|
ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ | ᠪᠠᠶᠢᠴᠠᠭᠠᠭᠰᠠᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ |
|
|
ᠨᠡᠶᠢᠲᠡᠯᠡᠭᠰᠡᠨ ᠴᠠᠭ᠄
2025/3/17
|
|
ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠮᠡᠳᠡᠭᠦᠯᠦᠯᠲᠡ ︵2025 ᠣᠨ ᠤ 3 ᠰᠠᠷ᠎ᠠ ᠶᠢᠨ 10 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠭᠤᠷᠪᠠᠳᠤᠭᠠᠷ ᠬᠤᠷᠠᠯ ᠠᠴᠠ ᠪᠠᠲᠤᠯᠠᠪᠠ︶
ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠬᠤᠭᠤᠴᠠᠭᠠᠨ ᠳᠤ᠂ ᠤᠯᠤᠰ ᠲᠦᠷᠦ ᠶᠢᠨ ᠵᠥᠪᠯᠡᠯᠭᠡᠨ ᠤ ᠥᠷᠭᠡᠨ ᠤᠯᠠᠨ ᠭᠡᠰᠢᠭᠦᠨ᠂ ᠤᠯᠤᠰ ᠲᠥᠷᠥ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠢ ᠪᠠ ᠤᠯᠤᠰ ᠲᠥᠷᠥ ᠶᠢᠨ ᠵᠥᠪᠯᠡᠯᠭᠡᠨ ᠤ ᠡᠯ᠎ᠡ ᠲᠤᠰᠬᠠᠢ ᠵᠥᠪᠯᠡᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢ ᠢᠳᠡᠪᠬᠢᠲᠡᠢ ᠳᠡᠪᠰᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ ᠢᠶᠠᠨ ᠡᠷᠭᠦᠪᠡ᠃ 3 ᠰᠠᠷ᠎ᠠ ᠶᠢᠨ 5 ᠤ ᠡᠳᠦᠷ ᠤᠨ 20 ᠴᠠᠭ ᠪᠤᠯᠲᠠᠯ᠎ᠠ ᠨᠡᠶᠢᠲᠡ 5890 ᠬᠤᠪᠢ ᠰᠠᠨᠠᠯ ᠳᠤᠷᠠᠳᠤᠯᠭ᠎ᠠ ᠶᠢ ᠭᠥᠯᠢᠶᠡᠨ ᠠᠪᠴᠠᠢ᠃ ︽ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠪᠦᠭᠦ ᠤᠯᠤᠰ ᠤᠨ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠠᠵᠢᠯ ᠤᠨ ᠳᠦᠷᠢᠮ︾ ᠪᠠ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠠᠵᠢᠯ ᠤᠨ ᠨᠠᠷᠢᠨ ᠳᠦᠷᠢᠮ ᠢ ᠦᠨᠳᠦᠰᠦᠯᠡᠨ᠂ ᠬᠢᠨᠠᠨ ᠪᠠᠶᠢᠴᠠᠭᠠᠭᠠᠳ 5002 ᠬᠤᠪᠢ ᠰᠠᠨᠠᠯ ᠳᠤᠷᠠᠳᠤᠯᠭ᠎ᠠ ᠶᠢ ᠲᠠᠩᠰᠠᠯᠠᠵᠤ᠂ 262 ᠬᠤᠪᠢ ᠰᠠᠨᠠᠯ ᠳᠤᠷᠠᠳᠤᠯᠭ᠎ᠠ ᠶᠢ ᠨᠡᠶᠢᠯᠡᠭᠦᠯᠵᠦ᠂ 626 ᠬᠤᠪᠢ ᠶᠢ ᠨᠢ ᠰᠠᠨᠠᠯ ᠪᠠ ᠰᠠᠨᠠᠭᠤᠯᠭ᠎ᠠ ᠪᠣᠯᠭᠠᠨ ᠬᠤᠪᠢᠷᠠᠭᠤᠯᠪᠠ᠃ ᠳᠠᠩᠰᠠᠯᠠᠭᠰᠠᠨ ᠰᠠᠨᠠᠯ ᠳᠤᠷᠠᠳᠤᠯᠭ᠎ᠠ ᠳᠤ᠂ ᠭᠡᠰᠢᠭᠦᠳ ᠤᠨ ᠰᠠᠨᠠᠯ ᠳᠤᠷᠠᠳᠤᠯᠭ᠎ᠠ 4531 ᠬᠤᠪᠢ ᠪᠠᠶᠢᠵᠤ᠂ 90.6% ᠶᠢ ᠡᠵᠡᠯᠡᠪᠡ︔ ᠬᠠᠮᠲᠤ ᠶᠢᠨ ᠰᠠᠨᠠᠯ ᠳᠤᠷᠠᠳᠤᠯᠭ᠎ᠠ 471 ᠬᠤᠪᠢ ᠪᠠᠶᠢᠵᠤ᠂ 9.4% ᠶᠢ ᠡᠵᠡᠯᠡᠪᠡ᠃ ᠡᠭᠦᠨ ᠤ ᠳᠣᠲᠣᠷ᠎ᠠ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 2133 ᠬᠤᠪᠢ ᠪᠠᠶᠢᠵᠤ᠂ 42.6% ᠶᠢ ᠡᠵᠡᠯᠡᠪᠡ︔ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 419 ᠬᠤᠪᠢ ᠪᠠᠶᠢᠵᠤ᠂ 8.4% ᠶᠢ ᠡᠵᠡᠯᠡᠪᠡ︔ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 459 ᠬᠤᠪᠢ ᠪᠠᠶᠢᠵᠤ᠂ 9.2% ᠢ ᠡᠵᠡᠯᠡᠪᠡ︔ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 1387 ᠬᠤᠪᠢ ᠪᠠᠶᠢᠵᠤ᠂ 27.7% ᠶᠢ ᠡᠵᠡᠯᠡᠪᠡ︔ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠬᠢ ᠰᠠᠨᠠᠯ ᠳᠤᠷᠠᠳᠤᠯᠭ᠎ᠠ 604 ᠬᠤᠪᠢ ᠪᠠᠶᠢᠵᠤ᠂ 12.1% ᠶᠢ ᠡᠵᠡᠯᠡᠪᠡ᠃ ᠲᠤᠰ ᠤᠳᠠᠭ᠎ᠠ ᠶᠢᠨ ᠬᠤᠷᠠᠯ ᠤᠨ ᠰᠠᠨᠠᠯ ᠳᠤᠷᠠᠳᠤᠯᠭ᠎ᠠ ᠨᠢ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠪᠠ᠃ ᠭᠡᠰᠢᠭᠦᠳ ᠳᠡᠭᠡᠳᠦ ᠬᠡᠮᠵᠢᠶ᠎ᠡ ᠪᠠᠷ ᠬᠠᠷᠢᠭᠤᠴᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠ ᠲᠥᠪ ᠴᠢᠩᠭ᠎ᠠ ᠨᠠᠷᠢᠨ ᠬᠢᠨᠠᠮᠠᠭᠠᠢ ᠰᠢᠨᠵᠢᠯᠡᠬᠦ ᠤᠬᠠᠭᠠᠨᠴᠢ ᠣᠪᠣᠷ ᠢᠶᠠᠷ ᠭᠤᠣᠯ ᠠᠵᠢᠯ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠳᠤ᠂ ᠪᠣᠳᠠᠲᠠᠢ ᠶᠢ ᠡᠷᠬᠢᠮᠯᠡᠭᠰᠡᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃ ᠬᠤᠶᠠᠷ ᠲᠤ᠂ ᠶᠠᠰᠤ ᠴᠢᠨᠠᠷ ᠤᠯᠠᠮ ᠨᠢᠭᠡ ᠠᠯᠬᠤᠮ ᠳᠡᠭᠡᠭᠰᠢᠯᠡᠪᠡ᠃ ᠭᠡᠰᠢᠭᠦᠳ ᠰᠠᠨᠠᠯ ᠳᠤᠷᠠᠳᠤᠯᠭ᠎ᠠ ᠨᠢ ᠠᠷᠪᠢᠨ ᠪᠢᠰᠢ ᠪᠤᠯᠪᠠᠴᠤ ᠨᠠᠷᠢᠯᠢᠭ ᠪᠠᠶᠢᠬᠤ ᠵᠠᠷᠴᠢᠮ ᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ ᠲᠣᠪᠤᠶᠢᠯᠭᠠᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠰᠠᠨᠠᠯ ᠳᠤᠷᠠᠳᠤᠯᠭ᠎ᠠ ᠰᠠᠨᠠᠭᠤᠯᠭ᠎ᠠ ᠨᠢ ᠨᠡᠩ ᠢᠯᠡᠭᠦᠦ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃ ᠭᠤᠷᠪᠠ ᠳᠤ᠂ ᠡᠲᠡᠭᠡᠳ ᠢᠯᠭᠠᠯ ᠤᠨ ᠥᠪᠡᠷᠮᠢᠴᠡ ᠣᠨᠴᠠᠯᠢᠭ ᠢ ᠤᠯᠠᠮ ᠨᠢᠭᠡ ᠠᠯᠬᠤᠮ ᠢᠯᠡᠷᠡᠭᠦᠯᠪᠡ᠃ ᠤᠯᠤᠰ ᠲᠦᠷᠦ ᠶᠢᠨ ᠵᠥᠪᠯᠡᠯᠭᠡᠨ ᠤ ᠡᠯ᠎ᠡ ᠣᠷᠣᠯᠴᠠᠭᠴᠢ ᠨᠢᠭᠡᠴᠢ᠂ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠯ ᠪᠠ ᠡᠲᠡᠭᠡᠳ ᠢᠯᠭᠠᠯ᠂ ᠭᠡᠰᠢᠭᠦᠳ ᠤᠨ ᠳᠤᠭᠤᠶᠢᠯᠠᠩ ᠨᠢ ᠡᠲᠡᠭᠡᠳ ᠢᠯᠭᠠᠯ ᠤᠨ ᠥᠪᠡᠷᠮᠢᠴᠡ ᠣᠨᠴᠠᠯᠢᠭ ᠤᠨ ᠳᠠᠪᠠᠭᠤᠯᠢᠭ ᠢ ᠪᠠᠳᠠᠷᠠᠭᠤᠯᠬᠤ ᠶᠢ ᠴᠢᠬᠤᠯᠠᠴᠢᠯᠠᠵᠤ᠂ ᠥᠷᠭᠡᠨ ᠭᠦᠨᠵᠡᠭᠡᠢ ᠵᠥᠪᠳᠡᠯᠴᠡᠭᠰᠡᠨ ᠰᠠᠭᠤᠷᠢᠨ ᠳᠡᠭᠡᠷ᠎ᠡ ᠬᠠᠮᠲᠤ ᠶᠢᠨ ᠰᠠᠨᠠᠯ ᠳᠤᠷᠠᠳᠤᠯᠭ᠎ᠠ ᠶᠢ ᠳᠤᠷᠠᠳᠤᠨ ᠭᠠᠷᠭᠠᠪᠠ᠃ ᠳᠥᠷᠪᠡ ᠳᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠪᠠ᠃ ᠭᠡᠰᠢᠭᠦᠳ ᠰᠠᠨᠠᠯ ᠳᠤᠷᠠᠳᠤᠯᠭ᠎ᠠ ᠪᠠᠷ ᠳᠠᠮᠵᠢᠭᠤᠯᠤᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠪᠯᠡᠬᠦ ᠠᠷᠠᠳᠴᠢᠯᠠᠯ ᠢ ᠪᠦᠭᠦ ᠲᠠᠯ᠎ᠠ ᠪᠠᠷ ᠬᠥᠭᠵᠢᠭᠦᠯᠬᠦ ᠴᠢᠬᠤᠯᠠ ᠱᠠᠭᠠᠷᠳᠠᠯᠭ᠎ᠠ ᠶᠢ ᠦᠢᠯᠡᠳᠦᠯᠭᠡᠵᠢᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠢᠭᠤᠴᠠᠯᠭ᠎ᠠ ᠡᠭᠦᠷᠭᠡᠯᠡᠯ ᠢᠶᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠢᠶᠠᠨ ᠨᠢᠭᠲᠠᠷᠠᠭᠤᠯᠪᠠ᠃ ᠶᠡᠭᠡ ᠬᠤᠷᠠᠯ ᠲᠡᠭᠦᠰᠦᠭᠰᠡᠨ ᠤ ᠲᠠᠷᠠᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠵᠤ ᠰᠢᠢᠳᠪᠦᠷᠢᠯᠡᠬᠦ ᠨᠢᠭᠡᠴᠢ ᠳᠤ ᠲᠤᠰᠢᠶᠠᠨ ᠥᠭᠴᠦ ᠰᠢᠢᠳᠪᠦᠷᠢᠯᠡᠭᠦᠯᠬᠦ ᠪᠣᠯᠣᠨ᠎ᠠ᠃ ᠲᠤᠰ ᠤᠳᠠᠭᠠᠨ ᠤ ᠶᠡᠭᠡ ᠬᠤᠷᠠᠯ ᠤᠨ ᠰᠠᠨᠠᠯ ᠳᠤᠷᠠᠳᠤᠯᠭ᠎ᠠ ᠳᠤᠷᠠᠳᠬᠤ ᠬᠤᠭᠤᠴᠠᠭ᠎ᠠ ᠳᠠᠭᠤᠰᠤᠭᠰᠠᠨ ᠤ ᠲᠠᠷᠠᠭ᠎ᠠ ᠬᠤᠷᠢᠶᠠᠵᠤ ᠣᠯᠣᠭᠰᠠᠨ ᠰᠠᠨᠠᠯ ᠳᠤᠷᠠᠳᠤᠯᠭ᠎ᠠ ᠶᠢ ᠡᠩ ᠤᠨ ᠦᠶ᠎ᠡ ᠶᠢᠨ ᠰᠠᠨᠠᠯ ᠳᠤᠷᠠᠳᠤᠯᠭ᠎ᠠ ᠪᠠᠷ ᠴᠠᠭ ᠲᠤᠬᠠᠢ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠨ᠎ᠡ᠃ ᠳᠡᠭᠡᠷᠡᠬᠢ ᠮᠡᠳᠡᠭᠦᠯᠦᠯᠲᠡ ᠶᠢ ᠬᠢᠨᠠᠨ ᠵᠥᠪᠯᠡᠬᠦ ᠪᠣᠯᠪᠠᠤ᠃ ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 10 ᠤ ᠴᠠᠭᠢᠯᠭᠠᠨ ᠮᠡᠳᠡᠭᠡ︶ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|