ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ
ᠨᠡᠶᠢᠲᠡᠯᠡᠭᠰᠡᠨ ᠴᠠᠭ᠄
2025/3/17

ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ ᠰᠢᠢᠳᠪᠦᠷᠢ

      ︵2025 ᠣᠨ ᠤ 3 ᠰᠠᠷ᠎ᠠ ᠶᠢᠨ 11 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠪᠠᠲᠤᠯᠠᠪᠠ ︶

 

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠪᠡ ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠢᠯᠡᠳᠬᠡᠯ ᠳᠤ ᠳᠤᠷᠠᠳᠤᠭᠰᠠᠨ 2025 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠂ ᠲᠦᠷᠦ ᠶᠢᠨ ᠪᠣᠳᠣᠯᠭ᠎ᠠ ᠶᠢᠨ ᠬᠠᠨᠳᠤᠰᠢ ᠪᠣᠯᠣᠨ ᠠᠵᠢᠯ ᠤᠨ ᠡᠭᠦᠷᠭᠡ ᠶᠢ ᠵᠥᠪᠰᠢᠶᠡᠷᠡᠵᠦ ᠂ ᠡᠨᠡ ᠬᠦ ᠢᠯᠡᠳᠬᠡᠯ ᠢ ᠵᠥᠪᠰᠢᠶᠡᠷᠡᠬᠦ ᠪᠠᠷ ᠲᠣᠭᠲᠠᠪᠠ ᠃

      ᠬᠤᠷᠠᠯ ᠠᠴᠠ ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠵᠤ ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠨᠠᠩ ᠢᠳᠡᠪᠬᠢᠲᠡᠢ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠣᠷᠣᠨ ᠰᠠᠭᠤᠴᠠ ᠶᠢᠨ ᠠᠰᠠᠷ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠭᠠᠳᠤ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ ᠂ ᠵᠢᠱᠢᠯᠲᠡ ᠶᠢ ᠲᠣᠭᠲᠠᠪᠤᠷᠢᠵᠢᠭᠤᠯᠵᠤ ᠂ ᠠᠮᠢᠵᠢᠷᠠᠯ ᠤᠨ ᠬᠦᠴᠦᠨ ᠢ ᠬᠥᠭᠵᠢᠭᠡᠵᠦ ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠤ ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ ︽ᠠᠷᠪᠠᠨ ᠲᠠᠪᠤᠳᠤᠭᠠᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ︕ ᠭᠡᠵᠦ ᠤᠷᠢᠶᠠᠯᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ