|
ᠡᠳᠦᠷ ᠳᠤᠮᠳᠠᠴᠢ ᠪᠠᠷ 6 ᠲᠦᠮᠡᠨ ᠮᠦ ᠡᠯᠡᠰᠦ ᠶᠢ ᠵᠠᠰᠠᠭᠰᠠᠨ ᠥᠪᠥᠷ ᠮᠣᠩᠭᠤᠯ ᠤᠨ ᠢᠲᠡᠭᠡᠯ ᠵᠣᠷᠢᠭ |
|
|
ᠨᠡᠶᠢᠲᠡᠯᠡᠭᠰᠡᠨ ᠴᠠᠭ᠄
2025/3/24
|
|
ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ 2024 ᠣᠨ ᠳᠤ ᠳᠠᠬᠢᠨᠲᠠ ᠲᠡᠦᠬᠡᠲᠦ ᠴᠢᠨᠠᠷᠲᠠᠢ ᠠᠯᠬᠤᠮ ᠢ ᠠᠯᠬᠤᠪᠠ — ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠪᠦᠭᠦ ᠣᠷᠣᠨ ᠤ ᠳᠡᠭᠡᠷ᠎ᠡ ᠳᠣᠣᠷ᠎ᠠ ᠱᠠᠲᠤ ᠪᠠᠷ ᠢᠶᠠᠨ ᠤᠬᠠᠮᠰᠠᠷ ᠠᠴᠠ ᠪᠠᠨ ᠭᠤᠣᠯ ᠬᠦᠴᠦᠨ ᠪᠣᠯᠵᠤ᠂ ᠭᠤᠣᠯ ᠳᠠᠭᠠᠷᠢᠯᠲᠠ ᠬᠢᠵᠦ᠂ ᠪᠦᠭᠦ ᠵᠢᠯ ᠳᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ 1954 ᠲᠦᠮᠡᠨ ᠮᠦ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠡᠯᠡᠰᠦᠷᠬᠡᠭᠵᠢᠯ ᠢ ᠵᠠᠰᠠᠭᠰᠠᠨ ᠲᠠᠯᠠᠪᠠᠢ 238 ᠲᠦᠮᠡᠨ ᠮᠦ ᠳᠤ ᠬᠦᠷᠴᠦ᠂ ᠡᠳᠦᠷ ᠳᠤᠮᠳᠠᠴᠢ ᠪᠠᠷ 6 ᠲᠦᠮᠡᠨ ᠮᠦ ᠡᠯᠡᠰᠦ ᠶᠢ ᠵᠠᠰᠠᠭᠰᠠᠨ ᠠᠮᠵᠢᠯᠲᠠ ᠪᠠᠷ ᠪᠦᠭᠦ ᠤᠯᠤᠰ ᠲᠤ ᠲᠦᠷᠦᠭᠦᠯᠡᠵᠦ᠂ ︽ᠳᠡᠯᠡᠬᠡᠢ ᠳ᠋ᠠᠬᠢᠨ ᠳᠤ ᠡᠯᠡᠰᠦ ᠶᠢ ᠵᠠᠰᠠᠬᠤ ᠳᠤ ᠳᠤᠮᠳᠠᠳᠤ ᠤᠯᠤᠰ ᠢᠶᠠᠷ ᠲᠣᠯᠢ ᠪᠤᠯᠭᠠᠬᠤ᠂ ᠳᠤᠮᠳᠠᠳᠤ ᠤᠯᠤᠰ ᠲᠤ ᠡᠯᠡᠰᠦ ᠶᠢ ᠵᠠᠰᠠᠬᠤ ᠳᠤ ᠥᠪᠥᠷ ᠮᠣᠩᠭᠤᠯ ᠢᠶᠠᠷ ᠲᠣᠯᠢ ᠪᠤᠯᠭᠠᠬᠤ︾ ᠲᠣᠮᠢᠶᠠᠯᠠᠯ ᠢ ᠳᠠᠬᠢᠨᠲᠠ ᠰᠢᠨᠡᠳᠬᠡᠪᠡ᠃ ᠡᠶᠢᠮᠦᠷᠬᠦᠦ ᠭᠢᠯᠠᠯᠵᠠᠮ᠎ᠠ ᠠᠮᠵᠢᠯᠲᠠ ᠶᠢ ᠬᠡᠷᠬᠢᠨ ᠡᠭᠦᠳᠦᠭᠰᠡᠨ ᠪᠤᠢ︖ ᠪᠦᠭᠦ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠯᠠᠯᠳᠤᠭᠠᠨ ᠤ ᠲᠠᠯᠠᠪᠤᠷ᠂ ᠡᠯᠡᠰᠦᠨ ᠰᠢᠭᠤᠷᠭ᠎ᠠ ᠶᠢ ᠰᠡᠷᠭᠡᠶᠢᠯᠡᠬᠦ ᠭᠤᠣᠯ ᠰᠡᠷᠭᠡᠶᠢᠯᠡᠯᠲᠡ ᠶᠢᠨ ᠱᠤᠭᠤᠮ ᠪᠣᠯᠤᠭᠰᠠᠨ ᠤ ᠬᠤᠪᠢ ᠳᠤ ᠥᠪᠥᠷ ᠮᠣᠩᠭᠤᠯ ᠪᠣᠳᠠᠲᠤ ᠦᠢᠯᠡᠳᠦᠯᠭᠡ ᠪᠠᠷ ᠢᠶᠠᠨ ᠬᠠᠷᠢᠭᠤᠯᠲᠠ ᠥᠭᠴᠡᠢ᠃ ᠶᠠᠭᠠᠬᠢᠵᠤ ᠵᠠᠰᠠᠭᠰᠠᠨ ᠪᠤᠢ — ᠵᠠᠭᠪᠤᠷ ᠤᠨ ᠰᠢᠨ᠎ᠡ ᠶᠢ ᠡᠭᠦᠳᠴᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ ᠨᠡᠮᠡᠷᠢᠯᠡᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ ︽ᠳᠠᠭᠢᠨ ᠢᠶᠠᠷ ᠲᠦᠷᠭᠡᠳᠬᠡᠬᠦ ᠵᠠᠭᠪᠤᠷ︾ ᠢ ᠬᠡᠷᠡᠭᠵᠢᠭᠦᠯᠪᠡ ᠪᠦᠭᠦ ᠤᠯᠤᠰ ᠤᠨ ︽ᠠᠷᠪᠠᠨ ᠶᠡᠭᠡ ᠬᠠᠮᠤᠭ ᠤᠨ ᠭᠤᠶᠤ ᠬᠥᠳᠡᠭᠡ ᠲᠣᠰᠬᠤᠨ ᠤ ᠵᠠᠰᠠᠮᠠᠯ ᠵᠠᠮ︾ ᠢᠶᠠᠷ ᠦᠨᠡᠯᠡᠭᠳᠡᠭᠰᠡᠨ ᠤᠯᠠᠭᠠᠨᠬᠠᠳᠠ ᠬᠤᠳᠠ ᠶᠢᠨ ᠣᠩᠨᠢᠭᠤᠳ ᠬᠤᠰᠢᠭᠤᠨ ᠤ ᠪᠣᠷᠣᠬᠤᠲᠠ ᠠᠴᠠ ᠪᠠᠶᠠᠨᠲᠤᠬᠤᠢ ᠬᠦᠷᠲᠡᠯᠡᠬᠢ ᠠᠮᠢ ᠠᠬᠤᠢ ᠶᠢᠨ ᠵᠢᠭᠤᠯᠴᠢᠯᠠᠯ ᠤᠨ ᠵᠠᠰᠠᠮᠠᠯ ᠵᠠᠮ 2021 ᠣᠨ ᠳᠤ ᠲᠡᠷᠭᠡ ᠨᠡᠪᠳᠡᠷᠡᠵᠡᠢ᠂ ᠪᠦᠭᠦ ᠤᠷᠳᠤ ᠨᠢ 91 ᠺᠢᠯᠣᠮᠧᠲᠷ ᠪᠠᠶᠢᠵᠤ ᠬᠤᠷᠴᠢᠨ ᠤ ᠡᠯᠡᠰᠦᠷᠬᠡᠭ ᠭᠠᠵᠠᠷ ᠢ ᠰᠤᠨᠳᠠᠯᠠᠵᠤ᠂ ᠵᠠᠰᠠᠮᠠᠯ ᠵᠠᠮ ᠤᠨ ᠬᠤᠶᠠᠷ ᠬᠠᠵᠠᠭᠤ ᠪᠠᠷ ᠨᠠᠶᠢᠯᠵᠠᠭᠤᠷ ᠬᠠᠷᠭᠠᠨ᠎ᠠ᠂ ᠬᠠᠶᠢᠯᠠᠷ ᠨᠠᠷᠠᠰᠤ᠂ ᠢᠮᠠᠭᠠᠨ ᠪᠤᠷᠭᠠᠰᠤ ᠢᠭᠴᠤᠷᠠᠨ ᠵᠠᠯᠭᠠᠯᠳᠤᠵᠤ ᠪᠠᠶᠢᠳᠠᠭ᠃ ᠡᠨᠡ ᠵᠠᠮ ᠪᠣᠯ ᠡᠯᠡᠰᠦ ᠶᠢ ᠵᠠᠰᠠᠬᠤ ᠵᠠᠮ᠂ ᠪᠠᠰᠠ ᠴᠤ ᠬᠥᠭᠵᠢᠯᠲᠡ ᠶᠢᠨ ᠵᠠᠮ ᠮᠥᠨ᠃ ᠡᠨᠡ ᠵᠠᠮ ᠢᠶᠠᠷ ᠡᠯᠡᠰᠦ ᠶᠢ ᠵᠠᠰᠠᠬᠤ ᠡᠳ᠋ ᠪᠣᠳᠠᠰ᠂ ᠠᠷᠭ᠎ᠠ ᠬᠡᠮᠵᠢᠶ᠎ᠡ ᠶᠢ ᠬᠦᠷᠭᠡᠵᠦ᠂ ᠡᠨᠡ ᠵᠠᠮ ᠨᠢ ᠪᠠᠰᠠ ᠵᠠᠮ ᠳᠠᠭᠠᠤ ᠶᠢᠨ 4 ᠰᠤᠮᠤ ᠪᠠᠯᠭᠠᠰᠤ ᠶᠢᠨ ᠣᠨᠴᠠᠯᠢᠭᠲᠤ ᠠᠵᠤ ᠦᠢᠯᠡᠰ᠂ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ᠂ ᠬᠤᠪᠢᠰᠬᠠᠯᠲᠤ ᠬᠥᠮᠦᠵᠢᠯ ᠤᠨ ᠰᠤᠳᠤᠯᠤᠨ ᠰᠤᠷᠤᠯᠴᠠᠬᠤ ᠴᠡᠭ ᠪᠣᠯᠣᠨ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠢ ᠬᠤᠯᠪᠣᠵᠤ᠂ ᠡᠯᠡᠰᠦᠷᠬᠡᠭ ᠭᠠᠵᠠᠷ ᠣᠷᠣᠨ ᠳᠤ ᠬᠢᠵᠠᠭᠠᠯᠠᠰᠢ ᠦᠭᠡᠢ ᠬᠥᠭᠵᠢᠯᠲᠡ ᠶᠢᠨ ᠪᠣᠯᠣᠮᠵᠢ ᠶᠢ ᠬᠠᠩᠭᠠᠭᠰᠠᠨ ᠪᠠᠶᠢᠨ᠎ᠠ᠃ ᠪᠣᠷᠣᠬᠤᠲᠠ ᠠᠴᠠ ᠪᠠᠶᠠᠨᠲᠤᠬᠤᠢ ᠬᠦᠷᠲᠡᠯᠡᠬᠢ ᠠᠮᠢ ᠠᠬᠤᠢ ᠶᠢᠨ ᠵᠢᠭᠤᠯᠴᠢᠯᠠᠯ ᠤᠨ ᠠᠵᠤ ᠦᠢᠯᠡᠰ ᠤᠨ ᠵᠠᠰᠠᠮᠠᠯ ᠵᠠᠮ ᠪᠣᠯ ᠣᠩᠨᠢᠭᠤᠳ ᠬᠤᠰᠢᠭᠤᠨ ᠤ ᠪᠠᠶᠢᠭᠤᠯᠤᠭᠰᠠᠨ 13 ᠳ᠋ᠤᠭᠠᠷ ᠵᠤᠷᠪᠤᠰ ᠡᠯᠡᠰᠦ ᠶᠢ ᠳᠤᠭᠤᠯᠤᠬᠰᠠᠨ ᠵᠠᠰᠠᠮᠠᠯ ᠵᠠᠮ ᠪᠣᠯᠣᠨ᠎ᠠ᠃ 2003 ᠣᠨ ᠠᠴᠠ ᠤᠳᠤ ᠪᠤᠯᠲᠠᠯ᠎ᠠ ᠵᠠᠰᠠᠭᠰᠠᠨ16 ᠵᠤᠷᠪᠤᠰ ᠡᠯᠡᠰᠦ ᠶᠢ ᠲᠤᠭᠤᠯᠤᠬᠰᠠᠨ ᠵᠠᠰᠠᠮᠠᠯ ᠵᠠᠮ ᠨᠢ ᠬᠤᠷᠴᠢᠨ ᠤ ᠡᠯᠡᠰᠦᠷᠬᠡᠭ ᠭᠠᠵᠠᠷ ᠢ ᠠᠯᠢ ᠤᠯᠠᠨ ᠠᠮᠢ ᠠᠬᠤᠢ ᠶᠢᠨ ᠵᠠᠰᠠᠯᠲᠠ ᠶᠢᠨ ᠣᠷᠣᠨ ᠪᠣᠯᠭᠠᠨ ᠬᠡᠰᠡᠭᠯᠡᠵᠦ᠂ ᠨᠡᠶᠢᠳᠡ 351 ᠲᠦᠮᠡᠨ ᠮᠦ ᠡᠯᠡᠰᠦᠷᠬᠡᠭ ᠭᠠᠵᠠᠷ ᠢ ᠪᠦᠲᠦᠮᠵᠢᠲᠡᠢ ᠵᠠᠰᠠᠪᠠ᠃ ︽ᠵᠠᠮ ᠵᠠᠰᠠᠵᠤ ᠡᠯᠡᠰᠦ ᠶᠢ ᠵᠠᠰᠠᠬᠤ︾ ᠨᠢ ᠡᠯᠡᠰᠦ ᠶᠢ ᠲᠡᠭᠡᠭᠡᠪᠦᠷᠢᠯᠡᠬᠦ ᠵᠠᠮ ᠪᠣᠯᠣᠨ ᠡᠯᠡᠰᠦᠷᠬᠡᠭ ᠣᠷᠣᠨ ᠤ ᠤᠯᠠᠨ ᠲᠦᠮᠡᠨ ᠤ ᠭᠠᠳᠠᠨᠠᠬᠢ ᠲᠠᠢ ᠬᠠᠷᠢᠯᠴᠠᠬᠤ ᠵᠠᠮ ᠢ ᠨᠠᠪᠲᠠᠷᠡᠭᠦᠯᠵᠦ᠂ ᠥᠪᠥᠷ ᠮᠣᠩᠭᠤᠯ ᠤᠨ ᠡᠯᠡᠰᠦ ᠶᠢ ᠵᠠᠰᠠᠬᠤ ᠲᠡᠦᠬᠡᠨ ᠳᠡᠭᠡᠷᠡᠬᠢ ᠨᠢᠭᠡᠨ ᠶᠡᠭᠡ ᠡᠭᠦᠳᠦᠯᠲᠡ ᠪᠣᠯᠤᠭᠰᠠᠨ ᠪᠠᠶᠢᠨ᠎ᠠ᠃ ᠬᠤᠷᠴᠢᠨ ᠪᠠ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠬᠦ ᠳᠤᠮᠳᠠ ᠥᠪᠥᠷ ᠮᠣᠩᠭᠤᠯ ︽ᠵᠠᠮ ᠵᠠᠰᠠᠵᠤ ᠡᠯᠡᠰᠦ ᠶᠢ ᠵᠠᠰᠠᠬᠤ︾ ᠵᠠᠭᠪᠤᠷ ᠢ ᠶᠡᠭᠡ ᠪᠠᠷ ᠳᠡᠯᠭᠡᠷᠡᠭᠦᠯᠵᠦ᠂ 2024 ᠣᠨ ᠳᠤ 26 ᠵᠤᠷᠪᠤᠰ ᠡᠯᠡᠰᠦ ᠶᠢ ᠳᠤᠭᠤᠯᠤᠬᠰᠠᠨ ᠵᠠᠰᠠᠮᠠᠯ ᠵᠠᠮ ᠢ ᠡᠬᠢᠯᠡᠨ ᠪᠦᠲᠦᠭᠡᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 450 ᠺᠢᠯᠣᠮᠧᠲᠷ ᠲᠤ ᠬᠦᠷᠴᠦ᠂ 85.8 ᠲᠦᠮᠡᠨ ᠮᠦ ᠡᠯᠡᠰᠦ ᠶᠢ ᠵᠠᠰᠠᠬᠤ ᠶᠢ ᠳᠠᠶᠢᠴᠢᠯᠠᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠬᠤᠷᠳᠤᠴᠠ ᠶᠢ ᠲᠦᠷᠭᠡᠳᠬᠡᠪᠡ᠃ ᠳᠥᠷᠪᠡᠨ ᠶᠡᠭᠡ ᠡᠯᠡᠰᠦᠨ ᠴᠥᠯ᠂ ᠳᠥᠷᠪᠡᠨ ᠶᠡᠭᠡ ᠡᠯᠡᠰᠦᠷᠬᠡᠭ ᠭᠠᠵᠠᠷ ᠪᠠᠷᠠᠭᠤᠨ ᠠᠴᠠ ᠵᠡᠭᠦᠨᠰᠢ ᠲᠠᠷᠬᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠤᠶᠠᠷ ᠬᠠᠭᠠᠰ ᠨᠢ᠂ 60% ᠶᠢᠨ ᠢᠨᠵᠧᠨᠧᠷᠢᠩ ᠨᠢ ᠥᠪᠥᠷ ᠮᠣᠩᠭᠤᠯ ᠳᠤ ᠪᠤᠢ᠃ ᠡᠯᠡᠰᠦ ᠶᠢ ᠶᠠᠭᠠᠬᠢᠵᠤ ᠵᠠᠰᠠᠬᠤ ᠪᠤᠶ︖ ᠳᠡᠭᠡᠷ᠎ᠡ ᠳᠣᠣᠷ᠎ᠠ ᠱᠠᠲᠤ ᠪᠠᠷ ᠢᠶᠠᠨ ᠨᠢᠭᠡ ᠬᠥᠯᠭᠡ ᠰᠢᠲᠠᠷ᠎ᠠ ᠮᠡᠲᠦ ᠪᠠᠶᠢᠷᠢᠰᠢᠯ ᠢ ᠡᠷᠡᠰ ᠪᠠᠲᠤ ᠪᠤᠢ ᠪᠤᠯᠭᠠᠵᠤ᠂ ᠤᠳᠠᠭᠠᠨ ᠳᠠᠭᠠᠭᠠᠮᠠᠭᠠᠢ ᠡᠷᠡᠰ ᠪᠠᠲᠤ ᠳᠠᠶᠢᠲᠤᠬᠤ ᠬᠡᠷᠡᠭᠲᠡᠢ᠂ ᠨᠡᠩ ᠴᠤ ᠰᠢᠨᠵᠢᠯᠡᠬᠦ ᠤᠬᠠᠭᠠᠨᠴᠢ ᠤᠯᠠᠨ ᠶᠠᠩᠵᠤ ᠶᠢᠨ ᠵᠠᠰᠠᠯᠲᠠ ᠶᠢᠨ ᠵᠠᠭᠪᠤᠷ ᠪᠠ ᠠᠷᠭ᠎ᠠ ᠪᠠᠷᠢᠯ ᠪᠠᠶᠢᠬᠤ ᠬᠡᠷᠡᠭᠲᠡᠢ᠃ ᠣᠯᠠᠨ ᠵᠢᠯ ᠤᠨ ᠲᠤᠷᠰᠢ᠂ ᠥᠪᠥᠷ ᠮᠣᠩᠭᠤᠯ ᠬᠥᠪᠴᠢ ᠶᠢᠨ ᠵᠠᠭᠪᠤᠷ᠂ ᠳ᠋ᠧᠩᠺᠧᠦ ᠶᠢᠨ ᠵᠠᠭᠪᠤᠷ᠂ ︽ᠵᠠᠮ ᠵᠠᠰᠠᠵᠤ ᠡᠯᠡᠰᠦ ᠶᠢ ᠵᠠᠰᠠᠬᠤ︾ ᠵᠡᠷᠭᠡ ᠪᠦᠲᠦᠮᠵᠢᠲᠡᠶ ᠵᠠᠭᠪᠤᠷ ᠢ ᠬᠠᠶᠢᠨ ᠰᠦᠪᠡᠭᠴᠢᠯᠡᠵᠦ᠂ ᠪᠦᠭᠦ ᠪᠥᠮᠪᠥᠷᠴᠡᠭ ᠤᠨ ᠴᠦᠯᠯᠡᠷᠭᠡᠭᠵᠢᠯ ᠢ ᠵᠠᠰᠠᠬᠤ ᠳᠤ ᠳᠤᠮᠳᠠᠳᠤ ᠤᠯᠤᠰ ᠤᠨ ᠲᠤᠷᠰᠢᠯᠭ᠎ᠠ ᠶᠢ ᠬᠠᠩᠭᠠᠪᠠ᠃ ᠥᠨᠥᠳᠥᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢᠶᠠᠷ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ︽ᠳᠠᠭᠢᠨ ᠢᠶᠠᠷ ᠲᠦᠷᠭᠡᠳᠬᠡᠬᠦ ᠵᠠᠭᠪᠤᠷ︾ ᠲᠤ ᠣᠷᠣᠪᠠ᠃ ᠮᠣᠳᠣ ᠲᠠᠷᠢᠬᠤ ᠮᠠᠰᠢᠨ ᠬᠥᠮᠥᠨ ᠡᠳᠦᠷ ᠪᠦᠷᠢ ᠪᠠᠷᠤᠭ 180 ᠮᠦ ᠮᠣᠳᠣ ᠲᠠᠷᠢᠵᠤ᠂ ᠬᠥᠮᠥᠨ ᠤ ᠬᠦᠴᠦ ᠪᠠᠷ ᠮᠣᠳᠣ ᠲᠠᠷᠢᠬᠤ ᠠᠵᠢᠯ ᠢ ᠬᠡᠳᠦᠨ ᠠᠷᠪᠠᠨ ᠳᠠᠭᠢᠨ ᠢᠶᠠᠷ ᠲᠦᠷᠭᠡᠳᠬᠡᠵᠦ᠂ ᠥᠪᠡᠷ ᠤᠨ ᠥᠷᠲᠡᠭ ᠨᠢ ᠵᠦᠪᠭᠡᠨ ᠬᠥᠮᠥᠨ ᠤ ᠬᠦᠴᠦᠨ ᠤ 30% ᠣᠷᠴᠢᠮ ᠯᠠ ᠪᠠᠶᠢᠳᠠᠭ︔ ᠡᠯᠡᠰᠦᠨ ᠬᠠᠯᠬᠠᠪᠴᠢ ᠳᠡᠪᠢᠰᠬᠦ ᠪᠤᠳᠠ ᠮᠣᠳᠣ ᠬᠠᠳᠬᠤᠨ ᠰᠠᠭᠤᠯᠭᠠᠬᠤ ᠶᠢ ᠨᠢᠭᠡ ᠴᠣᠭᠴᠠᠵᠢᠭᠤᠯᠤᠭᠰᠠᠨ ᠮᠠᠰᠢᠨ ᠨᠢ ᠡᠯᠡᠰᠦ ᠵᠠᠰᠠᠬᠤ ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠤᠨ ᠠᠵᠢᠯᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠠ︔ ᠵᠢᠯᠣᠭᠤᠴᠢ ᠦᠭᠡᠢ ᠨᠢᠰᠬᠡᠯ ᠢᠶᠠᠷ ᠳᠠᠷᠢᠬᠤ ᠦᠷ᠎ᠡ ᠪᠦᠲᠦᠮᠵᠢ ᠨᠢ ᠬᠥᠮᠥᠨ ᠤ ᠬᠦᠴᠦ ᠪᠠᠷ ᠳᠠᠷᠢᠬᠤ ᠠᠴᠠ 100 ᠳᠠᠭᠢᠨ ᠳᠡᠭᠡᠭᠰᠢᠯᠡᠵᠦ᠂ ᠡᠩ ᠤᠨ ᠮᠠᠰᠢᠨ ᠮᠧᠬᠠᠨᠢᠭ ᠢᠶᠠᠷ ᠳᠠᠷᠢᠬᠤ ᠠᠴᠠ 10 ᠳᠠᠭᠢᠨ ᠳᠡᠭᠡᠭᠰᠢᠯᠡᠵᠡᠢ ᠁ 2024 ᠣᠨ ᠳᠤ᠂ ᠥᠪᠥᠷ ᠮᠣᠩᠭᠤᠯ 1.06 ᠳ᠋ᠦᠩᠰᠢᠭᠤᠷ ᠲᠥᠭᠦᠷᠢᠭ ᠭᠠᠷᠭᠠᠵᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠳᠤ ᠬᠡᠷᠡᠭᠯᠡᠵᠡᠢ᠃ ᠣᠳᠣᠬᠠᠨ ᠳᠤ᠂ ᠵᠠᠷᠢᠮ ᠲᠡᠷᠢᠭᠦᠨ ᠤ ᠮᠠᠰᠢᠨ ᠮᠧᠬᠠᠨᠢᠭ ᠪᠠ ᠮᠡᠷᠭᠡᠵᠢᠯ ᠢ ᠨᠢᠭᠡᠨᠲᠡ ᠳᠡᠯᠭᠡᠷᠡᠭᠦᠯᠦᠨ ᠬᠡᠷᠡᠭᠯᠡᠵᠦ᠂ ᠠᠮᠢ ᠠᠬᠤᠢ ᠶᠢᠨ ᠢᠨᠵᠧᠨᠧᠷᠢᠩ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠲᠦᠮᠵᠢᠲᠡᠶ ᠪᠠᠷ ᠳᠡᠭᠡᠭᠰᠢᠯᠡᠭᠦᠯᠪᠡ᠂ ᠡᠭᠦᠨ ᠳᠤ ᠣᠷᠳᠣᠰ ᠬᠤᠲᠠ ᠶᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠮᠠᠰᠢᠨᠴᠢᠯᠠᠯᠲᠠ ᠶᠢᠨ ᠨᠣᠷᠮ᠎ᠠ ᠨᠢᠭᠡᠨᠲᠡ 75% ᠠᠴᠠ ᠳᠡᠭᠡᠭᠰᠢ ᠳᠤ ᠬᠦᠷᠴᠡᠢ᠃ ᠶᠠᠭᠤ ᠶᠢ ᠵᠠᠰᠠᠭᠰᠠᠨ ᠪᠤᠢ — ᠠᠵᠤ ᠦᠢᠯᠡᠰ ᠤᠨ ᠰᠢᠨ᠎ᠡ ᠶᠢ ᠡᠭᠦᠳᠴᠦ᠂ ᠡᠯᠡᠰᠦᠨ ᠠᠴᠠ ᠠᠯᠲᠠ ᠮᠠᠯᠲᠠᠵᠤ᠂ ᠡᠯᠡᠰᠦ ᠶᠢ ᠵᠠᠰᠠᠭᠰᠠᠨ ᠮᠥᠷᠲᠡᠭᠡᠨ ᠪᠠᠶᠠᠵᠢᠨ ᠴᠢᠨᠡᠭᠡᠯᠢᠭᠵᠢᠬᠦ ᠶᠢ ᠪᠡᠶᠡᠯᠡᠭᠦᠯᠪᠡ 2024 ᠣᠨ ᠤ 12 ᠰᠠᠷ᠎ᠠ ᠶᠢᠨ 30 ᠤ ᠡᠳᠦᠷ᠂ ᠠᠮᠧᠷᠢᠺᠠ ᠶᠢᠨ ᠤᠯᠤᠰ ᠤᠨ ᠠᠭᠠᠷ ᠤᠨ ᠠᠶᠠᠯᠠᠯ ᠰᠠᠨᠰᠠᠷ ᠤᠨ ᠠᠶᠠᠯᠠᠯ ᠤᠨ ᠲᠣᠪᠴᠢᠶ᠎ᠠ ︵NASA︶ ᠥᠪᠥᠷ ᠮᠣᠩᠭᠤᠯ ᠤᠨ ᠬᠥᠪᠴᠢ ᠶᠢᠨ ᠡᠯᠡᠰᠦᠨ ᠴᠥᠯ ᠳᠤ ᠰᠡᠭᠦᠳᠡᠷᠯᠡᠭᠰᠡᠨ ᠭᠡᠷᠡᠯᠴᠢ ᠴᠡᠨᠡᠭ ᠤᠨ ᠴᠠᠭᠢᠯᠭᠠᠨ ᠥᠷᠲᠡᠭᠡᠨ ᠤ ᠳᠠᠭᠠᠭᠤᠯᠢ ᠣᠳᠣᠨ ᠤ ᠵᠢᠷᠤᠭ ᠳᠦᠷᠰᠦ ᠶᠢ ᠨᠡᠶᠢᠲᠡᠯᠡᠪᠡ᠄ 2017 ᠣᠨ ᠳᠤ ᠡᠵᠡᠭᠦᠢ ᠡᠯᠡᠰᠦᠨ ᠴᠥᠯ ᠪᠠᠶᠢᠭᠰᠠᠨ ᠠᠴᠠ ᠪᠠᠨ ᠣᠬᠤᠷᠬᠠᠨ ᠬᠡᠳᠦᠨ ᠵᠢᠯ ᠤᠨ ᠳᠣᠲᠣᠷ᠎ᠠ ᠨᠢᠭᠡᠨᠲᠡ ᠶᠡᠭᠡ ᠬᠡᠪᠴᠢᠶᠡᠨ ᠤ ᠰᠢᠨ᠎ᠡ ᠡᠨᠧᠷᠭᠢ ᠶᠢᠨ ᠬᠠᠩᠭᠠᠯᠭ᠎ᠠ ᠶᠢᠨ ᠰᠠᠭᠤᠷᠢᠨ ᠪᠣᠯᠵᠤ᠂ ︽ᠦᠬᠦᠮᠡᠯ ᠲᠡᠯᠡᠶ︾ ᠨᠢ ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ ︽ᠳᠠᠯᠳᠠ ᠬᠦᠴᠦᠨ ᠤ ᠲᠡᠯᠡᠶ︾ ᠪᠣᠯᠤᠭᠰᠠᠨ ᠪᠠᠶᠢᠨ᠎ᠠ᠃ ᠡᠨᠡ ᠨᠢ ᠵᠥᠪᠭᠡᠨ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠣᠭᠰᠠᠨ ︽ᠭᠡᠷᠡᠯᠴᠢ ᠴᠡᠨᠡᠭ ᠤᠨ ᠤᠷᠳᠤ ᠴᠠᠭᠠᠨ ᠬᠡᠷᠡᠮ︾ ᠤᠨ ᠨᠢᠭᠡ ᠬᠡᠰᠡᠭ ᠪᠣᠯᠣᠨ᠎ᠠ᠃ ᠣᠷᠳᠣᠰ ᠬᠤᠳᠠ ᠶᠢᠨ ᠬᠠᠩᠭᠢᠨ ᠬᠤᠰᠢᠭᠤᠨ ᠠᠴᠠ ᠲᠠᠯᠠᠳ ᠬᠤᠰᠢᠭᠤ ᠭᠦᠷᠲᠡᠯ᠎ᠡ᠂ ᠳᠠᠭᠢᠭᠠᠳ ᠵᠡᠭᠦᠨᠭᠠᠷ ᠬᠤᠰᠢᠭᠤ ᠭᠦᠷᠲᠡᠯ᠎ᠡ᠂ 400 ᠺᠢᠯᠣᠮᠧᠲᠷ ᠦᠷᠭᠦᠯᠵᠢᠯᠡᠭᠰᠡᠨ ᠳᠤᠮᠳᠠᠴᠢ ᠥᠷᠭᠡᠨ ᠨᠢ 5 ᠺᠢᠯᠣᠮᠧᠲᠷ ᠪᠦᠬᠦᠢ ︽ᠭᠡᠷᠡᠯᠴᠢ ᠴᠡᠨᠡᠭ ᠤᠨ ᠤᠷᠳᠤ ᠴᠠᠭᠠᠨ ᠬᠡᠷᠡᠮ︾ ᠨᠢ ᠡᠯᠡᠰᠦ ᠶᠢ ᠵᠠᠰᠠᠬᠤ ᠪᠦᠰᠡ ᠪᠣᠯᠣᠨ ᠰᠦᠨᠳᠡᠷᠯᠡᠵᠦ᠂ ᠬᠠᠳᠤᠨ ᠭᠤᠣᠯ ᠪᠣᠯᠣᠨ ᠬᠥᠪᠴᠢ ᠶᠢᠨ ᠡᠯᠡᠰᠦ ᠶᠢ ᠲᠤᠰᠠᠭᠠᠷᠯᠠᠨ ᠰᠠᠯᠭᠠᠵᠠᠢ᠃ ︽ᠭᠡᠷᠡᠯᠴᠢ ᠴᠡᠨᠡᠭ ᠤᠨ ᠣᠷᠳᠣ ᠴᠠᠭᠠᠨ ᠬᠡᠷᠡᠮ︾ ᠪᠣᠯ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠪᠤᠯᠬᠤ ᠪᠥᠭᠡᠳ ᠥᠪᠥᠷ ᠮᠣᠩᠭᠤᠯ ᠤᠨ ᠠᠵᠤ ᠦᠢᠯᠡᠰ ᠤᠨ ᠡᠯᠡᠰᠦ ᠶᠢ ᠵᠠᠰᠠᠬᠤ ᠰᠢᠨ᠎ᠡ ᠶᠢ ᠡᠭᠦᠳᠬᠦ ᠦᠢᠯᠡᠳᠦᠯᠭᠡ ᠪᠣᠯᠣᠨ᠎ᠠ᠃ ︽ᠭᠡᠷᠡᠯᠴᠢ ᠴᠡᠨᠡᠭ ᠢᠶᠠᠷ ᠴᠠᠭᠢᠯᠭᠠᠨ ᠭᠠᠷᠭᠠᠬᠤ + ᠠᠮᠢ ᠠᠬᠤᠢ ᠶᠢᠨ ᠵᠠᠰᠠᠯᠲᠠ + ᠬᠠᠪᠲᠠᠰᠤ ᠶᠢᠨ ᠳᠣᠣᠷᠠᠬᠢ ᠠᠵᠤ ᠠᠬᠤᠢ︾ ᠶᠢᠨ ᠪᠣᠰᠤᠭ᠎ᠠ ᠴᠣᠭᠴᠠᠲᠤ ᠵᠠᠭᠪᠤᠷ ᠢᠶᠠᠷ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠡᠨᠧᠷᠭᠢ ᠶᠢ ᠨᠡᠮᠡᠭᠳᠡᠭᠦᠯᠬᠦ᠂ ᠣᠷᠣᠯᠭ᠎ᠠ ᠶᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠡᠶᠡᠯᠡᠭᠦᠯᠪᠡ᠃ 2024 ᠣᠨ ᠳᠤ ᠨᠢᠭᠡ ᠴᠣᠭᠴᠠᠵᠢᠭᠤᠯᠤᠭᠰᠠᠨ ᠢᠨᠵᠧᠨᠧᠷᠢᠩ ᠢᠶᠠᠷ 238 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠪᠦᠷᠢᠳᠦᠭᠦᠯᠪᠡ᠃ ᠴᠦᠯᠯᠡᠷᠭᠡᠭᠵᠢᠯ ᠨᠢ ᠠᠮᠢ ᠠᠬᠤᠢ ᠶᠢᠨ ᠠᠰᠠᠭᠤᠳᠠᠯ ᠪᠤᠯᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ ᠠᠰᠠᠭᠤᠳᠠᠯ ᠪᠣᠯᠣᠨ᠎ᠠ᠃ ᠥᠪᠥᠷ ᠮᠣᠩᠭᠤᠯ ᠤᠨ 12 ᠠᠶᠢᠮᠠᠭ ᠬᠤᠳᠠ ᠶᠢᠨ 103 ᠬᠤᠰᠢᠭᠤ ᠰᠢᠶᠠᠨ ᠤ ᠡᠯᠡᠰᠦᠷᠬᠡᠭᠵᠢᠭᠰᠡᠨ ᠭᠠᠵᠠᠷ ᠰᠢᠷᠣᠢ 12 ᠠᠶᠢᠮᠠᠭ ᠬᠤᠳᠠ ᠶᠢᠨ 92 ᠬᠤᠰᠢᠭᠤ ᠰᠢᠶᠠᠨ ᠳᠤ ᠲᠠᠷᠬᠠᠵᠤ᠂ ᠥᠷᠭᠡᠨ ᠠᠭᠤᠳᠠᠮ ᠡᠯᠡᠰᠦᠷᠬᠡᠭ ᠣᠷᠣᠨ ᠤ ᠤᠯᠠᠨ ᠲᠦᠮᠡᠨ ᠨᠢᠭᠡᠨ ᠦᠶ᠎ᠡ ᠭᠠᠴᠢᠭᠳᠠᠯ ᠳᠤ ᠲᠤᠯᠭᠠᠷᠠᠵᠤ ᠪᠠᠶᠢᠪᠠ᠃ ᠡᠯᠡᠰᠦ ᠶᠢ ᠵᠠᠰᠠᠬᠤ ᠳᠤ ᠶᠠᠭᠤ ᠶᠢ ᠵᠠᠰᠠᠬᠤ ᠪᠤᠢ︖ ᠠᠮᠢ ᠠᠬᠤᠢ ᠶᠢ ᠵᠠᠰᠠᠬᠤ ᠪᠠᠷ ᠪᠠᠷᠠᠬᠤ ᠦᠭᠡᠢ ᠪᠠᠰᠠ ᠶᠠᠳᠠᠭᠤᠷᠠᠯ ᠤᠨ ᠦᠨᠳᠦᠰᠦ ᠶᠢ ᠵᠠᠰᠠᠬᠤ ᠬᠡᠷᠡᠭᠲᠡᠢ᠃ 2024 ᠣᠨ ᠤ ᠨᠠᠮᠤᠷ᠂ ᠪᠠᠶᠠᠨᠨᠠᠭᠤᠷ ᠬᠤᠲᠠ ᠶᠢᠨ ᠤᠷᠠᠳ ᠤᠨ ᠬᠤᠶᠢᠲᠤ ᠬᠤᠰᠢᠭᠤᠨ ᠤ ᠤᠯᠠᠭᠠᠨᠬᠤᠰᠢᠭᠤ ᠭᠠᠴᠠᠭ᠎ᠠ ᠶᠢᠨ 1600 ᠭᠠᠷᠤᠢ ᠮᠦ ᠬᠡᠭᠡᠷ᠎ᠡ ᠶᠢᠨ ᠴᠢᠪᠠᠭ᠎ᠠ ᠡᠯᠪᠡᠭ ᠬᠤᠷᠢᠶᠠᠯᠲᠠ ᠣᠯᠪᠠ᠃ ᠬᠡᠭᠡᠷ᠎ᠡ ᠶᠢᠨ ᠴᠢᠪᠠᠭ᠎ᠠ ᠶᠢᠨ ᠮᠣᠳᠣ ᠭᠠᠩ ᠬᠠᠭᠤᠷᠠᠢ ᠳᠤ ᠲᠡᠰᠪᠦᠷᠢᠲᠡᠢ ᠮᠥᠷᠲᠡᠭᠡᠨ ᠰᠠᠯᠬᠢ ᠰᠢᠭᠤᠷᠭᠠᠨ ᠢ ᠴᠸ ᠳᠠᠭᠠᠭᠠᠳᠠᠭ᠂ ᠬᠡᠭᠡᠷ᠎ᠡ ᠶᠢᠨ ᠴᠢᠪᠠᠭ᠎ᠠ ᠶᠢᠨ ᠴᠥᠮ᠎ᠡ ᠨᠢ ᠬᠢᠲᠠᠳ ᠡᠮ ᠤᠨ ᠮᠠᠲ᠋ᠧᠷᠢᠶᠠᠯ ᠳᠤ ᠪᠠᠭᠲᠠᠵᠤ᠂ ᠨᠠᠪᠴᠢ ᠪᠠᠷ ᠨᠢ ᠴᠢᠳᠠᠮᠵᠢᠲᠤ ᠴᠢᠨᠠᠷᠲᠠᠢ ᠴᠠᠢ ᠬᠢᠵᠦ᠂ ᠵᠢᠮᠢᠰ ᠤᠨ ᠮᠢᠬ᠎ᠠ ᠪᠠᠷ ᠨᠢ ᠴᠢᠪᠠᠭ᠎ᠠ ᠶᠢᠨ ᠪᠣᠣᠪᠤ ᠬᠢᠵᠦ ᠪᠤᠯᠲᠠᠭ ᠲᠤᠯᠠ ᠮᠠᠰᠢ ᠶᠡᠭᠡ ᠠᠵᠤ ᠠᠬᠤᠢ ᠶᠢᠨ ᠦᠨ᠎ᠡ ᠥᠷᠲᠡᠭ ᠲᠠᠢ ᠪᠠᠶᠢᠳᠠᠭ᠃ 2014 ᠣᠨ ᠳᠤ᠂ ᠲᠣᠰᠬᠤᠨ ᠤ ᠠᠷᠠᠳ ᠷᠧᠨ ᠡᠯ ᠬᠤᠸᠠᠨ ᠨᠠᠷ ᠬᠡᠭᠡᠷ᠎ᠡ ᠶᠢᠨ ᠴᠢᠪᠠᠭ᠎ᠠ ᠲᠠᠷᠢᠵᠤ᠂ ᠬᠤᠪᠠᠭ᠋ᠠᠢ ᠡᠯᠡᠰᠦ ᠮᠠᠩᠬ᠎ᠠ ᠶᠢ ᠲᠣᠭᠲᠠᠭᠤᠨ ᠭᠠᠷᠤᠯᠲᠠ ᠲᠠᠢ ᠴᠢᠪᠠᠭ᠎ᠠ ᠶᠢᠨ ᠬᠦᠷᠢᠶᠡᠯᠡᠩ ᠪᠤᠯᠭᠠᠬᠰᠠᠨ ᠠᠴᠠ ᠡᠷᠭᠢᠨ ᠲᠣᠭᠤᠷᠢᠨ ᠤ ᠲᠣᠰᠬᠤᠨ ᠤ ᠠᠷᠠᠳ ᠬᠤᠶᠢᠨ᠎ᠠ ᠬᠤᠶᠢᠨ᠎ᠠ ᠠᠴᠠ ᠪᠠᠨ ᠳᠠᠭᠤᠷᠢᠶᠠᠨ ᠳᠠᠷᠢᠵᠠᠢ᠃ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠬᠤᠰᠢᠭᠤᠴᠢ ᠬᠦᠴᠦᠨ ᠪᠣᠯᠤᠭᠰᠠᠨ ᠤ ᠬᠤᠪᠢ ᠳᠤ ᠪᠠᠶᠠᠨᠨᠠᠭᠤᠷ ᠬᠤᠲᠠ ᠶᠢᠨ ᠬᠢᠨ ᠳᠠᠭᠠᠭᠤᠯᠤᠭᠴᠢ ᠠᠵᠤ ᠠᠬᠤᠶᠢᠯᠠᠯ ᠢ ᠭᠤᠣᠯᠳᠠᠯᠭ᠎ᠠ ᠲᠠᠢ ᠳᠡᠮᠵᠢᠵᠦ ᠴᠠᠭᠠᠨ ᠭᠤᠶᠣᠣ᠂ ᠠᠷᠢᠬᠢ ᠨᠡᠷᠡᠬᠦ ᠦᠵᠦᠮ᠂ ᠬᠢᠲᠠᠳ ᠡᠮ ᠤᠨ ᠮᠠᠲ᠋ᠧᠷᠢᠶᠠᠯ ᠵᠡᠷᠭᠡ ᠠᠵᠤ ᠦᠢᠯᠡᠰ ᠢ ᠬᠥᠭᠵᠢᠭᠦᠯᠵᠦ᠂ ᠳᠠᠷᠢᠬᠤ᠂ ᠦᠢᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠪᠤᠶ ᠪᠣᠯᠭᠠᠵᠠᠢ᠃ ᠠᠮᠢ ᠠᠬᠤᠢ ᠶᠢ ᠠᠵᠤ ᠦᠢᠯᠡᠰᠵᠢᠭᠦᠯᠬᠦ ᠪᠣᠯ ᠠᠮᠢ ᠠᠬᠤᠢ ᠶᠢᠨ ᠦᠷᠳᠡᠭ ᠢ ᠪᠡᠶᠡᠯᠡᠭᠦᠯᠬᠦ ᠶᠢᠨ ᠭᠤᠣᠯ ᠵᠠᠩᠭᠢᠯᠠᠭ᠎ᠠ ᠮᠥᠨ᠂ ᠪᠠᠰᠠ ᠴᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷᠭᠦᠯᠵᠢᠯᠡᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠡᠯ᠎ᠡ ᠭᠠᠵᠠᠷ ᠤᠨ ᠬᠢᠨ ᠭᠠᠵᠠᠷ ᠣᠷᠣᠨ ᠤ ᠪᠠᠨ ᠪᠠᠶᠢᠳᠠᠯ ᠳᠤ ᠲᠣᠬᠢᠷᠠᠭᠤᠯᠵᠤ᠂ ᠡᠯᠡᠰᠦ ᠶᠢ ᠠᠯᠲᠠ ᠪᠤᠯᠭᠠᠵᠤ᠂ ᠠᠮᠢ ᠠᠬᠤᠢ ᠪᠣᠯᠣᠨ ᠠᠵᠤ ᠠᠬᠤᠢ ᠬᠤᠶᠠᠷ ᠲᠠᠯ᠎ᠠ ᠪᠠᠷ ᠢᠶᠠᠨ ᠠᠰᠢᠭ ᠭᠦᠷᠳᠡᠭᠦ ᠪᠣᠬᠢᠷᠳᠤᠯ ᠦᠭᠡᠢ ᠬᠥᠭᠵᠢᠯᠲᠡ ᠶᠢᠨ ᠵᠠᠮ ᠢ ᠨᠡᠭᠡᠭᠡᠪᠡ᠃ ᠣᠳᠣᠬᠠᠨ ᠳᠤ᠂ ᠪᠦᠭᠦ ᠣᠷᠣᠨ ᠳᠤ ᠨᠢᠭᠡᠨᠲᠡ ᠣᠨᠴᠠᠯᠢᠭᠲᠤ ᠠᠵᠤ ᠠᠬᠤᠢ ᠶᠢᠨ ᠣᠶ᠂ ᠬᠢᠲᠠᠳ ᠡᠮ ᠤᠨ ᠮᠠᠲ᠋ᠧᠷᠢᠶᠠᠯ᠂ ᠪᠤᠳᠠ ᠮᠣᠳᠣᠨ ᠤ ᠲᠦᠭᠦᠬᠡᠢ ᠮᠠᠲ᠋ᠧᠷᠢᠶᠠᠯ᠂ ᠡᠯᠡᠰᠦᠨ ᠴᠥᠯ ᠤᠨ ᠠᠮᠢ ᠠᠬᠤᠢ ᠶᠢᠨ ᠵᠢᠭᠤᠯᠴᠢᠯᠠᠯ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠵᠡᠷᠭᠡ ᠠᠵᠤ ᠦᠢᠯᠡᠰ ᠢᠶᠠᠷ ᠭᠤᠣᠯ ᠪᠤᠯᠭᠠᠬᠰᠠᠨ᠂ ᠳᠠᠭᠠᠭᠤᠯᠤᠭᠴᠢ ᠠᠵᠤ ᠠᠬᠤᠶᠢᠯᠠᠯ ᠢᠶᠠᠷ ᠤᠳᠤᠷᠢᠳᠤᠮᠵᠢ ᠪᠤᠯᠭᠠᠬᠰᠠᠨ᠂ ︽ᠠᠵᠤ ᠠᠬᠤᠶᠢᠯᠠᠯ + ᠬᠤᠷᠰᠢᠶ᠎ᠠ + ᠰᠠᠭᠤᠷᠢᠨ + ᠲᠠᠷᠢᠶᠠᠴᠢᠨ ᠡᠷᠦᠭᠡ︾ ᠪᠠᠷ ᠠᠰᠢᠭ ᠲᠤᠰᠠ ᠶᠢᠨ ᠬᠤᠯᠪᠤᠯᠴᠠᠭᠠᠨ ᠤ ᠲᠣᠭᠲᠠᠴᠠ ᠪᠤᠯᠭᠠᠬᠰᠠᠨ ᠣᠯᠠᠨ ᠲᠠᠰ ᠳᠠᠪᠬᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠦᠨᠳᠦᠰᠦᠨ ᠳᠡᠭᠡᠨ ᠪᠦᠷᠢᠯᠳᠦᠭᠦᠯᠵᠦ᠂ ᠡᠯᠡᠰᠦ ᠮᠠᠩᠬ᠎ᠠ ᠡᠯᠡᠰᠦᠨ ᠴᠥᠯ ᠢ ᠬᠥᠭᠵᠢᠯᠲᠡ ᠶᠢᠨ ᠥᠩ ᠰᠢᠮᠡᠯᠢᠭ ᠬᠥᠷᠥᠰᠥ ᠪᠣᠯᠭᠠᠨ ᠬᠤᠪᠢᠷᠠᠭᠤᠯᠵᠤ᠂ ᠵᠠᠰᠠᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠪᠡᠶᠡᠯᠡᠭᠦᠯᠪᠡ᠃ ᠬᠡᠨ ᠵᠠᠰᠠᠭᠰᠠᠨ ᠪᠤᠢ — ᠣᠯᠠᠨ ᠲᠠᠯ᠎ᠠ ᠪᠠᠷ ᠪᠡᠯᠡ ᠣᠷᠣᠭᠤᠯᠵᠤ ᠣᠯᠠᠨ ᠲᠠᠯ᠎ᠠ ᠪᠠᠷ ᠣᠷᠣᠯᠴᠠᠵᠤ᠂ ᠪᠦᠭᠦ ᠠᠷᠠᠳ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠪᠡ ᠡᠳᠦᠷ ᠪᠦᠷᠢ ᠥᠪᠡᠷ ᠤᠨ ᠨᠤᠲᠤᠭ ᠪᠡᠯᠴᠢᠭᠡᠷ ᠢᠶᠠᠷ ᠢᠶᠠᠨ ᠲᠣᠭᠤᠷᠢᠨ ᠪᠠᠶᠢᠴᠠᠭᠠᠵᠤ ᠨᠤᠲᠤᠭ ᠪᠡᠯᠴᠢᠭᠡᠷ ᠤᠨ ᠬᠠᠮᠠᠭᠠᠯᠠᠯᠲᠠ ᠬᠢᠬᠦ ᠪᠠᠷ ᠪᠠᠷᠠᠬᠤ ᠦᠭᠡᠢ ᠪᠠᠰᠠ ᠤᠯᠤᠰ ᠤᠨ ᠲᠥᠷᠥᠯ ᠵᠦᠢᠯ ᠤᠨ ᠬᠠᠮᠢᠶᠠᠷᠤᠨ ᠬᠠᠮᠠᠭᠠᠯᠠᠬᠤ ᠪᠡᠯᠡ ᠮᠥᠩᠭᠦ ᠶᠢ ᠣᠯᠣᠨ᠎ᠠ᠃ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠤ ᠭᠦᠪᠦᠷ ᠭᠠᠴᠠᠭᠠᠨ ᠤ ᠮᠠᠯᠴᠢᠨ ᠴᠣᠯᠮᠣᠨ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠦᠷᠦ ᠶᠢᠨ ᠪᠣᠳᠣᠯᠭ᠎ᠠ ᠶᠢᠨ ᠠᠰᠢᠭ ᠢ ᠦᠨᠡᠨᠬᠦ ᠭᠦᠷᠳᠡᠪᠡ᠃ 2023 ᠣᠨ ᠳᠤ᠂ ᠴᠣᠯᠮᠣᠨ ᠤ 5190 ᠮᠦ ᠶᠢᠨ ᠡᠯᠡᠰᠦᠷᠬᠡᠭᠵᠢᠭᠰᠡᠨ ᠨᠤᠲᠤᠭ ᠪᠡᠯᠴᠢᠭᠡᠷ ᠢ ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠲᠣᠭᠤᠷᠢᠭ ᠲᠤ ᠬᠤᠪᠢᠶᠠᠷᠢᠯᠠᠨ ᠣᠷᠣᠭᠤᠯᠵᠠᠢ᠃ ᠲᠦᠷᠦᠯ ᠵᠦᠢᠯ ᠢ ᠬᠡᠷᠡᠭᠵᠢᠭᠦᠯᠦᠭᠰᠡᠨ 3 ᠵᠢᠯ ᠤᠨ ᠬᠤᠭᠤᠴᠠᠭᠠᠨ ᠳᠤ ᠲᠤᠬᠠᠢ ᠶᠢᠨ ᠭᠠᠵᠠᠷ ᠤᠨ ᠬᠢᠨ ᠵᠢᠯ ᠪᠦᠷᠢ ᠮᠦ ᠪᠦᠷᠢ ᠶᠢ 3 ᠲᠥᠭᠦᠷᠢᠭ ᠤᠨ ᠪᠠᠷᠢᠮᠵᠢᠶ᠎ᠠ ᠪᠠᠷ ᠬᠠᠮᠢᠶᠠᠷᠤᠨ ᠬᠠᠮᠠᠭᠠᠯᠠᠬᠤ ᠵᠠᠷᠤᠳᠠᠯ ᠢ ᠨᠠᠶᠢᠳᠠᠪᠤᠷᠢᠵᠢᠭᠤᠯᠵᠤ᠂ ᠴᠣᠯᠮᠣᠨ 15570 ᠲᠥᠭᠦᠷᠢᠭ ᠤᠨ ᠠᠰᠢᠭ ᠭᠦᠷᠳᠡᠪᠡ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠥᠪᠥᠷ ᠮᠣᠩᠭᠤᠯ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠶᠢ ᠶᠡᠭᠡ ᠪᠠᠷ ᠳᠡᠯᠭᠡᠷᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠡᠪᠴᠢᠶ᠎ᠡ ᠶᠢ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ 10% ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠦ ᠱᠠᠭᠠᠷᠳᠠᠪᠠ᠃ ᠡᠯ᠎ᠡ ᠭᠠᠵᠠᠷ ᠤᠨ ᠬᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠵᠡᠷᠭᠡ ᠭᠤᠭᠴᠤᠭ᠎ᠠ ᠶᠢᠨ ᠠᠵᠢᠯᠴᠢᠨ ᠬᠡᠷᠡᠭᠯᠡᠬᠦ ᠳᠠᠯᠳᠠ ᠬᠦᠴᠦᠨ ᠢ ᠭᠦᠢᠴᠡᠳ ᠠᠭᠤᠳᠠᠯᠵᠤ᠂ ᠮᠠᠯᠴᠢᠨ ᠲᠠᠷᠢᠶᠠᠴᠢᠨ ᠢ ᠦᠨᠡᠨ ᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠯᠴᠠᠭᠴᠢ ᠪᠠ ᠠᠰᠢᠭ ᠭᠦᠷᠲᠡᠭᠴᠢ ᠪᠤᠯᠭᠠᠵᠤ᠂ ᠪᠦᠭᠦ ᠣᠷᠣᠨ ᠳᠤ ᠪᠦᠭᠦ ᠠᠷᠠᠳ ᠢᠶᠠᠷ ᠢᠶᠠᠨ ᠡᠯᠡᠰᠦ ᠶᠢ ᠵᠠᠰᠠᠬᠤ ᠬᠠᠯᠠᠭᠤᠨ ᠥᠷᠨᠢᠯᠲᠡ ᠭᠠᠷᠭᠠᠪᠠ᠃ 2024 ᠣᠨ ᠳᠤ ᠪᠦᠭᠦ ᠣᠷᠣᠨ ᠢᠶᠠᠷ ᠢᠶᠠᠨ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ 8.5 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ᠂ ᠰᠢᠨ᠎ᠡ ᠡᠨᠧᠷᠭᠢ ᠶᠢ ᠬᠥᠭᠵᠢᠭᠦᠯᠬᠦ᠂ ᠠᠷᠠᠳ ᠣᠯᠠᠨ ᠤ ᠣᠷᠣᠯᠭ᠎ᠠ ᠶᠢ ᠨᠡᠮᠡᠭᠳᠡᠭᠦᠯᠦᠨ ᠬᠠᠮᠲᠤ ᠪᠠᠷ ᠠᠰᠢᠭ ᠭᠦᠷᠳᠡᠭᠦ ᠶᠢ ᠠᠬᠢᠭᠤᠯᠪᠠ᠃ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠭᠠᠰᠢ᠂ ᠥᠪᠥᠷ ᠮᠣᠩᠭᠤᠯ 7824 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠡᠢ᠂ ᠦᠯᠡᠳᠡᠵᠦ ᠪᠦᠬᠦᠢ ᠡᠭᠦᠷᠭᠡ ᠮᠥᠨ ᠬᠦ ᠪᠠᠭ᠎ᠠ ᠪᠤᠰᠤ ᠮᠥᠷᠲᠡᠭᠡᠨ ᠶᠠᠪᠤᠬᠤ ᠲᠤᠲᠤᠮ ᠬᠦᠴᠢᠷ ᠪᠣᠯᠵᠤ ᠪᠠᠶᠢᠨ᠎ᠠ᠃ ᠬᠡᠨ ᠡᠯᠡᠰᠦ ᠶᠢ ᠵᠠᠰᠠᠭᠰᠠᠨ ᠪᠤᠢ︖ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠳᠠᠶᠢᠴᠢᠯᠠᠬᠤ ᠪᠣᠯ ᠥᠪᠥᠷ ᠮᠣᠩᠭᠤᠯ ᠤᠨ ᠬᠠᠭᠠᠰ ᠢᠯᠡᠭᠦᠦ ᠵᠠᠭᠤᠨ ᠦᠷᠭᠦᠯᠵᠢᠯᠡᠭᠰᠡᠨ ᠡᠯᠡᠰᠦ ᠶᠢ ᠵᠠᠰᠠᠬᠤ ︽ᠵᠣᠷ︾ ᠪᠤᠯᠬᠤ ᠪᠥᠭᠡᠳ ᠥᠪᠥᠷ ᠮᠣᠩᠭᠤᠯ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠬᠤ ᠢᠲᠡᠭᠡᠯ ᠵᠣᠷᠢᠭ ᠪᠣᠯᠣᠨ᠎ᠠ᠃ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠠᠬᠢᠴᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ︽ᠤᠯᠤᠰ ᠤᠨ ᠣᠷᠣᠭᠤᠯᠤᠯᠲᠠ ᠪᠠᠷ ᠭᠤᠣᠯ ᠪᠤᠯᠭᠠᠵᠤ᠂ ᠣᠷᠣᠨ ᠨᠤᠲᠤᠭ ᠤᠨ ᠬᠢᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠤᠯᠭᠠᠵᠤ᠂ ᠨᠡᠶᠢᠭᠡᠮ ᠤᠨ ᠬᠢᠨ ᠥᠷᠭᠡᠨ ᠢᠶᠠᠷ ᠣᠷᠤᠯᠴᠠᠬᠤ︾ ᠣᠯᠠᠨ ᠡᠰᠢᠲᠦ ᠣᠷᠣᠭᠤᠯᠤᠯᠲᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠵᠤ᠂ ᠨᠡᠶᠢᠲᠡ 8150 ᠲᠦᠮᠡᠨ ᠲᠥᠭᠦᠷᠢᠭ ᠤᠨ ᠨᠡᠶᠢᠭᠡᠮ ᠤᠨ ᠬᠠᠨᠳᠢᠪ ᠢ ᠭᠥᠯᠢᠶᠡᠨ ᠠᠪᠴᠤ᠂ ᠪᠦᠭᠦ ᠨᠡᠶᠢᠭᠡᠮ ᠢᠶᠠᠷ ᠢᠶᠠᠨ ᠳᠡᠮᠵᠢᠬᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠤᠯᠴᠠᠬᠤ ᠬᠦᠴᠦᠷᠬᠡᠭ ᠶᠡᠭᠡ ᠨᠡᠶᠢᠯᠡᠯ ᠬᠦᠴᠦᠨ ᠢ ᠪᠤᠶ ᠪᠣᠯᠭᠠᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠠᠭᠠᠯᠠᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠵᠥᠪᠭᠡᠨ ᠥᠪᠥᠷ ᠮᠣᠩᠭᠤᠯ ᠳᠤ ᠲᠦᠰᠢᠭᠯᠡᠭᠡᠳ ᠪᠡᠶᠡᠯᠡᠭᠦᠯᠵᠦ ᠳᠡᠶᠢᠯᠭᠦ ᠦᠭᠡᠢ ᠶᠤᠮ᠃ ᠡᠭᠦᠨ ᠤ ᠲᠥᠯᠥᠭᠡ ᠥᠪᠥᠷ ᠮᠣᠩᠭᠤᠯ ᠣᠷᠣᠨ ᠪᠦᠰᠡ ᠬᠤᠯᠪᠤᠭᠠᠯᠠᠨ ᠬᠥᠳᠡᠯᠦᠯᠴᠡᠵᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠲᠣᠭᠲᠠᠴᠠ ᠶᠢ ᠪᠠᠶᠢᠭᠤᠯᠪᠠ᠃ ᠣᠷᠣᠨ ᠤ ᠭᠠᠳᠠᠨ᠎ᠠ᠂ ᠨᠢᠩᠰᠢᠶᠠ ᠯᠤᠭ᠎ᠠ ᠮᠤᠤᠡᠤᠰᠤ ᠶᠢᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠭᠠᠨᠰᠤ ᠯᠤᠭ᠎ᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠯᠢᠶᠣᠤᠨᠢᠩ ᠯᠤᠭ᠎ᠠ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠪᠠ᠃ ᠣᠷᠣᠨ ᠤ ᠳᠣᠲᠣᠷ᠎ᠠ᠂ ᠪᠠᠶᠠᠨᠨᠠᠭᠤᠷ᠂ ᠪᠤᠭᠤᠲᠤ᠂ ᠣᠷᠳᠣᠰ᠂ ᠦᠬᠠᠢ᠂ ᠠᠯᠠᠱᠠ ᠵᠡᠷᠭᠡ ᠠᠶᠢᠮᠠᠭ ᠬᠤᠲᠠ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠭᠦᠨᠵᠡᠭᠡᠶᠢᠷᠡᠨ ᠠᠭᠢᠬᠤ ᠶᠢ ᠳᠠᠭᠠᠯᠳᠤᠨ ᠥᠪᠥᠷ ᠮᠣᠩᠭᠤᠯ ᠨᠡᠩ ᠤᠯᠠᠨ ᠨᠥᠯᠥᠭᠡᠯᠡᠬᠦ ᠬᠦᠴᠦᠨ ᠲᠠᠢ ᠵᠢᠱᠢᠶ᠎ᠡ ᠦᠵᠡᠭᠦᠯᠭᠦ ᠴᠢᠨᠠᠷᠲᠠᠢ ᠢᠨᠵᠧᠨᠧᠷᠢᠩ ᠢ ᠬᠦᠴᠦᠯᠡᠨ ᠪᠠᠶᠢᠭᠤᠯᠵᠤ᠂ ᠨᠡᠩ ᠤᠯᠠᠨ ᠡᠯᠡᠰᠦᠷᠬᠡᠭᠵᠢᠯ ᠢ ᠵᠠᠰᠠᠭᠰᠠᠨ ᠲᠤᠷᠰᠢᠯᠭ᠎ᠠ ᠪᠠᠨ ︽ᠤᠮᠠᠷᠠᠲᠤ ᠶᠢᠨ ᠭᠤᠷᠪᠠᠨ ᠣᠷᠣᠨ︾ ᠲᠡᠶᠢᠰᠢ ᠠᠬᠢᠭᠤᠯᠵᠤ᠂ ᠳᠡᠯᠡᠬᠡᠢ ᠳ᠋ᠠᠬᠢᠨ ᠳᠤ ᠳᠡᠯᠭᠡᠷᠡᠭᠦᠯᠵᠦ᠂ ᠬᠥᠮᠥᠨ ᠲᠥᠷᠥᠯᠬᠢᠲᠡᠨ ᠳᠤ ᠪᠤᠶᠠᠨ ᠦᠢᠯᠡᠳᠴᠦ ᠪᠤᠢ᠃
|
|
ᠢᠷᠡᠯᠲᠡ᠄
ᠥᠪᠥᠷ ᠮᠣᠩᠭᠤᠯ ᠤᠨ ᠡᠳᠦᠷ ᠤᠨ ᠰᠣᠨᠢᠨ
|