ᠰᠦᠨ ᠶᠢᠩ ᠲᠥᠯᠥᠭᠡᠯᠡᠭᠴᠢ᠄ ᠠᠷᠠᠳ ᠣᠯᠠᠨ ᠤ ᠡᠷᠡᠭᠦᠯ ᠮᠡᠨᠳᠦ ᠳᠤ ᠨᠠᠩ ᠰᠠᠶᠢᠨ ᠦᠢᠯᠡᠴᠢᠯᠡᠨ᠎ᠡ
ᠨᠡᠶᠢᠲᠡᠯᠡᠭᠰᠡᠨ ᠴᠠᠭ᠄
2025/3/19


      3 ᠰᠠᠷ᠎ᠠ ᠶᠢᠨ 14 ᠤ ᠡᠳᠦᠷ᠂ ᠪᠦᠭᠦ ᠤᠯᠤᠰ ᠤᠨ ᠬᠤᠶᠠᠷ ᠬᠤᠷᠠᠯ ᠳᠤ ᠣᠷᠣᠯᠴᠠᠭᠠᠳ ᠰᠠᠶ᠋ᠢᠬᠠᠨ ᠨᠤᠲᠤᠭ ᠲᠠᠭᠠᠨ ᠪᠤᠴᠠᠭᠰᠠᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠡᠷᠭᠢᠯᠡᠭᠴᠢ ᠰᠦᠨ ᠶᠢᠩ ᠠᠵᠢᠯ ᠤᠨ ᠪᠠᠶᠢᠷᠢ ᠳᠠᠭᠠᠨ ᠪᠤᠴᠠᠭᠰᠠᠨ ᠤ ᠳᠠᠷᠠᠭ᠎ᠠ ᠲᠡᠷᠡ ᠳᠠᠷᠤᠢ ᠳᠤᠨᠢ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠠᠵᠢᠯᠯᠠᠭᠰᠠᠳ ᠲᠠᠭᠠᠨ ᠳᠠᠮᠵᠢᠭᠤᠯᠵᠤ᠂ ᠬᠤᠷᠠᠯ ᠳᠤ ᠣᠷᠣᠯᠴᠠᠬᠰᠠᠨ ᠲᠥᠷᠥᠭᠳᠡᠯ ᠢᠶᠠᠨ ᠬᠤᠪᠢᠶᠠᠯᠴᠠᠪᠠ᠃
      ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︿ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ﹀ ᠶᠢ ᠠᠬᠢᠭᠤᠯᠤᠨ᠎ᠠ ᠭᠡᠵᠦ ᠳᠤᠷᠠᠳᠴᠠᠢ᠃ ᠠᠵᠢᠯ ᠠᠮᠢᠳᠤᠷᠠᠯ ᠤᠨ ᠳᠤᠮᠳᠠ ᠭᠡᠰᠡᠨ ᠦᠭᠡᠢ ᠪᠢᠳᠡ ᠴᠥᠮ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠤ ᠮᠡᠳᠡᠯᠭᠡ ᠶᠢ ᠴᠢᠷᠮᠠᠶᠢᠨ ᠲᠦᠭᠡᠮᠡᠯᠵᠢᠭᠦᠯᠬᠦ ᠬᠡᠷᠡᠭᠲᠡᠢ᠃ ᠣᠨᠣᠰᠢᠯᠠᠨ ᠡᠮᠨᠡᠬᠦ ᠶᠠᠪᠤᠴᠠ ᠶᠢ ᠪᠡᠶᠡᠯᠡᠭᠦᠯᠬᠦ ᠶᠢ ᠪᠣᠳᠣᠯᠬᠢᠯᠠᠬᠤ ᠪᠠᠷ ᠪᠠᠷᠠᠬᠤ ᠦᠭᠡᠢ ᠡᠮᠴᠢᠯᠡᠭᠡᠨ ᠤ ᠦᠢᠯᠡᠴᠢᠯᠡᠭᠡ ᠪᠠᠷ ᠳᠡᠮᠵᠢᠨ ᠡᠪᠡᠳᠴᠢᠲᠡᠨ ᠢ ᠬᠡᠷᠬᠢᠨ ᠡᠪᠡᠳᠴᠢᠨ ᠡᠮᠭᠡᠭ ᠢ ᠰᠠᠶᠢᠲᠤᠷ ᠬᠢᠵᠠᠭᠠᠷᠯᠠᠬᠤ ᠪᠠ ᠬᠠᠮᠢᠶᠠᠷᠬᠤ ᠶᠢ ᠪᠡᠶᠡᠯᠡᠭᠦᠯᠬᠦ ᠲᠤᠬᠠᠢ ᠭᠦᠨᠵᠡᠭᠡᠢ ᠪᠣᠳᠣᠯᠬᠢᠯᠠᠬᠤ ᠬᠡᠷᠡᠭᠲᠡᠢ︾᠃ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠦᠵᠡᠭᠦᠯᠭᠦ ᠬᠢᠴᠢᠶᠡᠯ ᠤᠨ ᠭᠡᠷ ᠲᠤ ᠰᠦᠨ ᠶᠢᠩ ᠬᠠᠮᠲᠤ ᠠᠵᠢᠯᠯᠠᠭᠰᠠᠳ ᠲᠠᠢ ᠪᠠᠨ ᠬᠠᠮᠲᠤ ᠬᠦᠷᠢᠶᠡᠯᠡᠨ ᠰᠠᠭᠤᠵᠤ᠂ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ ᠪᠠᠶᠢᠯ᠎ᠠ᠃ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠲᠡᠮᠳᠡᠭᠯᠡᠵᠦ᠂ ᠪᠠᠶᠢᠨ ᠪᠠᠶᠢᠨ ᠣᠯᠣᠯᠲᠠ ᠲᠥᠷᠥᠭᠳᠡᠯ ᠢᠶᠠᠨ ᠰᠣᠯᠢᠯᠴᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃
      ︽ᠰᠦᠨ ᠶᠢᠩ ᠡᠷᠭᠢᠯᠡᠭᠴᠢ ᠶᠢᠨ ᠤᠬᠠᠭᠤᠯᠤᠨ ᠲᠠᠶᠢᠯᠪᠤᠷᠢᠯᠠᠯᠲᠠ ᠨᠢ ᠬᠥᠮᠥᠰ ᠢ ᠤᠷᠮᠠᠰᠢᠭᠤᠯᠤᠨ᠎ᠠ᠃ ᠬᠤᠶᠢᠰᠢᠳᠠ ᠶᠢᠨ ᠡᠮᠴᠢᠯᠡᠭᠡᠨ ᠤ ᠠᠵᠢᠯ ᠳᠤᠮᠳᠠ ᠪᠠᠨ ᠪᠢ ᠡᠪᠡᠳᠴᠢᠲᠡᠨ ᠤ ᠡᠷᠡᠭᠦᠯ ᠮᠡᠨᠳᠦ ᠪᠠᠷ ᠭᠤᠣᠯ ᠰᠢᠵᠢᠮ ᠪᠤᠯᠭᠠᠵᠤ᠂ ᠡᠪᠡᠳᠴᠢᠲᠡᠨ ᠤ ᠡᠮᠨᠡᠯᠭᠡ ᠳᠤ ᠰᠠᠭᠤᠬᠤ ᠬᠤᠭᠤᠴᠠᠭᠠᠨ ᠳᠠᠬᠢ ᠡᠪᠡᠳᠴᠢᠨ ᠡᠮᠭᠡᠭ ᠢ ᠣᠨᠣᠰᠢᠯᠠᠨ ᠡᠮᠨᠡᠬᠦ ᠦᠢᠯᠡᠴᠢᠯᠡᠭᠡ ᠶᠢ ᠰᠠᠶᠢᠲᠤᠷ ᠬᠢᠵᠦ᠂ ᠡᠪᠡᠳᠴᠢᠲᠡᠨ ᠤ ᠡᠮᠨᠡᠯᠭᠡ ᠠᠴᠠ ᠭᠠᠷᠤᠭᠰᠠᠨ ᠤ ᠳᠠᠷᠠᠭᠠᠬᠢ ᠡᠷᠡᠭᠦᠯ ᠮᠡᠨᠳᠦ ᠶᠢᠨ ᠬᠥᠮᠦᠵᠢᠯ᠂ ᠮᠥᠷᠳᠡᠨ ᠠᠰᠠᠭᠤᠬᠤ᠂ ᠣᠨᠣᠰᠢᠯᠠᠨ ᠡᠮᠨᠡᠬᠦ ᠵᠢᠯᠣᠭᠤᠳᠤᠯᠭ᠎ᠠ ᠶᠢ ᠨᠠᠩ ᠰᠠᠶᠢᠲᠤᠷ ᠬᠢᠨ᠎ᠡ︾ ᠭᠡᠵᠦ ᠤᠯᠠᠭᠠᠨᠬᠠᠳᠠ ᠬᠤᠲᠠ ᠶᠢᠨ ᠡᠮᠨᠡᠯᠭᠡ ᠶᠢᠨ ᠬᠤᠷᠢᠶ᠎ᠠ ᠶᠢᠨ ᠴᠢᠰᠤᠨ ᠤ ᠰᠠᠯᠠᠭᠠᠨ ᠤ ᠨᠢᠭᠡᠳᠦᠭᠡᠷ ᠡᠪᠡᠳᠴᠢᠲᠡᠨ ᠤ ᠲᠣᠭᠤᠷᠢᠭ ᠤᠨ ᠡᠮᠴᠢ ᠯᠢ ᠢ ᠬᠡᠯᠡᠪᠡ᠃
      1995 ᠣᠨ ᠳᠤ ᠰᠦᠨ ᠶᠢᠩ ᠡᠮᠴᠢ ᠶᠢᠨ ᠠᠵᠢᠯ ᠤᠨ ᠭᠠᠷᠤᠭ᠎ᠠ ᠪᠠᠨ ᠠᠪᠴᠤ᠂ ᠤᠯᠠᠨ ᠵᠢᠯ ᠤᠨ ᠲᠤᠷᠰᠢ ᠰᠢᠷᠭᠠᠭᠤ ᠬᠢᠴᠢᠶᠡᠩᠭᠦᠢ᠂ ᠯᠠᠪᠳᠠᠭᠤᠨ ᠪᠠᠲᠤᠲᠠᠢ ᠪᠠᠷ ᠠᠵᠢᠯᠯᠠᠪᠠ᠃ 2010 ᠣᠨ ᠳᠤ ᠴᠢᠰᠤᠨ ᠤ ᠰᠠᠯᠠᠭᠠᠨ ᠤ ᠡᠷᠭᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ ᠰᠦᠨ ᠶᠢᠩ ᠪᠦᠯᠭᠦᠮ ᠨᠡᠶᠢᠲᠡ ᠪᠠᠨ ᠳᠠᠭᠠᠭᠤᠯᠤᠨ ᠪᠦᠭᠦ ᠣᠷᠣᠨ ᠳᠤ ᠡᠩ ᠲᠡᠷᠢᠭᠦᠨ ᠳᠤ ᠡᠮᠨᠡᠨ ᠵᠠᠰᠠᠬᠤ ᠴᠢᠨᠠᠷᠲᠠᠢ ᠴᠢᠰᠤᠨ ᠤ ᠪᠦᠷᠢᠯᠳᠦᠭᠦᠨ ᠢ ᠠᠷᠢᠯᠭᠠᠬᠤ᠂ ᠴᠢᠰᠤ ᠦᠢᠯᠡᠳᠬᠦ ᠭᠤᠣᠯ ᠡᠰ ᠢ ᠴᠤᠭᠯᠠᠭᠤᠯᠬᠤ᠂ ᠲᠣᠭᠠᠯᠠᠬᠤ᠂ ᠬᠥᠯᠳᠡᠭᠡᠨ ᠬᠠᠳᠠᠭᠠᠯᠠᠬᠤ᠂ ᠳᠠᠭᠢᠨ ᠳᠤᠯᠠᠭᠠᠴᠠᠭᠤᠯᠬᠤ ᠮᠡᠷᠭᠡᠵᠢᠯ ᠵᠢᠴᠢ ᠥᠪᠡᠷ ᠤᠨ ᠴᠢᠰᠤ ᠦᠢᠯᠡᠳᠬᠦ ᠭᠤᠣᠯ ᠡᠰ ᠢ ᠰᠢᠯᠵᠢᠭᠦᠯᠬᠦ ᠮᠡᠷᠭᠡᠵᠢᠯ ᠵᠡᠷᠭᠡ ᠶᠢ ᠥᠷᠨᠢᠭᠦᠯᠦᠭᠰᠡᠨ ᠪᠥᠭᠡᠳ ᠳᠡᠯᠭᠡᠷᠡᠭᠦᠯᠵᠦ᠂ ᠠᠷᠠᠳ ᠣᠯᠠᠨ ᠤ ᠭᠡᠷ ᠤᠨ ᠢᠶᠠᠨ ᠡᠭᠦᠳᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠭᠦᠷᠲᠡᠭᠦ ᠶᠢ ᠪᠡᠶᠡᠯᠡᠭᠦᠯᠪᠡ᠃
      ᠠᠷᠠᠳ ᠣᠯᠠᠨ ᠤ ᠡᠷᠡᠭᠦᠯ ᠮᠡᠨᠳᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠨ ᠶᠢᠩ ᠠᠷᠠᠳ ᠣᠯᠠᠨ ᠤ ᠬᠦᠰᠡᠯ ᠱᠠᠭᠠᠷᠳᠠᠯᠭ᠎ᠠ ᠶᠢ ᠴᠤᠭᠯᠠᠭᠤᠯᠤᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠭᠰᠡᠭᠡᠷ ᠢᠷᠡᠵᠡᠶ᠃ ᠡᠨᠡ ᠵᠢᠯ ᠰᠦᠨ ᠶᠢᠩ ᠪᠦᠭᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ︽ᠴᠢᠰᠤ ᠬᠠᠳᠠᠭᠠᠯᠠᠬᠤ ᠮᠠᠶ᠋ᠢᠭ ᠤᠨ ᠥᠪᠡᠷ ᠤᠨ ᠪᠡᠶ᠎ᠡ ᠶᠢᠨ ᠴᠢᠰᠤ ᠶᠡᠭᠦᠯᠡᠬᠦ ᠮᠡᠷᠭᠡᠵᠢᠯ ᠢ ᠳᠡᠯᠭᠡᠷᠡᠭᠦᠯᠵᠦ᠂ ᠴᠢᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠳᠡᠭᠡᠭᠰᠢᠯᠡᠭᠦᠯᠭᠦ︾᠂ ︽ᠮᠠᠨ ᠤ ᠤᠯᠤᠰ ᠤᠨ ᠤᠮᠠᠷᠠᠲᠤ ᠶᠢᠨ ᠬᠠᠷᠰᠢᠮᠠᠲᠠᠭᠠᠢ ᠠᠮᠢᠰᠬᠤᠯ ᠤᠨ ᠰᠢᠰᠲ᠋ᠧᠮ ᠤᠨ ᠡᠪᠡᠳᠴᠢᠨ ᠡᠮᠭᠡᠭ ᠢ ᠭᠤᠣᠯᠳᠠᠯᠭ᠎ᠠ ᠲᠠᠢ ᠠᠩᠬᠠᠷᠬᠤ ᠪᠠ ᠢᠳᠡᠪᠬᠢᠲᠡᠢ ᠰᠡᠷᠭᠡᠶᠢᠯᠡᠨ ᠵᠠᠰᠠᠬᠤ ᠬᠠᠮᠢᠶᠠᠷᠤᠯᠲᠠ ᠶᠢ ᠴᠢᠩᠭᠠᠳᠬᠠᠬᠤ︾ ᠰᠠᠨᠠᠭᠤᠯᠭ᠎ᠠ ᠳᠤᠷᠠᠳᠴᠤ᠂ ᠠᠷᠠᠳ ᠣᠯᠠᠨ ᠤ ᠡᠷᠡᠭᠦᠯ ᠮᠡᠨᠳᠦ ᠪᠠ ᠡᠪᠡᠳᠴᠢᠨ ᠦᠵᠡᠭᠦᠯᠭᠦ ᠬᠡᠷᠡᠭᠴᠡᠭᠡ ᠱᠠᠭᠠᠷᠳᠠᠯᠭ᠎ᠠ ᠶᠢ ᠤᠷᠮᠠᠰᠢᠭᠤᠯᠤᠨ ᠤᠷᠢᠶᠠᠯᠠᠪᠠ᠃
      ︽ᠡᠮᠴᠢ ᠬᠥᠮᠥᠨ ᠤ ᠡᠨᠡᠷᠢᠩᠭᠦᠢ ᠰᠡᠳᠬᠢᠯ︾ ᠰᠦᠨ ᠶᠢᠩ ᠤᠨ ᠰᠡᠳᠬᠢᠯ ᠳᠤ ᠪᠠᠲᠤ ᠬᠠᠳᠠᠩᠰᠢᠵᠠᠢ᠃ ︽ᠬᠤᠶᠢᠰᠢᠳᠠ ᠶᠢᠨ ᠠᠵᠢᠯ ᠳᠤᠮᠳᠠ ᠪᠠᠨ ᠪᠢ ᠡᠮᠴᠢᠯᠡᠭᠡᠨ ᠤ ᠦᠢᠯᠡᠴᠢᠯᠡᠭᠡ ᠶᠢᠨ ᠲᠦᠪᠰᠢᠨ ᠪᠠ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠶᠢᠨ ᠬᠠᠮᠲᠤ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠰᠠᠶᠢᠲᠤᠷ ᠬᠢᠵᠦ᠂ ᠡᠪᠡᠳᠴᠢᠲᠡᠨ ᠢ ᠬᠥᠲᠥᠯᠥᠨ ᠵᠢᠯᠤᠭᠤᠳᠴᠤ ᠪᠠᠶᠢᠭᠠᠳ ᠵᠥᠪ ᠡᠷᠡᠭᠦᠯ ᠮᠡᠨᠳᠦ ᠶᠢᠨ ᠦᠵᠡᠯᠲᠡ ᠲᠠᠢ ᠪᠣᠯᠭᠠᠨ᠎ᠠ᠃ ᠡᠭᠦᠨ ᠠᠴᠠ ᠭᠠᠳᠠᠨ᠎ᠠ ᠪᠢ ᠪᠠᠰᠠ ᠰᠦᠯᠵᠢᠶᠡᠨ ᠳᠡᠭᠡᠷᠡᠬᠢ ᠡᠮᠴᠢᠯᠡᠭᠡ᠂ ᠡᠷᠳᠡᠮ ᠰᠢᠨᠵᠢᠯᠡᠭᠡᠨ ᠤ ᠲᠠᠶᠢᠯᠤᠮᠵᠢ ᠵᠡᠷᠭᠡ ᠣᠯᠠᠨ ᠵᠦᠢᠯ ᠤᠨ ᠭᠡᠯᠪᠡᠷᠢ ᠶᠢ ᠭᠦᠢᠴᠡᠳ ᠠᠰᠢᠭᠯᠠᠨ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠨᠠᠩ ᠰᠠᠶᠢᠨ ᠦᠢᠯᠡᠴᠢᠯᠡᠨ᠎ᠡ︾ ᠭᠡᠵᠦ ᠰᠦᠨ ᠶᠢᠩ ᠬᠡᠯᠡᠪᠡ

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ