ᠬᠠᠪᠤᠷ ᠤᠨ ᠰᠠᠯᠬᠢ ᠢᠯᠪᠢᠵᠦ᠂ ᠲᠦᠮᠡᠨ ᠪᠣᠳᠠᠰ ᠠᠮᠢᠯᠠᠨ᠎ᠠ᠃ ᠰᠢᠯᠢ ᠶᠢᠨ ᠭᠤᠣᠯ ᠤᠨ ᠲᠠᠯ᠎ᠠ ᠨᠤᠲᠤᠭ ᠬᠥᠭᠵᠢᠯ ᠪᠠᠳᠠᠷᠠᠯ ᠤᠨ ᠥᠩᠭᠡ ᠶᠢ ᠬᠠᠷᠠᠭᠤᠯᠤᠨ᠎ᠠ᠃
3 ᠰᠠᠷ᠎ᠠ ᠶᠢᠨ 14 ᠤ ᠡᠳᠦᠷ᠂ ᠪᠦᠭᠦ ᠤᠯᠤᠰ ᠤᠨ ᠬᠤᠶᠠᠷ ᠬᠤᠷᠠᠯ ᠠᠴᠠ ᠰᠠᠶ᠋ᠢᠬᠠᠨ ᠪᠤᠴᠠᠵᠤ ᠢᠷᠡᠭᠰᠡᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠬᠤᠩᠭᠤᠷᠭᠤᠣᠯ ᠪᠠᠯᠭᠠᠰᠤᠨ ᠤ ᠰᠠᠷᠠᠭᠤᠯᠲᠤᠶᠠᠭ᠎ᠠ ᠭᠠᠴᠠᠭᠠᠨ ᠤ ᠤᠤᠯ ᠤᠨ ᠨᠠᠮ ᠤᠨ ᠡᠭᠦᠷ ᠤᠨ ᠱᠦᠵᠢ ᠲᠢᠩ · ᠪᠠᠭᠠᠲᠤᠷ ᠬᠠᠮᠤᠭ ᠤᠨ ᠲᠦᠷᠦᠭᠦᠨ ᠳᠤ ᠬᠤᠩᠭᠤᠷᠭᠤᠣᠯ ᠪᠠᠯᠭᠠᠰᠤᠨ ᠳᠤ ᠢᠷᠡᠵᠦ᠂ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠤᠯᠠᠨ ᠲᠠᠢ ᠬᠠᠮᠲᠤ ᠪᠠᠷ ᠰᠤᠷᠤᠯᠴᠠᠨ ᠣᠶᠢᠯᠠᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠥᠭᠵᠢᠯᠲᠡ ᠶᠢᠨ ᠲᠤᠬᠠᠢ ᠶᠠᠷᠢᠯᠴᠠᠵᠠᠢ᠃
ᠲᠤᠬᠠᠢ ᠶᠢᠨ ᠡᠳᠦᠷ ᠤᠨ ᠥᠷᠯᠥᠭᠡ ᠡᠷᠲᠡ ᠬᠤᠩᠭᠤᠷᠭᠤᠣᠯ ᠪᠠᠯᠭᠠᠰᠤᠨ ᠤ ᠬᠤᠷᠠᠯ ᠤᠨ ᠭᠡᠷ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠣᠨᠣᠰᠬᠤ ᠪᠠᠷ ᠢᠷᠡᠭᠰᠡᠨ ᠺᠠᠳ᠋ᠷ ᠠᠵᠢᠯᠲᠠᠨ ᠠᠵᠢᠯᠴᠢᠨ ᠪᠣᠯᠣᠨ ᠮᠠᠯᠴᠢᠨ ᠲᠦᠮᠡᠨ ᠳᠦᠭᠦᠷᠲᠡᠯ᠎ᠡ ᠰᠠᠭᠤᠯᠴᠠᠵᠠᠢ᠃ ᠲᠢᠩ · ᠪᠠᠭᠠᠲᠤᠷ ᠥᠪᠡᠷ ᠤᠨ ᠬᠤᠷᠠᠯ ᠳᠤ ᠣᠷᠣᠯᠴᠠᠬᠰᠠᠨ ᠲᠥᠷᠥᠭᠳᠡᠯ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠵᠢᠴᠢ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠠᠮᠤᠭ ᠤᠨ ᠦᠨᠡᠨᠴᠢ ᠰᠢᠳᠤᠷᠭᠤ᠂ ᠬᠠᠮᠤᠭ ᠤᠨ ᠣᠶᠢᠯᠠᠭᠠᠮᠵᠢᠲᠠᠢ ᠦᠭᠡ ᠭᠡᠯᠡ ᠪᠠᠷ ︽ᠬᠠᠯᠠᠭᠤᠨ ᠠᠭᠤᠷ ᠪᠠᠭᠠᠭᠢᠭᠰᠠᠨ︾ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠥᠮᠥᠨ ᠪᠦᠭᠦᠨ ᠤ ᠰᠡᠳᠬᠢᠯ ᠳᠤ ᠳᠠᠮᠵᠢᠭᠤᠯᠪᠠ᠃
︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠲᠠᠢ ᠬᠤᠯᠪᠣᠭᠠᠯᠠᠵᠤ ᠲᠠᠷᠢᠶᠠᠴᠢᠳ ᠢ ᠳᠠᠶᠢᠴᠢᠯᠠᠬᠤ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ ᠭᠡᠵᠦ ᠳᠤᠷᠠᠳᠴᠠᠢ᠃ ᠡᠨᠡ ᠨᠢ ᠮᠠᠯᠵᠢᠬᠤ ᠲᠠᠷᠢᠶᠠᠯᠠᠬᠤ ᠣᠷᠣᠨ ᠳᠤ ᠠᠪᠴᠤ ᠬᠡᠯᠡᠪᠡᠯ ᠴᠢᠬᠤᠯᠠ ᠶᠡᠭᠡ ᠠᠰᠢᠭ ᠲᠤᠰᠠ ᠮᠥᠨ᠃ ᠣᠯᠠᠨ ᠢᠶᠠᠷ ᠢᠶᠠᠨ ᠠᠵᠠ ᠲᠣᠭᠢᠶᠠᠯ ᠢ ᠠᠳᠬᠤᠵᠤ᠂ ᠰᠡᠳᠬᠢᠮᠵᠢ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠰᠢᠨ᠎ᠡ ᠮᠡᠷᠭᠡᠵᠢᠯ ᠢ ᠢᠳᠡᠪᠬᠢᠲᠡᠢ ᠰᠤᠷᠤᠯᠴᠠᠵᠤ᠂ ᠰᠢᠨ᠎ᠡ ᠡᠵᠡᠩᠨᠡᠯᠲᠡ ᠶᠢᠨ ᠭᠡᠯᠪᠡᠷᠢ ᠶᠢ ᠬᠥᠭᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠰᠢᠨ᠎ᠡ ᠵᠠᠮ ᠢ ᠨᠡᠭᠡᠭᠡᠬᠦ ᠬᠡᠷᠡᠭᠲᠡᠢ︾ ᠭᠡᠵᠦ ᠲᠢᠩ · ᠪᠠᠭᠠᠲᠤᠷ ᠶᠠᠷᠢᠨ᠎ᠠ᠃
ᠤᠬᠠᠭᠤᠯᠤᠨ ᠲᠠᠶᠢᠯᠪᠤᠷᠢᠯᠠᠬᠤ ᠶᠠᠪᠤᠴᠠ ᠳᠤ ᠲᠤᠬᠠᠢ ᠶᠢᠨ ᠲᠠᠯᠠᠪᠤᠷ ᠲᠤ ᠪᠠᠶᠢᠭᠰᠠᠨ ᠬᠥᠮᠥᠰ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠬᠠᠶᠠ ᠲᠣᠯᠣᠭᠠᠢ ᠳᠣᠬᠢᠨ ᠵᠥᠪᠰᠢᠶᠡᠷᠡᠵᠦ᠂ ᠬᠠᠶ᠋ᠨ ᠭᠦᠨ ᠰᠡᠳᠬᠢᠵᠦ ᠪᠣᠳᠣᠯᠭᠠᠰᠢᠷᠠᠨᠠ᠃ ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠬᠤᠶᠢᠨ᠎ᠠ ᠤᠯᠠᠨ ᠢᠶᠠᠷ ᠢᠶᠠᠨ ᠲᠢᠩ · ᠪᠠᠭᠠᠲᠤᠷ ᠠᠴᠠ ᠠᠰᠠᠭᠤᠯᠲᠠ ᠠᠰᠠᠭᠤᠪᠠ᠃ ᠠᠷᠤ ᠠᠷᠤ ᠠᠴᠠ ᠪᠠᠨ ᠠᠰᠠᠭᠤᠭᠰᠠᠨ ᠠᠰᠠᠭᠤᠯᠲᠠ ᠳᠤ ᠲᠢᠩ · ᠪᠠᠭᠠᠲᠤᠷ ᠮᠠᠰᠢ ᠬᠦᠯᠢᠴᠡᠩᠭᠦᠢ ᠨᠢᠭᠡᠳ ᠨᠢᠭᠡ ᠪᠠᠷ ᠬᠠᠷᠢᠭᠤᠯᠵᠤ ᠥᠭᠴᠡᠢ᠃ ᠤᠯᠠᠨ ᠢᠶᠠᠷ ᠢᠶᠠᠨ᠂ ᠥᠨᠥᠳᠥᠷ ᠤᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠳᠣᠲᠣᠷ᠎ᠠ ᠪᠠᠨ ᠨᠡᠩ ᠲᠤᠭ᠎ᠠ ᠲᠠᠢ ᠪᠣᠯᠵᠤ᠂ ᠢᠷᠡᠭᠡᠳᠦᠢ ᠶᠢᠨ ᠠᠮᠢᠳᠤᠷᠠᠯ ᠳᠠᠭᠠᠨ ᠢᠲᠡᠭᠡᠯ ᠳᠦᠭᠦᠷᠡᠩ ᠪᠣᠯᠣᠯ᠎ᠠ ᠭᠡᠵᠦ ᠢᠯᠡᠳᠬᠡᠵᠡᠭᠡᠪᠡ᠃
︽ᠮᠠᠨ ᠤ ᠠᠬᠠᠮᠠᠳ ᠱᠦᠵᠢ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠪᠢ ᠲᠤᠶᠢᠯ ᠢᠶᠠᠷ ᠤᠷᠮᠠᠰᠢᠨ ᠵᠣᠷᠢᠭᠵᠢᠪᠠ᠃ ᠬᠤᠶᠢᠰᠢᠳᠠ ᠪᠢᠳᠡ ᠦᠷᠭᠦᠯᠵᠢᠯᠡᠨ ᠠᠵᠤ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠤᠯᠭᠠᠵᠤ᠂ ᠭᠠᠴᠠᠭᠠᠨ ᠤ ᠮᠠᠯᠴᠢᠳ ᠢᠶᠠᠨ ᠳᠠᠭᠠᠭᠤᠯᠤᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ ᠪᠠᠶᠢᠭᠠᠳ ᠨᠤᠲᠤᠭ ᠤᠰᠤ ᠪᠠᠨ ᠨᠡᠩ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠨ᠎ᠠ᠃ ᠬᠤᠶᠢᠰᠢᠳᠠ ᠪᠢᠳᠡ ᠦᠷᠭᠦᠯᠵᠢᠯᠡᠨ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠰᠠᠶᠢᠨ ᠰᠠᠶᠢᠬᠠᠨ ᠠᠮᠢᠳᠤᠷᠠᠯ ᠲᠡᠶᠢᠰᠢ ᠲᠣᠮᠣ ᠠᠯᠬᠤᠮ ᠢᠶᠠᠷ ᠤᠷᠤᠭᠰᠢᠯᠠᠨ᠎ᠠ︾ ᠭᠡᠵᠦ ᠰᠠᠷᠠᠭᠤᠯᠲᠤᠶᠠᠭ᠎ᠠ ᠭᠠᠴᠠᠭᠠᠨ ᠤ ᠨᠠᠮ ᠤᠨ ᠡᠭᠦᠷ ᠤᠨ ᠱᠦᠵᠢ᠂ ᠵᠥᠪᠯᠡᠯ ᠤᠨ ᠡᠷᠭᠢᠯᠡᠭᠴᠢ ᠲᠡᠮᠦᠷᠬᠦᠦ ᠰᠡᠳᠬᠢᠯ ᠳᠣᠭᠳᠣᠯᠤᠨ ᠬᠡᠯᠡᠨ᠎ᠡ᠃
ᠬᠤᠩᠭᠤᠷᠭᠤᠣᠯ ᠪᠠᠯᠭᠠᠰᠤᠨ ᠤ ᠮᠠᠯᠴᠢᠨ ᠮᠢᠩᠭᠠᠨᠪᠠᠶᠠᠷ᠂ ᠠᠬᠠᠮᠠᠳ ᠨᠠᠮ ᠤᠨ ᠡᠭᠦᠷ ᠤᠨ ᠱᠦᠵᠢ ᠮᠠᠨ ᠤ ᠥᠷᠭᠡᠨ ᠤᠯᠠᠨ ᠮᠠᠯᠴᠢᠨ ᠲᠦᠮᠡᠨ ᠤ ᠰᠡᠳᠬᠢᠯ ᠤᠨ ᠦᠭᠡ ᠶᠢ ᠪᠡᠭᠡᠵᠢᠩ ᠳᠤ ᠠᠪᠠᠴᠢᠵᠤ᠂ ᠨᠠᠮ ᠤᠨ ᠲᠥᠪ ᠬᠤᠷᠢᠶ᠎ᠠ ᠶᠢᠨ ᠬᠠᠶᠢᠷ᠎ᠠ ᠬᠠᠯᠠᠮᠵᠢ ᠶᠢ ᠲᠠᠯ᠎ᠠ ᠨᠤᠲᠤᠭ ᠲᠤ ᠠᠪᠴᠢᠷᠠᠭᠰᠠᠨ ᠳᠤ ᠪᠢ ᠶᠡᠬᠡᠳᠡ ᠵᠣᠷᠢᠭᠵᠢᠪᠠ᠃ ᠮᠠᠨ ᠤ ᠭᠠᠴᠠᠭᠠᠨ ᠳᠤ ᠬᠥᠮᠥᠨ ᠪᠠᠶᠢᠭᠠᠯᠢ ᠡᠶ᠎ᠡ ᠵᠣᠬᠢᠴᠠᠩᠭᠤᠢ ᠬᠠᠮᠲᠤ ᠪᠠᠷ ᠣᠷᠣᠰᠢᠵᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠣᠶᠢᠯᠠᠭᠠᠭᠳᠠᠬᠤᠨ ᠠᠯᠢ ᠬᠡᠳᠦᠶᠢᠨ ᠬᠥᠮᠥᠰ ᠤᠨ ᠰᠡᠳᠬᠢᠯ ᠳᠤ ᠬᠠᠳᠠᠩᠰᠢᠵᠠᠢ᠃ ᠪᠢᠳᠡ ᠦᠷᠭᠦᠯᠵᠢᠯᠡᠨ ᠲᠡᠮᠡᠴᠡᠵᠦ᠂ ᠨᠡᠩ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠨ᠎ᠡ ᠭᠡᠵᠦ ᠢᠯᠡᠳᠬᠡᠪᠡ᠃
ᠲᠢᠩ · ᠪᠠᠭᠠᠲᠤᠷ ᠰᠣᠷᠪᠤᠯᠵᠢᠯᠠᠭ᠎ᠠ ᠬᠦᠯᠢᠶᠡᠬᠦ ᠳᠡᠭᠡᠨ᠄ ︽ᠪᠢᠳᠡ ᠮᠠᠯᠵᠢᠬᠤ ᠣᠷᠣᠨ ᠤ ᠪᠣᠳᠠᠲᠤ ᠪᠠᠶᠢᠳᠠᠯ ᠠᠴᠠ ᠡᠭᠦᠰᠴᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠰᠡᠳᠬᠢᠮᠵᠢ ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠴᠥᠭᠡᠨ ᠲᠡᠵᠢᠭᠡᠵᠦ ᠰᠢᠯᠢᠳᠡᠭ ᠲᠡᠵᠢᠭᠡᠬᠦ ᠪᠠᠷ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠵᠤ᠂ ᠲᠠᠯ᠎ᠠ ᠨᠤᠲᠤᠭ ᠤᠨ ᠠᠮᠢ ᠠᠬᠤᠢ ᠶᠢ ᠰᠠᠶᠢᠲᠤᠷ ᠬᠠᠮᠠᠭᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠶᠡᠭᠡ ᠠᠯᠬᠤᠮ ᠢᠶᠠᠷ ᠤᠷᠤᠭᠰᠢᠯᠠᠵᠤ᠂ ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠤ ᠪᠦᠲᠦᠭᠡᠨ ᠪᠠᠶᠢᠭᠤᠯᠤᠯᠲᠠ ᠳᠤ ᠳᠠᠭᠢᠨ ᠰᠢᠨ᠎ᠡ ᠭᠠᠪᠢᠶ᠎ᠠ ᠪᠠᠶᠢᠭᠤᠯᠤᠨ᠎ᠠ︾ ᠭᠡᠪᠡ᠃