨ ᠰᠠᠯᠬᠤ ᠦᠭᠡᠢ᠃ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠵᠦ᠂ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠨᠢᠭᠡᠳᠦᠯᠳᠠᠢ ᠵᠤᠬᠢᠶᠡᠨ ᠪᠠᠶᠢᠭᠤᠯᠤᠬᠰᠠᠨ ᠲᠤᠰᠢᠶᠡᠯ ᠬᠠᠷᠢᠭᠤᠴᠠᠯᠭ᠎ᠠ ᠬᠦᠢᠴᠡᠳᠭᠡᠬᠦ ᠠᠵᠢᠯᠯᠠᠭ᠎ᠠ ᠳᠤ ᠤᠷᠤᠯᠴᠠᠬᠤ ᠳᠠᠭᠠᠨ ᠲᠤᠰ ᠬᠦᠮᠦᠨ ᠤ ᠦᠢᠯᠡᠳᠪᠤᠷᠢᠯᠡᠯ ᠪᠠ ᠠᠵᠢᠯ ᠢᠶᠠᠨ ᠰᠠᠶᠢᠳᠤᠷ ᠲᠤᠬᠢᠷᠠᠭᠤᠯᠵᠦ᠂ ᠲᠦᠯᠦᠭᠡᠯᠡᠭᠴᠢ ᠶᠢᠨ ᠲᠤᠰᠢᠶᠡᠯ ᠢᠶᠠᠨ ᠤᠷᠢᠳ ᠢᠶᠠᠷ ᠬᠦᠢᠴᠡᠳᠭᠡᠬᠦ ᠬᠡᠷᠡᠭᠳᠠᠢ᠃
ᠠᠷᠪᠠᠳᠤᠭᠠᠷ ᠵᠦᠢᠯ ᠲᠦᠯᠦᠭᠡᠯᠡᠭᠴᠢ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠶᠢᠨ ᠢᠶᠠᠨ ᠬᠢᠨᠠᠯᠳᠡ ᠶᠢ ᠬᠦᠯᠢᠶᠠᠨ᠎ᠠ᠃
ᠠᠷᠪᠠᠨ ᠨᠢᠭᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠨᠢᠭᠲᠠᠷᠠᠭᠤᠯᠵᠤ᠂ ᠲᠥᠯᠥᠭᠡᠯᠡᠭᠴᠢ ᠶᠢᠨ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠶᠢ ᠪᠠᠶᠠᠯᠢᠬᠵᠢᠭᠤᠯᠵᠤ᠂ ᠲᠥᠯᠥᠭᠡᠯᠡᠭᠴᠢ ᠶᠢᠨ ᠠᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠨ ᠪᠠᠲᠤᠯᠠᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠠᠢ᠃
ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠡᠯ᠎ᠡ ᠲᠠᠯ᠎ᠠ ᠶᠢᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠬᠡᠷᠡᠭᠲᠠᠢ᠃
ᠠᠷᠪᠠᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠲᠥᠯᠥᠭᠡᠯᠡᠭᠴᠢ ᠶᠢᠨ ᠠᠵᠢᠯ ᠤᠨ ᠵᠦᠪᠯᠡᠯ ᠪᠠᠶᠢᠭᠤᠯᠵᠤ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠪᠣᠯᠭᠠᠨ᠎ᠠ᠃
ᠬᠤᠶᠡᠳᠦᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠠᠬᠢ ᠠᠵᠢᠯ
ᠠᠷᠪᠠᠨ ᠭᠤᠷᠪᠠᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠴᠠᠭ ᠲᠠᠭᠠᠨ ᠤᠷᠤᠯᠴᠠᠬᠤ ᠬᠡᠷᠡᠭᠳᠠᠢ᠃ ᠲᠦᠯᠦᠭᠡᠯᠡᠭᠴᠢ ᠡᠷᠡᠬᠦᠯ ᠮᠠᠨᠳᠦ ᠵᠡᠷᠭᠡ ᠤᠨᠴᠠᠭᠠᠢ ᠰᠢᠯᠳᠠᠭᠠᠨ ᠠᠴᠠ ᠪᠤᠯᠵᠤ ᠬᠤᠷᠠᠯ ᠳᠤ ᠤᠷᠤᠯᠴᠠᠵᠦ ᠴᠢᠳᠠᠬᠤ ᠦᠭᠡᠢ ᠪᠠᠶᠢᠪᠠᠯ᠂ ᠲᠤᠬᠳᠠᠭᠠᠯ ᠶᠤᠰᠤᠭᠠᠷ ᠴᠢᠯᠦᠭᠡ ᠭᠤᠶᠤᠬᠤ ᠬᠡᠷᠡᠭᠳᠠᠢ᠃
ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠣᠷᠣᠯᠴᠠᠬᠤ ᠠᠴᠠ ᠡᠮᠦᠨ᠎ᠡ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠠᠷᠠᠳ ᠤᠯᠠᠨ ᠤ ᠰᠠᠨᠠᠯ ᠪᠠ ᠰᠠᠨᠠᠭᠤᠯᠭ᠎ᠠ ᠶᠢ ᠰᠣᠨᠣᠰᠴᠤ᠂ ᠲᠣᠬᠢᠷᠠᠭᠤᠯᠤᠯᠲᠠ ᠶᠢ ᠦᠨᠳᠦᠰᠦᠯᠡᠨ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠬᠦ ᠪᠠᠷ ᠪᠠᠶᠢᠭ᠎ᠠ ᠰᠠᠨᠠᠯ ᠵᠥᠪᠯᠡᠯᠭᠡ ᠪᠠ ᠢᠯᠡᠳᠭᠡᠯ ᠮᠡᠳᠡᠬᠦᠯᠦᠯᠳᠡ ᠶᠢ ᠬᠢᠨᠠᠮᠠᠭᠠᠶ ᠰᠤᠳᠤᠯᠤᠨ ᠤᠩᠰᠢᠵᠤ᠂ ᠬᠤᠷᠠᠯ ᠤᠨ ᠬᠤᠭᠤᠴᠠᠭᠠᠨ ᠳᠤ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠳᠤ ᠰᠠᠶᠢᠲᠤᠷ ᠪᠡᠯᠡᠳᠭᠡᠯ ᠬᠢᠬᠦ ᠬᠡᠷᠡᠭᠲᠡᠶ᠃
ᠠᠷᠪᠠᠨ ᠲᠦᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢ ᠰᠣᠩᠭᠤᠭᠤᠯᠢ ᠶᠢᠨ ᠨᠢᠭᠡᠴᠢ᠂ ᠵᠠᠰᠠᠭ ᠵᠠᠬᠢᠷᠭᠠᠨ ᠤ ᠣᠷᠣᠨ ᠵᠡᠷᠭᠡ ᠪᠠᠷ ᠢᠶᠠᠨ ᠲᠥᠯᠥᠭᠡᠯᠡᠭᠴᠢᠳ ᠤᠨ ᠪᠦᠯᠬᠦᠮ ᠪᠠᠶᠢᠭᠤᠯᠤᠨ᠎ᠠ᠃ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢ ᠪᠣᠳᠠᠲᠤ ᠬᠡᠷᠡᠭᠴᠡᠭᠡ ᠪᠠᠨ ᠦᠨᠳᠦᠰᠦᠯᠡᠨ ᠲᠥᠯᠥᠭᠡᠯᠡᠭᠴᠢᠳ ᠤᠨ ᠪᠦᠯᠬᠦᠮ ᠪᠠᠶᠢᠭᠤᠯᠵᠤ ᠪᠣᠯᠤᠨ᠎ᠠ᠃
ᠲᠥᠯᠥᠭᠡᠯᠡᠭᠴᠢ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ᠂ ᠲᠦᠯᠦᠭᠡᠯᠡᠭᠴᠢᠳ ᠤᠨ ᠪᠦᠯᠬᠦᠮ ᠤᠨ ᠵᠤᠬᠢᠶᠠᠨ ᠪᠠᠶᠢᠭᠤᠯᠬᠤ ᠪᠠ ᠲᠤᠬᠢᠷᠠᠭᠤᠯᠬᠤ ᠶᠢ ᠦᠨᠳᠦᠰᠦᠯᠡᠨ᠂ ᠶᠡᠭᠡ ᠬᠤᠷᠠᠯ ᠤᠨ ᠪᠥᠬᠦᠳᠡ ᠬᠤᠷᠠᠯ᠂ ᠲᠥᠯᠥᠭᠡᠯᠡᠭᠴᠢᠳ ᠤᠨ ᠪᠦᠯᠬᠦᠮ ᠤᠨ ᠪᠥᠬᠦᠳᠡ ᠬᠤᠷᠠᠯ᠂ ᠳᠤᠭᠤᠶᠢᠯᠠᠩ ᠤᠨ ᠬᠤᠷᠠᠯ ᠳᠤ ᠣᠷᠣᠯᠴᠠᠵᠤ᠂ ᠬᠤᠷᠠᠯ ᠤᠨ ᠵᠥᠪᠯᠡᠬᠦ ᠵᠦᠢᠯ ᠳᠤ ᠣᠷᠣᠭᠤᠯᠤᠭᠰᠠᠨ ᠡᠯ᠎ᠡ ᠵᠦᠢᠯ ᠤᠨ ᠰᠠᠨᠠᠯ ᠵᠥᠪᠯᠡᠯᠭᠡ᠂ ᠢᠯᠡᠳᠭᠡᠯ ᠮᠡᠳᠡᠭᠦᠯᠦᠯᠳᠡ ᠪᠠ ᠪᠤᠰᠤᠳ ᠵᠥᠪᠯᠡᠬᠦ ᠰᠡᠳᠦᠪ ᠢ ᠬᠢᠨᠠᠨ ᠶᠠᠷᠢᠯᠴᠠᠨ᠎ᠠ᠃
ᠲᠦᠯᠦᠭᠡᠯᠡᠭᠴᠢ ᠲᠡᠷᠢᠬᠦᠯᠡᠭᠴᠢᠳ ᠤᠨ ᠪᠦᠯᠬᠦᠮ ᠤᠨ ᠬᠤᠷᠠᠯ᠂ ᠲᠤᠰᠬᠠᠢ ᠵᠦᠪᠯᠡᠯ ᠤᠨ ᠬᠤᠷᠠᠯ ᠳᠤ ᠰᠤᠩᠭᠤᠬᠳᠠᠬᠤ ᠪᠤᠶᠤ ᠤᠷᠢᠬᠳᠠᠨ ᠰᠤᠯᠠ ᠤᠷᠤᠯᠴᠠᠵᠦ᠂ ᠰᠠᠨᠠᠯ ᠢᠶᠠᠨ ᠢᠯᠡᠳᠭᠡᠵᠦ ᠪᠤᠯᠤᠨ᠎ᠠ᠃
ᠲᠦᠯᠦᠭᠡᠯᠡᠭᠴᠢ ᠬᠤᠷᠠᠯ ᠤᠨ ᠵᠦᠪᠯᠡᠬᠦ ᠰᠡᠳᠦᠪ ᠲᠠᠢ ᠤᠶᠠᠯᠳᠤᠭᠤᠯᠤᠨ ᠰᠠᠨᠠᠯ ᠢᠶᠠᠨ ᠢᠯᠡᠳᠭᠡᠵᠦ᠂ ᠬᠡᠷᠡᠭ ᠵᠦᠪᠯᠡᠬᠦ ᠲᠦᠷᠢᠮ ᠢ ᠵᠢᠷᠤᠮᠯᠠᠨ ᠰᠠᠬᠢᠬᠤ ᠬᠡᠷᠡᠭᠳᠠᠢ᠃
ᠠᠷᠪᠠᠨ ᠲᠠᠪᠤᠳᠤᠭᠠᠷ ᠵᠦᠢᠯ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠤᠨ ᠶᠤᠰᠤᠭᠠᠷ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠷᠭᠡ ᠲᠤᠰᠢᠶᠡᠯ ᠤᠨ ᠬᠡᠪᠴᠢᠶᠡᠨ ᠳᠠᠬᠢ ᠰᠠᠨᠠᠯ ᠵᠦᠪᠯᠡᠯᠭᠡ ᠶᠢ ᠲᠤᠷᠠᠳᠬᠤ ᠡᠷᠭᠡ ᠲᠠᠢ᠃ ᠰᠠᠨᠠᠯ ᠵᠦᠪᠯᠡᠯᠭᠡ ᠨᠢ ᠬᠡᠷᠡᠭ ᠤᠨ ᠰᠢᠯᠳᠠᠭᠠᠨ᠂ ᠬᠡᠷᠡᠭ ᠤᠨ ᠪᠠᠷᠢᠮᠳᠠ ᠪᠤᠯᠤᠨ ᠲᠦᠰᠦᠯ ᠲᠠᠢ ᠪᠠᠶᠢᠬᠤ ᠬᠡᠷᠡᠭᠳᠠᠢ᠃
ᠲᠦᠯᠦᠭᠡᠯᠡᠭᠴᠢ ᠶᠢᠨ ᠬᠠᠦᠯᠢ ᠶᠤᠰᠤᠭᠠᠷ ᠲᠤᠷᠠᠳᠤᠬᠰᠠᠨ ᠰᠠᠨᠠᠯ ᠵᠦᠪᠯᠡᠯᠭᠡ ᠶᠢ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠠᠴᠠ ᠲᠤᠬᠳᠠᠭᠠᠨ᠎ᠠ᠂ ᠡᠰᠡᠬᠦᠯ᠎ᠠ ᠤᠷᠢᠳ ᠢᠶᠠᠷ ᠬᠤᠯᠪᠤᠭᠳᠡᠯ ᠪᠦᠬᠦᠢ ᠲᠤᠰᠬᠠᠢ ᠵᠦᠪᠯᠡᠯ ᠳᠤ ᠲᠤᠰᠢᠶᠡᠨ ᠦᠭᠴᠦ ᠬᠢᠨᠠᠨ ᠵᠦᠪᠯᠡᠬᠦᠯᠦᠭᠡᠳ᠂ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠰᠠᠨᠠᠯ ᠭᠠᠷᠭᠠᠯᠭᠠᠬᠰᠠᠨ ᠤ ᠲᠠᠷᠠᠭ᠎ᠠ ᠳᠠᠬᠢᠭᠠᠳ ᠬᠤᠷᠠᠯ ᠤᠨ ᠵᠦᠪᠯᠡᠬᠦ ᠵᠦᠢᠯ ᠳᠤ ᠤᠷᠤᠭᠤᠯᠬᠤ ᠡᠰᠡᠬᠦ ᠶᠢ ᠲᠤᠬᠳᠠᠭᠠᠨ᠎ᠠ᠃
ᠬᠤᠷᠠᠯ ᠤᠨ ᠵᠦᠪᠯᠡᠬᠦ ᠵᠦᠢᠯ ᠳᠤ ᠤᠷᠤᠭᠤᠯᠤᠬᠰᠠᠨ ᠰᠠᠨᠠᠯ ᠵᠦᠪᠯᠡᠯᠭᠡ ᠶᠢ ᠶᠡᠭᠡ ᠬᠤᠷᠠᠯ ᠳᠤ ᠲᠡᠪᠰᠢᠬᠦᠯᠵᠦ ᠪᠠᠲᠤᠯᠠᠭᠤᠯᠬᠤ ᠠᠴᠠ ᠡᠮᠦᠨ᠎ᠠ᠂ ᠰᠠᠨᠠᠯ ᠵᠦᠪᠯᠡᠯᠭᠡ ᠲᠤᠷᠠᠳᠤᠬᠰᠠᠨ ᠲᠦᠯᠦᠭᠡᠯᠡᠭᠴᠢ ᠵᠦᠪᠯᠡᠯᠭᠡ ᠪᠠᠨ ᠪᠤᠴᠠᠭᠠᠵᠦ ᠠᠪᠬᠤ ᠪᠠᠷ ᠱᠠᠭᠠᠷᠳᠠᠬᠰᠠᠨ ᠪᠠᠶᠢᠪᠠᠯ᠂ ᠲᠡᠷᠢᠬᠦᠯᠡᠭᠴᠢᠳ ᠤᠨ ᠪᠦᠯᠬᠦᠮ ᠢᠶᠠᠷ ᠵᠦᠪᠰᠢᠶᠡᠷᠡᠬᠦᠯᠦᠭᠡᠳ᠂ ᠬᠤᠷᠠᠯ ᠠᠴᠠ ᠲᠤᠰ ᠰᠠᠨᠠᠯ ᠵᠦᠪᠯᠡᠯᠭᠡ ᠶᠢ ᠬᠢᠨᠠᠨ ᠵᠦᠪᠯᠡᠬᠦ ᠪᠠᠨ ᠲᠠᠷᠨ ᠳᠠᠷᠤᠢ ᠳᠤᠨᠢ ᠵᠤᠭᠰᠤᠭᠠᠨ᠎ᠠ᠃
ᠠᠷᠪᠠᠨ ᠵᠢᠷᠭᠤᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠦᠨᠳᠤᠰᠤᠨ ᠬᠠᠦᠯᠢ ᠳᠤ ᠲᠤᠬᠳᠠᠭᠠᠬᠰᠠᠨ ᠵᠢᠷᠤᠮ ᠶᠤᠰᠤᠭᠠᠷ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠦᠨᠳᠤᠰᠤᠨ ᠬᠠᠦᠯᠢ ᠳᠤ ᠵᠠᠰᠠᠪᠤᠷᠢ ᠤᠷᠤᠭᠤᠯᠬᠤ ᠰᠠᠨᠠᠯ ᠵᠦᠪᠯᠡᠯᠭᠡ ᠲᠤᠷᠠᠳᠬᠤ ᠡᠷᠭᠡ ᠲᠠᠢ᠃
ᠠᠷᠪᠠᠨ ᠳᠤᠯᠤᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠰᠤᠩᠭᠤᠭᠤᠯᠢ ᠳᠤ ᠤᠷᠤᠯᠴᠠᠨ᠎ᠠ᠃
ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠡᠷᠢᠬᠦᠯᠡᠭᠴᠢᠳ ᠤᠨ ᠪᠦᠯᠬᠦᠮ ᠠᠴᠠ ᠨᠡᠷ᠎ᠠ ᠲᠤᠷᠠᠳᠤᠬᠰᠠᠨ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ ᠢᠶᠠᠷ ᠵᠢᠱᠢᠭᠳᠡᠭᠴᠢ᠂ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠᠷ ᠵᠢᠱᠢᠭᠳᠡᠭᠴᠢ᠂ ᠲᠦᠪ ᠬᠤᠷᠢᠶ᠎ᠡ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠷᠢᠬᠦᠯᠡᠭᠴᠢ ᠪᠠᠷ ᠵᠢᠱᠢᠭᠳᠡᠭᠴᠢ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠠᠷ ᠵᠢᠱᠢᠭᠳᠡᠭᠴᠢ᠂ ᠠᠷᠠᠳ ᠤᠨ ᠲᠡᠭᠡᠳᠦ ᠰᠢᠬᠦᠬᠦ ᠬᠤᠷᠢᠶ᠎ᠠ ᠶᠢᠨ ᠲᠠᠷᠤᠭ᠎ᠠ ᠪᠤᠯᠤᠨ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠪᠠᠷ ᠵᠢᠱᠢᠭᠳᠡᠭᠴᠢ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠪᠦᠷᠢᠯᠳᠦᠬᠦᠨ ᠢᠶᠠᠷ ᠵᠢᠱᠢᠭᠳᠡᠭᠴᠢ ᠳᠤ ᠰᠠᠨᠠᠯ ᠲᠤᠷᠠᠳᠬᠤ ᠡᠷᠭᠡ ᠲᠠᠢ᠃
ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠠᠤᠯᠢ ᠪᠠᠷ ᠲᠣᠭᠲᠠᠭᠠᠭᠰᠠᠨ ᠵᠢᠷᠤᠮ ᠶᠣᠰᠣᠭᠠᠷ ᠡᠯ᠎ᠡ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ᠂ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠬᠥᠮᠦᠰ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠢᠴᠢ ᠳᠡᠭᠡᠷ᠎ᠡ ᠨᠢᠭᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠵᠢᠱᠢᠭᠳᠡᠭᠴᠢ ᠶᠢ ᠳᠤᠷᠠᠳᠬᠤ ᠡᠷᠬᠡ ᠲᠠᠢ ᠪᠥᠭᠡᠳ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠠ ᠲᠥᠯᠥᠭᠡᠯᠡᠭᠴᠢᠳ ᠤᠨ ᠬᠠᠤᠯᠢ ᠶᠣᠰᠣᠭᠠᠷ ᠳᠤᠷᠠᠳᠤᠭᠰᠠᠨ ᠵᠢᠱᠢᠭᠳᠡᠭᠴᠢ ᠶᠢᠨ ᠲᠤᠬᠠᠢ ᠰᠠᠨᠠᠯ ᠢᠶᠠᠨ ᠳᠤᠷᠠᠳᠬᠤ ᠡᠷᠬᠡ ᠲᠠᠢ᠃
ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ ᠡᠯ᠎ᠡ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠠ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠬᠦᠮᠦᠨ ᠢᠶᠠᠷ ᠵᠢᠱᠢᠭᠳᠡᠭᠴᠢ ᠶᠢ ᠲᠤᠷᠠᠳᠬᠤ ᠡᠷᠭᠡ ᠲᠠᠢ ᠪᠦᠭᠡᠳ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠯᠤᠨ ᠲᠦᠯᠦᠭᠡᠯᠡᠭᠴᠢ ᠶᠢᠨ ᠬᠠᠦᠯᠢ ᠶᠤᠰᠤᠭᠠᠷ ᠲᠤᠷᠠᠳᠤᠭᠰᠠᠨ ᠳᠡᠭᠡᠷ᠎ᠡ ᠲᠤᠷᠠᠳᠤᠬᠰᠠᠨ ᠬᠦᠮᠦᠰ ᠤᠨ ᠵᠢᠱᠢᠭᠳᠡᠭᠴᠢ ᠶᠢᠨ ᠲᠤᠬᠠᠢ ᠰᠠᠨᠠᠯ ᠲᠤᠷᠠᠳᠬᠤ ᠡᠷᠭᠡ ᠲᠠᠢ᠃
ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠦᠷᠢᠯᠳᠦᠭᠦᠨ ᠢᠶᠠᠷ ᠵᠢᠱᠢᠭᠳᠡᠭᠴᠢ ᠳᠤ ᠰᠠᠨᠠᠯ ᠲᠤᠷᠠᠳᠬᠤ ᠡᠷᠭᠡ ᠲᠠᠢ᠃
ᠲᠥᠯᠥᠭᠡᠯᠡᠭᠴᠢ ᠨᠢ ᠲᠣᠭᠲᠠᠭᠠᠭᠰᠠᠨ ᠰᠤᠩᠭᠤᠬᠤ ᠪᠠᠷ ᠵᠢᠱᠢᠭᠳᠡᠭᠴᠢ ᠳᠤ ᠵᠥᠪᠰᠢᠶᠡᠷᠡᠬᠦ ᠫᠢᠶᠤᠤ ᠦᠭᠴᠤ ᠪᠤᠯᠤᠨ᠎ᠠ᠂ ᠵᠥᠪᠰᠢᠶᠡᠷᠡᠬᠦ ᠦᠭᠡᠢ ᠫᠢᠶᠤᠤ ᠥᠭᠭᠦᠭᠰᠡᠨ ᠴᠤ ᠪᠣᠯᠤᠨ᠎ᠠ᠂ ᠡᠷᠬᠡ ᠪᠠᠨ ᠬᠠᠶᠠᠬᠤ ᠫᠢᠶᠤᠤ ᠥᠭᠭᠦᠭᠰᠡᠨ ᠴᠦ ᠪᠣᠯᠤᠨ᠎ᠠ︔ ᠵᠥᠪᠰᠢᠶᠡᠷᠡᠬᠦ ᠦᠭᠡᠢ ᠪᠣᠯ ᠥᠭᠡᠷ᠎ᠡ ᠬᠥᠮᠦᠨ ᠢ ᠰᠣᠩᠭᠤᠵᠤ ᠪᠣᠯᠤᠨ᠎ᠠ᠃
ᠠᠷᠪᠠᠨ ᠨᠠᠢᠮᠠᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠦᠷᠦ ᠶᠢᠨ ᠶᠠᠪᠤᠳᠡᠯ ᠤᠨ ᠬᠤᠷᠢᠶ᠎ᠠ ᠶᠢᠨ ᠪᠦᠷᠢᠯᠳᠦᠬᠦᠨ ᠪᠠ ᠲᠦᠪ ᠬᠤᠷᠢᠶ᠎ᠡ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠲᠡᠳ᠋ ᠲᠡᠷᠢᠬᠦᠯᠡᠭᠴᠢ᠂ ᠬᠡᠰᠢᠬᠦᠨ ᠢᠶᠠᠷ ᠵᠢᠱᠢᠭᠳᠡᠭᠴᠢ ᠶᠢ ᠲᠤᠬᠳᠠᠭᠠᠬᠤ ᠳᠤ ᠤᠷᠤᠯᠴᠠᠨ᠎ᠠ᠃
ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠲᠤᠰᠬᠠᠢ ᠵᠦᠪᠯᠡᠯ ᠤᠨ ᠪᠦᠷᠢᠯᠳᠦᠬᠦᠨ ᠢᠶᠠᠷ ᠵᠢᠱᠢᠭᠳᠡᠭᠴᠢ ᠶᠢ ᠪᠠᠲᠤᠯᠠᠯᠲᠠ ᠬᠢᠯᠭᠡᠵᠦ ᠪᠠᠳᠤᠯᠠᠭᠤᠯᠬᠤ ᠳᠤ ᠤᠷᠤᠯᠴᠠᠨ᠎ᠠ᠃
ᠠᠷᠪᠠ ᠶᠢᠰᠦᠳᠦᠭᠡᠷ ᠵᠦᠢᠯ ᠲᠦᠯᠦᠭᠡᠯᠡᠭᠴᠢ ᠰᠠᠨᠠᠯ ᠵᠦᠪᠯᠡᠯᠭᠡ ᠪᠠ ᠢᠯᠡᠳᠭᠡᠯ ᠮᠡᠳᠡᠭᠦᠯᠦᠯᠳᠡ ᠶᠢ ᠬᠢᠨᠠᠨ ᠵᠦᠪᠯᠡᠬᠦ ᠳᠡᠭᠡᠨ ᠲᠤᠰ ᠱᠠᠳᠤᠨ ᠤ ᠪᠠᠨ ᠬᠤᠯᠪᠤᠬᠳᠡᠯ ᠪᠦᠬᠦᠢ ᠲᠦᠷᠦ ᠶᠢᠨ ᠪᠠᠶᠢᠭᠤᠯᠭ᠎ᠠ ᠠᠴᠠ ᠯᠠᠪᠯᠠᠨ ᠠᠰᠠᠭᠤᠵᠤ ᠪᠤᠯᠤᠨ᠎ᠠ᠃ ᠬᠤᠯᠪᠤᠬᠳᠡᠯ ᠪᠦᠬᠦᠢ ᠲᠦᠷᠦ ᠶᠢᠨ ᠪᠠᠶᠢᠭᠤᠯᠭ᠎ᠠ ᠬᠠᠷᠢᠭᠤᠴᠠᠯᠭᠠᠳᠡᠨ ᠪᠤᠶᠤ ᠬᠠᠷᠢᠭᠤᠴᠠᠬᠤ ᠠᠵᠢᠯᠳᠡᠨ ᠲᠤᠮᠢᠯᠠᠵᠦ ᠯᠠᠪᠯᠠᠨ ᠠᠰᠠᠭᠤᠬᠰᠠᠨ ᠵᠦᠢᠯ ᠳᠤ ᠬᠠᠷᠢᠭᠤᠯᠳᠡ ᠦᠭᠭᠦ ᠬᠡᠷᠡᠭᠳᠠᠢ᠃
ᠬᠤᠷᠢᠳᠤᠭᠠᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠤᠨ ᠬᠤᠭᠤᠴᠠᠭᠠᠨ ᠳᠤ᠂ ᠨᠢᠭᠡ ᠲᠦᠯᠦᠭᠡᠯᠡᠭᠴᠢᠳ ᠤᠨ ᠪᠦᠯᠬᠦᠮ ᠪᠤᠶᠤ ᠭᠤᠴᠢ ᠠᠴᠠ ᠲᠡᠭᠡᠭᠰᠢ ᠲᠤᠭᠠᠨ ᠤ ᠲᠦᠯᠦᠭᠡᠯᠡᠭᠴᠢ ᠨᠡᠷ᠎ᠠ ᠬᠤᠯᠪᠤᠭᠠᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠰᠠᠯᠠᠭ᠎ᠠ ᠮᠥᠴᠢᠷ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠳᠤ ᠪᠢᠴᠢᠭ ᠢᠶᠠᠷ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃
ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠳᠤ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃
ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠳᠤ ᠲᠤᠯᠭᠠᠨ ᠠᠰᠠᠭᠤᠬᠤ ᠵᠦᠪᠯᠡᠯᠭᠡ ᠭᠠᠷᠭᠠᠬᠤ ᠡᠷᠭᠡ ᠲᠠᠢ᠃
ᠲᠤᠯᠭᠠᠨ ᠠᠰᠠᠭᠤᠬᠤ ᠵᠦᠪᠯᠡᠯᠭᠡ ᠳᠤ ᠲᠤᠯᠭᠠᠨ ᠠᠰᠠᠭᠤᠬᠤ ᠳ᠋ᠦᠢᠰᠢᠶᠠᠩ᠂ ᠲᠤᠯᠭᠠᠨ ᠠᠰᠠᠭᠤᠬᠤ ᠠᠰᠠᠭᠤᠳᠡᠯ ᠪᠠ ᠠᠭᠤᠯᠭ᠎ᠠ ᠪᠠᠨ ᠲᠤᠳᠤᠷᠬᠠᠢ ᠪᠢᠴᠢᠬᠦ ᠬᠡᠷᠡᠭᠳᠠᠢ᠃
ᠲᠤᠯᠭᠠᠨ ᠠᠰᠠᠭᠤᠬᠤ ᠵᠦᠪᠯᠡᠯᠭᠡ ᠶᠢ ᠲᠡᠷᠢᠬᠦᠯᠡᠭᠴᠢᠳ ᠤᠨ ᠪᠦᠯᠬᠦᠮ ᠤᠨ ᠲᠤᠬᠳᠠᠭᠠᠯ ᠶᠤᠰᠤᠭᠠᠷ᠂ ᠲᠤᠯᠭᠠᠨ ᠠᠰᠠᠭᠤᠬᠳᠠᠬᠰᠠᠨ ᠪᠠᠶᠢᠭᠤᠯᠭ᠎ᠠ ᠬᠠᠷᠢᠭᠤᠯᠲᠠ ᠦᠭᠭᠦᠨ᠎ᠡ᠃ ᠲᠤᠯᠭᠠᠨ ᠠᠰᠠᠭᠤᠬᠤ ᠵᠦᠪᠯᠡᠯᠭᠡ ᠭᠠᠷᠭᠠᠬᠰᠠᠨ ᠲᠦᠯᠦᠭᠡᠯᠡᠭᠴᠢᠳ ᠤᠨ ᠬᠠᠭᠠᠰ ᠠᠴᠠ ᠲᠡᠭᠡᠭᠰᠢ ᠲᠤᠭᠠᠨ ᠤ ᠬᠦᠮᠦᠨ ᠨᠢ ᠬᠠᠷᠢᠭᠤᠯᠳᠡ ᠳᠤ ᠬᠠᠨᠤᠮᠵᠢ ᠦᠭᠡᠢ ᠪᠠᠶᠢᠪᠠᠯ᠂ ᠲᠤᠯᠭᠠᠨ ᠠᠰᠠᠭᠤᠬᠳᠠᠬᠰᠠᠨ ᠪᠠᠶᠢᠭᠤᠯᠭ᠎ᠠ ᠶᠢ ᠲᠡᠬᠢᠨ ᠬᠠᠷᠢᠭᠤᠯᠳᠡ ᠦᠭᠭᠦᠬᠦᠯᠬᠦ ᠪᠠᠷ ᠱᠠᠭᠠᠷᠳᠠᠵᠦ ᠪᠤᠯᠤᠨ᠎ᠠ᠃
ᠬᠤᠷᠢᠨ ᠨᠢᠭᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ᠂ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ᠂ ᠲᠦᠷᠦ ᠶᠢᠨ ᠶᠠᠪᠤᠳᠡᠯ ᠤᠨ ᠬᠤᠷᠢᠶ᠎ᠠ ᠶᠢᠨ ᠪᠦᠷᠢᠯᠳᠦᠬᠦᠨ᠂ ᠲᠦᠪ ᠬᠤᠷᠢᠶ᠎ᠠ ᠶᠢᠨ ᠴᠡᠷᠢᠭ ᠤᠨ ᠶᠠᠪᠤᠳᠡᠯ ᠤᠨ ᠬᠤᠷᠢᠶ᠎ᠠ ᠶᠢᠨ ᠪᠦᠷᠢᠯᠳᠦᠬᠦᠨ᠂ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠲᠡᠭᠡᠳᠦ ᠰᠢᠬᠦᠬᠦ ᠬᠤᠷᠢᠶ᠎ᠠ ᠶᠢᠨ ᠲᠠᠷᠤᠭ᠎ᠠ᠂ ᠠᠷᠠᠳ ᠤᠨ ᠲᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢ ᠤᠭᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃
ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠪᠦᠷᠢᠯᠳᠦᠬᠦᠨ᠂ ᠠᠷᠠᠳ ᠤᠨ ᠵᠠᠰᠠᠭ ᠤᠨ ᠤᠷᠳᠤᠨ ᠤ ᠪᠦᠷᠢᠯᠳᠦᠬᠦᠨ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠠᠷᠠᠳ ᠤᠨ ᠰᠢᠬᠦᠬᠦ ᠬᠤᠷᠢᠶ᠎ᠠ ᠶᠢᠨ ᠲᠠᠷᠤᠭ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠶᠢ ᠤᠭᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃
ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠪᠤᠯᠤᠨ ᠠᠷᠠᠳ ᠤᠨ ᠵᠠᠰᠠᠭ ᠤᠨ ᠤᠷᠳᠤᠨ ᠤ ᠤᠳᠤᠷᠢᠳᠬᠤ ᠬᠦᠮᠦᠰ ᠢ ᠤᠬᠴᠤᠷᠠᠭᠤᠯᠬᠤ ᠵᠦᠪᠯᠡᠯᠭᠡ ᠭᠠᠷᠭᠠᠬᠤ ᠡᠷᠭᠡ ᠲᠠᠢ᠃
ᠤᠭᠴᠤᠷᠠᠭᠤᠯᠬᠤ ᠵᠦᠪᠯᠡᠯᠭᠡ ᠳᠤ ᠲᠤᠰᠢᠶᠡᠯ ᠠᠴᠠ ᠨᠢ ᠤᠭᠴᠤᠷᠠᠭᠤᠯᠬᠤ ᠰᠢᠯᠳᠠᠭᠠᠨ ᠢᠶᠠᠨ ᠲᠤᠳᠤᠷᠬᠠᠢ ᠪᠢᠴᠢᠬᠦ ᠬᠡᠷᠡᠭᠳᠠᠢ᠃
ᠬᠤᠷᠢᠨ ᠬᠤᠶᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠨᠴᠠ ᠲᠤᠭᠲᠠᠭᠰᠠᠨ ᠠᠰᠠᠭᠤᠳᠡᠯ ᠤᠨ ᠲᠤᠬᠠᠢ ᠪᠠᠶᠢᠴᠠᠭᠠᠬᠤ ᠵᠥᠪᠯᠡᠯ ᠵᠤᠬᠢᠶᠡᠨ ᠪᠠᠶᠢᠭᠤᠯᠬᠤ ᠪᠠᠷ ᠬᠠᠦᠯᠢ ᠶᠤᠰᠤᠭᠠᠷ ᠰᠠᠨᠠᠭᠤᠯᠭ᠎ᠠ ᠲᠤᠷᠠᠳᠬᠤ ᠡᠷᠭᠡ ᠲᠠᠢ᠃
ᠬᠤᠷᠢᠨ ᠭᠤᠷᠪᠠᠳᠤᠭᠠᠷ ᠵᠦᠢᠯ ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠲᠤᠯᠠᠯᠲᠠ ᠳᠤ ᠣᠷᠣᠯᠴᠠᠬᠤ ᠳᠠᠭᠠᠨ ᠵᠥᠪᠰᠢᠶᠡᠷᠡᠬᠦ ᠪᠠᠨ ᠢᠯᠡᠷᠬᠡᠶᠢᠯᠡᠵᠦ ᠪᠣᠯᠤᠨ᠎ᠠ᠂ ᠵᠦᠪᠰᠢᠶᠡᠷᠡᠬᠦ ᠦᠭᠡᠢ ᠪᠠᠶᠢᠬᠤ ᠪᠠᠨ ᠢᠯᠡᠷᠬᠡᠶᠢᠯᠡᠵᠦ ᠪᠣᠯᠤᠨ᠎ᠠ᠂ ᠡᠷᠬᠡ ᠪᠠᠨ ᠬᠠᠶᠠᠬᠤ ᠪᠠᠷ ᠢᠯᠡᠷᠬᠡᠶᠢᠯᠡᠭᠰᠡᠨ ᠴᠤ ᠪᠣᠯᠤᠨ᠎ᠠ᠃
ᠬᠤᠷᠢᠨ ᠲᠦᠷᠪᠡᠳᠤᠭᠡᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠡᠯ᠎ᠠ ᠲᠠᠯ᠎ᠠ ᠶᠢᠨ ᠠᠵᠢᠯ ᠤᠨ ᠲᠤᠬᠠᠢ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠡᠷᠭᠡ ᠲᠠᠢ᠃ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠨᠢ ᠲᠤᠳᠤᠷᠬᠠᠢ ᠪᠦᠭᠡᠳ ᠪᠤᠳᠠᠳᠠᠢ ᠪᠠᠶᠢᠵᠦ᠂ ᠪᠤᠳᠠᠳᠦ ᠪᠠᠶᠢᠳᠠᠯ ᠪᠠ ᠠᠰᠠᠭᠤᠳᠡᠯ ᠢ ᠴᠢᠬᠤᠯᠠᠴᠢᠯᠠᠨ ᠲᠤᠰᠬᠠᠬᠰᠠᠨ ᠪᠠᠶᠢᠬᠤ ᠬᠡᠷᠡᠭᠳᠠᠢ᠃
ᠭᠤᠷᠪᠠᠳᠤᠭᠠᠷ ᠪᠦᠯᠦᠭ ᠲᠦᠯᠦᠭᠡᠯᠡᠭᠴᠢ ᠶᠢᠨ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ
ᠬᠤᠷᠢᠨ ᠲᠠᠪᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠤᠬᠢᠶᠡᠨ ᠪᠠᠶᠢᠭᠤᠯᠵᠦ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃
ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠲᠡᠭᠡᠷ᠎ᠠ ᠨᠢᠭᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠤᠩᠭᠤᠭᠤᠯᠢ ᠪᠠᠷ ᠰᠤᠩᠭᠤᠵᠤ ᠭᠠᠷᠭᠠᠭᠰᠠᠨ ᠲᠡᠭᠡᠷ᠎ᠠ ᠨᠢᠭᠡ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠤᠬᠢᠶᠡᠨ ᠪᠠᠶᠢᠭᠤᠯᠵᠦ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃
ᠰᠢᠶᠠᠩ᠂ ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ᠂ ᠲᠡᠳ᠋ ᠲᠡᠷᠢᠬᠦᠯᠡᠭᠴᠢ ᠲᠡᠷᠢᠭᠦᠯᠡᠭᠴᠢᠳ ᠤᠨ ᠪᠦᠯᠬᠦᠮ ᠤᠨ ᠲᠤᠬᠢᠷᠠᠭᠤᠯᠤᠯᠲᠠ ᠶᠢ ᠦᠨᠳᠦᠰᠦᠯᠡᠨ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠤᠬᠢᠶᠠᠨ ᠪᠠᠶᠢᠭᠤᠯᠵᠦ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠶᠢ ᠦᠷᠨᠢᠬᠦᠯᠦᠨ᠎ᠠ᠃
ᠬᠤᠷᠢᠨ ᠵᠢᠷᠭᠤᠳᠤᠭᠠᠷ ᠵᠦᠢᠯ ᠲᠦᠯᠦᠭᠡᠯᠡᠭᠴᠢᠳ ᠤᠨ ᠬᠤᠷᠠᠯ ᠲᠡᠬᠦᠰᠦᠭᠰᠡᠨ ᠬᠤᠭᠤᠴᠠᠭᠠᠨ ᠳᠠᠬᠢ ᠠᠵᠢᠯᠯᠠᠭ᠎ᠠ ᠨᠢ ᠬᠠᠮᠳᠦ ᠶᠢᠨ ᠠᠵᠢᠯᠯᠠᠭ᠎ᠠ ᠪᠠᠷ ᠭᠤᠤᠯ ᠪᠤᠯᠭᠠᠵᠦ᠂ ᠲᠦᠯᠦᠭᠡᠯᠡᠭᠴᠢᠳ ᠤᠨ ᠲᠤᠭᠤᠶᠢᠯᠠᠩ ᠤᠨ ᠠᠵᠢᠯᠯᠠᠭ᠎ᠠ ᠪᠠᠷ ᠦᠨᠳᠤᠰᠤᠨ ᠬᠡᠯᠪᠡᠷᠢ ᠪᠤᠯᠭᠠᠨ᠎ᠠ᠃ ᠲᠦᠯᠦᠭᠡᠯᠡᠭᠴᠢ ᠤᠯᠠᠨ ᠵᠦᠢᠯ ᠤᠨ ᠠᠷᠭ᠎ᠠ ᠬᠡᠯᠪᠡᠷᠢ ᠪᠠᠷ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠶᠢᠨ ᠰᠠᠨᠠᠯ ᠪᠠ ᠱᠠᠭᠠᠷᠳᠠᠯᠭ᠎ᠠ ᠶᠢ ᠰᠤᠨᠤᠰᠴᠦ᠂ ᠲᠤᠰᠠᠬᠵᠦ ᠪᠤᠯᠤᠨ᠎ᠠ᠃
ᠬᠤᠷᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠲᠤᠨ ᠤ ᠪᠠᠨ ᠪᠤᠶᠤ ᠲᠤᠤᠷᠡᠳᠦ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠮᠵᠢᠯᠴᠠᠭ᠎ᠠ ᠳᠣᠤᠷ᠎ᠠ᠂ ᠠᠵᠢᠯᠯᠠᠭ᠎ᠠ ᠵᠣᠬᠢᠶᠠᠨ ᠪᠠᠶᠢᠭᠤᠯᠬᠤ ᠪᠠ ᠥᠷᠨᠢᠭᠦᠯᠬᠦ ᠳᠤ ᠳᠥᠭᠦᠮ ᠪᠠᠶᠢᠯᠭᠠᠬᠤ ᠵᠠᠷᠴᠢᠮ ᠶᠣᠰᠣᠭᠠᠷ᠂ ᠭᠠᠵᠠᠷ ᠣᠷᠣᠨ᠂ ᠬᠦᠷᠢᠶ᠎ᠡ ᠵᠡᠷᠭᠡ ᠶᠢ ᠦᠨᠳᠦᠰᠦᠯᠡᠨ ᠲᠥᠯᠥᠭᠡᠯᠡᠭᠴᠢᠳ ᠤᠨ ᠳᠤᠭᠤᠶᠢᠯᠠᠩ ᠪᠠᠶᠢᠭᠤᠯᠵᠤ ᠪᠣᠯᠤᠨ᠎ᠠ᠃
ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠤᠷᠠᠳᠦ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠲᠤᠭᠤᠶᠢᠯᠠᠩ ᠤᠨ ᠠᠵᠢᠯᠯᠠᠭ᠎ᠠ ᠳᠤ ᠤᠷᠤᠯᠴᠠᠵᠦ ᠪᠤᠯᠤᠨ᠎ᠠ᠃
ᠬᠤᠷᠢᠨ ᠨᠠᠢᠮᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠤᠬᠠᠶ ᠶᠢᠨ ᠭᠠᠵᠠᠷ ᠲᠤᠨᠢ ᠪᠠ ᠣᠶᠢᠷ᠎ᠠ ᠬᠠᠪᠢ ᠳᠤᠨᠢ ᠪᠠᠶᠢᠬᠤ ᠵᠠᠷᠴᠢᠮ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠠᠷᠠᠳ ᠤᠯᠠᠨ ᠲᠠᠢ ᠬᠠᠷᠢᠯᠴᠠᠬᠤ ᠠᠵᠢᠯᠯᠠᠭ᠎ᠠ ᠥᠷᠨᠢᠭᠦᠯᠵᠦ᠂ ᠠᠷᠠᠳ ᠣᠯᠠᠨ ᠤ ᠰᠠᠨᠠᠯ ᠪᠠ ᠰᠠᠨᠠᠭᠤᠯᠭ᠎ᠠ ᠶᠢ ᠰᠣᠨᠣᠰᠬᠤ ᠪᠠ ᠲᠤᠰᠬᠠᠨ᠎ᠠ᠃
ᠬᠤᠷᠢ ᠶᠢᠰᠦᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠣᠬᠢᠷᠠᠭᠤᠯᠤᠯᠲᠠ ᠶᠢ ᠦᠨᠳᠦᠰᠦᠯᠡᠨ᠂ ᠲᠤᠰ ᠱᠠᠲᠤᠨ ᠤ ᠪᠠᠨ ᠪᠤᠶᠤ ᠲᠤᠤᠷᠡᠳᠦ ᠱᠠᠲᠤᠨ ᠤ ᠪᠠᠨ ᠲᠦᠷᠦ ᠶᠢᠨ ᠪᠠᠶᠢᠭᠤᠯᠭ᠎ᠠ ᠪᠠ ᠬᠤᠯᠪᠣᠭᠳᠠᠯ ᠪᠦᠬᠦᠢ ᠨᠢᠭᠡᠴᠢ ᠶᠢᠨ ᠠᠵᠢᠯ ᠢ ᠪᠠᠶᠢᠴᠠᠭᠠᠵᠤ ᠦᠵᠡᠨ᠎ᠡ᠃ ᠰᠢᠶᠠᠩ᠂ ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠥᠯᠬᠦᠮ ᠤᠨ ᠲᠤᠬᠢᠷᠠᠭᠤᠯᠤᠯᠲᠠ ᠶᠢ ᠦᠨᠳᠤᠰᠦᠯᠡᠨ᠂ ᠲᠤᠰ ᠱᠠᠳᠤᠨ ᠤ ᠪᠠᠨ ᠠᠷᠠᠳ ᠤᠨ ᠵᠠᠰᠠᠭ ᠤᠨ ᠤᠷᠳᠤᠨ ᠪᠠ ᠬᠤᠯᠪᠤᠭᠳᠡᠯ ᠪᠦᠬᠦᠢ ᠨᠢᠭᠡᠴᠢ ᠶᠢᠨ ᠠᠵᠢᠯ ᠢ ᠪᠠᠶᠢᠴᠠᠭᠠᠵᠦ ᠦᠵᠡᠨ᠎ᠠ᠃ ᠲᠣᠬᠢᠷᠠᠭᠤᠯᠤᠯᠲᠠ ᠶᠢ ᠦᠨᠳᠦᠰᠦᠯᠡᠨ᠂ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠰᠠ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠤᠤᠯ ᠰᠤᠩᠭᠤᠭᠰᠠᠨ ᠨᠢᠭᠡᠴᠢ ᠶᠢ ᠠᠯᠤᠰᠯᠠᠨ ᠠᠵᠢᠯ ᠪᠠᠶᠢᠴᠠᠭᠠᠵᠦ ᠦᠵᠡᠵᠦ ᠪᠣᠯᠤᠨ᠎ᠠ᠃
ᠲᠦᠯᠦᠭᠡᠯᠡᠭᠴᠢ ᠡᠮᠦᠨᠡᠬᠢ ᠪᠠᠳᠠᠭ ᠤᠨ ᠲᠤᠬᠳᠠᠭᠠᠯ ᠶᠤᠰᠤᠭᠠᠷ ᠠᠵᠢᠯ ᠪᠠᠶᠢᠴᠠᠭᠠᠵᠦ ᠦᠵᠡᠬᠦ ᠳᠡᠭᠡᠨ᠂ ᠲᠤᠰ ᠱᠠᠳᠤᠨ ᠤ ᠪᠠᠨ ᠪᠤᠶᠤ ᠲᠤᠤᠷᠠᠳᠦ ᠱᠠᠳᠤᠨ ᠤ ᠪᠠᠨ ᠬᠤᠯᠪᠤᠭᠳᠡᠯ ᠪᠦᠬᠦᠢ ᠲᠦᠷᠦ ᠶᠢᠨ ᠪᠠᠶᠢᠭᠤᠯᠭ᠎ᠠ ᠶᠢᠨ ᠬᠠᠷᠢᠭᠤᠴᠠᠯᠭᠠᠳᠡᠨ ᠲᠠᠢ ᠪᠤᠯᠵᠦᠨ ᠠᠭᠤᠯᠵᠠᠬᠤ ᠪᠠᠷ ᠲᠤᠷᠠᠳᠴᠦ ᠪᠤᠯᠤᠨ᠎ᠠ᠃ ᠪᠤᠯᠵᠤᠭᠳᠠᠨ ᠠᠭᠤᠯᠵᠠᠬᠰᠠᠨ ᠬᠤᠯᠪᠤᠭᠳᠡᠯ ᠪᠦᠬᠦᠢ ᠲᠦᠷᠦ ᠶᠢᠨ ᠪᠠᠶᠢᠭᠤᠯᠭ᠎ᠠ ᠶᠢᠨ ᠬᠠᠷᠢᠭᠤᠴᠠᠯᠭᠠᠳᠡᠨ ᠪᠤᠶᠤ ᠲᠡᠬᠦᠨ ᠤ ᠨᠠᠶᠢᠳᠠᠬᠰᠠᠨ ᠬᠠᠷᠢᠭᠤᠴᠠᠬᠤ ᠠᠵᠢᠯᠲᠠᠨ ᠨᠢ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠰᠤᠨᠤᠰᠬᠤ ᠬᠡᠷᠡᠭᠳᠠᠢ᠃
ᠲᠦᠯᠦᠭᠡᠯᠡᠭᠴᠢ ᠲᠦᠯᠦᠭᠡᠯᠡᠭᠴᠢ ᠶᠢᠨ ᠦᠨᠡᠮᠯᠡᠯ ᠢᠶᠠᠨ ᠠᠪᠴᠦ ᠲᠤᠬᠠᠢ ᠶᠢᠨ ᠭᠠᠵᠠᠷ ᠲᠤ ᠠᠵᠢᠯ ᠪᠠᠶᠢᠴᠠᠭᠠᠨ ᠦᠵᠡᠵᠦ ᠪᠤᠯᠤᠨ᠎ᠠ᠃ ᠰᠢᠶᠡᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠦᠯᠦᠭᠡᠯᠡᠭᠴᠢᠳ ᠤᠨ ᠱᠠᠭᠠᠷᠳᠠᠯᠭ᠎ᠠ ᠶᠢ ᠦᠨᠳᠤᠰᠤᠯᠠᠵᠦ᠂ ᠲᠤᠰ ᠱᠠᠳᠤᠨ ᠤ ᠪᠠᠨ ᠪᠤᠶᠤ ᠲᠡᠭᠡᠳᠦ ᠱᠠᠳᠤᠨ ᠤ ᠲᠦᠯᠦᠭᠡᠯᠡᠭᠴᠢ ᠶᠢᠨ ᠲᠤᠬᠠᠢ ᠶᠢᠨ ᠭᠠᠵᠠᠷ ᠲᠤ ᠲᠦᠯᠦᠭᠡᠯᠡᠭᠴᠢ ᠶᠢᠨ ᠦᠨᠡᠮᠯᠡᠯ ᠢᠶᠠᠨ ᠠᠪᠴᠦ ᠠᠵᠢᠯ ᠪᠠᠶᠢᠴᠠᠭᠠᠨ ᠦᠵᠡᠬᠦ ᠠᠵᠢᠯᠯᠠᠭ᠎ᠠ ᠶᠢ ᠬᠠᠷᠢᠯᠴᠠᠵᠦ ᠲᠤᠬᠢᠷᠠᠭᠤᠯᠤᠨ᠎ᠠ᠃
ᠭᠤᠴᠢᠳᠤᠭᠠᠷ ᠵᠦᠢᠯ ᠲᠦᠯᠦᠭᠡᠯᠡᠭᠴᠢ ᠲᠤᠰ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠤᠬᠢᠷᠠᠭᠤᠯᠤᠯᠲᠠ ᠶᠢ ᠦᠨᠳᠦᠰᠦᠯᠡᠨ᠂ ᠠᠵᠦ ᠠᠬᠤᠢ ᠨᠠᠶᠢᠭᠡᠮ ᠤᠨ ᠬᠦᠭᠵᠢᠯᠳᠡ ᠪᠠ ᠠᠷᠠᠳ ᠤᠯᠠᠨ ᠤ ᠲᠤᠰ ᠪᠡᠶ᠎ᠠ ᠶᠢᠨ ᠠᠰᠢᠭ ᠲᠤᠰᠠ ᠳᠤ ᠬᠤᠯᠪᠤᠬᠳᠠᠬᠰᠠᠨ᠂ ᠨᠠᠶᠢᠭᠡᠮ ᠲᠠᠶᠠᠭᠠᠷ ᠤᠨ ᠨᠠᠶᠢᠳᠡᠮ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠳᠡᠯ᠂ ᠴᠢᠬᠤᠯᠠ ᠶᠡᠭᠡ ᠤᠴᠢᠷ ᠶᠠᠪᠤᠳᠠᠯ ᠵᠢᠴᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ᠲᠤᠰᠬᠠᠢ ᠰᠡᠳᠦᠪᠲᠦ ᠪᠠᠶᠢᠴᠠᠭᠠᠨ ᠰᠣᠳᠣᠯᠣᠯᠲᠠ ᠥᠷᠨᠢᠭᠦᠯᠦᠨ᠎ᠡ᠃ ᠲᠤᠬᠢᠷᠠᠭᠤᠯᠤᠯᠲᠠ ᠶᠢ ᠦᠨᠳᠦᠰᠦᠯᠡᠨ᠂ ᠲᠣᠭᠤᠷᠢᠭ ᠪᠠᠶᠢᠭᠤᠯᠤᠭᠰᠠᠨ ᠬᠤᠲᠠ ᠶᠢᠨ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠰᠠ ᠲᠣᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷ᠎ᠠ ᠤᠤᠯ ᠰᠣᠩᠭᠤᠭᠰᠠᠨ ᠨᠢᠭᠡᠴᠢ ᠶᠢ ᠠᠯᠤᠰᠯᠠᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠵᠦ ᠪᠣᠯᠤᠨ᠎ᠠ᠃
ᠭᠤᠴᠢᠨ ᠨᠢᠭᠡᠳᠦᠭᠡᠷ ᠵᠦᠢᠯ ᠲᠦᠯᠦᠭᠡᠯᠡᠭᠴᠢ ᠶᠢᠨ ᠪᠠᠶᠢᠴᠠᠭᠠᠨ ᠦᠵᠡᠬᠦ᠂ ᠲᠤᠰᠬᠠᠢ ᠰᠡᠳᠦᠪᠳᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠤᠷᠤᠯᠴᠠᠭᠠᠳ ᠪᠢᠴᠢᠭᠰᠡᠨ ᠮᠡᠳᠡᠬᠦᠯᠦᠯᠳᠡ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠪᠤᠶᠤ ᠰᠢᠶᠠᠩ᠂ ᠦᠨᠳᠤᠰᠤᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠥᠯᠬᠦᠮ ᠠᠴᠠ ᠬᠤᠯᠪᠤᠬᠳᠠᠯ ᠪᠦᠬᠦᠢ ᠪᠠᠶᠢᠭᠤᠯᠭ᠎ᠠ᠂ ᠵᠤᠬᠢᠶᠡᠨ ᠪᠠᠶᠢᠭᠤᠯᠤᠯᠳᠡ ᠳᠤ ᠰᠢᠯᠵᠢᠬᠦᠯᠦᠨ ᠲᠤᠰᠢᠶᠠᠨ᠎ᠠ᠃ ᠬᠤᠯᠪᠤᠬᠳᠠᠯ ᠪᠦᠬᠦᠢ ᠪᠠᠶᠢᠭᠤᠯᠭ᠎ᠠ᠂ ᠵᠤᠬᠢᠶᠡᠨ ᠪᠠᠶᠢᠭᠤᠯᠤᠯᠳᠡ ᠮᠡᠳᠡᠬᠦᠯᠦᠯᠳᠡ ᠳᠤ ᠲᠤᠷᠠᠳᠤᠬᠰᠠᠨ ᠰᠠᠨᠠᠯ ᠪᠠ ᠰᠠᠨᠠᠭᠤᠯᠭ᠎ᠠ ᠶᠢ ᠰᠤᠳᠤᠯᠤᠨ ᠰᠢᠢᠳᠪᠤᠷᠢᠯᠡᠭᠰᠡᠨ ᠪᠠᠶᠢᠳᠡᠯ ᠢᠶᠠᠨ ᠲᠦᠯᠦᠭᠡᠯᠡᠭᠴᠢ ᠳᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠳᠠᠢ᠃
ᠲᠥᠯᠥᠭᠡᠯᠡᠭᠴᠢ ᠪᠠᠶᠢᠴᠠᠭᠠᠨ ᠦᠵᠡᠬᠦ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠳᠤ ᠣᠷᠣᠯᠴᠠᠬᠤ ᠳᠠᠭᠠᠨ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠳᠤ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠳᠤᠷᠠᠳᠴᠤ ᠪᠣᠯᠤᠨ᠎ᠠ᠂ ᠭᠡᠪᠡᠴᠦ ᠠᠰᠠᠭᠤᠳᠠᠯ ᠢ ᠰᠢᠭᠤᠳ ᠰᠢᠢᠳᠪᠦᠷᠢᠯᠡᠬᠦ ᠦᠭᠡᠢ᠃
ᠭᠤᠴᠢᠨ ᠬᠤᠶᠠᠳᠤᠭᠠᠷ ᠵᠦᠢᠯ ᠲᠦᠯᠦᠭᠡᠯᠡᠭᠴᠢ ᠬᠠᠦᠯᠢ ᠴᠠᠭᠠᠵᠠ ᠳᠤ ᠲᠤᠬᠳᠠᠭᠠᠬᠰᠠᠨ ᠵᠢᠷᠤᠮ ᠶᠤᠰᠤᠭᠠᠷ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠢ ᠲᠦᠷ ᠬᠤᠷᠠᠯᠳᠤᠭᠤᠯᠬᠤ ᠪᠠᠷ ᠰᠠᠨᠠᠭᠤᠯᠭ᠎ᠠ ᠭᠠᠷᠭᠠᠬᠤ ᠡᠷᠭᠡ ᠲᠠᠢ᠃
ᠭᠤᠴᠢᠨ ᠭᠤᠷᠪᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠷᠢᠯᠭ᠎ᠠ ᠪᠠᠷ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠠᠯ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠬᠤᠷᠠᠯ ᠳᠤ ᠰᠤᠯᠠ ᠤᠷᠤᠯᠴᠠᠵᠦ᠂ ᠤᠷᠢᠯᠭ᠎ᠠ ᠪᠠᠷ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠡᠯ᠎ᠡ ᠲᠤᠰᠬᠠᠶ ᠵᠥᠪᠯᠡᠯ ᠪᠠ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠬᠤᠯᠪᠣᠭᠳᠠᠯ ᠪᠦᠬᠦᠢ ᠬᠤᠷᠠᠯ ᠳᠤ ᠣᠷᠣᠯᠴᠠᠵᠤ ᠪᠣᠯᠤᠨ᠎ᠠ︔ ᠲᠤᠬᠢᠷᠠᠭᠤᠯᠤᠯᠲᠠ ᠶᠢ ᠦᠨᠳᠦᠰᠦᠯᠡᠨ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠣᠬᠢᠶᠠᠨ ᠪᠠᠶᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠤᠰᠤᠳ ᠠᠵᠢᠯᠯᠠᠭ᠎ᠠ ᠳᠤ ᠣᠷᠣᠯᠴᠠᠵᠤ ᠪᠤᠯᠤᠨ᠎ᠠ᠃
ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠵᠣᠬᠢᠶᠠᠨ ᠪᠠᠶᠢᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠ ᠪᠤᠰᠤᠳ ᠠᠵᠢᠯᠯᠠᠭ᠎ᠠ ᠳᠤ ᠣᠷᠣᠯᠴᠠᠨ᠎ᠠ᠃
ᠭᠤᠴᠢᠨ ᠲᠦᠷᠪᠡᠳᠤᠭᠡᠷ ᠵᠦᠢᠯ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ᠂ ᠦᠪᠡᠷᠳᠡᠭᠡᠨ ᠵᠠᠰᠠᠬᠤ ᠵᠸᠦ᠂ ᠲᠤᠭᠤᠷᠢᠭ ᠪᠠᠶᠢᠭᠤᠯᠤᠬᠰᠠᠨ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠤᠤᠯ ᠰᠤᠩᠭᠤᠬᠰᠠᠨ ᠨᠢᠭᠡᠴᠢ ᠶᠢᠨ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠰᠤᠯᠠ ᠤᠷᠤᠯᠴᠠᠵᠦ ᠪᠤᠯᠬᠤ ᠪᠦᠭᠡᠳ ᠤᠷᠢᠯᠭ᠎ᠠ ᠪᠠᠷ ᠤᠤᠯ ᠰᠤᠩᠭᠤᠬᠰᠠᠨ ᠨᠢᠭᠡᠴᠢ ᠶᠢᠨ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠤᠷᠠᠯ ᠳᠤ ᠰᠤᠯᠠ ᠤᠷᠤᠯᠴᠠᠵᠦ ᠪᠤᠯᠤᠨ᠎ᠠ᠃
ᠰᠢᠶᠠᠨ᠂ ᠥᠪᠡᠷᠲᠡᠭᠡᠨ ᠵᠠᠰᠠᠬᠤ ᠰᠢᠶᠠᠨ᠂ ᠲᠣᠭᠤᠷᠢᠭ ᠪᠠᠶᠢᠭᠤᠯᠤᠭᠰᠠᠨ ᠦᠭᠡᠢ ᠬᠤᠳᠠ᠂ ᠬᠤᠳᠠ ᠶᠢᠨ ᠬᠠᠷᠢᠶ᠎ᠠ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠤᠯ ᠤᠨ ᠰᠣᠩᠭᠤᠭᠤᠯᠢ ᠶᠢᠨ ᠲᠣᠭᠤᠷᠢᠭ ᠤᠨ ᠪᠠᠶᠢᠭ᠎ᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠰᠤᠯᠠ ᠣᠷᠣᠯᠴᠠᠵᠤ ᠪᠣᠯᠤᠨ᠎ᠠ᠃
ᠭᠤᠴᠢᠨ ᠲᠠᠪᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠶᠤ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠯ ᠢ ᠦᠨᠳᠤᠰᠤᠯᠡᠨ᠂ ᠤᠨᠴᠠ ᠲᠤᠭᠲᠠᠭᠰᠠᠨ ᠠᠰᠠᠭᠤᠳᠡᠯ ᠤᠨ ᠲᠤᠬᠠᠢ ᠪᠠᠶᠢᠴᠠᠭᠠᠬᠤ ᠵᠥᠪᠯᠡᠯ ᠳᠤ ᠤᠷᠤᠯᠴᠠᠨ᠎ᠠ᠃
ᠭᠤᠴᠢᠨ ᠵᠢᠷᠭᠤᠳᠤᠭᠠᠷ ᠵᠦᠢᠯ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ᠂ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠳᠤ ᠡᠯ᠎ᠠ ᠲᠠᠯ᠎ᠠ ᠶᠢᠨ ᠠᠵᠢᠯ ᠤᠨ ᠲᠤᠬᠠᠢ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠡᠷᠭᠡ ᠲᠠᠢ᠃ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠨᠢ ᠲᠤᠳᠤᠷᠬᠠᠢ ᠪᠦᠭᠡᠳ ᠪᠤᠳᠠᠳᠠᠢ ᠪᠠᠶᠢᠵᠦ᠂ ᠪᠤᠳᠠᠳᠦ ᠪᠠᠶᠢᠳᠠᠯ ᠪᠠ ᠠᠰᠠᠭᠤᠳᠡᠯ ᠢ ᠴᠢᠬᠤᠯᠠᠴᠢᠯᠠᠨ ᠲᠤᠰᠬᠠᠬᠰᠠᠨ ᠪᠠᠶᠢᠬᠤ ᠬᠡᠷᠡᠭᠳᠠᠢ᠃
ᠭᠤᠴᠢᠨ ᠳᠤᠯᠤᠳᠤᠭᠠᠷ ᠵᠦᠢᠯ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ᠂ ᠨᠢᠭᠡᠳᠦᠯᠳᠠᠢ ᠲᠤᠬᠢᠷᠠᠭᠤᠯᠤᠯᠲᠠ ᠶᠢ ᠦᠨᠳᠦᠰᠦᠯᠡᠨ᠂ ᠪᠠᠶᠢᠴᠠᠭᠠᠨ ᠰᠤᠳᠤᠯᠤᠯᠲᠠ ᠵᠡᠷᠭᠡ ᠠᠵᠢᠯᠯᠠᠭ᠎ᠠ ᠶᠢ ᠦᠷᠨᠢᠬᠦᠯᠤᠨ᠎ᠠ︔ ᠲᠦᠯᠦᠭᠡᠯᠡᠭᠴᠢᠳ ᠤᠨ ᠲᠤᠭᠤᠶᠢᠯᠠᠩ ᠢ ᠪᠠᠶᠢᠭᠤᠯᠵᠦ᠂ ᠠᠵᠢᠯ ᠢᠶᠠᠨ ᠬᠤᠪᠢᠶᠠᠷᠢᠯᠠᠨ ᠰᠤᠩᠭᠤᠭᠤᠯᠢ ᠶᠢᠨ ᠠᠷᠠᠳ ᠲᠠᠢ ᠬᠠᠷᠢᠯᠴᠠᠵᠦ᠂ ᠠᠷᠠᠳ ᠤᠯᠠᠨ ᠤ ᠰᠠᠨᠠᠯ ᠪᠠ ᠱᠠᠭᠠᠷᠳᠠᠯᠭ᠎ᠠ ᠶᠢ ᠲᠤᠰᠬᠠᠨ᠎ᠠ᠃
ᠲᠦᠷᠪᠡᠳᠦᠭᠡᠷ ᠪᠦᠯᠦᠭ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠪᠠᠳᠤᠯᠠᠬᠤ
ᠭᠤᠴᠢᠨ ᠨᠠᠢᠮᠠᠳᠤᠭᠠᠷ ᠵᠦᠢᠯ ᠲᠦᠯᠦᠭᠡᠯᠡᠭᠴᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠬᠤᠷᠠᠯ ᠲᠡᠭᠡᠷᠡᠬᠢ ᠶᠠᠷᠢᠶ᠎ᠠ ᠪᠠ ᠪᠠᠲᠤᠯᠠᠯᠲᠠ ᠶᠢ ᠬᠠᠦᠯᠢ ᠪᠠᠷ ᠨᠡᠭᠡᠮᠵᠢᠯᠡᠬᠦ ᠦᠭᠡᠢ᠃
ᠭᠤᠴᠢ ᠶᠢᠰᠦᠳᠦᠭᠡᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠵᠦᠪᠰᠢᠶᠡᠷᠡᠯ ᠦᠭᠡᠢ ᠪᠠᠷ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠬᠦᠰᠦᠭᠰᠡᠨ ᠬᠤᠭᠤᠴᠠᠭᠠᠨ ᠳᠤ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠵᠦᠪᠰᠢᠶᠡᠷᠡᠯ ᠦᠭᠡᠢ ᠪᠠᠷ ᠪᠠᠷᠢᠪᠴᠢᠯᠠᠬᠤ ᠪᠤᠶᠤ ᠡᠷᠡᠬᠦᠦ ᠶᠢᠨ ᠬᠡᠷᠡᠭ ᠢᠶᠠᠷ ᠰᠢᠬᠦᠨ ᠲᠠᠰᠤᠯᠵᠦ ᠪᠤᠯᠬᠤ ᠦᠭᠡᠢ᠃ ᠬᠡᠷᠪᠡ ᠤᠳᠤ ᠪᠠᠷ ᠢᠶᠠᠨ ᠠᠵᠢᠯᠯᠠᠭ᠎ᠠ ᠲᠠᠢ ᠬᠡᠷᠡᠭᠳᠡᠨ ᠪᠤᠯᠬᠤ ᠤᠴᠢᠷ ᠠᠴᠠ ᠲᠦᠷ ᠬᠤᠷᠢᠬᠳᠠᠭᠰᠠᠨ ᠪᠠᠶᠢᠪᠠᠯ᠂ ᠲᠦᠷ ᠬᠤᠷᠢᠬᠤ ᠶᠢ ᠬᠦᠢᠴᠡᠳᠭᠡᠭᠰᠡᠨ ᠪᠠᠶᠢᠭᠤᠯᠭ᠎ᠠ ᠨᠢ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠲᠡᠷᠨ ᠳᠠᠷᠤᠢ ᠳᠤᠨᠢ ᠮᠡᠳᠡᠬᠦᠯᠬᠦ ᠬᠡᠷᠡᠭᠳᠠᠢ᠃
ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠬᠡᠷᠪᠡ ᠬᠠᠦᠯᠢ ᠴᠠᠭᠠᠵᠠ ᠳᠤ ᠲᠤᠬᠳᠠᠭᠠᠬᠰᠠᠨ ᠪᠡᠶ᠎ᠠ ᠶᠢᠨ ᠡᠷᠭᠡ ᠴᠢᠯᠦᠭᠡ ᠶᠢ ᠬᠢᠵᠠᠭᠠᠷᠯᠠᠬᠤ ᠪᠤᠰᠤᠳ ᠠᠷᠭ᠎ᠠ ᠬᠡᠮᠵᠢᠶ᠎ᠠ ᠠᠪᠬᠤ ᠳᠤ ᠬᠦᠷᠪᠡᠯ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠᠷ ᠵᠦᠪᠰᠢᠶᠡᠷᠡᠬᠦᠯᠬᠦ ᠬᠡᠷᠡᠭᠳᠠᠢ᠃
ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠤᠶᠤ ᠪᠠᠶᠢᠡᠭᠭᠤ ᠶᠢᠨ ᠬᠤᠷᠢᠶ᠎ᠠ ᠬᠤᠯᠪᠤᠭᠳᠡᠯ ᠪᠦᠬᠦᠢ ᠪᠠᠶᠢᠭᠤᠯᠭ᠎ᠠ ᠶᠢᠨ ᠲᠤᠰ ᠵᠦᠢᠯ ᠤᠨ ᠲᠤᠬᠳᠠᠭᠠᠯ ᠶᠤᠰᠤᠭᠠᠷ ᠵᠦᠪᠰᠢᠶᠡᠷᠡᠬᠦᠯᠬᠦ ᠪᠠᠷ ᠳᠡᠪᠰᠢᠭᠦᠯᠦᠭᠰᠡᠨ ᠭᠤᠶᠤᠴᠢᠯᠠᠯ ᠢ ᠬᠦᠯᠢᠶᠡᠨ ᠠᠪᠴᠦ ᠰᠢᠢᠳᠪᠤᠷᠢᠯᠡᠬᠦ ᠳᠡᠭᠡᠨ᠂ ᠲᠦᠯᠦᠭᠡᠯᠡᠭᠴᠢ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠠ ᠵᠦᠢᠯ ᠤᠨ ᠬᠤᠷᠠᠯ ᠲᠡᠭᠡᠷᠡᠬᠢ ᠶᠠᠷᠢᠶ᠎ᠠ ᠪᠠ ᠪᠠᠲᠤᠯᠠᠯᠲᠠ ᠶᠢ ᠬᠠᠦᠯᠢ ᠪᠠᠷ ᠨᠡᠭᠡᠮᠵᠢᠯᠡᠭᠰᠡᠨ ᠡᠰᠡᠬᠦ᠂ ᠡᠰᠡᠬᠦᠯ᠎ᠠ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠲᠤᠷᠠᠳᠬᠤ ᠵᠡᠷᠭᠡ ᠲᠤᠰᠢᠶᠡᠯ ᠢᠶᠠᠨ ᠬᠦᠢᠴᠡᠳᠭᠡᠬᠦ ᠪᠤᠰᠤᠳ ᠦᠢᠯᠡ ᠠᠵᠢᠯᠯᠠᠭ᠎ᠠ ᠳᠤ ᠴᠤᠬᠢᠯᠳᠡ ᠦᠭᠴᠦ ᠥᠰᠢᠶ᠎ᠡ ᠠᠪᠤᠬᠰᠠᠨ ᠪᠠᠶᠢᠳᠡᠯ ᠪᠠᠶᠢᠬᠤ ᠡᠰᠡᠬᠦ ᠶᠢ ᠬᠢᠨᠠᠨ ᠪᠠᠶᠢᠴᠠᠭᠠᠬᠤ ᠪᠦᠭᠡᠳ ᠡᠬᠦᠨ ᠢ ᠦᠨᠳᠤᠰᠤᠯᠡᠨ ᠲᠤᠬᠳᠠᠭᠠᠯ ᠭᠠᠷᠭᠠᠬᠤ ᠬᠡᠷᠡᠭᠳᠠᠢ᠃
ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠬᠡᠷᠪᠡ ᠪᠠᠷᠢᠪᠴᠢᠯᠠᠬᠤ᠂ ᠡᠷᠡᠬᠦᠦ ᠶᠢᠨ ᠬᠡᠷᠡᠭ ᠢᠶᠠᠷ ᠰᠢᠬᠦᠨ ᠲᠠᠰᠤᠯᠬᠤ ᠪᠤᠶᠤ ᠬᠠᠦᠯᠢ ᠴᠠᠭᠠᠵᠠ ᠳᠤ ᠲᠤᠬᠳᠠᠭᠠᠬᠰᠠᠨ ᠪᠡᠶ᠎ᠠ ᠶᠢᠨ ᠡᠷᠭᠡ ᠴᠢᠯᠦᠭᠡ ᠶᠢ ᠬᠢᠵᠠᠭᠠᠷᠯᠠᠬᠤ ᠪᠤᠰᠤᠳ ᠠᠷᠭ᠎ᠠ ᠬᠡᠮᠵᠢᠶ᠎ᠠ ᠠᠪᠬᠤ ᠳᠤ ᠬᠦᠷᠪᠡᠯ᠂ ᠬᠦᠢᠴᠡᠳᠭᠡᠬᠦ ᠪᠠᠶᠢᠭᠤᠯᠭ᠎ᠠ ᠨᠢ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠡᠷᠨ ᠳᠠᠷᠤᠢ ᠳᠤᠨᠢ ᠮᠡᠳᠡᠬᠦᠯᠬᠦ ᠬᠡᠷᠡᠭᠳᠠᠢ᠃
ᠳᠥᠴᠢᠳᠦᠭᠡᠷ ᠵᠦᠢᠯ ᠲᠥᠯᠥᠭᠡᠯᠡᠭᠴᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ᠂ ᠨᠢᠭᠡᠳᠦᠯᠲᠡᠶ ᠵᠣᠬᠢᠶᠠᠨ ᠪᠠᠶᠢᠭᠤᠯᠤᠭᠰᠠᠨ ᠪᠠ ᠲᠣᠬᠢᠷᠠᠭᠤᠯᠤᠭᠰᠠᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠳᠤ ᠣᠷᠣᠯᠴᠠᠬᠤ ᠳᠤ᠂ ᠲᠥᠯᠥᠭᠡᠯᠡᠭᠴᠢ ᠶᠢᠨ ᠪᠠᠶᠢᠭ᠎ᠠ ᠨᠢᠭᠡᠴᠢ ᠨᠢ ᠡᠷᠬᠡᠪᠰᠢ ᠣᠷᠣᠯᠴᠠᠬᠤ ᠴᠠᠭ ᠢ ᠨᠢ ᠪᠠᠲᠤᠯᠠᠬᠤ ᠬᠡᠷᠡᠭᠲᠡᠶ᠃
ᠳᠦᠴᠢᠨ ᠨᠢᠭᠡᠳᠦᠭᠡᠷ ᠵᠦᠢᠯ ᠲᠦᠯᠦᠭᠡᠯᠡᠭᠴᠢ ᠬᠠᠤᠯᠢ ᠶᠣᠰᠣᠭᠠᠷ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ᠂ ᠲᠡᠬᠦᠨ ᠳᠤ ᠪᠠᠶᠢᠭ᠎ᠠ ᠨᠢᠭᠡᠴᠢ ᠨᠢ ᠬᠡᠪ ᠤᠨ ᠶᠤᠰᠤᠭᠠᠷ ᠠᠵᠢᠯᠯᠠᠬᠰᠠᠨ ᠢᠶᠠᠷ ᠪᠤᠳᠤᠵᠦ᠂ ᠲᠦᠯᠤᠭᠡᠯᠡᠭᠴᠢ ᠪᠠᠶᠢᠭ᠎ᠠ ᠨᠢᠭᠡᠴᠢ ᠶᠢᠨ ᠢᠶᠠᠨ ᠴᠠᠯᠢᠩ ᠪᠤᠯᠤᠨ ᠪᠤᠰᠤᠳ ᠬᠠᠷᠠᠭᠠᠯᠵᠠᠯ ᠢ ᠬᠥᠷᠳᠡᠨ᠎ᠠ᠃
ᠲᠤᠬᠳᠠᠮᠠᠯ ᠴᠠᠯᠢᠩ ᠤᠨ ᠤᠷᠤᠯᠭ᠎ᠠ ᠦᠭᠡᠢ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ᠂ ᠲᠤᠰ ᠱᠠᠳᠤᠨ ᠤ ᠡᠳ᠋ ᠤᠨ ᠵᠠᠰᠠᠭ ᠠᠴᠠ ᠪᠤᠳᠠᠳᠦ ᠪᠠᠶᠢᠳᠡᠯ ᠢ ᠨᠢ ᠦᠨᠳᠤᠰᠦᠯᠡᠵᠦ ᠵᠤᠬᠢᠰᠳᠠᠢ ᠨᠦᠬᠦᠪᠤᠷᠢ ᠦᠭᠭᠦᠨ᠎ᠠ᠃
ᠲᠥᠯᠥᠭᠡᠯᠡᠭᠴᠢ ᠬᠠᠤᠯᠢ ᠶᠣᠰᠣᠭᠠᠷ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠳᠤ᠂ ᠤᠯᠤᠰ ᠠᠴᠠ ᠬᠡᠷᠡᠭᠴᠡᠭᠡ ᠶᠢ ᠨᠢ ᠦᠨᠳᠦᠰᠦᠯᠡᠵᠤ ᠪᠠᠶᠢᠭᠠᠳ ᠢᠷᠡᠵᠦ ᠪᠤᠴᠡᠬᠤ ᠵᠡᠮ ᠤᠨ ᠰᠦᠢᠦᠡᠭᠡᠯ ᠤᠢᠭ᠍ᠬᠦ ᠪᠠ ᠪᠤᠳᠡᠰ ᠤᠨ ᠲᠡᠯ᠎ᠠ ᠪᠠᠷ ᠴᠢᠬᠤᠯᠠ ᠪᠦᠬᠦᠢ ᠲᠦᠬᠦᠮ ᠤᠢᠵᠡᠬᠦᠯᠬᠦ ᠪᠤᠶᠤ ᠨᠦᠬᠦᠪᠦᠷᠢ ᠤᠢᠭ᠍ᠬᠦᠨᠡ᠃
ᠲᠦᠴᠢᠨ ᠬᠤᠶᠠᠳᠤᠭᠠᠷ ᠵᠦᠢᠯ ᠲᠦᠯᠦᠭᠡᠯᠡᠭᠴᠢ ᠶᠢᠨ ᠠᠵᠢᠯᠯᠠᠭ᠎ᠠ ᠶᠢᠨ ᠵᠠᠷᠤᠳᠡᠯ ᠢ ᠲᠤᠰ ᠱᠠᠳᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ ᠪᠠᠳᠤᠯᠠᠵᠦ᠂ ᠲᠤᠰᠬᠠᠢ ᠵᠤᠭᠤᠰ ᠢ ᠲᠤᠰᠬᠠᠢ ᠵᠦᠢᠯ ᠳᠤ ᠬᠡᠷᠡᠭᠯᠡᠬᠦ ᠬᠡᠷᠡᠭᠳᠠᠢ᠃
ᠳᠥᠴᠢᠨ ᠭᠤᠷᠪᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢ ᠶᠢᠨ ᠠᠵᠢᠯ ᠤᠨ ᠣᠨ ᠤ ᠲᠥᠯᠥᠪᠯᠡᠭᠡ ᠶᠢ ᠲᠣᠭᠲᠠᠭᠠᠵᠤ᠂ ᠲᠦᠯᠦᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢ ᠬᠠᠤᠯᠢ ᠶᠤᠰᠤᠭᠠᠷ ᠨᠢᠭᠡᠳᠦᠯᠲᠡᠢ ᠲᠥᠯᠥᠪᠵᠢᠭᠦᠯᠦᠨ ᠵᠤᠬᠢᠶᠠᠨ ᠪᠠᠶᠢᠭᠤᠯᠬᠤ ᠪᠠ ᠲᠤᠬᠢᠷᠠᠭᠤᠯᠤᠨ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠠᠵᠢᠯᠯᠠᠭ᠎ᠠ ᠶᠢᠨ ᠲᠥᠯᠥᠪᠯᠡᠭᠡᠲᠦ ᠴᠢᠨᠠᠷ᠂ ᠵᠤᠬᠢᠶᠠᠨ ᠪᠠᠶᠢᠭᠤᠯᠤᠯᠳᠠᠲᠦ ᠴᠢᠨᠠᠷ ᠪᠠ ᠵᠢᠷᠤᠮᠵᠢᠯᠲᠤ ᠴᠢᠨᠠᠷ ᠢ ᠴᠢᠩᠭᠠᠳᠬᠠᠨ᠎ᠠ᠃
ᠲᠥᠯᠥᠭᠡᠯᠡᠭᠴᠢ ᠶᠢᠨ ᠠᠵᠢᠯ ᠤᠨ ᠣᠨ ᠤ ᠲᠥᠯᠥᠪᠯᠡᠭᠡ ᠶᠢ ᠬᠤᠷᠢᠶᠠᠨ ᠳᠠᠷᠤᠭ᠎ᠠ ᠨᠠᠷ ᠤᠨ ᠬᠤᠷᠠᠯ ᠪᠤᠶᠤ ᠡᠷᠬᠢᠯᠡᠭᠴᠢᠳ ᠤᠨ ᠬᠤᠷᠠᠯ ᠠᠴᠠ ᠪᠠᠲᠤᠯᠠᠵᠤ᠂ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠤ ᠮᠡᠳᠡᠭᠳᠡᠬᠦ ᠪᠥᠭᠡᠳ ᠨᠡᠶᠢᠭᠡᠮ ᠨᠡᠶᠢᠲᠡ ᠳᠤ ᠢᠯᠡ ᠨᠡᠶᠢᠲᠡᠯᠡᠨ᠎ᠡ᠃
ᠳᠥᠴᠢᠨ ᠳᠥᠷᠪᠡᠳᠦᠭᠡᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠯᠠᠨ ᠵᠦᠢᠯ ᠤᠨ ᠠᠷᠭ᠎ᠠ ᠮᠠᠶ᠋ᠢᠭ ᠢᠶᠠᠷ ᠲᠤᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠯᠦᠭᠡ ᠬᠠᠷᠢᠯᠴᠠᠭ᠎ᠠ ᠪᠠᠨ ᠪᠠᠲᠤᠯᠠᠵᠤ᠂ ᠪᠠᠶᠢᠩᠭᠤ ᠶᠢᠨ ᠬᠤᠷᠢᠶ᠎ᠠ ᠶᠢᠨ ᠪᠦᠷᠢᠯᠳᠦᠬᠦᠨ ᠨᠠᠷ᠂ ᠡᠯ᠎ᠡ ᠲᠤᠰᠬᠠᠶ ᠵᠥᠪᠯᠡᠯ ᠪᠠ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠶᠢᠨ ᠲᠥᠯᠥᠭᠡᠯᠡᠭᠴᠢ ᠲᠠᠢ ᠬᠠᠷᠢᠯᠴᠠᠬᠤ ᠠᠵᠢᠯ ᠤᠨ ᠲᠣᠭᠲᠡᠴᠡ ᠶᠢ ᠪᠠᠶᠢᠭᠤᠯᠤᠨ ᠪᠦᠷᠢᠨᠰᠢᠭᠦᠯᠵᠦ᠂ ᠲᠥᠯᠥᠭᠡᠯᠡᠭᠴᠢ ᠶᠢᠨ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ ᠵᠡᠷᠭᠡ ᠡᠯ᠎ᠡ ᠵᠦᠢᠯ ᠤᠨ ᠠᠵᠢᠯ ᠳᠠᠬᠢ ᠣᠷᠣᠯᠴᠠᠭ᠎ᠠ ᠶᠢ ᠥᠷᠭᠡᠳᠭᠡᠬᠦ ᠬᠡᠷᠡᠭᠲᠡᠢ᠃
ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠳᠡᠳ᠋ ᠲᠡᠷᠢᠭᠦᠯᠡᠭᠴᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠲᠡᠭᠦᠰᠦᠭᠰᠡᠨ ᠬᠤᠭᠤᠴᠠᠭᠠᠨ ᠳᠤ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠢ ᠬᠠᠷᠢᠯᠴᠠᠬᠤ ᠶᠢ ᠬᠠᠷᠢᠭᠤᠴᠠᠨ᠎ᠠ᠃
ᠳᠥᠴᠢᠨ ᠲᠠᠪᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠲᠥᠯᠥᠭᠡᠯᠡᠭᠴᠢ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃
ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠤᠳᠤ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠬᠡᠷᠡᠭᠯᠡᠵᠦ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠦᠯᠵᠢᠶᠡᠨ ᠤ ᠲᠠᠪᠴᠠᠩ ᠢ ᠪᠠᠶᠢᠭᠤᠯᠤᠨ ᠪᠦᠷᠢᠨᠰᠢᠭᠦᠯᠵᠦ᠂ ᠲᠥᠯᠥᠭᠡᠯᠡᠭᠴᠢ ᠶᠢᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠳᠤ ᠲᠥᠬᠦᠮ ᠦᠵᠡᠭᠦᠯᠬᠦ ᠪᠠ ᠦᠢᠯᠡᠴᠢᠯᠡᠭᠡ ᠬᠠᠩᠭᠠᠵᠤ ᠪᠣᠯᠣᠨ᠎ᠠ᠃
ᠳᠥᠴᠢᠨ ᠵᠢᠷᠭᠤᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠠ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠬᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠠᠵᠢᠯ ᠤᠨ ᠪᠠᠶᠢᠳᠡᠯ ᠢᠶᠠᠨ ᠴᠠᠭ ᠲᠤᠬᠠᠢ ᠳᠤᠨᠢ ᠮᠡᠳᠡᠭᠳᠡᠵᠦ᠂ ᠮᠡᠳᠡᠭᠡ ᠵᠠᠩᠭᠢ ᠶᠢᠨ ᠮᠠᠲ᠋ᠧᠷᠢᠶᠡᠯ ᠬᠠᠨᠭ᠍ᠭᠠᠵᠦ᠂ ᠲᠦᠯᠦᠭᠡᠯᠡᠭᠴᠢ ᠶᠢᠨ ᠪᠠᠶᠢᠳᠡᠯ ᠢ ᠮᠡᠳᠡᠬᠦ ᠡᠷᠭᠡ ᠶᠢ ᠪᠠᠳᠤᠯᠠᠬᠤ ᠬᠡᠷᠡᠭᠳᠠᠢ᠃
ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠲᠣᠰ ᠱᠠᠲᠤᠨ ᠤ ᠪᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠢᠭᠡᠳᠦᠯᠲᠡᠶ ᠲᠥᠯᠥᠪᠵᠢᠭᠦᠯᠭᠡ ᠲᠤᠬᠢᠷᠠᠭᠤᠯᠤᠯᠲᠠ ᠶᠢ ᠦᠨᠳᠦᠰᠦᠯᠡᠨ᠂ ᠲᠥᠯᠥᠭᠡᠯᠡᠭᠴᠢ ᠶᠢ ᠤᠷᠢᠵᠤ ᠬᠤᠯᠪᠤᠭᠳᠠᠯ ᠪᠦᠬᠦᠢ ᠠᠵᠢᠯ ᠪᠠ ᠠᠵᠢᠯᠯᠠᠭ᠎ᠠ ᠳᠤ ᠣᠷᠣᠯᠴᠠᠭᠤᠯᠵᠤ᠂ ᠲᠥᠯᠥᠭᠡᠯᠡᠭᠴᠢ ᠶᠢᠨ ᠰᠠᠨᠠᠯ ᠪᠠ ᠰᠠᠨᠠᠭᠤᠯᠭ᠎ᠠ ᠶᠢ ᠰᠣᠨᠣᠰᠬᠤ ᠬᠡᠷᠡᠭᠳᠡᠢ᠃
ᠳᠥᠴᠢᠨ ᠳᠣᠯᠣᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠥᠯᠥᠭᠡᠯᠡᠭᠴᠢ ᠶᠢ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠤᠷᠤᠯᠴᠠᠯᠭ᠎ᠠ ᠪᠣᠯᠪᠠᠰᠤᠷᠠᠯ ᠪᠠ ᠰᠣᠯᠢᠯᠴᠠᠭ᠎ᠠ ᠳᠤ ᠣᠷᠣᠯᠴᠠᠭᠤᠯᠵᠤ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃
ᠲᠥᠯᠥᠭᠡᠯᠡᠭᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠨᠤᠯ ᠪᠠ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠶᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠲᠤᠳᠤᠷᠬᠠᠢ ᠣᠶᠢᠯᠠᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠱᠠᠭᠠᠷᠳᠠᠭᠳᠠᠬᠤ ᠬᠠᠤᠯᠢ ᠴᠠᠭᠠᠵᠠ ᠶᠢᠨ ᠮᠡᠳᠡᠯᠭᠡ ᠪᠠ ᠪᠤᠰᠤᠳ ᠲᠤᠰᠬᠠᠶ ᠮᠡᠷᠭᠡᠵᠢᠯ ᠤᠨ ᠮᠡᠳᠡᠯᠭᠡ ᠶᠢ ᠡᠵᠡᠮᠰᠢᠭᠰᠡᠨ ᠪᠠᠶᠢᠬᠤ ᠬᠡᠷᠡᠭᠲᠡᠶ᠃
ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳᠡᠭᠡᠳᠦ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠵᠣᠬᠢᠶᠠᠨ ᠪᠠᠶᠢᠭᠤᠯᠤᠭᠰᠠᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠰᠤᠷᠤᠯᠴᠠᠯᠭ᠎ᠠ ᠪᠣᠯᠪᠠᠰᠤᠷᠠᠯ ᠳᠤ ᠣᠷᠣᠯᠴᠠᠬᠤ ᠬᠡᠷᠡᠭᠲᠡᠶ᠃
ᠲᠦᠴᠢᠨ ᠨᠠᠢᠮᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ ᠪᠠ ᠠᠵᠢᠯ ᠤᠨ ᠪᠠᠶᠢᠭᠤᠯᠤᠮᠵᠢ ᠪᠤᠯ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠦᠢᠯᠡᠴᠢᠯᠡᠬᠦ ᠬᠠᠮᠳᠦ ᠶᠢᠨ ᠪᠠᠶᠢᠭᠤᠯᠤᠮᠵᠢ ᠮᠦᠨ᠂ ᠲᠡᠷᠨ ᠨᠢ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠦᠢᠯᠡᠴᠢᠯᠡᠭᠡᠨ ᠤ ᠪᠠᠳᠤᠯᠠᠭ᠎ᠠ ᠬᠠᠨᠭ᠍ᠭᠠᠨ᠎ᠠ᠃
ᠲᠦᠴᠢ ᠶᠢᠰᠦᠳᠦᠭᠡᠷ ᠵᠦᠢᠯ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠲᠦᠬᠦᠮ ᠦᠵᠡᠭᠦᠯᠬᠦ ᠶᠢᠨ ᠲᠦᠯᠦᠭᠡ᠂ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠳᠤ ᠲᠦᠯᠦᠭᠡᠯᠡᠭᠴᠢ ᠶᠢᠨ ᠦᠨᠡᠮᠯᠡᠯ ᠬᠢᠵᠦ ᠦᠭᠬᠦ ᠬᠡᠷᠡᠭᠲᠡᠢ᠃
ᠲᠠᠪᠢᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠶ ᠵᠥᠪᠯᠡᠯ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠲᠤᠰᠢᠶᠠᠭᠰᠠᠨ ᠲᠥᠯᠥᠭᠡᠯᠡᠭᠴᠢ ᠶᠢᠨ ᠰᠠᠨᠠᠯ ᠵᠥᠪᠯᠡᠯᠭᠡ ᠶᠢ ᠬᠢᠨᠠᠨ ᠵᠦᠪᠯᠡᠬᠦ ᠳᠡᠭᠡᠨ ᠲᠥᠯᠥᠭᠡᠯᠡᠭᠴᠢ ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ ᠢ ᠨᠢ ᠭᠦᠢᠴᠡᠳ ᠰᠣᠨᠣᠰᠬᠤ ᠪᠥᠭᠡᠳ ᠪᠠᠶᠢᠳᠠᠯ ᠢ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃
ᠲᠠᠪᠢᠨ ᠨᠢᠭᠡᠳᠤᠭᠡᠷ ᠵᠦᠢᠯ ᠲᠥᠯᠥᠭᠡᠯᠡᠭᠴᠢ ᠶᠢᠨ ᠡᠯ᠎ᠡ ᠲᠠᠯ᠎ᠠ ᠶᠢᠨ ᠠᠵᠢᠯ ᠳᠤ ᠳᠤᠷᠠᠳᠤᠭᠰᠠᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠪᠤᠶᠤ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠳᠤ ᠲᠤᠰᠢᠶᠠᠵᠤ ᠰᠤᠳᠤᠯᠤᠨ ᠰᠢᠢᠳᠪᠦᠷᠢᠯᠡᠭᠦᠯᠦᠨ᠎ᠡ᠃
ᠬᠤᠯᠪᠤᠭᠳᠠᠯ ᠪᠦᠬᠦᠢ ᠪᠠᠶᠢᠭᠤᠯᠭ᠎ᠠ᠂ ᠵᠤᠬᠢᠶᠠᠨ ᠪᠠᠶᠢᠭᠤᠯᠤᠯᠳᠡ ᠲᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠬᠢᠨᠠᠮᠠᠭᠠᠢ ᠰᠤᠳᠤᠯᠤᠨ ᠰᠢᠢᠳᠪᠤᠷᠢᠯᠡᠵᠦ᠂ ᠲᠥᠯᠥᠭᠡᠯᠡᠭᠴᠢ ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ ᠢ ᠨᠢ ᠭᠦᠢᠴᠡᠳ ᠰᠣᠨᠣᠰᠬᠤ ᠶᠢᠨ ᠬᠠᠮᠲᠤ ᠰᠢᠢᠳᠪᠤᠷᠢᠯᠡᠬᠦᠯᠬᠦ ᠪᠠᠷ ᠲᠤᠰᠢᠶᠠᠭᠰᠠᠨ ᠡᠳᠦᠷ ᠠᠴᠠ ᠡᠬᠢᠯᠡᠨ ᠭᠤᠷᠪᠠᠨ ᠰᠠᠷ᠎ᠠ ᠶᠢᠨ ᠲᠤᠳᠤᠷ᠎ᠠ ᠬᠠᠷᠢᠭᠤᠯᠳᠡ ᠦᠭᠭᠦ ᠬᠡᠷᠡᠭᠳᠠᠢ᠃ ᠬᠤᠯᠪᠤᠬᠳᠠᠬᠤ ᠬᠡᠪᠴᠢᠶ᠎ᠠ ᠨᠢ ᠦᠷᠭᠡᠨ᠂ ᠰᠢᠢᠳᠪᠤᠷᠢᠯᠡᠬᠦ ᠳᠤ ᠬᠦᠴᠢᠷᠳᠠᠢ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠳᠤ ᠰᠢᠢᠳᠪᠤᠷᠢᠯᠡᠬᠦᠯᠬᠦ ᠪᠠᠷ ᠲᠤᠰᠢᠶᠠᠭᠰᠠᠨ ᠡᠳᠦᠷ ᠠᠴᠠ ᠡᠬᠢᠯᠡᠨ ᠵᠢᠷᠭᠤᠭᠠᠨ ᠰᠠᠷ᠎ᠠ ᠶᠢᠨ ᠲᠤᠳᠤᠷ᠎ᠠ ᠬᠠᠷᠢᠭᠤᠯᠳᠡ ᠦᠭᠭᠦ ᠬᠡᠷᠡᠭᠳᠠᠢ᠃
ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠢ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ ᠪᠤᠶᠤ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ ᠪᠥᠭᠡᠳ ᠳᠠᠷᠠᠭᠠᠴᠢ ᠶᠢᠨ ᠤᠳᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠳᠠᠷᠤᠮᠠᠯᠯᠠᠨ ᠲᠠᠷᠬᠠᠭᠠᠨ᠎ᠠ︔ ᠡᠰᠡᠬᠦᠯ᠎ᠡ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠮᠡᠳᠡᠭᠦᠯᠦᠨ᠎ᠡ᠃ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠦᠯᠦᠯᠲᠡ ᠶᠢ ᠢᠯᠡ ᠪᠣᠯᠭᠠᠬᠤ ᠬᠡᠷᠡᠭᠲᠡᠶ᠃
ᠲᠠᠪᠢᠨ ᠬᠤᠶᠠᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠲᠤᠰᠬᠠᠶ ᠵᠦᠪᠯᠡᠯ ᠪᠠ ᠪᠠᠶᠢᠩᠭᠤ ᠶᠢᠨ ᠬᠤᠷᠢᠶ᠎ᠠ ᠶᠢᠨ ᠬᠡᠷᠡᠭ ᠡᠷᠬᠢᠯᠡᠬᠦ ᠪᠠᠶᠢᠭᠤᠯᠤᠮᠵᠢ᠂ ᠠᠵᠢᠯ ᠤᠨ ᠪᠠᠶᠢᠭᠤᠯᠤᠮᠵᠢ᠂ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠨᠢ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠱᠠᠯᠠᠪᠳᠠᠭᠤᠯᠤᠨ ᠰᠢᠢᠳᠪᠦᠷᠢᠯᠡᠭᠦᠯᠬᠦ ᠠᠵᠢᠯ ᠢ ᠴᠢᠩᠭᠠᠳᠬᠠᠬᠤ ᠬᠡᠷᠡᠭᠲᠡᠶ᠃
ᠬᠤᠷᠢᠶᠠᠨ ᠳᠠᠷᠤᠭ᠎ᠠ ᠨᠠᠷ ᠤᠨ ᠬᠤᠷᠠᠯ ᠪᠤᠶᠤ ᠡᠷᠬᠢᠯᠡᠭᠴᠢᠳ ᠤᠨ ᠬᠤᠷᠠᠯ ᠨᠢ ᠠᠵᠤ ᠠᠬᠤᠶ ᠨᠡᠶᠢᠭᠡᠮ ᠤᠨ ᠬᠥᠭᠵᠢᠯᠲᠡ ᠪᠠ ᠣᠯᠠᠨ ᠲᠦᠮᠡᠨ ᠤ ᠬᠤᠪᠢ ᠶᠢᠨ ᠠᠰᠢᠭ ᠲᠤᠰᠠ ᠲᠠᠢ ᠬᠤᠯᠪᠣᠭᠳᠠᠭᠰᠠᠨ᠂ ᠨᠡᠶᠢᠭᠡᠮ ᠳᠠᠶᠠᠭᠠᠷ ᠤᠨ ᠨᠡᠶᠢᠳᠡᠮ ᠠᠩᠬᠠᠷᠤᠯ ᠲᠠᠯᠪᠢᠵᠦ ᠪᠠᠶᠢᠭ᠎ᠠ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠤᠴᠢᠷ ᠶᠠᠪᠤᠳᠠᠯ ᠤᠨ ᠲᠤᠭᠤᠷᠢᠨ ᠳᠤ᠂ ᠭᠤᠤᠯᠳᠠᠯᠭ᠎ᠠ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠲᠥᠯᠥᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠲᠣᠭᠲᠠᠭᠠᠵᠦ ᠪᠤᠯᠤᠨ᠎ᠠ᠃
ᠲᠠᠪᠢᠨ ᠭᠤᠷᠪᠠᠳᠤᠭᠠᠷ ᠵᠦᠢᠯ ᠴᠦᠭᠡᠨ ᠲᠤᠭᠠᠳᠦ ᠦᠨᠳᠤᠰᠤᠳᠡᠨ ᠤ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠦᠶ᠎ᠠ ᠳᠤ᠂ ᠬᠤᠯᠪᠤᠬᠳᠡᠯ ᠪᠦᠬᠦᠢ ᠰᠠᠯᠠᠭ᠎ᠠ ᠮᠦᠴᠢᠷ ᠤᠨ ᠬᠢᠨ ᠦᠭᠡ ᠬᠡᠯᠡ ᠦᠰᠦᠭ ᠪᠢᠴᠢᠭ᠂ ᠠᠮᠢᠳᠤᠷᠠᠯ ᠤᠨ ᠵᠠᠩ ᠲᠠᠳᠬᠠᠯ ᠵᠡᠷᠭᠡ ᠲᠠᠯ᠎ᠠ ᠪᠠᠷ ᠴᠢᠬᠤᠯᠠ ᠪᠦᠬᠦᠢ ᠬᠠᠪᠰᠤᠷᠤᠯᠭ᠎ᠠ ᠪᠠ ᠬᠠᠷᠠᠭᠠᠯᠵᠠᠯ ᠦᠵᠡᠬᠦᠯᠬᠦ ᠬᠡᠷᠡᠭᠳᠠᠢ᠃
ᠲᠠᠪᠢᠨ ᠲᠦᠷᠪᠡᠳᠦᠭᠡᠷ ᠵᠦᠢᠯ ᠪᠡᠶ᠎ᠡ ᠨᠢ ᠵᠡᠮᠳᠡᠭ ᠪᠤᠶᠤ ᠬᠥᠳᠡᠯᠵᠦ ᠪᠠᠷᠢᠬᠤ ᠳᠤ ᠳᠥᠭᠦᠮ ᠦᠭᠡᠢ ᠪᠤᠰᠤᠳ ᠲᠥᠯᠥᠭᠡᠯᠡᠭᠴᠢ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠦᠶ᠎ᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠬᠡᠷᠡᠭᠴᠡᠭᠡ ᠶᠢ ᠨᠢ ᠦᠨᠳᠦᠰᠦᠯᠡᠨ ᠴᠢᠬᠤᠯᠠ ᠪᠦᠬᠦᠢ ᠬᠠᠪᠰᠤᠷᠤᠯᠭ᠎ᠠ ᠪᠠ ᠬᠠᠷᠠᠭᠠᠯᠵᠠᠯ ᠦᠵᠡᠭᠦᠯᠬᠦ ᠬᠡᠷᠡᠭᠲᠡᠶ᠃
ᠲᠠᠪᠢᠨ ᠲᠠᠪᠤᠳᠤᠭᠠᠷ ᠵᠦᠢᠯ ᠠᠯᠢᠪᠠ ᠵᠤᠬᠢᠶᠡᠨ ᠪᠠᠶᠢᠭᠤᠯᠤᠯᠳᠡ ᠪᠠ ᠬᠤᠪᠢ ᠬᠦᠮᠦᠨ ᠴᠦᠮ ᠡᠷᠭᠡᠪᠰᠢ ᠲᠦᠯᠦᠭᠡᠯᠡᠭᠴᠢ ᠶᠢᠨ ᠡᠷᠭᠡ ᠶᠢ ᠬᠦᠨᠳᠦᠳᠭᠡᠵᠦ᠂ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠲᠡᠮᠵᠢᠬᠦ ᠬᠡᠷᠡᠭᠳᠠᠢ᠃
ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠳᠤ ᠬᠠᠮᠵᠢᠨ ᠲᠤᠰᠠᠯᠠᠬᠤ ᠡᠬᠦᠷᠭᠡ ᠲᠠᠢ ᠪᠠᠶᠢᠳᠠᠯ᠎ᠠ ᠡᠬᠦᠷᠭᠡ ᠪᠠᠨ ᠭᠦᠢᠴᠡᠳᠭᠡᠬᠦ ᠶᠢ ᠲᠡᠪᠴᠢᠭᠰᠡᠨ ᠪᠠᠶᠢᠪᠠᠯ᠂ ᠬᠤᠯᠪᠤᠬᠳᠡᠯ ᠪᠦᠬᠦᠢ ᠨᠢᠭᠡᠴᠢ ᠠᠴᠠ ᠰᠢᠬᠦᠮᠵᠢᠯᠡᠨ ᠰᠤᠷᠭᠠᠵᠦ᠂ ᠴᠢᠨᠠᠬᠰᠢᠯᠠᠪᠠᠯ ᠰᠢᠢᠳᠭᠡᠯ ᠦᠭᠭᠦ ᠬᠡᠷᠡᠭᠲᠡᠢ᠃
ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠶᠢ ᠬᠠᠷᠰᠢᠯᠠᠬᠰᠠᠨ ᠪᠠᠶᠢᠪᠠᠯ᠂ ᠦᠢᠯᠡ ᠪᠠᠶᠢᠳᠡᠯ ᠢ ᠨᠢ ᠦᠨᠳᠤᠰᠦᠯᠡᠨ᠂ ᠲᠡᠬᠦᠨ ᠤ ᠪᠠᠶᠢᠭ᠎ᠠ ᠨᠢᠭᠡᠴᠢ ᠪᠤᠶᠤ ᠬᠤᠯᠪᠣᠭᠳᠠᠯ ᠪᠦᠬᠦᠢ ᠪᠠᠶᠢᠭᠤᠯᠭ᠎ᠠ ᠠᠴᠠ ᠰᠢᠢᠳᠭᠡᠯ ᠥᠭᠬᠦᠨ᠎ᠠ ᠡᠰᠡᠬᠦᠯ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠭᠡᠯ ᠤᠨ ᠬᠠᠦᠯᠢ︾ ᠢᠢᠨ ᠬᠤᠯᠪᠣᠭᠳᠠᠯ ᠪᠦᠬᠦᠢ ᠲᠣᠭᠲᠠᠭᠠᠯ ᠢ ᠲᠤᠬᠢᠷᠠᠭᠤᠯᠤᠨ ᠬᠡᠷᠡᠭᠯᠡᠵᠤ ᠰᠶᠢᠳᠬᠡᠨ ᠲᠤᠷᠭᠠᠨ᠎ᠠ︔ ᠲᠦᠯᠦᠭᠡᠯᠡᠭᠴᠢ ᠶᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠶᠢ ᠬᠦᠴᠦᠷᠭᠡᠭᠯᠡᠯ᠂ ᠰᠦᠷᠳᠡᠬᠦᠯᠦᠯ ᠤᠨ ᠠᠷᠭ᠎ᠠ ᠪᠠᠷ ᠬᠠᠷᠰᠢᠯᠠᠬᠰᠠᠨ ᠪᠠᠶᠢᠪᠠᠯ᠂ ᠡᠷᠡᠬᠦᠦ ᠶᠢᠨ ᠬᠠᠦᠯᠢ ᠶᠢᠨ ᠬᠤᠯᠪᠤᠭᠳᠡᠯ ᠪᠦᠬᠦᠢ ᠲᠤᠬᠳᠠᠭᠠᠯ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃
ᠲᠦᠯᠦᠭᠡᠯᠡᠭᠴᠢ ᠢᠢᠨ ᠲᠦᠯᠦᠭᠡᠯᠡᠭᠴᠢ ᠶᠢᠨ ᠲᠤᠰᠢᠶᠡᠯ ᠢᠶᠠᠨ ᠬᠠᠦᠯᠢ ᠶᠤᠰᠤᠭᠠᠷ ᠬᠦᠢᠴᠡᠳᠭᠡᠬᠦ ᠳᠤ ᠴᠤᠬᠢᠯᠳᠡ ᠦᠭᠴᠦ ᠥᠰᠢᠶ᠎ᠡ ᠠᠪᠤᠬᠰᠠᠨ ᠪᠠᠶᠢᠪᠠᠯ᠂ ᠲᠡᠬᠦᠨ ᠤ ᠪᠠᠶᠢᠭ᠎ᠠ ᠨᠢᠭᠡᠴᠢ ᠪᠤᠶᠤ ᠲᠡᠭᠡᠳᠦ ᠱᠠᠳᠤᠨ ᠤ ᠪᠠᠶᠢᠭᠤᠯᠭ᠎ᠠ ᠠᠴᠠ ᠵᠠᠷᠯᠢᠬᠳᠠᠨ ᠵᠠᠯᠠᠷᠠᠭᠤᠯᠤᠭᠤᠯᠬᠤ ᠪᠤᠶᠤ ᠵᠠᠰᠠᠭ ᠵᠠᠬᠢᠷᠭᠠᠨ ᠤ ᠰᠢᠢᠳᠭᠡᠯ ᠦᠭᠭᠦᠨ᠎ᠠ︔ ᠲᠦᠷᠦ ᠶᠢᠨ ᠠᠵᠢᠯᠳᠡᠨ ᠴᠤᠬᠢᠯᠳᠡ ᠦᠭᠴᠦ ᠬᠠᠷᠢᠭᠤ ᠠᠪᠬᠤ ᠠᠵᠢᠯᠯᠠᠭ᠎ᠠ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠡᠷᠡᠬᠦᠦ ᠶᠢᠨ ᠬᠠᠦᠯᠢ ᠶᠢᠨ ᠬᠤᠯᠪᠤᠭᠳᠡᠯ ᠪᠦᠬᠦᠢ ᠲᠤᠬᠳᠠᠭᠠᠯ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃
ᠲᠠᠪᠢᠨ ᠵᠢᠷᠭᠤᠳᠤᠭᠠᠷ ᠵᠦᠢᠯ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯᠤᠨ ᠰᠢᠶᠠᠩ᠂ ᠥᠨᠲᠥᠰᠥᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠥᠯᠬᠦᠮ ᠤᠯᠠᠨ ᠵᠦᠢᠯ ᠤᠨ ᠠᠷᠭ᠎ᠠ ᠬᠡᠯᠪᠡᠷᠢ ᠪᠠᠷ ᠲᠠᠮᠵᠢᠭᠤᠯᠤᠨ ᠲᠥᠯᠥᠭᠡᠯᠡᠭᠴᠢ ᠶᠢᠨ ᠬᠠᠦᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ᠂ ᠦᠢᠯᠡᠳᠦᠯ ᠢᠶᠠᠨ ᠪᠠᠳᠠᠷᠠᠭᠤᠯᠤᠭᠰᠠᠨ ᠨᠡᠶᠢᠲᠡᠯᠢᠭ ᠦᠢᠯᠡ ᠠᠵᠢᠯᠯᠠᠭ᠎ᠠ ᠶᠢ ᠤᠬᠠᠭᠤᠯᠵᠤ᠂ ᠲᠥᠯᠥᠭᠡᠯᠡᠭᠴᠢ ᠶᠢᠨ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠶᠢ ᠢᠯᠡᠷᠡᠭᠦᠯᠬᠦ ᠬᠡᠷᠡᠭᠲᠡᠶ᠃
ᠲᠠᠪᠤᠳᠤᠭᠠᠷ ᠪᠦᠯᠦᠭ ᠲᠦᠯᠦᠭᠡᠯᠡᠭᠴᠢ ᠳᠤ ᠬᠢᠨᠠᠯᠳᠡ ᠲᠠᠯᠪᠢᠬᠤ
ᠲᠠᠪᠢᠨ ᠳᠣᠯᠣᠳᠤᠭᠠᠷ ᠵᠦᠢᠯ ᠲᠥᠯᠥᠭᠡᠯᠡᠭᠴᠢ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠦ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠭᠦᠢᠴᠡᠳᠭᠡᠵᠦ᠂ ᠦᠵᠡᠯ ᠰᠠᠨᠠᠭ᠎ᠠ ᠣᠪᠣᠷ ᠰᠤᠷᠲᠠᠯ ᠤᠨ ᠪᠠᠶᠢᠭᠤᠯᠤᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠲᠥᠯᠥᠭᠡᠯᠡᠭᠴᠢ ᠶᠢᠨ ᠳᠦᠷᠢ ᠲᠥᠷᠬᠦ ᠶᠢ ᠤᠬᠠᠮᠰᠠᠷ ᠠᠴᠠ ᠪᠠᠨ ᠬᠠᠮᠠᠭᠠᠯᠠᠬᠤ ᠬᠡᠷᠡᠭᠲᠡᠢ᠃
ᠲᠠᠪᠢᠨ ᠨᠠᠢᠮᠠᠳᠤᠭᠠᠷ ᠵᠦᠢᠯ ᠲᠦᠯᠦᠭᠡᠯᠡᠭᠴᠢ ᠲᠦᠯᠦᠭᠡᠯᠡᠭᠴᠢ ᠶᠢᠨ ᠲᠤᠰᠢᠶᠡᠯ ᠬᠠᠷᠢᠭᠤᠴᠠᠯᠭ᠎ᠠ ᠪᠠᠨ ᠬᠦᠢᠴᠡᠳᠭᠡᠵᠦ ᠪᠠᠶᠢᠬᠤ ᠲᠤᠬᠠᠢ ᠠᠷᠠᠳ ᠤᠯᠠᠨ ᠤ ᠰᠠᠨᠠᠯ ᠢ ᠤᠯᠠᠨ ᠵᠦᠢᠯ ᠤᠨ ᠠᠷᠭ᠎ᠠ ᠮᠠᠶ᠋ᠢᠭ ᠢᠶᠠᠷ ᠦᠷᠬᠦᠯᠵᠢ ᠰᠤᠨᠤᠰᠴᠦ᠂ ᠲᠦᠯᠦᠭᠡᠯᠡᠭᠴᠢ ᠶᠢᠨ ᠠᠵᠢᠯ ᠤᠨ ᠲᠤᠬᠠᠢ ᠪᠠ ᠲᠦᠯᠦᠭᠡᠯᠡᠭᠴᠢ ᠶᠢᠨ ᠠᠵᠢᠯᠯᠠᠭ᠎ᠠ ᠶᠢᠨ ᠲᠤᠬᠠᠢ ᠤᠤᠯ ᠰᠤᠩᠭᠤᠭᠤᠯᠢ ᠶᠢᠨ ᠲᠤᠭᠤᠷᠢᠭ ᠤᠨ ᠰᠤᠩᠭᠤᠭᠤᠯᠢ ᠶᠢᠨ ᠠᠷᠠᠳ ᠪᠤᠶᠤ ᠤᠤᠯ ᠰᠤᠩᠭᠤᠬᠰᠠᠨ ᠨᠢᠭᠡᠴᠢ ᠶᠢᠨ ᠢᠶᠠᠨ ᠯᠠᠪᠯᠠᠨ ᠠᠰᠠᠭᠤᠬᠰᠠᠨ ᠵᠦᠢᠯ ᠳᠤ ᠬᠠᠷᠢᠭᠤᠯᠳᠡ ᠦᠭᠴᠦ᠂ ᠲᠡᠳᠡᠨ ᠤ ᠬᠢᠨᠠᠯᠳᠡ ᠶᠢ ᠬᠦᠯᠢᠶᠡᠬᠦ ᠬᠡᠷᠡᠭᠳᠠᠢ᠃ᠲᠥᠯᠥᠭᠡᠯᠡᠭᠴᠢ ᠤᠤᠯ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠪᠤᠶᠤ ᠤᠤᠯ ᠰᠣᠩᠭᠤᠭᠰᠠᠨ ᠨᠢᠭᠡᠴᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢᠶᠠᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠮᠡᠳᠡᠭᠦᠯᠬᠦ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠰᠢᠶᠠᠩ᠂ ᠦᠨᠳᠦᠰᠦᠲᠡᠨ ᠤ ᠰᠢᠶᠠᠩ᠂ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠲᠡᠮᠳᠡᠭᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ᠂ ᠤᠤᠯ ᠰᠣᠩᠭᠤᠭᠤᠯᠢ ᠶᠢᠨ ᠲᠣᠭᠤᠷᠢᠭ ᠤᠨ ᠰᠣᠩᠭᠤᠭᠤᠯᠢ ᠶᠢᠨ ᠠᠷᠠᠳ ᠪᠤᠶᠤ ᠤᠤᠯ ᠰᠣᠩᠭᠤᠭᠰᠠᠨ ᠨᠢᠭᠡᠴᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢ ᠨᠢ ᠮᠡᠳᠡᠭᠦᠯᠦᠭᠦᠯᠬᠦ ᠪᠦᠭᠡᠳ ᠲᠥᠯᠥᠭᠡᠯᠡᠭᠴᠢ ᠶᠢᠨ ᠦᠨᠳᠦᠰᠦᠨ ᠮᠡᠳᠡᠭᠡ ᠵᠠᠩᠭᠢ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠮᠡᠳᠡᠭᠡ ᠵᠠᠩᠭᠢ ᠶᠢ ᠢᠯᠡ ᠨᠡᠶᠢᠲᠡᠯᠡᠬᠦ ᠬᠡᠷᠡᠭᠲᠡᠢ᠃
ᠲᠠᠪᠢ ᠶᠢᠰᠦᠳᠦᠭᠡᠷ ᠵᠦᠢᠯ ᠲᠥᠯᠥᠭᠡᠯᠡᠭᠴᠢ ᠬᠤᠪᠢ ᠶᠢᠨ ᠲᠤᠬᠠᠶᠢᠯᠠᠬᠰᠠᠨ ᠠᠵᠢᠯ ᠤᠨ ᠠᠵᠢᠯᠯᠠᠭ᠎ᠠ ᠬᠢᠬᠦ ᠪᠠ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠲᠥᠯᠥᠭᠡᠯᠡᠭᠴᠢ ᠶᠢᠨ ᠲᠤᠰᠢᠶᠠᠯ ᠢᠶᠠᠨ ᠭᠦᠢᠴᠡᠳᠭᠡᠬᠦ ᠶᠠᠪᠤᠳᠠᠯ ᠢ ᠠᠰᠢᠭᠯᠠᠨ ᠪᠣᠳᠠᠲᠠᠶ ᠬᠠᠦᠯᠢ ᠬᠡᠷᠡᠭᠵᠢᠭᠦᠯᠬᠦ᠂ ᠬᠠᠤᠯᠢ ᠪᠠᠷᠢᠬᠤ ᠬᠡᠷᠡᠭ ᠲᠤ ᠭᠠᠷ ᠲᠥᠷᠥᠵᠥ᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦ᠋ᠯᠢᠶᠡᠬᠦ ᠵᠡᠷᠭᠡ ᠠᠵᠤ ᠠᠬᠤᠢ ᠶᠢᠨ ᠠᠵᠢᠯᠯᠠᠭ᠎ᠠ ᠳᠤ ᠭᠠᠷ ᠳᠦᠷᠦᠬᠦ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠳᠠᠯᠳᠤᠭᠠᠨ ᠤ ᠠᠵᠢᠯᠯᠠᠭ᠎ᠠ ᠬᠢᠵᠦ ᠬᠤᠪᠢ ᠶᠢᠨ ᠠᠰᠢᠭ ᠣᠯᠵᠦ ᠪᠤᠯᠬᠤ ᠦᠭᠡᠢ᠃
ᠵᠢᠷᠠᠳᠤᠭᠠᠷ ᠵᠦᠢᠯ ᠰᠤᠩᠭᠤᠭᠤᠯᠢ ᠶᠢᠨ ᠠᠷᠠᠳ ᠪᠤᠶᠤ ᠰᠤᠩᠭᠤᠬᠰᠠᠨ ᠨᠢᠭᠡᠴᠢ ᠦᠪᠡᠷ ᠤᠨ ᠰᠤᠩᠭᠤᠵᠤ ᠭᠠᠷᠭᠠᠭᠰᠠᠨ ᠲᠦᠯᠦᠭᠡᠯᠡᠭᠴᠢ ᠪᠠᠨ ᠬᠠᠦᠯᠢ ᠶᠤᠰᠤᠭᠠᠷ ᠤᠬᠴᠤᠷᠠᠭᠤᠯᠬᠤ ᠡᠷᠭᠡ ᠲᠠᠢ᠃ ᠤᠬᠴᠤᠷᠠᠭᠤᠯᠤᠬᠳᠠᠬᠤ ᠪᠠᠷ ᠲᠤᠷᠠᠳᠤᠬᠳᠠᠬᠰᠠᠨ ᠲᠦᠯᠦᠭᠡᠯᠡᠭᠴᠢ ᠲᠤᠰ ᠲᠦᠯᠦᠭᠡᠯᠡᠭᠴᠢ ᠶᠢ ᠤᠬᠴᠤᠷᠠᠭᠤᠯᠬᠤ ᠬᠤᠷᠠᠯ ᠳᠤ ᠤᠷᠤᠯᠴᠠᠵᠦ᠂ ᠲᠤᠳᠤᠷᠬᠠᠶᠢᠯᠠᠨ ᠵᠦᠪᠳᠤᠭᠡᠬᠦ ᠰᠠᠨᠠᠯ ᠳᠤᠷᠠᠳᠬᠤ ᠪᠤᠶᠤ ᠲᠤᠳᠤᠷᠬᠠᠶᠢᠯᠠᠨ ᠵᠦᠪᠳᠤᠭᠡᠬᠦ ᠰᠠᠨᠠᠯ ᠢᠶᠠᠨ ᠪᠢᠴᠢᠭ ᠤᠨ ᠬᠡᠯᠪᠡᠷᠢ ᠪᠠᠷ ᠳᠤᠷᠠᠳᠬᠤ ᠡᠷᠭᠡ ᠲᠠᠢ᠃
ᠵᠢᠷᠠᠨ ᠨᠢᠭᠡᠳᠤᠭᠡᠷ ᠵᠦᠢᠯ ᠲᠦᠯᠦᠭᠡᠯᠡᠭᠴᠢ ᠳᠤ ᠲᠤᠤᠷ᠎ᠠ ᠵᠢᠬᠰᠠᠭᠠᠬᠰᠠᠨ ᠪᠠᠶᠢᠳᠡᠯ ᠤᠨ ᠨᠢᠭᠡ ᠨᠢ ᠪᠠᠶᠢᠪᠠᠯ᠂ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠨᠢ ᠲᠦᠷ ᠵᠤᠬᠰᠤᠭᠠᠵᠦ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠪᠤᠶᠤ ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠤᠨ᠎ᠠ᠄
︵ᠨᠢᠭᠡ︶ ᠡᠷᠡᠬᠦᠦ ᠶᠢᠨ ᠬᠡᠷᠡᠭ ᠲᠤ ᠬᠤᠯᠪᠤᠬᠳᠠᠬᠰᠠᠨ ᠠᠴᠠ ᠪᠤᠯᠵᠦ ᠬᠤᠷᠢᠬᠳᠠᠭᠠᠳ ᠶᠠᠭ ᠲᠠᠩᠨᠠᠨ ᠪᠠᠶᠢᠴᠠᠭᠠᠬᠳᠠᠵᠦ᠂ ᠵᠠᠭᠠᠯᠳᠤᠬᠳᠠᠵᠦ᠂ ᠰᠢᠬᠦᠨ ᠲᠠᠰᠤᠯᠤᠬᠳᠠᠵᠦ ᠪᠠᠶᠢᠪᠠᠯ︔
︵ᠬᠤᠶᠠᠷ︶ ᠬᠠᠦᠯᠢ ᠶᠤᠰᠤᠭᠠᠷ ᠵᠠᠬᠢᠷᠤᠨ ᠬᠠᠮᠢᠶᠠᠷᠬᠤ᠂ ᠬᠤᠷᠢᠵᠦ ᠬᠦᠳᠡᠯᠮᠤᠷᠢᠯᠡᠭᠦᠯᠬᠦ ᠪᠤᠶᠤ ᠬᠤᠭᠤᠴᠠᠭ᠎ᠠ ᠲᠠᠢ ᠬᠤᠷᠢᠬᠤ ᠡᠷᠡᠭᠦᠦ ᠪᠠᠷ ᠰᠢᠢᠳᠭᠡᠭᠳᠡᠭᠰᠡᠨ ᠪᠤᠯᠪᠠᠴᠤ ᠤᠯᠤᠰ ᠲᠦᠷᠦ ᠶᠢᠨ ᠡᠷᠭᠡ ᠶᠢ ᠨᠢ ᠬᠠᠰᠤᠬᠤ ᠨᠡᠮᠡᠯᠳᠡ ᠡᠷᠡᠭᠦᠦ ᠪᠠᠷ ᠰᠢᠢᠳᠭᠡᠭᠳᠡᠭᠰᠡᠨ ᠦᠭᠡᠢ᠂ ᠶᠠᠭ ᠡᠷᠡᠬᠦᠦ ᠰᠢᠢᠳᠭᠡᠯ ᠬᠦᠢᠴᠡᠳᠭᠡᠵᠦ ᠪᠠᠶᠢᠪᠠᠯ᠃
ᠡᠮᠦᠨᠡᠬᠢ ᠠᠭᠤᠯᠭ᠎ᠠ ᠳᠤ ᠵᠢᠬᠰᠠᠭᠠᠬᠰᠠᠨ ᠪᠠᠶᠢᠳᠡᠯ ᠲᠦᠯᠦᠭᠡᠯᠡᠭᠴᠢ ᠶᠢᠨ ᠲᠤᠰᠢᠶᠡᠯ ᠤᠨ ᠬᠤᠭᠤᠴᠠᠭᠠᠨ ᠳᠤ ᠠᠷᠢᠯᠤᠭᠰᠠᠨ ᠤ ᠳᠠᠷᠠᠭ᠎ᠠ᠂ ᠲᠡᠬᠦᠨ ᠤ ᠲᠦᠯᠦᠭᠡᠯᠡᠭᠴᠢ ᠶᠢᠨ ᠲᠤᠰᠢᠶᠡᠯ ᠢᠶᠠᠨ ᠬᠦᠢᠴᠡᠳᠭᠡᠬᠦ ᠶᠢ ᠨᠢ ᠰᠡᠷᠬᠦᠭᠡᠨ᠎ᠠ᠂ ᠬᠡᠪᠡᠴᠦ ᠲᠦᠯᠦᠭᠡᠯᠡᠭᠴᠢ ᠶᠢᠨ ᠬᠢᠷᠢ ᠭᠡᠮ ᠢᠶᠠᠨ ᠵᠤᠬᠰᠤᠭᠠᠬᠲᠠᠬᠰᠠᠳ ᠡᠬᠦᠨ ᠳᠤ ᠪᠠᠭᠳᠠᠬᠤ ᠦᠭᠡᠢ᠃
ᠵᠢᠷᠠᠨ ᠬᠤᠶᠠᠳᠤᠭᠠᠷ ᠵᠦᠢᠯ ᠲᠦᠯᠦᠭᠡᠯᠡᠭᠴᠢ ᠳᠤ ᠲᠤᠤᠷ᠎ᠠ ᠵᠢᠬᠰᠠᠭᠠᠬᠰᠠᠨ ᠪᠠᠶᠢᠳᠡᠯ ᠤᠨ ᠨᠢᠭᠡ ᠨᠢ ᠪᠠᠶᠢᠪᠠᠯ᠂ ᠲᠦᠯᠦᠭᠡᠯᠡᠭᠴᠢ ᠶᠢᠨ ᠬᠢᠷᠢ ᠬᠡᠮ ᠢ ᠨᠢ ᠵᠤᠬᠰᠤᠭᠠᠨ᠎ᠠ᠄
︵ᠨᠢᠭᠡ︶ ᠤᠷᠤᠨ ᠨᠤᠳᠤᠭ ᠤᠨ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠲᠤᠰ ᠵᠠᠰᠠᠭ ᠵᠠᠬᠢᠷᠭᠠᠨ ᠤ ᠤᠷᠤᠨ ᠠᠴᠠ ᠪᠠᠨ ᠨᠡᠬᠦᠵᠦ ᠶᠠᠪᠤᠬᠰᠠᠨ ᠪᠤᠶᠤ ᠠᠵᠢᠯ ᠰᠢᠯᠵᠢᠵᠦ ᠶᠠᠪᠤᠬᠰᠠᠨ ᠪᠠᠶᠢᠪᠠᠯ︔
︵ᠬᠤᠶᠠᠷ︶ ᠲᠤᠰᠢᠶᠠᠯ ᠠᠴᠠ ᠪᠠᠨ ᠪᠠᠭᠤᠭᠰᠠᠨ ᠪᠤᠶᠤ ᠵᠠᠷᠯᠢᠭᠳᠠᠵᠦ ᠪᠠᠶᠢᠭᠠᠳ ᠲᠤᠰᠢᠶᠠᠯ ᠠᠴᠠ ᠨᠢ ᠪᠠᠭᠤᠯᠭᠠᠬᠤ ᠶᠢ ᠬᠦᠯᠢᠶᠡᠨ ᠠᠪᠤᠭᠰᠠᠨ ᠪᠠᠶᠢᠪᠠᠯ︔
︵ᠭᠤᠷᠪᠠ︶ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠢᠶᠠᠷ ᠵᠦᠪᠰᠢᠶᠡᠷᠡᠭᠦᠯᠦᠭᠰᠡᠨ ᠦᠭᠡᠢ ᠪᠠᠷ ᠬᠤᠶᠠᠷ ᠤᠳᠠᠭ᠎ᠠ ᠬᠤᠷᠠᠯ ᠳᠤ ᠦᠯᠦ ᠤᠷᠤᠯᠴᠠᠬᠰᠠᠨ ᠪᠠᠶᠢᠪᠠᠯ︔
︵ᠲᠦᠷᠪᠡ︶ ᠲᠤᠰᠢᠶᠠᠯ ᠢᠶᠠᠨ ᠤᠬᠴᠤᠷᠠᠭᠤᠯᠤᠬᠳᠠᠬᠰᠠᠨ ᠪᠠᠶᠢᠪᠠᠯ︔
︵ᠲᠠᠪᠤ︶ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠤᠨ ᠤᠯᠤᠰ ᠤᠨ ᠬᠠᠷᠢᠶ᠎ᠠ ᠪᠠᠨ ᠠᠯᠳᠠᠬᠰᠠᠨ ᠪᠠᠶᠢᠪᠠᠯ︔
︵ᠵᠢᠷᠭᠤᠭ᠎ᠠ︶ ᠬᠠᠦᠯᠢ ᠶᠤᠰᠤᠭᠠᠷ ᠤᠯᠤᠰ ᠲᠦᠷᠦ ᠶᠢᠨ ᠡᠷᠭᠡ ᠪᠠᠨ ᠬᠠᠰᠤᠭᠤᠯᠤᠭᠰᠠᠨ ᠪᠠᠶᠢᠪᠠᠯ︔
︵ᠲᠤᠯᠤᠭ᠎ᠠ︶ ᠦᠢᠯᠡ ᠠᠵᠢᠯᠯᠠᠭ᠎ᠠ ᠶᠢᠨ ᠴᠢᠳᠠᠪᠤᠷᠢ ᠪᠠᠨ ᠠᠯᠳᠠᠬᠰᠠᠨ ᠪᠠᠶᠢᠪᠠᠯ᠃
ᠲᠥᠯᠥᠬᠡᠯᠡᠭᠴᠢ ᠨᠠᠰᠤ ᠪᠠᠷᠠᠪᠠᠯ᠂ ᠲᠡᠬᠦᠨ ᠤ ᠲᠥᠯᠥᠬᠡᠯᠡᠭᠴᠢ ᠶᠢᠨ ᠬᠢᠷᠢ ᠬᠡᠮ ᠨᠢ ᠠᠶᠠᠨᠲᠠᠭᠠᠨ ᠵᠤᠬᠰᠤᠨ᠎ᠠ᠃
ᠵᠢᠷᠠᠨ ᠭᠤᠷᠪᠠᠳᠤᠭᠠᠷ ᠵᠦᠢᠯ ᠰᠢᠶᠡᠨ ᠤ ᠱᠠᠳᠤᠨ ᠠᠴᠠ ᠲᠡᠭᠡᠭᠰᠢᠬᠢ ᠡᠯ᠎ᠠ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠢᠷᠢ ᠬᠡᠮ ᠢ ᠵᠤᠬᠰᠤᠭᠠᠬᠤ ᠳᠤ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠳᠤ ᠮᠡᠳᠡᠬᠦᠯᠵᠦ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠠᠴᠠ ᠠᠯᠪᠠᠨ ᠵᠠᠷ ᠨᠠᠶᠢᠳᠡᠯᠡᠨ᠎ᠠ᠃
ᠰᠢᠶᠠᠩ᠂ ᠦᠨᠳᠦᠰᠦᠳᠡᠨ ᠤ ᠰᠢᠶᠠᠩ᠂ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠬᠢᠷᠢ ᠬᠡᠮ ᠢ ᠵᠤᠬᠰᠤᠭᠠᠬᠤ ᠳᠤ᠂ ᠲᠦᠯᠦᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠠᠴᠠ ᠲᠤᠰ ᠱᠠᠳᠤᠨ ᠤ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠮᠡᠳᠡᠬᠦᠯᠵᠦ᠂ ᠲᠤᠰ ᠱᠠᠳᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠠᠯᠪᠠᠨ ᠵᠠᠷ ᠨᠠᠶᠢᠳᠡᠯᠡᠨ᠎ᠠ᠃
ᠵᠢᠷᠭᠤᠳᠤᠭᠠᠷ ᠪᠦᠯᠦᠭ ᠲᠠᠭᠠᠯᠲᠤᠭᠤᠯᠤᠯ ᠲᠦᠷᠢᠮ
ᠵᠢᠷᠠᠨ ᠲᠦᠷᠪᠡᠳᠤᠭᠡᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠲᠤᠰ ᠬᠠᠦᠯᠢ ᠪᠠ ᠲᠤᠰ ᠵᠠᠰᠠᠭ ᠵᠠᠬᠢᠷᠭᠠᠨ ᠤ ᠤᠷᠤᠨ ᠤ ᠪᠠᠨ ᠪᠤᠳᠠᠳᠦ ᠪᠠᠶᠢᠳᠡᠯ ᠢ ᠦᠨᠳᠤᠰᠦᠯᠡᠵᠦ᠂ ᠬᠡᠷᠡᠭᠵᠢᠬᠦᠯᠬᠦ ᠠᠷᠭ᠎ᠠ ᠲᠤᠬᠳᠠᠭᠠᠵᠦ ᠪᠤᠯᠤᠨ᠎ᠠ᠃
ᠵᠢᠷᠠᠨ ᠲᠠᠪᠤᠳᠤᠭᠠᠷ ᠵᠦᠢᠯ ᠲᠤᠰ ᠬᠠᠦᠯᠢ ᠶᠢ ᠨᠠᠶᠢᠳᠡᠯᠡᠭᠰᠡᠨ ᠡᠳᠦᠷ ᠠᠴᠠ ᠡᠬᠢᠯᠡᠵᠦ ᠬᠡᠷᠡᠭᠵᠢᠬᠦᠯᠦᠨ᠎ᠠ᠃
︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 11 ᠤ ᠴᠠᠬᠢᠯᠭᠠᠨ ᠮᠡᠳᠡᠭᠡ᠂ ᠳᠣᠮᠳᠠᠳᠣ ᠣᠯᠣᠰ ᠤᠨ ᠦᠨᠳᠦᠰᠦᠳᠡᠨ ᠤ ᠬᠡᠯᠡᠨ ᠤ ᠣᠷᠴᠢᠭᠤᠯᠭ᠎ᠠ ᠶᠢᠨ ᠲᠣᠪᠴᠢᠶ᠎ᠠ ᠣᠷᠴᠢᠭᠤᠯᠪᠠ︶