ᠡᠷᠳᠡᠨᠢᠳᠠᠯᠠᠢ ᠲᠥᠯᠥᠭᠡᠯᠡᠭᠴᠢ᠄ ᠲᠦᠷᠦ ᠶᠢᠨ ᠪᠣᠳᠣᠯᠭ᠎ᠠ ᠶᠢᠨ ᠢᠪᠡᠭᠡᠯ ᠢᠶᠠᠷ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2025/3/24

    ᠣᠶᠢᠷ᠎ᠠ ᠳᠤ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢ᠂ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠱᠠᠩᠳᠤ ᠭᠠᠴᠠᠭᠠᠨ ᠤ ᠮᠠᠯᠴᠢᠨ ᠡᠷᠳᠡᠨᠢᠳᠠᠯᠠᠢ ᠤᠯᠢᠶᠠᠰᠤᠲᠠᠢ ᠪᠠᠯᠭᠠᠰᠤᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠢᠶᠠᠷ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠤᠯᠠᠨ ᠺᠠᠳ᠋ᠷ ᠮᠠᠯᠴᠢᠳ ᠲᠠᠭᠠᠨ ᠤᠯᠠᠮᠵᠢᠯᠠᠨ ᠳᠠᠮᠵᠢᠭᠤᠯᠤᠯ᠎ᠠ᠃ ᠲᠡᠭᠦᠨ ᠤ ᠶᠠᠷᠢᠶ᠎ᠠ ᠪᠣᠷᠣᠭᠵᠢᠭᠤᠨ ᠬᠠᠪᠤᠯᠢᠭ ᠪᠥᠭᠡᠳ ᠥᠪᠡᠷ ᠤᠨ ᠪᠦᠭᠦ ᠤᠯᠤᠰ ᠤᠨ ᠬᠤᠶᠠᠷ ᠬᠤᠷᠠᠯ ᠳᠤ ᠤᠷᠤᠯᠴᠠᠬᠰᠠᠨ ᠥᠩᠭᠡᠷᠡᠯᠲᠡ ᠲᠥᠷᠥᠭᠳᠡᠯ ᠢᠶᠠᠨ ᠲᠣᠭᠠᠴᠢᠨ ᠶᠠᠷᠢᠭᠰᠠᠨ ᠨᠢ ᠤᠯᠠᠨ ᠤ ᠠᠩᠬᠠᠷᠤᠯ ᠢ ᠲᠠᠲᠠᠵᠤ᠂ ᠭᠥᠯᠢᠶᠡᠨ ᠰᠣᠨᠢᠷᠬᠠᠭᠰᠠᠨ ᠬᠥᠮᠥᠰ ᠮᠠᠰᠢ ᠭᠦᠨ ᠰᠠᠭᠤᠭᠳᠠᠯ ᠲᠠᠢ ᠭᠡᠵᠡᠭᠡᠪᠡ᠃

    ︽ᠡᠷᠳᠡᠨᠢᠳᠠᠯᠠᠢ ᠲᠥᠯᠥᠭᠡᠯᠡᠭᠴᠢ ᠶᠢᠨ ᠶᠠᠷᠢᠶ᠎ᠠ ᠶᠢ ᠰᠣᠨᠣᠰᠤᠭᠠᠳ ᠪᠢ ᠤᠯᠤᠰ ᠭᠦᠷᠦᠨ ᠤ ᠲᠣᠮᠣ ᠤᠴᠢᠷ ᠴᠦ ᠭᠡᠰᠡᠨ ᠮᠠᠨ ᠤ ᠠᠷᠠᠳ ᠢᠷᠭᠡᠳ ᠯᠦᠭᠡ ᠮᠠᠰᠢ ᠨᠢᠭᠲᠠ ᠬᠤᠯᠪᠣᠭᠳᠠᠯ ᠲᠠᠢ ᠭᠡᠰᠡᠨ ᠢ ᠭᠦᠨ ᠣᠶᠢᠯᠠᠭᠠᠯ᠎ᠠ᠃ ᠢᠯᠠᠩᠭᠤᠶ᠎ᠠ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠬᠤ ᠭᠡᠳᠡᠭ ᠢ ᠰᠣᠨᠣᠰᠤᠭᠠᠳ ᠶᠡᠬᠡᠳᠡ ᠵᠣᠷᠢᠭᠵᠢᠪᠠ᠂ ᠨᠠᠮ ᠤᠨ ᠬᠠᠶᠢᠷ᠎ᠠ ᠬᠠᠯᠠᠮᠵᠢ ᠳᠠᠭᠠᠭᠤᠯᠭ᠎ᠠ ᠳᠣᠣᠷ᠎ᠠ ᠪᠢᠳᠡᠨ ᠤ ᠠᠮᠢᠳᠤᠷᠠᠯ ᠤᠯᠠᠮ ᠥᠭᠡᠳᠡᠷᠬᠡᠭ ᠪᠣᠯᠣᠨ᠎ᠠ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ︾ ᠭᠡᠵᠦ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠤᠤ ᠶᠢᠨ ᠬᠤᠸᠠ ᠰᠢᠭᠤᠳ ᠨᠡᠪᠲᠡᠷᠡᠭᠦᠯᠭᠡ ᠶᠢ ᠭᠥᠯᠢᠶᠡᠨ ᠰᠣᠨᠣᠰᠤᠭᠰᠠᠨ ᠰᠡᠳᠬᠢᠭᠳᠡᠯ ᠢᠶᠠᠨ ᠶᠠᠷᠢᠨ᠎ᠠ᠃

    3 ᠰᠠᠷ᠎ᠠ ᠶᠢᠨ 12 ᠤᠨ ᠡᠳᠦᠷ᠂ ᠡᠷᠳᠡᠨᠢᠳᠠᠯᠠᠢ ᠪᠦᠭᠦ ᠤᠯᠤᠰ ᠤᠨ ᠬᠤᠶᠠᠷ ᠬᠤᠷᠠᠯ ᠳᠤ ᠤᠷᠤᠯᠴᠠᠵᠦ ᠪᠠᠷᠠᠭᠠᠳ ᠢᠲᠡᠭᠡᠯ ᠵᠣᠷᠢᠭ ᠲᠡᠭᠦᠯᠳᠡᠷ ᠢᠶᠠᠷ ᠨᠤᠲᠤᠭ ᠲᠠᠭᠠᠨ ᠪᠤᠴᠠᠵᠤ ᠢᠷᠡᠵᠠᠢ᠃ 3 ᠰᠠᠷ᠎ᠠ ᠶᠢᠨ 13 ᠤ ᠡᠳᠦᠷ᠂ ᠲᠡᠷᠡ ᠵᠡᠭᠦᠨ ᠦᠵᠦᠮᠦᠴᠢᠨ ᠬᠤᠰᠢᠭᠤᠨ ᠤ ᠪᠠᠨ ᠠᠷᠠᠳ ᠤᠨ ᠲᠥᠯᠥᠭᠡᠯᠡᠭᠴᠢ ᠶᠢᠨ ᠦᠢᠯᠡᠴᠢᠯᠡᠭᠡᠨ ᠤ ᠲᠥᠪ ᠲᠤ ᠶᠠᠭᠠᠷᠠᠪᠴᠢᠯᠠᠨ ᠬᠦᠷᠴᠦ᠂ ᠬᠤᠰᠢᠭᠤᠨ ᠤ ᠪᠠᠨ ᠠᠷᠠᠳ ᠤᠨ ᠲᠥᠯᠥᠭᠡᠯᠡᠭᠴᠢ ᠨᠠᠷ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ ᠪᠢᠯᠡ᠃ ᠲᠡᠷᠡ ᠪᠦᠭᠦ ᠤᠯᠤᠰ ᠤᠨ ᠬᠤᠶᠠᠷ ᠬᠤᠷᠠᠯ ᠳᠤ ᠤᠷᠤᠯᠴᠠᠬᠰᠠᠨ ᠥᠩᠭᠡᠷᠡᠯᠲᠡ᠂ ᠠᠬᠤᠢ ᠲᠠᠯᠠᠪᠠᠢ ᠶᠢᠨ ᠦᠪᠡᠳᠡᠭᠰᠢ ᠪᠠᠶᠢᠳᠠᠯ ᠬᠢᠭᠡᠳ ᠬᠤᠶᠠᠷ ᠬᠤᠷᠠᠯ ᠤᠨ ᠴᠢᠬᠤᠯᠠ ᠰᠡᠳᠦᠪ ᠵᠡᠷᠭᠡ ᠶᠢ ᠤᠯᠠᠨ ᠲᠠᠢ ᠪᠠᠨ ᠬᠤᠪᠢᠶᠠᠯᠴᠠᠵᠠᠢ᠃

    3 ᠰᠠᠷ᠎ᠠ ᠶᠢᠨ 14 ᠤ ᠡᠳᠦᠷ᠂ ᠡᠷᠳᠡᠨᠢᠳᠠᠯᠠᠢ ᠵᠡᠭᠦᠨ ᠦᠵᠦᠮᠦᠴᠢᠨ ᠬᠤᠰᠢᠭᠤᠨ ᠤ ᠪᠠᠨ ᠬᠠᠳᠠᠪᠴᠢ ᠪᠠᠯᠭᠠᠰᠤᠨ ᠤ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠠᠭᠠᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠠᠢ᠃ ᠲᠡᠷᠡ ᠠᠷᠠᠳ ᠤᠯᠠᠨ ᠤ ᠠᠩᠬᠠᠷᠤᠨ ᠬᠠᠯᠠᠮᠵᠢᠯᠠᠵᠤ ᠪᠠᠶᠢᠭ᠎ᠠ ᠵᠢᠵᠢᠭ ᠬᠠᠷᠠᠭᠠᠰᠤ ᠠᠴᠠ ᠰᠡᠳᠦᠪ ᠠᠪᠴᠤ᠂ ᠬᠤᠶᠠᠷ ᠬᠤᠷᠠᠯ ᠤᠨ ᠠᠭᠤᠯᠭ᠎ᠠ ᠶᠢ ᠳᠡᠯᠭᠡᠨ ᠶᠠᠷᠢᠭᠰᠠᠨ ᠨᠢ ᠤᠯᠠᠨ ᠲᠦᠮᠡᠨ ᠳᠤ ᠮᠠᠰᠢ ᠭᠦᠨ ᠲᠥᠷᠥᠭᠳᠡᠯ ᠣᠯᠭᠤᠵᠤ᠂ ᠬᠥᠮᠥᠰ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠨ᠎ᠠ᠃

    ︽ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠨᠤᠲᠤᠭ ᠤᠰᠤᠨ ᠤ ᠪᠠᠨ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠳᠡᠭᠡᠳᠦ ᠱᠠᠲᠤᠨ ᠳᠤ ᠳᠠᠮᠵᠢᠭᠤᠯᠬᠤ ᠨᠢ ᠮᠢᠨᠤ ᠬᠠᠷᠢᠭᠤᠴᠠᠯᠭ᠎ᠠ ᠪᠥᠭᠡᠳ ᠢᠷᠠᠭᠤ ᠠᠯᠳᠠᠷᠲᠠᠢ ᠡᠭᠦᠷᠭᠡ ᠶᠤᠮ᠃ ᠲᠡᠷᠡ ᠮᠥᠷᠲᠡᠭᠡᠨ ᠪᠦᠭᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠳᠡᠭᠡᠨ ᠳᠠᠮᠵᠢᠭᠤᠯᠵᠤ᠂ ᠨᠠᠮ ᠤᠨ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠰᠠᠶᠢᠲᠤᠷ ᠨᠠᠶᠢᠳᠠᠪᠤᠷᠢᠵᠢᠭᠤᠯᠤᠨ᠂ ᠣᠷᠣᠨ ᠨᠤᠲᠤᠭ ᠤᠨ ᠢᠶᠠᠨ ᠬᠥᠭᠵᠢᠯ ᠪᠠᠳᠠᠷᠠᠯ ᠳᠤ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠡᠷᠳᠡᠨᠢᠳᠠᠯᠠᠢ ᠬᠡᠯᠡᠨ᠎ᠡ᠃ ᠲᠠᠷᠠ ᠣᠶᠢᠷ᠎ᠠ ᠶᠢᠨ ᠬᠤᠭᠤᠴᠠᠭᠠᠨ ᠳᠤ ᠪᠠᠰᠠ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠬᠠᠮᠲᠤᠪᠠᠷ ᠰᠤᠷᠤᠯᠴᠠᠵᠦ᠂ ᠠᠬᠤᠢ ᠲᠠᠯᠠᠪᠠᠢ ᠪᠣᠯᠣᠨ ᠰᠦᠯᠵᠢᠶᠡᠨ ᠤ ᠰᠢᠭᠤᠳ ᠨᠡᠪᠲᠡᠷᠡᠭᠦᠯᠭᠡ ᠪᠠᠷ ᠳᠠᠮᠵᠢᠭᠤᠯᠤᠨ ᠨᠡᠩ ᠤᠯᠠᠨ ᠬᠥᠮᠥᠰ ᠲᠤ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠵᠤ ᠪᠠᠶᠢᠯ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ