︽ᠤᠯᠠᠭᠠᠨᠬᠠᠳᠠ ᠶᠢᠨ ᠤᠭᠢ ᠰᠢᠮ᠎ᠡ︾ ᠲᠦᠷᠦᠯ ᠲᠡᠮᠳᠡᠭ ᠬᠡᠷᠬᠢᠨ ᠬᠦᠴᠦᠷᠬᠡᠭᠵᠢᠭᠰᠡᠨ ᠪᠤᠶ
ᠨᠡᠶᠢᠲᠡᠯᠡᠭᠰᠡᠨ ᠴᠠᠭ᠄
2025/3/18

    2022 ᠣᠨ ᠤ 5 ᠰᠠᠷ᠎ᠠ ᠳᠤ᠂ ᠤᠯᠠᠭᠠᠨᠬᠠᠳᠠ ᠬᠤᠲᠠ ᠶᠢᠨ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠨᠢ ︽ᠤᠯᠠᠭᠠᠨᠬᠠᠳᠠ ᠶᠢᠨ ᠤᠭᠢ ᠰᠢᠮ᠎ᠡ︾ ᠭᠡᠬᠦ ᠬᠠᠮᠲᠤ ᠶᠢᠨ ᠨᠡᠷ᠎ᠡ ᠲᠠᠢ ᠪᠣᠯᠪᠠ᠃

    ︽ᠤᠯᠠᠭᠠᠨᠬᠠᠳᠠ ᠶᠢᠨ ᠤᠭᠢ ᠰᠢᠮ᠎ᠡ︾ ᠪᠤᠢ ᠪᠣᠯᠤᠭᠰᠠᠨ ᠲᠡᠷᠡ ᠡᠳᠦᠷ ᠠᠴᠠ ᠡᠬᠢᠯᠡᠨ ᠲᠡᠭᠦᠨ ᠳᠤ ᠮᠠᠰᠢ ᠤᠯᠠᠨ ᠡᠬᠢ ᠪᠠᠶᠠᠯᠢᠭ ᠤᠨ ᠦᠨ᠎ᠡ ᠦᠷᠳᠡᠭ ᠪᠠ ᠰᠣᠶᠣᠯ ᠤᠨ ᠦᠨ᠎ᠡ ᠦᠷᠳᠡᠭ ᠣᠯᠭᠤᠵᠠᠢ᠃ ᠲᠦᠷᠦᠯ ᠲᠡᠮᠳᠡᠭ ᠤᠨ ᠥᠨᠳᠥᠷᠴᠡ᠂ ᠶᠠᠰᠤ ᠴᠢᠨᠠᠷ ᠤᠨ ᠱᠠᠭᠠᠷᠳᠠᠯᠭ᠎ᠠ ᠶᠢᠨ ᠥᠨᠳᠥᠷ ᠲᠦᠪᠰᠢᠨ ᠲᠣᠭᠲᠠᠭᠤᠨ ᠢᠶᠠᠷ ᠠᠭᠢᠬᠤ ᠶᠢ ᠳᠠᠭᠠᠯᠳᠤᠨ ︽ᠤᠯᠠᠭᠠᠨᠬᠠᠳᠠ ᠶᠢᠨ ᠰᠠᠶᠢᠨ ᠡᠳ᠋ ᠪᠣᠳᠠᠰ︾ ᠲᠠᠰᠤᠷᠠᠯᠲᠠ ᠦᠭᠡᠢ ᠨᠡᠮᠡᠭᠳᠡᠵᠦ᠂ ︽ᠤᠯᠠᠭᠠᠨᠬᠠᠳᠠ ᠶᠢᠨ ᠤᠭᠢ ᠰᠢᠮ᠎ᠡ︾ ᠶᠢᠨ ᠲᠦᠷᠦᠯ ᠲᠡᠮᠳᠡᠭ ᠤᠨ ᠦᠨ᠎ᠡ ᠥᠷᠲᠡᠭ᠂ ᠨᠡᠷ᠎ᠡ ᠠᠯᠳᠠᠷᠰᠢᠯ᠂ ᠨᠥᠯᠥᠭᠡᠯᠡᠬᠦ ᠬᠦᠴᠦᠨ ᠨᠢ ᠦᠳᠲᠡᠷ ᠲᠦᠷᠭᠡᠨ ᠳᠡᠭᠡᠭᠰᠢᠯᠡᠪᠡ᠃

    ᠪᠠᠷᠢᠮᠵᠢᠶ᠎ᠠ ᠶᠢ ᠡᠭᠦᠳᠴᠦ ᠦᠢᠯᠡᠳᠬᠦᠨ ᠤ ᠥᠷᠢᠰᠦᠯᠳᠦᠬᠦ ᠬᠦᠴᠦᠨ ᠢ ᠨᠡᠮᠡᠭᠳᠡᠭᠦᠯᠪᠡ

    ᠥᠪᠥᠷ ᠮᠣᠩᠭᠤᠯ ᠤᠨ ᠮᠢᠩ ᠶᠠᠩ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠠᠯᠵᠢᠶᠠᠨ ᠤ ᠬᠢᠵᠠᠭᠠᠷᠲᠤ ᠺᠤᠮᠫᠠᠨᠢ ᠶᠢᠨ ᠳᠡᠯᠭᠡᠨ ᠪᠣᠷᠣᠯᠠᠭᠤᠯᠬᠤ ᠲᠢᠩᠬᠢᠮ ᠳᠤ ᠰᠠᠭᠠᠭ ᠢ ᠤᠯᠠᠨ ᠲᠦᠷᠦᠯ ᠤᠨ ᠢᠳᠡᠭᠡᠨ ᠪᠤᠯᠭᠠᠬᠰᠠᠨ ᠢᠶᠠᠷ ᠪᠠᠷᠠᠬᠤ ᠦᠭᠡᠢ ᠣᠯᠪᠣᠭ ᠳᠡᠪᠢᠰᠬᠡᠷ᠂ ᠭᠠᠷ ᠤᠷᠠᠯᠠᠯ ᠤᠨ ᠪᠦᠲᠦᠭᠡᠭᠳᠡᠬᠦᠨ ᠵᠡᠷᠭᠡ ᠡᠯ᠎ᠡ ᠵᠦᠢᠯ ᠤᠨ ᠲᠠᠸᠠᠷ ᠤᠨ ᠰᠠᠭᠤᠷᠢ ᠮᠠᠲ᠋ᠧᠷᠢᠶᠠᠯ ᠨᠢ ᠴᠦ ᠰᠠᠭᠠᠭ ᠠᠴᠠ ᠢᠷᠡᠯᠲᠡ ᠲᠠᠢ᠃

    ︽ᠮᠠᠨ ᠤ ᠦᠢᠯᠡᠳᠬᠦᠨ 11 ᠰᠢᠷᠢᠰ 247 ᠵᠦᠢᠯ ᠤᠨ ᠪᠣᠳᠠᠰ ᠲᠤ ᠬᠤᠯᠪᠣᠭᠳᠠᠵᠤ᠂ ᠦᠢᠯᠡᠳᠪᠦᠷᠢᠯᠡᠯ ᠠᠮᠢᠳᠤᠷᠠᠯ᠂ ᠦᠨᠳᠦᠰᠦᠲᠡᠨ ᠤ ᠰᠣᠶᠣᠯ᠂ ᠢᠳᠡᠭᠡᠨ ᠤᠮᠳᠠᠭᠠᠨ ᠤ ᠦᠢᠯᠡᠴᠢᠯᠡᠭᠡ ᠵᠡᠷᠭᠡ ᠣᠯᠠᠨ ᠬᠦᠷᠢᠶ᠎ᠡ ᠴᠠᠷᠠᠭ᠎ᠠ ᠶᠢ ᠬᠠᠮᠤᠷᠴᠠᠢ᠃ ᠰᠠᠭᠠᠭ ᠤᠨ ᠬᠠᠯᠢᠰᠤ ᠪᠠᠷ ᠵᠢᠱᠢᠶᠡᠯᠡᠪᠡᠯ᠂ ᠵᠠᠬ᠎ᠠ ᠳᠡᠯᠭᠡᠭᠦᠷ ᠤᠨ ᠦᠨ᠎ᠡ ᠨᠢ ᠵᠢᠩ ᠳᠡᠭᠡᠨ 4 ᠲᠥᠭᠦᠷᠢᠭ ᠭᠦᠷᠳᠡᠭ᠃ ᠭᠡᠪᠡᠴᠦ ᠳᠡᠷ᠎ᠡ ᠬᠢᠵᠦ ᠬᠤᠳᠠᠯᠳᠤᠪᠠᠯ ᠵᠠᠬ᠎ᠠ ᠳᠡᠯᠭᠡᠭᠦᠷ ᠤᠨ ᠳᠤᠮᠳᠠᠴᠢ ᠦᠨ᠎ᠡ ᠨᠢ 60 ᠲᠥᠭᠦᠷᠢᠭ ᠲᠤ ᠬᠦᠷᠴᠦ᠂ ᠪᠥᠰ ᠪᠠᠷᠠᠭ᠎ᠠ ᠶᠢᠨ ᠥᠪᠡᠷ ᠤᠨ ᠥᠷᠲᠡᠭ ᠢ ᠬᠠᠰᠤᠪᠠᠯ ᠤᠤᠯ ᠤᠨ ᠬᠢ ᠠᠴᠠ ᠪᠠᠨ ᠳᠠᠭᠢᠨ ᠢᠯᠡᠭᠦᠦ ᠣᠯᠣᠨ᠎ᠠ︾ ᠭᠡᠵᠦ ᠲᠤᠰ ᠺᠤᠮᠫᠠᠨᠢ ᠶᠢᠨ ᠶᠡᠷᠦᠩᠬᠡᠢ ᠳᠠᠭᠠᠭᠠᠮᠠᠯ ᠶᠠᠩ ᠶᠢᠩ ᠬᠡᠯᠡᠨ᠎ᠡ᠃

    ᠬᠡᠷᠡᠭᠯᠡᠭᠴᠢᠳ ᠶᠠᠭᠤᠨ ᠳᠤ ᠡᠳᠡᠭᠡᠷ ᠰᠠᠭᠠᠭ ᠤᠨ ᠪᠦᠲᠦᠭᠡᠭᠳᠡᠬᠦᠨ ᠢ ᠢᠲᠡᠭᠡᠳᠡᠭ ᠪᠤᠢ︖

    ᠬᠠᠷᠢᠭᠤᠯᠲᠠ ᠨᠢ ᠴᠢᠩᠭ᠎ᠠ ᠨᠢᠮᠪᠠᠢ ᠦᠢᠯᠡᠳᠪᠦᠷᠢᠯᠡᠬᠦ ᠶᠠᠪᠤᠴᠠ ᠳᠤ ᠨᠢᠭᠤᠭᠳᠠᠵᠤ ᠪᠠᠶᠢᠳᠠᠭ᠄ ᠰᠠᠭᠠᠭ ᠤᠨ ᠰᠢᠷᠢᠰ ᠦᠢᠯᠡᠳᠬᠦᠨ ᠢᠶᠠᠷ ᠭᠤᠣᠯ ᠪᠤᠯᠭᠠᠬᠰᠠᠨ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠬᠦ᠂ ᠬᠤᠳᠠᠯᠳᠤᠨ ᠠᠪᠬᠤ᠂ ᠡᠳ᠋ᠰᠢᠭᠦᠯᠬᠦ᠂ ᠪᠣᠭᠤᠳᠠᠯᠯᠠᠬᠤ᠂ ᠬᠠᠳᠠᠭᠠᠯᠠᠵᠤ ᠵᠥᠭᠡᠭᠡᠪᠦᠷᠢᠯᠡᠬᠦ᠂ ᠰᠣᠷᠭᠤᠭ ᠪᠠᠶᠢᠯᠭᠠᠬᠤ᠂ ᠭᠦᠢᠯᠭᠡᠭᠡᠬᠦ᠂ ᠪᠣᠷᠣᠯᠠᠭᠤᠯᠬᠤ ᠵᠡᠷᠭᠡ ᠡᠯ᠎ᠡ ᠭᠤᠭᠴᠤᠭ᠎ᠠ ᠨᠢ ᠦᠢᠯᠡᠳᠪᠦᠷᠢᠯᠡᠯ ᠤᠨ ᠲᠡᠮᠳᠡᠭᠯᠡᠯ ᠢ ᠬᠠᠳᠠᠭᠠᠯᠠᠵᠤ ᠪᠤᠯᠬᠤ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢ ᠮᠥᠷᠳᠡᠵᠦ ᠪᠤᠯᠬᠤ᠂ ᠬᠠᠳᠠᠭᠠᠯᠠᠵᠤ ᠵᠥᠭᠡᠭᠡᠪᠦᠷᠢᠯᠡᠬᠦ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ ᠪᠤᠯᠬᠤ ᠶᠢ ᠪᠡᠶᠡᠯᠡᠭᠦᠯᠪᠡ᠃

    ︽ᠤᠯᠠᠭᠠᠨᠬᠠᠳᠠ ᠶᠢᠨ ᠤᠭᠢ ᠰᠢᠮ᠎ᠡ︾ ᠨᠢ ᠣᠯᠠᠨ ᠰᠢᠯᠢᠳᠡᠭ ᠠᠵᠤ ᠠᠬᠤᠶᠢᠯᠠᠯ ᠢ ᠴᠤᠭᠯᠠᠭᠤᠯᠤᠨ ᠰᠢᠯᠢᠳᠡᠭ ᠢ ᠨᠢ ᠰᠢᠯᠭᠠᠷᠠᠭᠤᠯᠵᠤ ᠠᠳᠠᠯᠢᠳᠬᠠᠨ ᠰᠢᠯᠭᠠᠷᠠᠭᠤᠯᠵᠤ᠂ ᠪᠣᠯᠪᠠᠰᠤᠷᠠᠩᠭᠤᠢ ᠬᠠᠮᠢᠶᠠᠷᠤᠯᠲᠠ ᠶᠢᠨ ᠰᠢᠰᠲ᠋ᠧᠮ ᠪᠠ ᠦᠢᠯᠡᠳᠪᠦᠷᠢᠯᠡᠯ ᠤᠨ ᠴᠢᠳᠠᠪᠤᠷᠢ ᠲᠠᠢ ᠨᠢᠭᠡᠴᠢ ᠶᠢ ᠠᠵᠢᠯ ᠲᠥᠷᠥᠯ ᠤᠨ ᠬᠡᠪ ᠳᠠᠭᠤᠷᠢᠶᠠᠯ ᠪᠣᠯᠭᠠᠨ᠂ ᠪᠤᠰᠤᠳ ᠠᠵᠤ ᠠᠬᠤᠶᠢᠯᠠᠯ ᠢ ᠴᠢᠨᠠᠷ ᠰᠠᠶᠢᠲᠠᠢ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠲᠦᠷᠦᠯ ᠲᠡᠮᠳᠡᠭ ᠢ ᠳᠡᠯᠭᠡᠷᠡᠭᠦᠯᠬᠦ᠂ ᠬᠡᠷᠡᠭᠯᠡᠭᠴᠢᠳ ᠤᠨ ᠦᠢᠯᠡᠴᠢᠯᠡᠭᠡ ᠵᠡᠷᠭᠡ ᠲᠠᠯ᠎ᠠ ᠶᠢᠨ ᠲᠤᠷᠰᠢᠯᠭ᠎ᠠ ᠶᠢ ᠰᠤᠷᠤᠯᠴᠠᠭᠤᠯᠵᠤ᠂ ᠡᠭᠦᠨ ᠤ ᠤᠯᠠᠮ ᠢᠶᠠᠷ ︽ᠤᠯᠠᠭᠠᠨᠬᠠᠳᠠ ᠶᠢᠨ ᠤᠭᠢ ᠰᠢᠮ᠎ᠡ︾ ᠶᠢᠨ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ᠃

    ︽ᠲᠠᠷᠢᠶᠠᠯᠠᠩ ᠮᠠᠯ ᠠᠵᠤ ᠠᠬᠤᠢ ᠶᠢᠨ ᠳᠠᠪᠠᠭᠤᠯᠢᠭ ᠡᠬᠢ ᠪᠠᠶᠠᠯᠢᠭ ᠪᠠ ᠴᠢᠩᠭ᠎ᠠ ᠨᠢᠮᠪᠠᠢ ᠰᠣᠩᠭᠤᠭᠳᠠᠨ ᠣᠷᠣᠬᠤ ᠪᠠᠷᠢᠮᠵᠢᠶ᠎ᠠ ᠳᠤ ᠲᠦᠰᠢᠭᠯᠡᠨ ︿ᠤᠯᠠᠭᠠᠨᠬᠠᠳᠠ ᠶᠢᠨ ᠤᠭᠢ ᠰᠢᠮ᠎ᠡ﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠨᠢ ᠤᠯᠠᠭᠠᠨᠬᠠᠳᠠ ᠬᠤᠲᠠ ᠶᠢᠨ ᠪᠣᠬᠢᠷᠳᠤᠯ ᠦᠭᠡᠢ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠢ ᠪᠦᠲᠦᠮᠵᠢᠲᠡᠶ ᠳᠡᠭᠡᠭᠰᠢᠯᠡᠭᠦᠯᠪᠡ︾ ᠭᠡᠵᠦ ᠥᠪᠡᠷᠲᠡᠭᠡᠨ ᠵᠠᠰᠠᠬᠤ ᠣᠷᠣᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠦᠢᠯᠡᠴᠢᠯᠡᠭᠡᠨ ᠤ ᠲᠥᠪ ᠤᠨ ᠡᠷᠭᠢᠯᠡᠭᠴᠢ ᠦ᠋ ᠪᠢᠩ ᠴᠢᠤᠸᠠᠨ ᠬᠡᠯᠡᠪᠡ᠃

    ︽ᠤᠯᠠᠭᠠᠨᠬᠠᠳᠠ ᠶᠢᠨ ᠤᠭᠢ ᠰᠢᠮ᠎ᠡ︾ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠲᠠᠸᠠᠷ ᠤᠨ ᠲᠡᠮᠳᠡᠭ ᠤᠨ ᠬᠠᠮᠢᠶᠠᠷᠤᠯᠲᠠ ᠶᠢᠨ ᠠᠷᠭ᠎ᠠ ᠨᠢ ᠡᠷᠬᠡ ᠣᠯᠭᠤᠭᠰᠠᠨ ᠭᠤᠣᠯ ᠴᠣᠭᠴᠠ ᠳᠤ ᠴᠢᠩᠭ᠎ᠠ ᠱᠠᠭᠠᠷᠳᠠᠯᠭ᠎ᠠ ᠲᠠᠢ ᠪᠠᠶᠢᠵᠤ᠂ ︽ᠣᠯᠠᠨ ᠤᠯᠤᠰ ᠢᠶᠠᠷ ᠪᠠᠷᠢᠮᠵᠢᠶᠠᠯᠠᠵᠤ᠂ ᠤᠯᠤᠰ ᠤᠨ ᠳᠣᠲᠣᠭᠠᠳᠤ ᠳᠤ ᠲᠡᠷᠢᠭᠦᠯᠡᠬᠦ︾ ᠥᠨᠳᠥᠷ ᠪᠠᠷᠢᠮᠵᠢᠶ᠎ᠠ ᠪᠠᠷ ᠦᠨ᠎ᠡ ᠥᠷᠲᠡᠭ ᠨᠢ ᠢᠯᠡ ᠲᠣᠳᠣ᠂ ᠳᠦᠷᠢ ᠲᠥᠷᠬᠦ ᠨᠢ ᠨᠢᠭᠡᠳᠦᠯᠲᠡᠢ᠂ ᠶᠠᠰᠤ ᠴᠢᠨᠠᠷ ᠨᠢ ᠨᠠᠶᠢᠳᠠᠪᠤᠷᠢᠲᠠᠢ ︽ᠤᠯᠠᠭᠠᠨᠬᠠᠳᠠ ᠶᠢᠨ ᠤᠭᠢ ᠰᠢᠮ᠎ᠡ︾ ᠶᠢ ᠬᠦᠴᠦᠯᠡᠨ ᠪᠠᠶᠢᠭᠤᠯᠵᠤ᠂ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢ ᠶᠠᠰᠤ ᠴᠢᠨᠠᠷ ᠲᠥᠷᠥᠯ ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠪᠠ᠃

    ᠬᠠᠮᠵᠢᠯᠴᠠᠨ ᠰᠢᠯᠢᠳᠡᠭᠵᠢᠭᠦᠯᠵᠦ ᠲᠦᠷᠦᠯ ᠲᠡᠮᠳᠡᠭ ᠤᠨ ᠵᠥᠭᠡᠯᠡᠨ ᠪᠣᠳᠠᠲᠤ ᠬᠦᠴᠦᠨ ᠢ ᠪᠦᠷᠢᠯᠳᠦᠭᠦᠯᠪᠡ

    ᠬᠡᠷᠪᠡ ᠲᠠ ᠬᠠᠷᠠᠴᠢᠨ ᠬᠤᠰᠢᠭᠤᠨ ᠤ ᠲᠠᠷᠢᠶᠠᠨ ᠵᠠᠬ᠎ᠠ ᠪᠠᠷ ᠶᠠᠪᠤᠬᠤ ᠳᠤ ᠭᠦᠷᠪᠡᠯ ︽ᠪᠣᠭᠤᠮᠲᠠ ᠶᠢᠨ ᠭᠠᠳᠠᠨᠠᠬᠢ ᠡᠮ ᠤᠨ ᠨᠤᠲᠤᠭ︾ ᠭᠡᠳᠡᠭ ᠨᠡᠷ᠎ᠡ ᠨᠢᠳᠡᠷ ᠲᠡᠭᠡᠨ ᠨᠡᠶᠢᠴᠡᠭᠰᠡᠨ ᠭᠡᠳᠡᠭ ᠢ ᠮᠡᠳᠡᠷᠡᠵᠦ ᠪᠣᠯᠣᠨ᠎ᠠ᠃

    ᠣᠳᠣᠬᠠᠨ ᠳᠤ ᠡᠮ ᠤᠨ ᠮᠠᠲ᠋ᠧᠷᠢᠶᠠᠯ ᠬᠤᠷᠢᠶᠠᠬᠤ ᠤᠯᠠᠷᠢᠯ ᠳᠤ ᠣᠷᠣᠵᠤ᠂ ᠡᠮ ᠮᠠᠯᠲᠠᠬᠤ᠂ ᠬᠠᠳᠠᠭᠠᠬᠤ᠂ ᠤᠬᠢᠶᠠᠬᠤ᠂ ᠢᠯᠭᠠᠬᠤ᠂ ᠪᠣᠭᠤᠳᠠᠯᠯᠠᠬᠤ ᠁ ᠲᠠᠷᠢᠶᠠᠨ ᠵᠠᠬ᠎ᠠ ᠠᠴᠠ ᠲᠠᠷᠢᠶᠠᠴᠢᠨ ᠠᠶᠢᠯ ᠤᠨ ᠵᠢᠵᠢᠭ ᠬᠦᠷᠢᠶ᠎ᠡ ᠭᠦᠷᠳᠡᠯ᠎ᠠ᠂ ᠡᠮ ᠤᠨ ᠮᠠᠲ᠋ᠧᠷᠢᠶᠠᠯ ᠡᠳ᠋ᠰᠢᠭᠦᠯᠬᠦ ᠰᠠᠭᠤᠷᠢᠨ ᠠᠴᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠭᠦᠷᠲᠡᠯ᠎ᠡ ᠭᠠᠵᠠᠷ ᠪᠣᠯᠭᠠᠨ ᠳᠤ ᠶᠠᠭᠠᠷᠠᠯᠲᠠᠢ ᠪᠠᠶᠢᠳᠠᠯ ᠬᠠᠷᠠᠭᠳᠠᠨ᠎ᠠ᠃

    ᠬᠠᠷᠠᠴᠢᠨ ᠬᠤᠰᠢᠭᠤᠨ ᠤ ᠡᠮ ᠳᠤ ᠣᠷᠣᠬᠤ ᠤᠷᠭᠤᠮᠠᠯ ᠤᠨ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠬᠥᠮᠥᠨ ᠤ ᠬᠦᠴᠦ ᠪᠠᠷ ᠳᠠᠷᠢᠭᠰᠠᠨ ᠡᠮ ᠤᠨ ᠮᠠᠲ᠋ᠧᠷᠢᠶᠠᠯ ᠳᠤ ᠭᠤᠣᠯᠳᠠᠭᠤ ᠬᠤᠷᠳᠤᠨ ᠴᠠᠭᠠᠨ᠂ ᠰᠢᠷ᠎ᠠ ᠣᠷᠬᠤᠳᠠᠢ᠂ ᠬᠤᠨᠴᠢᠷ᠂ ᠰᠢᠷᠪᠦᠰᠦᠨ ᠦᠨᠳᠦᠰᠦ ᠵᠡᠷᠭᠡ 30 ᠭᠠᠷᠤᠢ ᠵᠦᠢᠯ ᠪᠠᠶᠢᠨ᠎ᠠ᠂ ᠡᠭᠦᠨ ᠳᠤ ᠬᠤᠷᠳᠤᠨ ᠴᠠᠭᠠᠨ᠂ ᠰᠢᠷ᠎ᠠ ᠣᠷᠬᠤᠳᠠᠢ ᠶᠢᠨ ᠶᠡᠷᠦᠩᠬᠡᠢ ᠭᠠᠷᠤᠯᠲᠠ ᠨᠢ ᠲᠣᠰ ᠲᠣᠰ ᠪᠦᠭᠦ ᠤᠯᠤᠰ ᠤᠨ 60%᠂ 80% ᠠᠴᠠ ᠳᠡᠭᠡᠭᠰᠢᠬᠢ ᠶᠢ ᠡᠵᠡᠯᠡᠵᠦ ᠪᠤᠢ᠃ ᠡᠳᠡᠭᠡᠷ ᠡᠮ ᠤᠨ ᠮᠠᠲ᠋ᠧᠷᠢᠶᠠᠯ ᠤᠨ ᠳᠣᠲᠣᠷ᠎ᠠ ᠮᠠᠰᠢ ᠤᠯᠠᠨ ︽ᠤᠯᠠᠭᠠᠨᠬᠠᠳᠠ ᠶᠢᠨ ᠤᠭᠢ ᠰᠢᠮ᠎ᠡ︾ ᠶᠢ ᠬᠡᠷᠡᠭᠯᠡᠬᠦ ᠡᠷᠬᠡ ᠣᠯᠭᠤᠵᠤ᠂ ᠡᠮ ᠤᠨ ᠦᠨᠦᠷ ᠨᠢ ᠲᠦᠮᠡᠨ ᠭᠠᠵᠠᠷ ᠬᠠᠩᠬᠤᠯᠤᠨ᠎ᠠ᠃

    ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠲᠡᠮᠳᠡᠭ ᠢ ᠪᠤᠶ ᠪᠤᠯᠭᠠᠬᠤ ᠪᠠᠷ ᠳᠠᠮᠵᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠪᠦᠷᠢᠳᠦᠭᠰᠡᠨ ᠪᠠᠶᠢᠭᠠᠯᠢ ᠶᠢᠨ ᠭᠠᠵᠠᠷ ᠵᠦᠢ᠂ ᠦᠢᠯᠡᠳᠪᠦᠷᠢᠯᠡᠯ ᠤᠨ ᠶᠠᠪᠤᠴᠠ᠂ ᠭᠠᠷ ᠤᠷᠠᠯᠠᠯ ᠤᠨ ᠮᠡᠷᠭᠡᠵᠢᠯ᠂ ᠪᠦᠲᠦᠭᠡᠭᠳᠡᠬᠦᠨ ᠤ ᠶᠠᠰᠤ ᠴᠢᠨᠠᠷ ᠵᠡᠷᠭᠡ ᠵᠦᠷᠢᠶᠡᠴᠢᠯᠡᠭᠰᠡᠨ ᠣᠨᠴᠠᠯᠢᠭ ᠢ ᠬᠡᠷᠡᠭᠯᠡᠭᠴᠢᠳ ᠲᠤ ᠤᠯᠠᠮᠵᠢᠯᠠᠨ ᠳᠠᠮᠵᠢᠭᠤᠯᠵᠤ᠂ ᠲᠦᠷᠦᠯ ᠲᠡᠮᠳᠡᠭ ᠢ ᠦᠢᠯᠡᠳᠪᠦᠷᠢᠯᠡᠭᠴᠢᠳ ᠬᠢᠭᠡᠳ ᠬᠡᠷᠡᠭᠯᠡᠭᠴᠢᠳ ᠤᠨ ᠬᠤᠭᠤᠷᠣᠨᠳᠣᠭᠢ ᠨᠡᠪᠲᠡᠷᠡᠯᠴᠡᠨ ᠰᠣᠯᠢᠯᠴᠠᠬᠤ ︽ᠬᠥᠭᠦᠷᠭᠡ︾ ᠪᠣᠯᠭᠠᠪᠠ᠃

    ᠡᠨᠡ ᠬᠦ ︽ᠬᠥᠭᠦᠷᠭᠡ︾ ᠶᠢᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠲᠥᠯᠥᠪᠯᠡᠬᠦ ᠴᠢᠬᠤᠯᠠᠲᠠᠢ᠃ ︽ᠤᠯᠠᠭᠠᠨᠬᠠᠳᠠ ᠶᠢᠨ ᠤᠭᠢ ᠰᠢᠮ᠎ᠡ︾ ᠨᠢ ︽ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ + ᠭᠠᠵᠠᠷ ᠵᠦᠢ ᠶᠢᠨ ᠲᠡᠮᠳᠡᠭᠲᠦ ᠭᠡᠷᠡᠴᠢᠯᠡᠯ ᠤᠨ ᠲᠠᠸᠠᠷ ᠤᠨ ᠲᠡᠮᠳᠡᠭ + ᠠᠵᠤ ᠠᠬᠤᠶᠢᠯᠠᠯ ᠤᠨ ᠦᠢᠯᠡᠳᠬᠦᠨ ᠤ ᠲᠦᠷᠦᠯ ᠲᠡᠮᠳᠡᠭ︾ ᠤᠨ ᠪᠠᠶᠢᠯᠳᠤᠬᠤ ᠪᠣᠳᠣᠯᠭ᠎ᠠ ᠪᠠᠷ ᠭᠤᠣᠯ ᠰᠢᠵᠢᠮ ᠪᠤᠯᠭᠠᠵᠤ᠂ ᠪᠠᠷᠢᠮᠵᠢᠶ᠎ᠠ ᠶᠢᠨ ᠰᠢᠰᠲ᠋ᠧᠮ᠂ ᠢᠲᠡᠭᠡᠮᠵᠢ ᠶᠢᠨ ᠰᠢᠰᠲ᠋ᠧᠮ᠂ ᠮᠥᠷᠳᠡᠯᠲᠡ ᠶᠢᠨ ᠰᠢᠰᠲ᠋ᠧᠮ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠰᠢᠰᠲ᠋ᠧᠮ᠂ ᠡᠵᠡᠩᠨᠡᠨ ᠪᠣᠷᠣᠯᠠᠭᠤᠯᠬᠤ ᠤᠬᠠᠭᠤᠯᠭ᠎ᠠ ᠶᠢᠨ ᠰᠢᠰᠲ᠋ᠧᠮ᠂ ᠮᠡᠳᠡᠭᠡ ᠵᠠᠩᠭᠢᠴᠢᠯᠠᠯᠲᠠ ᠶᠢᠨ ᠰᠢᠰᠲ᠋ᠧᠮ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠵᠡᠷᠭᠡ ︽ᠲᠤᠯᠤᠭᠠᠨ ᠶᠡᠭᠡ ᠰᠢᠰᠲ᠋ᠧᠮ︾ ᠢ ᠪᠤᠶ ᠪᠤᠯᠭᠠᠵᠤ᠂ ᠵᠦᠷᠢᠶᠡᠴᠢᠯᠡᠭᠰᠡᠨ᠂ ᠣᠨᠴᠠᠯᠢᠬᠵᠢᠬᠰᠠᠨ ᠪᠠ ᠴᠢᠨᠠᠷᠵᠢᠭᠰᠠᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ ᠭᠠᠷᠭᠠᠪᠠ᠃

    ︽ᠤᠯᠠᠭᠠᠨᠬᠠᠳᠠ ᠶᠢᠨ ᠤᠭᠢ ᠰᠢᠮ᠎ᠡ︾ ᠲᠦᠷᠦᠯ ᠲᠡᠮᠳᠡᠭ ᠤᠨ ᠳᠠᠪᠠᠭᠤᠯᠢᠭ ᠨᠢ ᠣᠨᠴᠠᠯᠢᠭᠲᠤ ᠠᠵᠤ ᠦᠢᠯᠡᠰ ᠢᠶᠠᠷ ᠡᠬᠢ ᠪᠠᠶᠠᠯᠢᠭ ᠪᠤᠯᠭᠠᠬᠰᠠᠨ ᠳᠤ ᠪᠠᠶᠢᠬᠤ ᠪᠠᠷ ᠪᠠᠷᠠᠬᠤ ᠦᠭᠡᠢ ᠨᠡᠩ ᠴᠤ ᠠᠯᠬᠤᠮ ᠠᠯᠬᠤᠮ ᠢᠶᠠᠷ ᠲᠡᠭᠦᠯᠳᠡᠷᠵᠢᠭᠰᠡᠨ ᠪᠦᠲᠦᠴᠡᠲᠦ ᠰᠢᠰᠲ᠋ᠧᠮ ᠢᠶᠠᠷ ᠲᠤᠯᠭᠠᠭᠤᠷᠢᠯᠠᠯ ᠪᠤᠯᠭᠠᠬᠰᠠᠨ ᠳᠤ ᠪᠤᠢ᠃ ᠤᠯᠠᠭᠠᠨᠬᠠᠳᠠ ᠬᠤᠲᠠ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠦᠢᠯᠡᠴᠢᠯᠡᠬᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠤᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠲᠥᠷᠥᠯ ᠲᠡᠮᠳᠡᠭ ᠤᠨ ᠡᠵᠡᠩᠨᠡᠯᠲᠡ ᠶᠢᠨ ᠰᠢᠰᠲ᠋ᠧᠮ ᠢ ᠪᠦᠷᠢᠯᠳᠦᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠬᠤ ᠪᠠ ᠲᠥᠷᠥᠯ ᠲᠡᠮᠳᠡᠭ ᠢ ᠪᠣᠶᠢᠵᠢᠭᠤᠯᠬᠤ ᠦᠵᠦ ᠲᠥᠯᠥᠪᠯᠡᠭᠡ ᠪᠠᠷ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ ᠳᠠᠭᠠᠭᠤᠯᠵᠤ᠂ ᠦᠢᠯᠡᠳᠪᠦᠷᠢᠯᠡᠬᠦ᠂ ᠡᠳ᠋ᠰᠢᠭᠦᠯᠬᠦ᠂ ᠪᠣᠷᠣᠯᠠᠭᠤᠯᠬᠤ᠂ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠬᠦ ᠪᠠ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠵᠤ᠂ ︽ᠤᠯᠠᠭᠠᠨᠬᠠᠳᠠ ᠶᠢᠨ ᠤᠭᠢ ᠰᠢᠮ᠎ᠡ︾ ᠲᠥᠷᠥᠯ ᠲᠡᠮᠳᠡᠭ ᠤᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠪᠠ᠃

    2023 ᠣᠨ ᠳᠤ᠂ ︽ᠤᠯᠠᠭᠠᠨᠬᠠᠳᠠ ᠶᠢᠨ ᠤᠭᠢ ᠰᠢᠮ᠎ᠡ︾ ᠨᠢ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠦᠷᠦᠯ ᠲᠡᠮᠳᠡᠭ ᠤᠨ ᠭᠠᠷᠴᠠᠭ ᠤᠨ ᠰᠣᠳᠣᠨ ᠪᠦᠲᠦᠭᠡᠭᠳᠡᠬᠦᠨ ᠢ ᠪᠣᠶᠢᠵᠢᠭᠤᠯᠬᠤ︾ ᠨᠡᠷᠡᠰ ᠲᠤ ᠠᠮᠵᠢᠯᠲᠠ ᠲᠠᠢ ᠪᠠᠷ ᠰᠣᠩᠭᠤᠭᠳᠠᠪᠠ᠃ ᠰᠠᠶᠢᠨ ᠠᠴᠠ ᠰᠢᠯᠢᠳᠡᠭ ᠢ ᠰᠣᠩᠭᠤᠬᠤ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠨᠢ ︽ᠤᠯᠠᠭᠠᠨᠬᠠᠳᠠ ᠶᠢᠨ ᠤᠭᠢ ᠰᠢᠮ᠎ᠡ︾ ᠶᠢᠨ ᠲᠦᠷᠦᠯ ᠲᠡᠮᠳᠡᠭ ᠲᠤ ᠳᠡᠭᠦᠯᠢᠨ ᠨᠢᠰᠬᠦ ᠵᠢᠭᠦᠷ ᠤᠷᠭᠤᠭᠤᠯᠵᠤ᠂ ︽ᠮᠢᠬ᠎ᠠ᠂ ᠥᠨᠳᠡᠭᠡ᠂ ᠰᠦ᠂ ᠡᠯᠳᠡᠪ ᠠᠮᠤ᠂ ᠢᠳᠡᠰᠢᠨ ᠨᠣᠭᠤᠭ᠎ᠠ᠂ ᠦᠷ᠎ᠡ ᠶᠢᠨ ᠦᠢᠯᠡᠰ᠂ ᠢᠮᠠᠭᠠᠨ ᠨᠣᠣᠯᠣᠭᠤᠷ︾ ᠵᠡᠷᠭᠡ ᠣᠨᠴᠠᠯᠢᠭᠲᠤ ᠲᠥᠷᠥᠯ ᠵᠦᠢᠯ ᠪᠠ ᠳᠠᠪᠠᠭᠤᠯᠢᠭ ᠠᠵᠤ ᠦᠢᠯᠡᠰ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃

    ᠰᠢᠰᠲ᠋ᠧᠮ ᠤᠨ ᠰᠢᠨ᠎ᠡ ᠶᠢ ᠡᠭᠦᠳᠴᠦ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠪᠡ

    ᠰᠢᠮᠡᠯᠢᠭ ᠬᠥᠷᠥᠰᠥ᠂ ᠲᠤᠩᠭᠠᠯᠠᠭ ᠤᠰᠤ᠂ ᠴᠡᠯᠮᠡᠭ ᠠᠭᠠᠷ ᠨᠢ ᠲᠠᠷᠢᠶᠠᠯᠠᠩ ᠤᠨ ᠪᠦᠲᠦᠭᠡᠭᠳᠡᠬᠦᠨ ᠳᠤ ᠰᠢᠯᠢᠳᠡᠭ ᠰᠠᠶᠢᠨ ᠥᠰᠦᠯᠲᠡ ᠶᠢᠨ ᠳᠠᠪᠠᠭᠤᠯᠢᠭ ᠢ ᠬᠤᠷᠠᠮᠳᠤᠭᠤᠯᠵᠤ ᠥᠭᠴᠡᠢ︔ ᠭᠡᠷᠡᠯ᠂ ᠢᠯᠴᠢ᠂ ᠪᠣᠷᠣᠭᠠᠨ ᠬᠤᠷ᠎ᠠ ᠲᠡᠩᠴᠡᠵᠦ᠂ ᠲᠠᠷᠢᠶᠠᠯᠠᠩ ᠤᠨ ᠪᠦᠲᠦᠭᠡᠭᠳᠡᠬᠦᠨ ᠳᠤ ᠬᠠᠩᠭᠠᠮᠵᠢᠲᠠᠢ ᠠᠭᠤᠷ ᠠᠮᠢᠰᠬᠤᠯ ᠤᠨ ᠣᠷᠴᠢᠨ ᠲᠣᠭᠤᠷᠢᠨ ᠢ ᠬᠠᠩᠭᠠᠵᠠᠶ︔ ᠬᠠᠭᠤᠷᠠᠶ ᠲᠠᠷᠢᠶᠠᠯᠠᠩ ᠤᠨ ᠰᠢᠰᠲ᠋ᠧᠮ ᠪᠣᠯᠣᠨ ᠲᠠᠯ᠎ᠠ ᠨᠤᠲᠤᠭ ᠤᠨ ᠨᠡᠭᠦᠳᠡᠯ ᠮᠠᠯᠵᠢᠯ ᠤᠨ ᠰᠢᠰᠲ᠋ᠧᠮ ᠦᠶ᠎ᠡ ᠳᠠᠮᠵᠢᠨ ᠤᠯᠠᠮᠵᠢᠯᠠᠭᠳᠠᠵᠤ᠂ ᠣᠳᠣ ᠦᠶ᠎ᠡ ᠶᠢᠨ ᠲᠠᠷᠢᠶᠠᠯᠠᠩ ᠳᠤ ᠭᠦᠨ ᠵᠤᠵᠠᠭᠠᠨ ᠰᠣᠶᠣᠯ ᠤᠨ ᠥᠪ ᠦᠯᠡᠳᠡᠭᠡᠵᠦ ᠥᠭᠪᠡ᠃

    ︽ᠤᠯᠠᠭᠠᠨᠬᠠᠳᠠ ᠶᠢᠨ ᠤᠭᠢ ᠰᠢᠮ᠎ᠡ︾ — ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠪᠣᠯ ᠶᠠᠭ ᠡᠶᠢᠮᠦᠷᠬᠦᠦ ᠥᠪᠡᠷᠮᠢᠴᠡ ᠪᠠᠶᠢᠭᠠᠯᠢ ᠶᠢᠨ ᠡᠬᠢ ᠪᠠᠶᠠᠯᠢᠭ ᠪᠠ ᠦᠶ᠎ᠡ ᠤᠯᠠᠷᠢᠨ ᠤᠯᠠᠮᠵᠢᠯᠠᠭᠳᠠᠭᠰᠠᠨ ᠬᠥᠮᠥᠨ ᠨᠡᠶᠢᠭᠡᠮ ᠤᠨ ᠣᠷᠴᠢᠨ ᠠᠬᠤᠢ ᠳᠤ ᠪᠤᠶ ᠪᠣᠯᠤᠭᠰᠠᠨ ᠶᠤᠮ᠃

    ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠨᠠᠷᠢᠮᠤ ᠶᠢᠨ ᠮᠦᠽᠧᠢ ᠳᠤ ᠪᠠᠷᠤᠭ 8000 ᠵᠢᠯ ᠤᠨ ᠡᠮᠦᠨᠡᠬᠢ ᠨᠡᠭᠦᠷᠡᠰᠦᠲᠥ᠋ᠷᠥᠭᠴᠢᠲᠦ ᠨᠠᠷᠢᠮᠤ ᠶᠢ ᠳᠡᠯᠭᠡᠨ ᠦᠵᠡᠭᠦᠯᠵᠦ᠂ ᠪᠠᠰᠠ ᠴᠢᠯᠠᠭᠤᠨ ᠬᠤᠰᠤᠭᠤᠷ᠂ ᠬᠠᠳᠤᠭᠤᠷ᠂ ᠲᠡᠭᠡᠷᠮ᠎ᠡ ᠶᠢᠨ ᠰᠢᠳᠠᠮ ᠵᠡᠷᠭᠡ 500 ᠭᠠᠷᠤᠢ ᠲᠠᠷᠢᠶᠠᠯᠠᠩ ᠤᠨ ᠪᠠᠭᠠᠵᠢ ᠬᠡᠷᠡᠭᠰᠡᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠳᠡᠯᠭᠡᠨ ᠦᠵᠡᠭᠦᠯᠵᠦ᠂ ᠬᠥᠮᠥᠰ ᠲᠤ ᠳᠤᠮᠳᠠᠳᠤ ᠤᠯᠤᠰ ᠤᠨ ᠤᠮᠠᠷᠠᠲᠤ ᠶᠢᠨ ᠡᠪᠦᠭᠡ ᠳᠡᠭᠡᠳᠦᠰ ᠤᠨ ᠣᠷᠳᠣ ᠤᠳᠠᠭᠠᠨ ᠬᠤᠭᠤᠴᠠᠭᠠᠨ ᠤ ᠨᠠᠷᠢᠮᠤ ᠶᠢᠨ ᠲᠠᠷᠢᠮᠠᠯ ᠤᠨ ᠲᠡᠦᠬᠡ ᠶᠢ ᠮᠡᠳᠡᠭᠦᠯᠵᠦ ᠪᠠᠶᠢᠳᠠᠭ᠃ ᠮᠦᠽᠧᠢ ᠶᠢᠨ ᠨᠥᠭᠦᠭᠡ ᠲᠠᠯ᠎ᠠ ᠳᠤ ᠨᠠᠷᠢᠮᠤ ᠶᠢᠨ ᠲᠣᠰᠣ᠂ ᠨᠠᠷᠢᠮᠤ ᠶᠢᠨ ᠰᠠᠪᠤᠩ᠂ ᠨᠠᠷᠢᠮᠤ ᠶᠢᠨ ᠶᠧᠪᠡᠩ ᠵᠡᠷᠭᠡ ᠦᠢᠯᠡᠳᠬᠦᠨ ᠨᠢ ᠨᠠᠷᠢᠮᠤ ᠶᠢᠨ ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠥᠯᠢᠭᠡᠷ ᠢ ᠬᠦᠦᠷᠨᠢᠨ᠎ᠡ᠃

    ᠲᠡᠦᠬᠡ ᠲᠠᠢ᠂ ᠰᠣᠶᠣᠯ ᠲᠠᠢ᠂ ᠦᠯᠢᠭᠡᠷ ᠲᠠᠢ ᠨᠢᠭᠡ ᠮᠥᠬᠦᠯᠢᠭ ᠨᠠᠷᠢᠮᠤ ᠨᠢ ᠲᠦᠷᠦᠯ ᠲᠡᠮᠳᠡᠭ ᠢ ᠨᠠᠩ ᠣᠯᠠᠨ ᠲᠠᠷᠢᠶᠠᠯᠠᠬᠤ ᠪᠣᠯᠪᠠᠰᠤᠨ ᠤ ᠠᠭᠤᠯᠤᠭᠳᠠᠬᠤᠨ ᠲᠠᠢ ᠪᠤᠯᠭᠠᠵᠤ᠂ ᠠᠤᠬᠠᠨ ᠤ ᠨᠠᠷᠢᠮᠤ ᠶᠢ ᠨᠡᠷ᠎ᠡ ᠦᠭᠡᠢ ᠠᠴᠠ ᠨᠡᠷ᠎ᠡ ᠠᠯᠳᠠᠷᠰᠢᠯ ᠲᠠᠢ ᠪᠣᠯᠭᠠᠪᠠ᠃

    ︽ᠤᠯᠠᠭᠠᠨᠬᠠᠳᠠ ᠶᠢᠨ ᠤᠭᠢ ᠰᠢᠮ᠎ᠡ︾ ᠲᠦᠷᠦᠯ ᠲᠡᠮᠳᠡᠭ ᠤᠨ ᠳᠠᠪᠠᠭᠤᠯᠢᠭ ᠨᠢ ᠯᠤᠲᠤ ᠶᠡᠭᠡ ᠣᠨᠴᠠᠯᠢᠭᠲᠤ ᠠᠵᠤ ᠦᠢᠯᠡᠰ ᠤᠨ ᠡᠬᠢ ᠪᠠᠶᠠᠯᠢᠭ ᠪᠠ ᠭᠠᠵᠠᠷ ᠵᠦᠢ ᠶᠢᠨ ᠢᠯᠡᠷᠬᠡᠶᠢᠯᠡᠯᠲᠦ ᠦᠢᠯᠡᠳᠬᠦᠨ ᠵᠢᠴᠢ ᠰᠢᠯᠢᠳᠡᠭᠵᠢᠭᠦᠯᠦᠨ ᠬᠠᠮᠵᠢᠯᠴᠠᠬᠤ ᠤᠷᠢᠳᠴᠢᠯᠠᠭᠰᠠᠨ ᠪᠠᠶᠢᠷᠢ ᠲᠣᠭᠲᠠᠭᠠᠯᠲᠠ ᠳᠤ ᠪᠤᠢ᠃

    ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠬᠤᠭᠤᠷᠣᠨᠳᠣᠭᠢ ᠬᠠᠮᠵᠢᠯᠴᠠᠭ᠎ᠠ ᠨᠢ ᠣᠷᠣᠨ ᠪᠦᠰᠡ ᠶᠢᠨ ᠳᠣᠲᠣᠷᠠᠬᠢ ᠳᠠᠪᠠᠭᠤᠯᠢᠭ ᠡᠬᠢ ᠪᠠᠶᠠᠯᠢᠭ ᠢ ᠡᠮᠬᠢᠳᠬᠡᠨ ᠨᠡᠶᠢᠯᠡᠭᠦᠯᠬᠦ ᠳᠤ ᠨᠠᠩ ᠠᠰᠢᠭᠲᠠᠢ ᠶᠤᠮ᠃ ᠤᠯᠠᠭᠠᠨᠬᠠᠳᠠ ᠬᠤᠲᠠ ︽ᠤᠯᠠᠭᠠᠨᠬᠠᠳᠠ ᠶᠢᠨ ᠤᠭᠢ ᠰᠢᠮ᠎ᠡ︾ ᠪᠠᠷ ᠭᠤᠣᠯ ᠪᠤᠯᠭᠠᠬᠰᠠᠨ ︽1+N+M︾ ᠲᠥᠷᠥᠯ ᠲᠡᠮᠳᠡᠭ ᠤᠨ ᠪᠦᠲᠦᠭᠡᠨ ᠪᠠᠶᠢᠭᠤᠯᠤᠯᠲᠠ ᠶᠢᠨ ᠪᠦᠲᠦᠴᠡ ᠶᠢᠨ ᠰᠢᠰᠲ᠋ᠧᠮ ᠢ ᠪᠠᠶᠢᠭᠤᠯᠵᠤ᠂ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠪᠤᠶ ᠪᠤᠯᠭᠠᠵᠤ᠂ ᠡᠯᠳᠡᠪ ᠠᠮᠤ᠂ ᠢᠳᠡᠰᠢᠨ ᠨᠣᠭᠤᠭ᠎ᠠ᠂ ᠮᠢᠬ᠎ᠠ ᠥᠨᠳᠡᠭᠡ ᠭᠤᠷᠪᠠᠨ ᠶᠡᠭᠡ ᠲᠥᠷᠥᠯ ᠵᠦᠢᠯ ᠤᠨ ᠲᠣᠭᠤᠷᠢᠨ ᠳᠤ ︽ᠤᠯᠠᠭᠠᠨᠬᠠᠳᠠ ᠶᠢᠨ ᠨᠠᠷᠢᠮᠤ᠂ ︽ᠤᠯᠠᠭᠠᠨᠬᠠᠳᠠ ᠶᠢᠨ ᠲᠥᠪᠡᠳ ᠬᠠᠰᠢ︾᠂ ︽ᠤᠯᠠᠭᠠᠨᠬᠠᠳᠠ ᠶᠢᠨ ᠦᠬᠡᠷ ᠤᠨ ᠮᠢᠬ᠎ᠠ︾ ᠵᠡᠷᠭᠡ 9 ᠭᠠᠵᠠᠷ ᠵᠦᠢ ᠶᠢᠨ ᠢᠯᠡᠷᠬᠡᠶᠢᠯᠡᠯᠲᠦ ᠲᠠᠸᠠᠷ ᠤᠨ ᠲᠡᠮᠳᠡᠭ ᠢ ᠭᠤᠣᠯᠳᠠᠯᠭ᠎ᠠ ᠲᠠᠢ ᠪᠤᠶ ᠪᠣᠯᠭᠠᠪᠠ᠃

    2023 ᠣᠨ ᠤ ᠡᠴᠦᠰ ᠪᠤᠯᠲᠠᠯ᠎ᠠ᠂ ᠤᠯᠠᠭᠠᠨᠬᠠᠳᠠ ᠬᠤᠲᠠ ᠶᠢᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠳᠤ ᠳᠠᠩᠰᠠᠯᠠᠭᠤᠯᠤᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠢᠯᠡᠷᠬᠡᠶᠢᠯᠡᠯᠲᠦ ᠪᠦᠲᠦᠭᠡᠭᠳᠡᠬᠦᠨ 21 ᠪᠠᠶᠢᠵᠤ᠂ ︽ᠤᠯᠠᠭᠠᠨᠬᠠᠳᠠ ᠶᠢᠨ ᠨᠣᠭᠤᠭᠠᠨ ᠪᠤᠷᠴᠠᠭ︾᠂ ︽ᠤᠯᠠᠭᠠᠨᠬᠠᠳᠠ ᠶᠢᠨ ᠲᠥᠪᠡᠳ ᠬᠠᠰᠢ︾ ᠵᠡᠷᠭᠡ ᠨᠢᠭᠡ ᠪᠦᠯᠦᠭ ᠲᠠᠩ ᠪᠦᠲᠦᠭᠡᠭᠳᠡᠬᠦᠨ ᠤ ᠲᠦᠷᠦᠯ ᠲᠡᠮᠳᠡᠭ ᠨᠢ ᠳᠤᠮᠳᠠᠳᠤ ᠤᠯᠤᠰ ᠤᠨ ᠲᠠᠷᠢᠶᠠᠯᠠᠩ ᠤᠨ ᠲᠦᠷᠦᠯ ᠲᠡᠮᠳᠡᠭ ᠤᠨ ᠨᠡᠷᠡᠰ ᠤᠨ ᠵᠢᠭᠰᠠᠭᠠᠯᠲᠠ᠂ ᠪᠦᠭᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠰᠣᠩᠭᠤᠭᠳᠠᠪᠠ᠃ ᠬᠡᠷᠡᠭᠯᠡᠭᠴᠢᠳ ᠤᠨ ︽ᠤᠯᠠᠭᠠᠨᠬᠠᠳᠠ ᠶᠢᠨ ᠤᠭᠢ ᠰᠢᠮ᠎ᠡ︾ ᠲᠠᠷᠢᠶᠠᠯᠠᠩ ᠤᠨ ᠪᠦᠲᠦᠭᠡᠭᠳᠡᠬᠦᠨ ᠢ ᠦᠨᠡᠮᠰᠢᠬᠦ ᠬᠡᠮᠵᠢᠶ᠎ᠡ ᠶᠡᠭᠡ ᠪᠠᠷ ᠨᠡᠮᠡᠭᠳᠡᠭᠰᠡᠨ ᠤ ᠬᠠᠮᠲᠤ ᠪᠠᠰᠠ ᠤᠯᠠᠭᠠᠨᠬᠠᠳᠠ ᠶᠢᠨ ᠲᠠᠷᠢᠶᠠᠯᠠᠩ ᠤᠨ ᠪᠦᠲᠦᠭᠡᠭᠳᠡᠬᠦᠨ ᠤ ᠨᠡᠷ᠎ᠡ ᠠᠯᠳᠠᠷᠰᠢᠯ ᠢ ᠳᠡᠭᠡᠭᠰᠢᠯᠡᠭᠦᠯᠪᠡ᠃

    ᠢᠯᠡ ᠲᠣᠳᠣ ᠰᠣᠶᠣᠯ ᠤᠨ ᠲᠡᠮᠳᠡᠭ᠂ ᠣᠯᠠᠨ ᠡᠰᠢᠲᠦ ᠪᠣᠳᠠᠰ ᠤᠨ ᠭᠠᠷᠤᠯᠲᠠ ᠶᠢᠨ ᠭᠡᠯᠪᠡᠷᠢ᠂ ᠥᠨᠢ ᠤᠳᠠᠭᠠᠨ ᠲᠠᠷᠢᠶᠠᠯᠠᠭ᠎ᠠ ᠶᠢᠨ ᠤᠯᠠᠮᠵᠢᠯᠠᠯ᠂ ᠲᠣᠳᠣᠷᠬᠠᠢ ᠪᠠᠶᠢᠭᠤᠯᠤᠯ ᠤᠨ ᠪᠦᠲᠦᠴᠡ ᠨᠢ ︽ᠤᠯᠠᠭᠠᠨᠬᠠᠳᠠ ᠶᠢᠨ ᠤᠭᠢ ᠰᠢᠮ᠎ᠡ︾ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠤᠨ ᠳᠦᠷᠢ ᠲᠥᠷᠬᠦ ᠶᠢ ᠬᠠᠮᠲᠤ ᠪᠠᠷ ᠱᠤᠭᠤᠵᠤ ᠪᠤᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ