ᠠᠯᠲᠠᠨᠳᠠᠯᠠᠢ ᠭᠡᠰᠢᠭᠦᠨ᠄ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠡᠭᠦᠷᠢᠳᠡ ᠪᠠᠳᠠᠷᠠᠭᠤᠯᠵᠤ ᠡᠷᠢᠨ ᠴᠠᠭ ᠢᠶᠠᠨ ᠡᠭᠡᠰᠢᠭᠯᠡᠨ ᠳᠠᠭᠤᠯᠠᠨ᠎ᠠ
ᠨᠡᠶᠢᠲᠡᠯᠡᠭᠰᠡᠨ ᠴᠠᠭ᠄
2025/3/20

    3 ᠰᠠᠷ᠎ᠠ ᠶᠢᠨ 15 ᠤ ᠦᠳᠡ ᠶᠢᠨ ᠡᠮᠦᠨ᠎ᠡ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠰᠢᠯᠢ ᠶᠢᠨ ᠭᠤᠣᠯ ᠠᠶᠢᠮᠠᠭ ᠤᠨ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠳᠠᠷᠤᠭ᠎ᠠ ᠠᠯᠲᠠᠨᠳᠠᠯᠠᠢ ᠨᠤᠲᠤᠭ ᠲᠠᠭᠠᠨ ᠪᠤᠴᠠᠵᠤ ᠢᠷᠡᠭᠰᠡᠨ ᠤ ᠳᠠᠷᠠᠭ᠎ᠠ᠂ ᠰᠥᠨᠢᠳ ᠵᠡᠭᠦᠨ ᠬᠤᠰᠢᠭᠤᠨ ᠤ ᠨᠠᠮ ᠤᠨ ᠰᠤᠷᠭᠠᠭᠤᠯᠢ ᠳᠤ ᠬᠦᠷᠴᠦ᠂ ᠨᠤᠲᠤᠭ ᠤᠨ ᠢᠶᠠᠨ ᠺᠠᠳ᠋ᠷ ᠣᠯᠠᠨ ᠲᠦᠮᠡᠨ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠡᠷᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠯᠦᠭᠡ ᠤᠶᠠᠯᠳᠤᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠵᠡᠷᠭᠡ ᠠᠭᠤᠯᠭ᠎ᠠ ᠶᠢ ᠲᠠᠶᠢᠯᠪᠤᠷᠢᠯᠠᠬᠤ ᠶᠢᠨ ᠬᠠᠮᠲᠤ ᠦᠨᠳᠦᠰᠦᠨ ᠱᠠᠲᠤᠨ ᠤ ᠺᠠᠳ᠋ᠷᠴᠤᠳ ᠤᠨ ᠣᠯᠠᠨ ᠲᠦᠮᠡᠨ ᠤ ᠠᠮᠢᠳᠤᠷᠠᠯ ᠳᠤ ᠭᠦᠨᠵᠡᠭᠡᠶᠢᠷᠡᠵᠦ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠦᠢᠯᠡᠴᠢᠯᠡᠬᠦ ᠶᠢ ᠵᠣᠷᠢᠭᠵᠢᠭᠤᠯᠪᠠ᠃

    ᠠᠯᠲᠠᠨᠳᠠᠯᠠᠢ᠄ ︽ᠬᠢᠯᠢ ᠬᠢᠵᠠᠭᠠᠷ ᠤᠨ ᠬᠥᠭᠵᠢᠯᠲᠡ ᠺᠠᠳ᠋ᠷ ᠤᠯᠠᠨ ᠲᠦᠮᠡᠨ ᠤ ᠴᠢᠷᠮᠠᠶᠢᠯᠭ᠎ᠠ ᠠᠴᠠ ᠰᠠᠯᠵᠤ ᠴᠢᠳᠠᠬᠤ ᠦᠭᠡᠢ᠂ ᠪᠢᠳᠡ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠳᠡᠭᠡᠨ ᠳᠠᠮᠵᠢᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠠᠯᠴᠢᠨ ᠲᠠᠷᠢᠶᠠᠴᠢᠨ ᠢᠶᠠᠨ ᠲᠠᠶᠢᠴᠢᠯᠠᠨ ᠳᠠᠭᠠᠭᠤᠯᠵᠤ᠂ ᠬᠠᠮᠲᠤ ᠪᠠᠷ ᠴᠢᠨᠡᠭᠡᠯᠢᠭᠵᠢᠨ ᠪᠠᠶᠠᠵᠢᠯ ᠤᠨ ᠲᠠᠷᠳᠠᠩ ᠬᠠᠷᠭᠤᠢ ᠪᠠᠷ ᠵᠠᠮᠨᠠᠵᠠᠭᠠᠶ᠎ᠠ᠃ ᠪᠢᠳᠡ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠤᠶ᠎ᠠ︾ ᠭᠡᠵᠦ ᠬᠡᠯᠡᠭᠰᠡᠨ ᠪᠠᠶᠢᠨ᠎ᠠ᠃

    ᠰᠥᠨᠢᠳ ᠵᠡᠭᠦᠨ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠭᠢᠯᠡᠭᠴᠢ ᠯᠢᠦ ᡁᠢ ᠭᠠᠩ᠄ ︽ᠰᠠᠶ᠋ᠢᠬᠠᠨ ᠪᠢᠳᠡ ᠠᠯᠲᠠᠨᠳᠠᠯᠠᠢ ᠨᠥᠬᠦᠷ ᠤᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭᠠᠨ ᠤ ᠲᠤᠬᠠᠢ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠮᠠᠰᠢ ᠵᠣᠷᠢᠭᠵᠢᠯ᠎ᠠ᠃ ᠡᠨᠡ ᠵᠢᠯ ᠤᠨ ᠬᠤᠶᠠᠷ ᠬᠤᠷᠠᠯ ᠳᠡᠭᠡᠷ᠎ᠡ ︿ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ﹀ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠬᠤ ᠬᠡᠷᠡᠭᠲᠡᠢ ᠭᠡᠵᠦ ᠳᠠᠬᠢᠨᠲᠠ ᠳᠤᠷᠠᠳᠪᠠ᠃ ᠲᠤᠬᠠᠶᠢᠯᠠᠭᠰᠠᠨ ᠠᠵᠢᠯ ᠲᠥᠷᠥᠯ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠢᠳᠡ ᠵᠠᠯᠭᠠᠭᠠᠳ ᠲᠣᠮᠣ ᠠᠵᠢᠯ ᠣᠯᠭᠤᠯᠲᠠ ᠶᠢᠨ ᠪᠠᠶᠢᠷᠢᠰᠢᠯ ᠢ ᠪᠠᠶᠢᠭᠤᠯᠵᠤ᠂ ᠭᠦᠳᠡᠯᠮᠦᠷᠢ ᠬᠦᠴᠦᠨ ᠤ ᠬᠠᠩᠭᠠᠯᠭ᠎ᠠ ᠬᠡᠷᠡᠭᠴᠡᠭᠡ ᠶᠢ ᠲᠣᠬᠢᠷᠠᠭᠤᠯᠬᠤ ᠲᠠᠯ᠎ᠠ ᠪᠠᠷ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ᠂ ᠦᠢᠯᠡᠴᠢᠯᠡᠭᠡ ᠶᠢᠨ ᠨᠠᠷᠢᠨ ᠲᠠᠩᠰᠠ᠂ ᠠᠵᠢᠯ ᠤᠨ ᠪᠠᠶᠢᠷᠢ ᠶᠢᠨ ᠨᠠᠷᠢᠨ ᠲᠠᠩᠰᠠ᠂ ᠠᠵᠢᠯᠲᠠᠨ ᠤ ᠨᠠᠷᠢᠨ ᠲᠠᠩᠰᠠ ᠭᠠᠷᠭᠠᠵᠤ᠂ ᠪᠦᠭᠦ ᠬᠤᠰᠢᠭᠤᠨ ᠤ ᠠᠵᠢᠯᠴᠢᠨ ᠬᠡᠷᠡᠭᠯᠡᠬᠦ ᠠᠵᠢᠯ ᠤᠨ ᠪᠠᠶᠢᠷᠢ ᠶᠢᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠢ ᠣᠶᠢᠯᠠᠭᠠᠵᠤ᠂ ᠬᠥᠳᠡᠯᠮᠦᠷᠢᠴᠢᠨ ᠤᠯᠠᠨ ᠳᠤ ᠨᠠᠩ ᠳᠥᠭᠦᠮ ᠳᠥᠲᠡ ᠦᠢᠯᠡᠴᠢᠯᠡᠭᠡ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠳᠤᠷᠠᠳᠤᠭᠰᠠᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠬᠦᠴᠦᠯᠡᠨ ᠠᠬᠢᠭᠤᠯᠤᠨ᠎ᠠ︾ ᠭᠡᠪᠡ᠃

    ᠠᠯᠲᠠᠨᠳᠠᠯᠠᠢ ᠨᠠᠮ ᠤᠨ ᠰᠤᠷᠭᠠᠭᠤᠯᠢ ᠳᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠪᠠᠷᠠᠭᠰᠠᠨ ᠤ ᠳᠠᠷᠠᠭ᠎ᠠ ᠠᠵᠢᠯ ᠤᠨ ᠪᠠᠶᠢᠷᠢᠨ ᠳᠠᠭᠠᠨ ᠪᠤᠴᠠᠵᠤ᠂ ᠤᠯᠠᠭᠠᠨᠮᠥ᠋ᠴᠢᠷ ᠤᠨ ᠭᠡᠰᠢᠭᠦᠳ ᠲᠠᠢ ᠪᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠬᠤᠪᠢᠶᠠᠯᠴᠠᠪᠠ᠃ ᠠᠯᠲᠠᠨᠳᠠᠯᠠᠢ᠄ ︽ᠤᠯᠠᠭᠠᠨᠮᠥ᠋ᠴᠢᠷ ᠤᠨ ᠦᠨᠳᠦᠰᠦ ᠰᠠᠭᠤᠷᠢ ᠦᠨᠳᠦᠰᠦᠨ ᠱᠠᠲᠤᠨ ᠳᠤ ᠪᠤᠢ᠂ ᠰᠦᠭ ᠰᠦᠨᠡᠰᠦ ᠨᠢ ᠠᠷᠠᠳ ᠲᠦᠮᠡᠨ ᠤ ᠳᠤᠮᠳᠠ ᠪᠤᠢ᠂ ᠵᠣᠬᠢᠶᠠᠨ ᠪᠦᠲᠦᠭᠡᠯᠭᠡ ᠨᠢ ᠬᠤᠪᠢᠰᠬᠠᠯᠲᠤ ᠤᠳᠤᠮᠰᠢᠯ ᠢ ᠵᠠᠯᠭᠠᠮᠵᠢᠯᠠᠬᠤ ᠪᠠᠷ ᠪᠠᠷᠠᠬᠤ ᠦᠭᠡᠢ ᠪᠠᠰᠠ ᠴᠠᠭ ᠦᠶ᠎ᠡ ᠶᠢᠨ ᠠᠯᠬᠤᠭ᠎ᠠ ᠶᠢ ᠲᠠᠭᠠᠵᠤ᠂ ᠤᠯᠠᠮᠵᠢᠯᠠᠯ ᠰᠢᠨᠡᠴᠢᠯᠡᠯ ᠢᠶᠠᠷ ᠰᠣᠶᠣᠯ ᠤᠷᠠᠯᠢᠭ ᠢᠶᠠᠨ ᠤᠯᠠᠮ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ︾ ᠭᠡᠵᠦ ᠶᠠᠷᠢᠭᠰᠠᠨ ᠪᠠᠶᠢᠨ᠎ᠠ᠃

    ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠪᠠᠷ ᠲᠠᠮᠵᠢᠨ᠂ ᠡᠷᠴᠢ ᠵᠣᠷᠢᠭ ᠬᠥᠪᠴᠢᠯᠡᠭᠳᠡᠵᠦ᠂ ᠠᠵᠢᠯ ᠦᠢᠯᠡᠰ ᠢᠶᠠᠨ ᠳᠡᠭᠡᠳᠦᠯᠡᠵᠦ᠂ ᠨᠡᠩ ᠤᠯᠠᠨ ᠰᠣᠳᠣᠨ ᠰᠠᠶᠢᠬᠠᠨ ᠤᠷᠠᠯᠢᠭ ᠤᠨ ᠪᠦᠲᠦᠭᠡᠯ ᠢᠶᠠᠨ ᠠᠷᠠᠳ ᠤᠯᠠᠨ ᠳᠠᠭᠠᠨ ᠡᠷᠭᠦᠨ ᠪᠠᠷᠢᠬᠤ ᠪᠠᠷ ᠴᠢᠷᠮᠠᠶᠢᠨ ᠲᠡᠮᠡᠴᠡᠨ᠎ᠡ ᠭᠡᠵᠦ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤᠯᠠᠭᠠᠨᠮᠥ᠋ᠴᠢᠷ ᠤᠨ ᠭᠡᠰᠢᠭᠦᠳ ᠢᠯᠡᠷᠬᠡᠶᠢᠯᠡᠵᠡᠭᠡᠭᠰᠡᠨ ᠪᠠᠶᠢᠨ᠎ᠠ᠃ ᠲᠠᠳᠠ ᠤᠳᠤ ᠶᠠᠭ ᠢᠵᠠᠭᠤᠷ ᠤᠷᠠᠯᠢᠭ ᠪᠣᠯᠣᠨ ᠣᠲᠣ ᠦᠶ᠎ᠡ ᠶᠢᠨ ᠠᠶ᠎ᠠ ᠳᠠᠭᠤᠤ ᠶᠢ ᠠᠮᠢᠳᠤᠯᠢᠭ ᠤᠶᠠᠯᠳᠤᠭᠤᠯᠬᠤ ᠪᠠᠷ ᠲᠤᠷᠰᠢᠵᠤ ᠪᠠᠶᠢᠬᠤ ᠪᠥᠭᠡᠳ ᠣᠬᠤᠷ ᠹᠢᠯᠢᠮ ᠰᠢᠩᠭᠡᠬᠡᠨ ᠦᠢᠯᠡᠳᠴᠦ᠂ ᠰᠦᠯᠵᠢᠶ᠎ᠡ ᠳᠡᠭᠡᠷ᠎ᠡ ᠬᠥᠮᠥᠰ ᠲᠤ ᠠᠶ᠎ᠠ ᠳᠠᠭᠤᠤ ᠪᠠᠨ ᠰᠣᠨᠣᠷᠳᠠᠭᠤᠯᠬᠤ ᠪᠠᠷ ᠲᠥᠰᠥᠪᠯᠡᠵᠦ ᠪᠠᠶᠢᠨ᠎ᠠ᠃

    ᠠᠯᠲᠠᠨᠳᠠᠯᠠᠢ ᠶᠢᠨ ᠢᠯᠡᠷᠬᠡᠶᠢᠯᠡᠬᠦ ᠪᠠᠷ᠂ ᠡᠨᠡ ᠵᠢᠯ ᠰᠥᠨᠢᠳ ᠵᠡᠭᠦᠨ ᠬᠤᠰᠢᠭᠤᠨ ᠤ ᠤᠯᠠᠭᠠᠨᠮᠥ᠋ᠴᠢᠷ ︽ᠵᠠᠭᠤᠨ ᠲᠠᠯᠠᠪᠠᠢ ᠬᠢᠯᠢ ᠬᠢᠵᠠᠭᠠᠷ ᠤᠨ ᠲᠣᠭᠤᠷᠢᠨ ᠲᠤᠬᠯᠠᠯᠳᠠ ᠶᠢᠨ ᠠᠶᠠᠯᠠᠯ︾ ᠥᠷᠨᠢᠭᠦᠯᠬᠦ ᠪᠠᠷ ᠲᠥᠯᠥᠪᠯᠡᠵᠦ ᠪᠤᠢ᠂ ᠡᠨᠡ ᠨᠢ ᠰᠥᠨᠢᠳ ᠵᠡᠭᠦᠨ ᠬᠤᠰᠢᠭᠤᠨ ᠤ 3.4 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠳᠡᠭᠡᠷᠡᠬᠢ ᠮᠠᠯᠵᠢᠬᠤ ᠣᠷᠣᠨ᠂ ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠢ ᠬᠠᠮᠤᠷᠴᠤ ᠪᠤᠢ᠃ ᠪᠢᠳᠡ ᠪᠠᠰᠠ ᠰᠢᠨ᠎ᠡ ᠤᠯᠠᠮᠵᠢᠯᠠᠨ ᠳᠠᠮᠵᠢᠭᠤᠯᠬᠤ ᠠᠷᠭ᠎ᠠ ᠵᠠᠮ ᠢ ᠢᠳᠡᠪᠬᠢᠲᠡᠢ ᠰᠦᠪᠡᠭᠴᠢᠯᠡᠬᠦ ᠶᠢᠨ ᠬᠠᠮᠲᠤ᠂ ᠭᠠᠳᠠᠷ ᠣᠷᠣᠨ ᠳᠠᠬᠢ ᠲᠣᠭᠤᠷᠢᠨ ᠲᠣᠬᠯᠠᠯᠳᠠ ᠶᠢ ᠵᠣᠬᠢᠶᠠᠨ ᠪᠠᠶᠢᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠥᠷᠥᠯ ᠲᠡᠮᠳᠡᠭ ᠢ ᠪᠦᠭᠦ ᠤᠯᠤᠰ ᠲᠤ ᠰᠤᠷᠲᠠᠯᠴᠢᠯᠠᠬᠤ ᠪᠠᠷ ᠵᠣᠷᠢᠵᠤ ᠪᠤᠢ ᠭᠡᠯ᠎ᠡ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ