|
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ |
|
|
ᠨᠡᠶᠢᠲᠡᠯᠡᠭᠰᠡᠨ ᠴᠠᠭ᠄
2025/3/17
|
|
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ ᠵᠠᠩ ᠵᠢᠶᠦ᠋ᠨ ᠤ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠪᠡ ᠃ ᠬᠤᠷᠠᠯ ᠠᠴᠠ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠥᠩᠭᠡᠷᠡᠭᠰᠡᠨ ᠨᠢᠭᠡ ᠵᠢᠯ ᠤᠨ ᠠᠵᠢᠯ ᠢ ᠭᠦᠢᠴᠡᠳ ᠨᠤᠲᠠᠯᠠᠵᠤ ᠂ ᠮᠡᠳᠡᠭᠦᠯᠦᠯᠲᠡ ᠳᠤ ᠳᠤᠷᠠᠳᠤᠭᠰᠠᠨ 2025 ᠣᠨ ᠤ ᠠᠵᠢᠯ ᠤᠨ ᠲᠣᠬᠢᠷᠠᠭᠤᠯᠤᠯᠲᠠ ᠶᠢ ᠵᠥᠪᠰᠢᠶᠡᠷᠡᠵᠦ ᠂ ᠡᠨᠡ ᠬᠦ ᠮᠡᠳᠡᠭᠦᠯᠦᠯᠲᠡ ᠶᠢ ᠵᠥᠪᠰᠢᠶᠡᠷᠡᠬᠦ ᠪᠠᠷ ᠲᠣᠭᠲᠠᠪᠠ ᠃ ᠬᠤᠷᠠᠯ ᠠᠴᠠ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ ᠂ ︽ᠳᠥᠷᠪᠡᠨ ᠢᠲᠡᠭᠡᠯ ︾ ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ ︾ ᠶᠢ ᠪᠡᠶᠡᠯᠡᠭᠦᠯᠵᠦ ᠂ ᠠᠷᠠᠳ ᠤᠨ ᠰᠢᠭᠦᠬᠦ ᠬᠤᠷᠢᠶ᠎ᠠ ᠶᠢᠨ ᠠᠵᠢᠯ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠦᠢᠯᠡᠳᠦᠯᠭᠡᠵᠢᠭᠦᠯᠵᠦ ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠰᠢᠨ᠎ᠡ ᠴᠠᠭ ᠦᠶ᠎ᠡ ᠶᠢᠨ ᠰᠢᠭᠦᠨ ᠲᠠᠰᠤᠯᠬᠤ ᠠᠵᠢᠯ ᠢ ᠴᠢᠩᠭᠠᠳᠬᠠᠵᠤ ᠂ ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠵᠤ ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠰᠢᠨ᠎ᠡ ᠴᠠᠭ ᠦᠶ᠎ᠡ ᠶᠢᠨ ᠰᠢᠭᠦᠬᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠤᠯᠪᠠᠰᠤᠷᠠᠭᠤᠯᠵᠤ ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠢᠳᠬᠡᠬᠦ ᠂ ᠠᠷᠠᠳ ᠲᠦᠮᠡᠨ ᠢ ᠬᠠᠮᠠᠭᠠᠯᠠᠬᠤ ᠂ ᠵᠥᠪ ᠪᠤᠷᠤᠭᠤ ᠶᠢ ᠢᠯᠭᠠᠨ ᠲᠣᠭᠲᠠᠭᠠᠵᠤ ᠵᠠᠭᠤᠷᠠᠯᠳᠤᠭᠠᠨ ᠢ ᠵᠣᠭᠰᠤᠭᠠᠬᠤ ᠂ ᠲᠥᠪ ᠭᠤᠣᠯᠴᠢ ᠶᠢ ᠬᠠᠮᠠᠭᠠᠯᠠᠬᠤ ᠴᠢᠬᠤᠯᠠ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ ᠂ ᠶᠡᠭᠡ ᠲᠠᠯ᠎ᠠ ᠳᠤ ᠦᠢᠯᠡᠴᠢᠯᠡᠨ ᠂ ᠠᠷᠠᠳ ᠲᠦᠮᠡᠨ ᠤ ᠲᠥᠯᠥᠭᠡ ᠬᠠᠤᠯᠢ ᠪᠠᠷᠢᠵᠤ ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠳᠤᠮᠳᠠᠳᠤ ᠤᠯᠤᠰ ᠂ ᠬᠠᠤᠯᠢ ᠪᠠᠷ ᠵᠠᠰᠠᠬᠤ ᠳᠤᠮᠳᠠᠳᠤ ᠤᠯᠤᠰ ᠢ ᠴᠢᠷᠮᠠᠶᠢᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠦ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ ᠃ |
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|