ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ
ᠨᠡᠶᠢᠲᠡᠯᠡᠭᠰᠡᠨ ᠴᠠᠭ᠄
2025/3/17

ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠬᠤᠷᠢᠶᠠᠨ ᠳᠠᠷᠤᠭ᠎ᠠ ᠵᠤᠤ ᠯᠧ ᠵᠢᠢ ᠶᠢᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ ᠃ ᠬᠤᠷᠠᠯ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠮᠡᠳᠡᠭᠦᠯᠦᠯᠲᠡ ᠳᠤ ᠳᠤᠷᠠᠳᠤᠭᠰᠠᠨ ᠬᠤᠶᠢᠰᠢᠳᠠ ᠶᠢᠨ ᠨᠢᠭᠡ ᠵᠢᠯ ᠤᠨ ᠡᠭᠦᠷᠭᠡ ᠶᠢ ᠵᠥᠪᠰᠢᠶᠡᠷᠡᠵᠦ ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠃

      ᠬᠤᠷᠠᠯ ᠠᠴᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠢᠯᠡᠷᠬᠡᠢ ᠳᠠᠪᠠᠭᠤᠯᠢᠭ ᠢ ᠨᠡᠩ ᠭᠦᠢᠴᠡᠳ ᠪᠠᠳᠠᠷᠠᠭᠤᠯᠵᠤ ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠪᠠ ᠬᠢᠨᠠᠯᠲᠠ ᠶᠢ ᠴᠢᠩᠭᠠᠳᠬᠠᠵᠤ ᠂ ᠴᠢᠨᠠᠷ ᠰᠠᠶᠢᠲᠠᠢ ᠬᠠᠤᠯᠢ ᠲᠣᠭᠲᠠᠭᠠᠯᠲᠠ ᠪᠠᠷ ᠥᠭᠡᠷᠡᠴᠢᠯᠡᠯᠲᠡ ᠬᠥᠭᠵᠢᠯᠲᠡ ᠶᠢ ᠪᠠᠲᠤᠯᠠᠬᠤ ᠪᠠ ᠦᠢᠯᠡᠴᠢᠯᠡᠵᠦ ᠂ ᠬᠢᠨᠠᠯᠲᠠ ᠲᠠᠯᠪᠢᠬᠤ ᠠᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠵᠤ ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠳᠡᠮᠵᠢᠨ ᠪᠠᠲᠤᠯᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠵᠤ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠪᠦᠭᠦ ᠲᠠᠯ᠎ᠠ ᠪᠠᠷ ᠴᠢᠩᠭᠠᠳᠬᠠᠨ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠪᠠ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠱᠠᠭᠠᠷᠳᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ