ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ
ᠨᠡᠶᠢᠲᠡᠯᠡᠭᠰᠡᠨ ᠴᠠᠭ᠄
2025/3/17

ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ

      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠢᠩ ᠶᠦᠩ ᠤᠨ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠶᠠᠷᠢᠯᠴᠠᠪᠠ ᠃ ᠬᠤᠷᠠᠯ ᠠᠴᠠ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠮᠡᠳᠡᠭᠦᠯᠦᠯᠲᠡ ᠳᠤ ᠳᠤᠷᠠᠳᠤᠭᠰᠠᠨ 2025 ᠣᠨ ᠤ ᠠᠵᠢᠯ ᠤᠨ ᠲᠣᠬᠢᠷᠠᠭᠤᠯᠤᠯᠲᠠ ᠶᠢ ᠵᠥᠪᠰᠢᠶᠡᠷᠡᠵᠦ ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠃

      ᠬᠤᠷᠠᠯ ᠠᠴᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠪᠠᠶᠢᠴᠠᠭᠠᠬᠤ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠵᠤ ᠂ ᠬᠡᠷᠡᠭ ᠨᠢᠭᠡ ᠪᠦᠷᠢ ᠶᠢ ᠥᠨᠳᠥᠷ ᠪᠦᠲᠦᠮᠵᠢᠲᠡᠶ ᠴᠢᠨᠠᠷᠯᠢᠭ ᠰᠠᠶᠢᠲᠤᠷ ᠰᠢᠢᠳᠪᠦᠷᠢᠯᠡᠵᠦ ᠂ ᠬᠠᠤᠯᠢ ᠪᠠᠷᠢᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ ᠶᠢᠨ ᠪᠠᠶᠢᠴᠠᠭᠠᠬᠤ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠵᠦ ᠂ ᠡᠷᠡᠭᠦᠦ ᠶᠢᠨ ᠬᠡᠷᠡᠭ ᠂ ᠢᠷᠭᠡᠨ ᠤ ᠬᠡᠷᠡᠭ ᠂ ᠵᠠᠰᠠᠭ ᠵᠠᠬᠢᠷᠭᠠᠨ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠠᠵᠢᠯ ᠢ ᠪᠦᠭᠦ ᠲᠠᠯ᠎ᠠ ᠪᠠᠷ ᠵᠣᠬᠢᠴᠠᠩᠭᠤᠢ ᠪᠥᠭᠡᠳ ᠭᠦᠢᠴᠡᠳ ᠬᠥᠭᠵᠢᠭᠦᠯᠬᠦ ᠶᠢ ᠠᠬᠢᠭᠤᠯᠵᠤ ᠂ ᠶᠡᠭᠡ ᠲᠠᠯ᠎ᠠ ᠳᠤ ᠦᠢᠯᠡᠴᠢᠯᠡᠵᠦ ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠴᠢᠷᠮᠠᠶᠢᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠲᠡᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ ᠃

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ