ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ
ᠨᠡᠶᠢᠲᠡᠯᠡᠭᠰᠡᠨ ᠴᠠᠭ᠄
2025/3/17

ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ
      ︵2025 ᠣᠨ ᠤ 3 ᠰᠠᠷ᠎ᠠ ᠶᠢᠨ 10 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠪᠠᠲᠤᠯᠠᠪᠠ︶


      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ 2025 ᠣᠨ ᠤ 3 ᠰᠠᠷ᠎ᠠ ᠶᠢᠨ 4 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃
      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠠ ᠲᠦᠷᠦ ᠶᠢᠨ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠭᠡᠰᠢᠭᠦᠳ ᠲᠠᠢ ᠤᠯᠤᠰ ᠤᠨ ᠶᠠᠪᠤᠳᠠᠯ ᠢ ᠬᠠᠮᠲᠤ ᠪᠠᠷ ᠵᠥᠪᠯᠡᠪᠡ᠃ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠪᠣᠳᠠᠲᠠᠢ ᠶᠢ ᠡᠷᠬᠢᠮᠯᠡᠨ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠡᠯ᠎ᠡ ᠵᠦᠢᠯ ᠤᠨ ᠵᠥᠪᠯᠡᠬᠦ ᠵᠦᠢᠯ ᠢᠶᠠᠨ ᠪᠡᠶᠡᠯᠡᠭᠦᠯᠵᠦ᠂ ᠴᠢᠬᠤᠯᠠ ᠦᠷ᠎ᠡ ᠪᠦᠲᠦᠭᠡᠯ ᠣᠯᠪᠠ᠃
      ᠬᠤᠷᠠᠯ ᠠᠴᠠ ᠸᠠᠩ ᠬᠤ᠋ ᠨᠢᠩ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ ᠬᠢᠭᠰᠡᠨ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠨ᠂ ᠵᠢᠶᠠᠩ ᠽᠦᠸᠧ ᠵᠢᠶᠦ᠋ᠨ ᠤ ᠬᠢᠭᠰᠡᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠵᠥᠪᠰᠢᠶᠡᠷᠡᠪᠡ᠃ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠰᠤᠯᠠ ᠣᠷᠣᠯᠴᠠᠵᠤ᠂ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠨ ᠶᠠᠷᠢᠯᠴᠠᠵᠤ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠶᠠᠷᠢᠯᠴᠠᠵᠤ᠂ ᠵᠥᠪᠰᠢᠶᠡᠷᠡᠵᠦ ᠪᠠᠶᠢᠬᠤ ᠪᠠᠨ ᠢᠯᠡᠳᠬᠡᠭᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃
      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠨᠡᠶᠢᠭᠡᠮ ᠵᠢᠷᠤᠮ ᠤᠨ ᠰᠣᠶᠣᠯ ᠴᠡᠴᠡᠭᠯᠡᠨ ᠬᠥᠭᠵᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠰᠢᠨ᠎ᠡ ᠪᠠᠶᠢᠳᠠᠯ ᠢ ᠡᠭᠦᠳᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠴᠢᠬᠤᠯᠠ ᠶᠡᠭᠡ ᠰᠢᠨ᠎ᠡ ᠠᠮᠵᠢᠯᠲᠠ ᠪᠦᠲᠦᠮᠵᠢ ᠣᠯᠵᠤ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠰᠢᠨ᠎ᠡ ᠢᠯᠠᠯᠲᠠ ᠶᠢ ᠲᠡᠮᠡᠴᠡᠨ ᠣᠯᠬᠤ ᠢᠲᠡᠭᠡᠯ ᠵᠣᠷᠢᠭ ᠢ ᠨᠡᠩ ᠪᠠᠲᠤᠳᠬᠠᠵᠠᠢ ᠭᠡᠵᠦ ᠦᠵᠡᠪᠡ᠃
      ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠪᠣᠯᠣᠨ ᠤᠯᠤᠰ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠪᠠᠲᠤᠯᠠᠭ᠎ᠠ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠪᠣᠯᠣᠨ ᠦᠢᠯᠡᠳᠦᠯᠭᠡ ᠶᠢᠨ ᠠᠤᠭ᠎ᠠ ᠬᠦᠴᠦᠨ ᠲᠠᠢ ᠶᠤᠮ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃
      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠡᠷᠡᠯᠡᠵᠦ᠂ ᠨᠠᠷᠢᠨ ᠲᠣᠳᠣᠷᠬᠠᠢ ᠭᠦᠨ ᠭᠦᠨᠵᠡᠭᠡᠢ᠂ ᠡᠯᠪᠡᠭ ᠪᠠᠶᠠᠯᠢᠭ ᠠᠭᠤᠯᠤᠭᠳᠠᠬᠤᠨ ᠲᠠᠢ ᠪᠠᠶᠢᠵᠤ᠂ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠬᠤ ᠦᠨᠡᠨ ᠶᠣᠰᠣᠨ ᠤ ᠭᠡᠷᠡᠯ ᠭᠢᠯᠪᠠᠭ᠎ᠠ ᠶᠢ ᠰᠠᠴᠤᠷᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠤᠷᠤᠭᠰᠢᠯᠠᠬᠤ ᠴᠢᠭᠯᠡᠯ ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠠᠶᠢᠲᠤᠷ ᠣᠶᠢᠯᠠᠭᠠᠵᠤ ᠲᠤᠭᠤᠷᠠᠲᠠᠯ᠎ᠠ ᠮᠡᠳᠡᠵᠤ ᠪᠣᠳᠠᠲᠠᠢ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠲᠠᠪᠰᠢᠯᠳᠠ ᠶᠢᠨ ᠦᠨᠳᠦᠰᠦᠨ ᠪᠠᠲᠤᠯᠠᠭ᠎ᠠ ᠪᠤᠯᠬᠤ ᠶᠢ ᠭᠦᠨᠵᠡᠭᠡᠢ ᠣᠶᠢᠯᠠᠭᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠤᠯ ᠪᠠ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠶᠢᠨ ᠢᠯᠡ ᠲᠣᠳᠣ ᠤᠯᠤᠰ ᠲᠦᠷᠦ ᠶᠢᠨ ᠰᠢᠨᠵᠢ ᠴᠢᠨᠠᠷ ᠢ ᠭᠦᠨᠵᠡᠭᠡᠢ ᠲᠠᠨᠢᠵᠤ᠂ ᠰᠢᠨ᠎ᠡ ᠠᠶᠠᠨ ᠳᠠᠬᠢ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠬᠦᠴᠦᠯᠡᠬᠦ ᠭᠤᠣᠯᠳᠠᠯᠭ᠎ᠠ ᠶᠢ ᠭᠦᠨᠵᠡᠭᠡᠢ ᠡᠵᠡᠮᠳᠡᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠢ ᠭᠡᠵᠦ ᠦᠵᠡᠪᠡ᠃
      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠤᠯᠤᠰ ᠲᠦᠷᠦ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠠᠷᠠᠳ ᠲᠦᠮᠡᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠲᠣᠭᠤᠷᠢᠨ ᠳᠤ ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮᠵᠢᠯᠲᠡ᠂ ᠵᠢᠷᠤᠮᠵᠢᠭᠤᠯᠤᠯᠲᠠ᠂ ᠲᠡᠰ ᠲᠠᠷᠠᠭᠠᠯᠠᠯᠵᠢᠭᠤᠯᠤᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠪᠠ ᠭᠡᠵᠦ ᠦᠵᠡᠪᠡ᠃
      ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠪᠣᠯᠣᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠦᠢᠯᠡᠴᠢᠯᠡᠬᠦ ᠪᠠᠷ ᠠᠵᠢᠯ ᠤᠨ ᠭᠤᠣᠯ ᠰᠢᠵᠢᠮ ᠪᠤᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠬᠠᠮᠠᠭᠠᠯᠠᠬᠤ ᠵᠡᠷᠭᠡ ᠲᠠᠯ᠎ᠠ ᠶᠢᠨ ᠭᠤᠣᠯᠳᠠᠯᠭ᠎ᠠ ᠲᠠᠢ ᠬᠦᠴᠢᠷ ᠠᠰᠠᠭᠤᠳᠠᠯ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠢ ᠵᠥᠪᠯᠡᠯᠭᠡ ᠬᠢᠵᠦ ᠲᠦᠷᠦ ᠶᠢᠨ ᠶᠠᠪᠤᠳᠠᠯ ᠢ ᠵᠥᠪᠯᠡᠵᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠠᠯᠤᠰ ᠭᠡᠳᠦ ᠶᠢᠨ ᠴᠢᠨᠠᠷᠲᠠᠢ ᠠᠰᠠᠭᠤᠳᠠᠯ ᠳᠤ ᠴᠢᠭᠯᠡᠭᠦᠯᠦᠨ᠂ ᠬᠦᠷᠢᠶ᠎ᠡ ᠴᠠᠷᠠᠭ᠎ᠠ ᠠᠯᠤᠰᠯᠠᠭᠰᠠᠨ ᠲᠤᠰᠬᠠᠢ ᠰᠡᠳᠦᠪᠲᠦ ᠰᠤᠳᠤᠯᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠣᠭᠲᠠᠭᠠᠬᠤ ᠰᠠᠨᠠᠭᠤᠯᠭ᠎ᠠ ᠳᠤ ᠦᠨᠡᠨ ᠦᠭᠡ ᠬᠡᠯᠡᠵᠦ᠂ ᠰᠠᠶᠢᠨ ᠠᠷᠭ᠎ᠠ ᠪᠣᠳᠣᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠬᠥᠮᠥᠨ ᠤ ᠰᠡᠳᠬᠢᠯ ᠪᠣᠯ ᠬᠠᠮᠤᠭ ᠤᠨ ᠶᠡᠭᠡ ᠤᠯᠤᠰ ᠲᠦᠷᠦ᠂ ᠬᠠᠮᠲᠤ ᠶᠢᠨ ᠲᠠᠨᠢᠯᠲᠠ ᠪᠣᠯ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠮᠥᠨ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠬᠤ᠂ ᠬᠠᠮᠲᠤ ᠶᠢᠨ ᠲᠠᠨᠢᠯᠲᠠ ᠶᠢ ᠥᠷᠭᠡᠨ ᠢᠶᠠᠷ ᠨᠢᠭᠲᠠᠷᠠᠭᠤᠯᠬᠤ ᠪᠠᠷ ᠭᠤᠣᠯ ᠭᠤᠭᠴᠤᠭ᠎ᠠ ᠪᠤᠯᠭᠠᠬᠤ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠬᠥᠮᠥᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠢ ᠨᠢᠭᠲᠠᠷᠠᠭᠤᠯᠬᠤ ᠤᠯᠤᠰ ᠲᠦᠷᠦ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠬᠰᠠᠨ ᠡᠯ᠎ᠡ ᠨᠠᠮ ᠪᠦᠯᠦᠭ ᠪᠦᠯᠭᠦᠮ ᠪᠣᠯᠣᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠢ ᠬᠥᠲᠥᠯᠥᠨ ᠳᠠᠭᠠᠭᠤᠯᠵᠤ ᠪᠠᠶᠢᠭᠠᠳ ᠢᠮᠠᠭᠲᠠ ᠳᠤᠮᠳᠠᠳᠤ ᠤᠯᠤᠰ ᠤᠨ ᠡᠪ ᠬᠠᠮᠲᠤ ᠨᠠᠮ ᠲᠠᠢ ᠪᠤᠳᠤᠯ ᠰᠡᠳᠬᠢᠯ ᠢᠶᠠᠨ ᠬᠤᠯᠪᠣᠵᠤ᠂ ᠬᠠᠮᠲᠤ ᠵᠣᠭᠰᠣᠵᠤ᠂ ᠬᠠᠮᠲᠤ ᠠᠵᠢᠯᠯᠠᠬᠤ ᠪᠤᠯᠭᠠᠬᠤ ᠬᠡᠷᠡᠭᠲᠡᠢ᠃ ᠭᠡᠰᠢᠭᠦᠳ ᠤᠨ ᠨᠣᠮ ᠤᠩᠰᠢᠬᠤ᠂ ᠤᠨᠤᠯ ᠤᠨ ᠰᠤᠷᠤᠯᠴᠠᠯᠭ᠎ᠠ ᠪᠠ ᠤᠯᠤᠰ ᠲᠦᠷᠦ ᠶᠢᠨ ᠪᠣᠯᠪᠠᠰᠤᠷᠠᠯ ᠢ ᠪᠠᠶᠢᠩᠭᠤ ᠥᠷᠨᠢᠭᠦᠯᠵᠦ᠂ ᠪᠦᠯᠬᠦᠮᠳᠡᠨ ᠲᠡᠮᠡᠴᠡᠬᠦ ᠬᠠᠮᠲᠤ ᠶᠢᠨ ᠦᠵᠡᠯ ᠰᠠᠨᠠᠭ᠎ᠠ ᠤᠯᠤᠰ ᠲᠦᠷᠦ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠬᠦ ᠬᠡᠷᠡᠭᠲᠡᠢ᠃ ᠨᠠᠮ ᠪᠠ ᠵᠠᠰᠠᠭ ᠤᠨ ᠣᠷᠳᠣᠨ ᠢ ᠬᠠᠮᠵᠢᠨ ᠲᠦᠷᠦ ᠶᠢᠨ ᠪᠣᠳᠣᠯᠭ᠎ᠠ ᠶᠢ ᠤᠬᠠᠭᠤᠯᠬᠤ᠂ ᠵᠥᠷᠢᠴᠡᠯ ᠢ ᠠᠷᠢᠯᠭᠠᠬᠤ᠂ ᠵᠢᠱᠢᠯᠲᠡ ᠶᠢ ᠲᠣᠭᠲᠠᠪᠤᠷᠢᠵᠢᠭᠤᠯᠬᠤ᠂ ᠢᠲᠡᠭᠡᠯ ᠵᠣᠷᠢᠭ ᠢ ᠬᠥᠪᠴᠢᠯᠡᠬᠦ ᠠᠵᠢᠯ ᠢ ᠰᠠᠶᠢᠲᠤᠷ ᠬᠢᠵᠦ᠂ ᠡᠲᠡᠭᠡᠳ ᠢᠯᠭᠠᠯ ᠤᠨ ᠤᠯᠠᠨ ᠲᠦᠮᠡᠨ ᠪᠠ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠠᠵᠤ ᠠᠬᠤᠢ ᠶᠢᠨ ᠪᠠᠶᠢᠳᠠᠯ᠂ ᠬᠥᠭᠵᠢᠯᠲᠡ ᠶᠢᠨ ᠶᠡᠭᠡ ᠬᠠᠨᠳᠤᠰᠢ ᠳᠤ ᠪᠦᠭᠦ ᠲᠠᠯ᠎ᠠ ᠪᠠᠷ ᠬᠤᠪᠢᠰᠤᠩᠭᠤᠢ ᠪᠠᠷ ᠬᠠᠨᠳᠤᠬᠤ ᠶᠢ ᠬᠥᠲᠥᠯᠥᠨ ᠵᠢᠯᠤᠭᠤᠳᠴᠤ᠂ ᠭᠤᠣᠯ ᠭᠦᠭ ᠠᠶᠠᠰ ᠢ ᠴᠤᠤᠷᠢᠶᠠᠲᠤᠭᠤᠯᠤᠨ᠂ ᠢᠳᠡᠪᠬᠢ ᠬᠦᠴᠦᠨ ᠢ ᠳᠠᠮᠵᠢᠭᠤᠯᠬᠤ ᠬᠡᠷᠡᠭᠲᠡᠢ᠃ ᠰᠡᠳᠬᠢᠯ ᠤᠨ ᠦᠭᠡ ᠪᠠᠨ ᠰᠣᠯᠢᠯᠴᠠᠬᠤ᠂ ᠨᠥᠬᠦᠷᠯᠡᠯ ᠪᠠᠶᠢᠭᠤᠯᠵᠤ ᠨᠥᠬᠦᠷᠯᠡᠬᠦ ᠠᠵᠢᠯ ᠢ ᠭᠦᠨᠵᠡᠭᠡᠶᠢᠷᠡᠭᠦᠯᠵᠦ᠂ ᠭᠡᠰᠢᠭᠦᠳ ᠤᠨ ᠡᠲᠡᠭᠡᠳ ᠢᠯᠭᠠᠯ ᠤᠨ ᠤᠯᠠᠨ ᠲᠦᠮᠡᠨ ᠲᠠᠢ ᠬᠠᠷᠢᠯᠴᠠᠬᠤ ᠪᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ︽ᠠᠷᠠᠳ ᠤᠨ ᠲᠥᠯᠥᠭᠡ ᠦᠢᠯᠡᠴᠢᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠬᠢᠵᠦ᠂ ᠠᠷᠠᠳ ᠤᠨ ᠪᠠᠶᠢᠳᠠᠯ ᠢ ᠨᠡᠩ ᠰᠠᠶᠢᠲᠤᠷ ᠣᠶᠢᠯᠠᠭᠠᠵᠤ᠂ ᠠᠷᠠᠳ ᠤᠨ ᠵᠣᠪᠠᠭᠤᠷᠢ ᠶᠢ ᠠᠷᠢᠯᠭᠠᠵᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠬᠡᠷᠡᠭᠲᠡᠢ᠃ ᠮᠠᠨ ᠤ ᠤᠯᠤᠰ ᠤᠨ ᠰᠢᠨ᠎ᠡ ᠮᠠᠶ᠋ᠢᠭ ᠤᠨ ᠲᠥᠷᠥ ᠶᠢᠨ ᠨᠠᠮ ᠤᠨ ᠪᠠᠶᠢᠭᠤᠯᠤᠯ ᠤᠨ ᠳᠠᠪᠠᠭᠤᠯᠢᠭ ᠢ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ᠂ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠥᠰ ᠯᠦᠭᠡ ᠶᠢᠨ ᠬᠠᠷᠢᠯᠴᠠᠭ᠎ᠠ ᠪᠠᠨ ᠴᠢᠩᠭᠠᠳᠬᠠᠵᠤ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠣᠣᠮᠧᠨᠴᠤᠳ ᠣᠣᠮᠧᠨ ᠢᠶᠠᠨ ᠵᠠᠰᠠᠬᠤ︾᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠣᠨᠣᠪᠴᠢᠲᠠᠶ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠡᠬᠡ ᠤᠯᠤᠰ ᠢᠶᠠᠨ ᠨᠢᠭᠡᠳᠬᠡᠬᠦ ᠶᠡᠭᠡ ᠦᠢᠯᠡᠰ ᠢ ᠡᠷᠡᠰ ᠭᠤᠶᠢᠪᠢᠰᠢ ᠦᠭᠡᠢ ᠠᠬᠢᠭᠤᠯᠵᠤ᠂ ᠲᠦᠷᠦ ᠶᠢᠨ ᠨᠠᠮ ᠤᠨ ᠬᠠᠷᠢᠴᠠᠭ᠎ᠠ᠂ ᠦᠨᠳᠦᠰᠦᠲᠡᠨ ᠤ ᠬᠠᠷᠢᠴᠠᠭ᠎ᠠ᠂ ᠱᠠᠰᠢᠨ ᠰᠤᠷᠲᠠᠬᠤᠨ ᠤ ᠬᠠᠷᠢᠴᠠᠭ᠎ᠠ᠂ ᠳᠠᠪᠬᠤᠷᠭ᠎ᠠ ᠶᠢᠨ ᠬᠠᠷᠢᠴᠠᠭ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠬ᠎ᠠ ᠳᠡᠭᠦᠦ ᠨᠠᠷ ᠤᠨ ᠬᠠᠷᠢᠴᠠᠭ᠎ᠠ ᠶᠢᠨ ᠡᠶ᠎ᠡ ᠵᠣᠬᠢᠴᠠᠯ ᠢ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠵᠥᠪᠯᠡᠬᠦ ᠠᠷᠠᠳᠴᠢᠯᠠᠯ ᠤᠨ ᠲᠣᠭᠲᠠᠴᠠ ᠶᠢ ᠪᠦᠷᠢᠨᠰᠢᠭᠦᠯᠵᠦ᠂ ᠲᠤᠰᠬᠠᠢ ᠵᠥᠪᠯᠡᠯ ᠤᠨ ᠰᠠᠭᠤᠷᠢᠯᠠᠬᠤ ᠴᠢᠨᠠᠷᠲᠠᠢ ᠦᠢᠯᠡᠳᠦᠯ ᠪᠠ ᠡᠲᠡᠭᠡᠳ ᠤᠨ ᠢᠯᠭᠠᠯ ᠤᠨ ᠥᠪᠡᠷᠮᠢᠴᠡ ᠣᠨᠴᠠᠯᠢᠭ ᠲᠠᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠶᠢᠨ ᠵᠥᠪᠯᠡᠯᠭᠡᠨ ᠤ ᠭᠠᠳᠠᠭᠠᠳᠤ ᠯᠤᠭ᠎ᠠ ᠶᠢᠨ ᠨᠥᠭᠦᠷᠰᠡᠭ ᠶᠠᠪᠤᠯᠴᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠳᠤᠮᠳᠠᠳᠤ ᠤᠯᠤᠰ ᠤᠨ ᠦᠯᠢᠭᠡᠷ᠂ ᠳᠤᠮᠳᠠᠳᠤ ᠤᠯᠤᠰ ᠤᠨ ᠠᠷᠠᠳ ᠤᠨ ᠠᠷᠠᠳᠴᠢᠯᠠᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢ ᠣᠶᠢᠯᠠᠭᠠᠬᠤ ᠳᠤᠮᠳᠠᠳᠤ ᠶᠢᠨ ᠨᠥᠭᠦᠷᠰᠡᠭ ᠨᠠᠶᠢᠵᠠ ᠶᠢᠨ ᠲᠣᠭᠤᠷᠢᠭ ᠢ ᠥᠷᠭᠡᠳᠬᠡᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤᠯᠤᠰ ᠲᠦᠷᠦ ᠶᠢᠨ ᠭᠠᠷᠤᠯ ᠢᠶᠠᠨ ᠨᠠᠨᠳᠢᠩᠨᠠᠵᠤ᠂ ᠤᠯᠤᠰ ᠲᠦᠷᠦ ᠶᠢᠨ ᠬᠡᠪ ᠰᠤᠷᠲᠠᠯ ᠢᠶᠠᠨ ᠳᠠᠪᠲᠠᠨ ᠪᠤᠯᠪᠠᠰᠤᠷᠠᠭᠤᠯᠵᠤ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ ᠤᠨ ᠶᠠᠪᠤᠳᠠᠯ ᠢ ᠵᠥᠪᠯᠡᠬᠦ ᠳᠡᠭᠡᠨ ᠴᠢᠳᠠᠮᠠᠭᠠᠢ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠭᠢᠮᠯᠡᠭᠦ᠂ ᠵᠠᠩ ᠰᠤᠷᠲᠠᠯ ᠢ ᠴᠢᠬᠤᠯᠠᠴᠢᠯᠠᠬᠤ ᠶᠢ ᠪᠡᠶᠡᠯᠡᠭᠦᠯᠵᠦ᠂ ᠥᠨᠳᠥᠷ ᠲᠦᠪᠰᠢᠨ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠤᠯᠤᠰ ᠲᠦᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠡᠯ᠎ᠡ ᠵᠦᠢᠯ ᠤᠨ ᠪᠠᠶᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠲᠠᠯ᠎ᠠ ᠪᠠᠷ ᠴᠢᠩᠭ᠎ᠠ᠂ ᠬᠡᠪ ᠴᠢᠨᠠᠷ ᠥᠨᠳᠥᠷ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠶᠢᠨ ᠨᠢᠭᠡᠨ ᠰᠠᠯᠠᠭ᠎ᠠ ᠪᠠᠶᠢᠭᠤᠯᠭ᠎ᠠ ᠶᠢᠨ ᠺᠠᠳ᠋ᠷ ᠤᠨ ᠡᠩᠨᠡᠭᠡ ᠶᠢ ᠪᠠᠶᠢᠭᠤᠯᠵᠤ᠂ ᠨᠠᠮ ᠢ ᠰᠠᠨᠠᠭ᠎ᠠ ᠠᠮᠤᠷ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
      ᠬᠤᠷᠠᠯ ᠠᠴᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠬᠰᠠᠨ ᠡᠯ᠎ᠡ ᠨᠢᠭᠡᠴᠢ ᠪᠣᠯᠣᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠦᠢᠯᠡᠰ ᠤᠨ ᠲᠠᠰᠤᠷᠠᠯᠲᠠ ᠦᠭᠡᠢ ᠬᠥᠭᠵᠢᠬᠦ ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠤᠷᠢᠶᠠᠯᠠᠪᠠ᠃
      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠭᠢᠯᠭᠠᠨ ᠮᠡᠳᠡᠭᠡ︶

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ