ᠰᠢᠤᠸᠠᠢ ᡁᠢ ᠯᠥᠩ ᠲᠥᠯᠥᠭᠡᠯᠡᠭᠴᠢ᠄ ᠰᠠᠶᠢᠨ ᠲᠥᠷᠥ ᠶᠢᠨ ᠪᠣᠳᠣᠯᠭ᠎ᠠ ᠶᠢ ᠠᠷᠠᠳ ᠣᠯᠠᠨ ᠳᠤ ᠪᠠᠨ ᠳᠠᠮᠵᠢᠭᠤᠯᠤᠨ᠎ᠠ
ᠨᠡᠶᠢᠲᠡᠯᠡᠭᠰᠡᠨ ᠴᠠᠭ᠄
2025/3/19

    3 ᠰᠠᠷ᠎ᠠ ᠶᠢᠨ 13 ᠤ ᠡᠳᠦᠷ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠦᠸᠧᠽᠢ ᠰᠢᠶᠠᠨ ᠤ ᠰᠢᠪᠠᠷᠲᠠᠢ ᠪᠠᠯᠭᠠᠰᠤᠨ ᠤ ᠰᠢᠷ᠎ᠠ ᠬᠤᠰᠢᠭᠤ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠤ ᠠᠷᠠᠳ ᠤᠨ ᠵᠥᠪᠯᠡᠯ ᠤᠨ ᠡᠷᠭᠢᠯᠡᠭᠴᠢ ᠰᠢᠤᠸᠠᠢ ᡁᠢ ᠯᠦᠩ ᠪᠦᠭᠦ ᠤᠯᠤᠰ ᠤᠨ ᠬᠤᠶᠠᠷ ᠬᠤᠷᠠᠯ ᠤᠨ ᠠᠶᠠᠯᠠᠯ ᠢᠶᠠᠨ ᠲᠡᠭᠦᠰᠬᠡᠭᠰᠡᠨ ᠤ ᠳᠠᠷᠠᠭ᠎ᠠ ᠨᠤᠲᠤᠭ ᠲᠠᠭᠠᠨ ᠪᠤᠴᠠᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠵᠤ᠂ ᠳᠠᠷᠤᠢ ᠲᠦᠷᠭᠡᠨ ᠢᠶᠠᠷ ᠪᠦᠭᠦ ᠤᠯᠤᠰ ᠤᠨ ᠬᠤᠶᠠᠷ ᠬᠤᠷᠠᠯ ᠤᠨ ᠰᠠᠶᠢᠨ ᠲᠦᠷᠦ ᠶᠢᠨ ᠪᠣᠳᠣᠯᠭ᠎ᠠ᠂ ᠰᠠᠶᠢᠨ ᠳᠠᠭᠤᠨ ᠢ ᠠᠷᠠᠳ ᠤᠯᠠᠨ ᠪᠣᠯᠣᠨ ᠠᠵᠤ ᠠᠬᠤᠶᠢᠯᠠᠯ ᠤᠨ ᠠᠵᠢᠯᠲᠠᠨ ᠳᠤ ᠳᠠᠮᠵᠢᠭᠤᠯᠤᠯ᠎ᠠ᠃

    ︽ᠪᠢᠳᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ︾᠃ ︽ᠡᠮ ᠡᠮᠨᠡᠯᠭᠡ ᠡᠷᠡᠭᠦᠯ ᠮᠡᠨᠳᠤ ᠪᠣᠯ ᠢᠮᠠᠭᠲᠠ ᠤᠯᠠᠨ ᠢᠶᠠᠷ ᠢᠶᠠᠨ ᠠᠩᠬᠠᠷᠴᠤ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠪᠣᠯᠣᠨ᠎ᠠ᠂ ᠬᠤᠶᠢᠰᠢᠳᠠ ᠶᠢᠨ ᠡᠮ ᠡᠮᠨᠡᠯᠭᠡ ᠶᠢᠨ ᠡᠬᠢ ᠪᠠᠶᠠᠯᠢᠭ ᠨᠡᠩ ᠲᠡᠩᠴᠡᠭᠦᠷᠢᠲᠡᠢ ᠲᠠᠷᠬᠠᠵᠤ᠂ ᠡᠪᠡᠳᠴᠢᠨ ᠦᠵᠡᠭᠦᠯᠭᠦ ᠳᠤ ᠴᠦ ᠨᠡᠩ ᠳᠥᠭᠦᠮ ᠳᠥᠲᠡ᠂ ᠥᠨᠳᠥᠷ ᠪᠦᠲᠦᠮᠵᠢᠲᠡᠢ ᠪᠤᠯᠬᠤ ᠶᠤᠮ︾᠃ ᠰᠢᠤᠸᠠᠢ ᡁᠢ ᠯᠦᠩ ᠤᠷᠢᠳ ᠬᠤᠵᠢᠳ ᠤᠯᠠᠭᠠᠨᠴᠠᠪ ᠬᠤᠲᠠ ᠶᠢᠨ ᠵᠦᠸᠧᠽᠢ ᠰᠢᠶᠠᠨ ᠤ ᠵᠣᠰᠣᠲᠤ ᠠᠭᠤᠯᠠ ᠪᠠᠯᠭᠠᠰᠤᠨ ᠤ ᠨᠠᠨ ᠶᠣᠣ ᠽᠢ ᠨᠡᠶᠢᠭᠡᠮ ᠲᠣᠭᠤᠷᠢᠭ ᠪᠣᠯᠣᠨ ᠰᠢᠪᠠᠷᠲᠠᠢ ᠪᠠᠯᠭᠠᠰᠤᠨ ᠤ ᠰᠢᠷ᠎ᠠ ᠬᠤᠰᠢᠭᠤ ᠲᠣᠰᠬᠤᠨ ᠳᠤ ᠬᠦᠷᠴᠦ᠂ ᠪᠦᠭᠦ ᠤᠯᠤᠰ ᠤᠨ ᠬᠤᠶᠠᠷ ᠬᠤᠷᠠᠯ ᠤᠨ ᠭᠤᠣᠯ ᠵᠥᠪᠯᠡᠭᠰᠡᠨ ᠵᠦᠢᠯ ᠪᠣᠯᠣᠨ ᠴᠢᠬᠤᠯᠠ ᠦᠷ᠎ᠡ ᠪᠦᠲᠦᠭᠡᠯ ᠢ ᠨᠠᠷᠢᠨ ᠲᠠᠨᠢᠯᠴᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠡᠮ ᠡᠮᠨᠡᠯᠭᠡ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠲᠤᠬᠠᠢ ᠲᠥᠷᠥ ᠶᠢᠨ ᠪᠣᠳᠣᠯᠭ᠎ᠠ ᠵᠢᠴᠢ ᠬᠥᠳᠡᠭᠡ ᠲᠣᠰᠬᠤᠨ ᠤ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠵᠡᠷᠭᠡ ᠠᠯᠤᠰ ᠤᠨ ᠲᠥᠯᠦᠪᠵᠢᠭᠦᠯᠭᠡ ᠶᠢᠨ ᠠᠭᠤᠯᠭ᠎ᠠ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠤᠮᠵᠢ ᠬᠢᠪᠡ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠣᠯᠣᠨ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠥᠪᠡᠷ ᠤᠨ ᠬᠠᠯᠠᠮᠵᠢᠯᠠᠵᠤ ᠪᠠᠶᠢᠭ᠎ᠠ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠠᠰᠠᠭᠤᠳᠠᠯ ᠤᠨ ᠲᠤᠬᠠᠢ ᠠᠰᠠᠭᠤᠯᠲᠠ ᠳᠤᠷᠠᠳᠪᠠ᠃ ᠰᠢᠤᠸᠠᠢ ᡁᠢ ᠯᠦᠩ ᠨᠠᠷᠢᠨ ᠬᠢᠨᠠᠮᠠᠭᠠᠢ ᠰᠣᠨᠣᠰᠴᠤ᠂ ᠬᠦᠯᠢᠴᠡᠩᠭᠦᠢ ᠪᠠᠷ ᠬᠠᠷᠢᠭᠤᠯᠲᠠ ᠥᠭᠭᠦᠭᠰᠡᠨ ᠪᠥᠭᠡᠳ ᠤᠯᠠᠨ ᠤ ᠰᠠᠨᠠᠯ ᠰᠠᠨᠠᠭᠤᠯᠭ᠎ᠠ ᠶᠢ ᠠᠪᠴᠤ ᠬᠠᠷᠢᠭᠠᠳ ᠲᠥᠯᠥᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠎ᠡ ᠭᠡᠵᠦ ᠢᠯᠡᠳᠬᠡᠪᠡ᠃

    ︽ᠰᠢᠤᠸᠠᠢ ᠱᠦᠵᠢ ᠮᠠᠨ ᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠲᠤ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠢᠯᠠᠩᠭᠤᠶ᠎ᠠ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠢᠭᠤᠷᠳᠠᠨ ᠤᠯᠠᠮᠵᠢᠯᠠᠪᠠ᠃ ᠡᠨᠡ ᠵᠢᠯ ᠤᠨ 2 ᠰᠠᠷ᠎ᠠ ᠳᠤ ᠪᠢ ᠡᠮᠨᠡᠯᠭᠡ ᠳᠤ ᠰᠠᠭᠤᠵᠤ ᠡᠪᠡᠳᠴᠢᠨ ᠦᠵᠡᠭᠦᠯᠭᠦ ᠳᠤ 7500 ᠭᠠᠷᠤᠢ ᠲᠥᠭᠦᠷᠢᠭ ᠵᠠᠷᠤᠴᠠᠭᠤᠯᠵᠤ᠂ ᠡᠮᠨᠡᠯᠭᠡ ᠠᠴᠠ ᠭᠠᠷᠤᠭᠠᠳ ᠡᠮ ᠡᠮᠨᠡᠯᠭᠡ ᠶᠢᠨ ᠳᠠᠭᠠᠳᠬᠠᠯ ᠢᠶᠠᠷ ᠲᠠᠩᠰᠠ ᠲᠠᠶᠢᠯᠤᠭᠤᠯᠤᠭᠰᠠᠨ ᠤ ᠲᠠᠷᠠᠭ᠎ᠠ ᠦᠨᠡᠨ ᠳᠡᠭᠡᠨ ᠵᠥᠪᠭᠡᠨ 2400 ᠭᠠᠷᠤᠢ ᠲᠥᠭᠦᠷᠢᠭ ᠵᠠᠷᠤᠴᠠᠭᠤᠯᠵᠠᠢ᠃ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ᠂ ᠰᠡᠳᠬᠢᠯ ᠳᠣᠲᠣᠷ᠎ᠠ ᠳᠤᠯᠠᠭᠠᠬᠠᠨ ᠰᠠᠨᠠᠭᠳᠠᠵᠤ ᠪᠠᠶᠢᠨ᠎ᠠ︕︾ ᠭᠡᠵᠦ ᠨᠠᠨ ᠶᠣᠣ ᠽᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠬᠤᠤ ᠹᠦ᠋ ᠬᠠᠢ ᠬᠡᠯᠡᠪᠡ᠃

    ᠲᠠᠷᠠᠭ᠎ᠠ ᠨᠢ ᠰᠢᠤᠸᠠᠢ ᡁᠢ ᠯᠦᠩ ᠥᠪᠥᠷ ᠮᠣᠩᠭᠤᠯ ᠤᠨ ᠬᠤᠸᠠ ᠢ ᠵᠦᠸᠧᠽᠢ ᠢᠯᠴᠢ ᠴᠠᠭᠢᠯᠭᠠᠨ ᠤ ᠬᠢᠵᠠᠭᠠᠷᠲᠤ ᠺᠤᠮᠫᠠᠨᠢ ᠳᠤ ᠬᠦᠷᠴᠦ᠂ ᠬᠤᠶᠠᠷ ᠬᠤᠷᠠᠯ ᠤᠨ ᠲᠠᠭᠤᠨ ᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠳᠠᠮᠵᠢᠭᠤᠯᠵᠤ᠂ ᠴᠢᠩᠭ᠎ᠠ ᠲᠤᠰᠬᠠᠯ ᠭᠠᠷᠪᠠ᠃ ᠰᠢᠤᠸᠠᠢ ᡁᠢ ᠯᠦᠩ ᠡᠩ ᠲᠡᠷᠢᠭᠦᠨ ᠳᠤ ᠬᠤᠶᠠᠷ ᠬᠤᠷᠠᠯ ᠤᠨ ᠪᠦᠬᠦᠯᠢ ᠴᠣᠭᠴᠠ ᠶᠢᠨ ᠪᠠᠶᠢᠳᠠᠯ ᠢ ᠲᠠᠨᠢᠯᠴᠠᠭᠤᠯᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠡᠨᠧᠷᠭᠢ ᠴᠠᠭᠢᠯᠭᠠᠨ ᠬᠦᠴᠦᠨ ᠤ ᠠᠵᠢᠯ ᠲᠥᠷᠥᠯ ᠲᠠᠢ ᠬᠤᠯᠪᠣᠭᠳᠠᠬᠤ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠵᠢᠱᠢᠶᠡᠯᠡᠪᠡᠯ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠵᠡᠷᠭᠡ ᠪᠣᠯᠣᠨ᠎ᠠ᠃ ᠲᠡᠷᠡ᠄ ︽ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠨᠢ ᠴᠠᠭᠢᠯᠭᠠᠨ ᠬᠦᠴᠦᠨ ᠤ ᠠᠵᠢᠯ ᠲᠦᠷᠦᠯ ᠳᠤ ᠠᠪᠴᠤ ᠬᠡᠯᠡᠪᠡᠯ ᠮᠠᠰᠢ ᠰᠠᠶᠢᠨ ᠠᠵᠠ ᠲᠣᠭᠢᠶᠠᠯ ᠪᠣᠯᠣᠨ᠎ᠠ︾ ᠭᠡᠵᠦ ᠬᠡᠯᠡᠪᠡ᠃

    ᠥᠪᠥᠷ ᠮᠣᠩᠭᠤᠯ ᠤᠨ ᠬᠤᠸᠠ ᠢ ᠵᠦᠸᠧᠽᠢ ᠢᠯᠴᠢ ᠴᠠᠭᠢᠯᠭᠠᠨ ᠤ ᠬᠢᠵᠠᠭᠠᠷᠲᠤ ᠺᠤᠮᠫᠠᠨᠢ ᠶᠢᠨ ᠲᠤᠨᠤᠭ ᠲᠥᠬᠦᠭᠡᠷᠦᠮᠵᠢ ᠶᠢ ᠬᠠᠮᠠᠭᠠᠯᠠᠬᠤ ᠬᠡᠯᠲᠡᠰ ᠤᠨ ᠠᠵᠢᠯᠲᠠᠨ ᠮᠠ ᡁᠢ ᠴᠤᠤ᠄ ︽ᠰᠢᠤᠸᠠᠢ ᡁᠢ ᠯᠦᠩ ᠲᠥᠯᠥᠭᠡᠯᠡᠭᠴᠢ ᠶᠢᠨ ᠬᠢᠭᠰᠡᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠠᠶᠢᠯᠤᠮᠵᠢ ᠶᠢ ᠰᠣᠨᠣᠰᠤᠭᠠᠳ ᠮᠠᠰᠢ ᠵᠣᠷᠢᠭᠵᠢᠪᠠ᠃ ᠪᠢ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠤᠷ᠎ᠠ ᠴᠢᠳᠠᠪᠤᠷᠢ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠺᠤᠮᠫᠠᠨᠢ ᠶᠢᠨ ᠰᠢᠲᠠᠭᠠᠯᠭ᠎ᠠ ᠶᠢᠨ ᠰᠢᠰᠲ᠋ᠧᠮ ᠤᠨ ᠠᠮᠤᠷ ᠲᠦᠪᠰᠢᠨ ᠥᠨᠳᠥᠷ ᠪᠦᠲᠦᠮᠵᠢᠲᠡᠢ ᠠᠵᠢᠯᠯᠠᠭᠠᠨ ᠪᠠ ᠠᠵᠤ ᠦᠢᠯᠡᠰ ᠤᠨ ᠪᠣᠬᠢᠷᠳᠤᠯ ᠦᠭᠡᠢ ᠬᠥᠭᠵᠢᠯᠲᠡ ᠳᠤ ᠵᠠᠯᠠᠭᠤ ᠨᠠᠰᠤ ᠪᠠ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ