ᠦ᠋ ᠶᠢᠩ ᠲᠥᠯᠥᠭᠡᠯᠡᠭᠴᠢ᠄ ᠦᠨᠡᠨ ᠪᠤᠳᠠᠳᠠᠢ ᠠᠵᠢᠯᠯᠠᠵᠦ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠨ᠎ᠠ
ᠨᠡᠶᠢᠲᠡᠯᠡᠭᠰᠡᠨ ᠴᠠᠭ᠄
2025/3/24

 

      3 ᠰᠠᠷ᠎ᠠ ᠶᠢᠨ 20 ᠤ ᠡᠳᠦᠷ᠂ ᠦᠬᠠᠢ ᠬᠤᠳᠠ ᠳᠤ ᠪᠤᠴᠠᠵᠤ ᠢᠷᠡᠭᠰᠡᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠦᠷᠰᠢᠭᠦᠯᠬᠦ ᠬᠢᠵᠠᠭᠠᠷᠲᠤ ᠺᠣᠮᠫᠠᠨᠢ ᠶᠢᠨ ᠰᠢ ᠯᠠᠢ ᠹᠧᠩ ᠬᠤᠪᠢᠶᠠᠷᠢ ᠺᠣᠮᠫᠠᠨᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠡᠯᠲᠡᠰ ᠤᠨ ᠭᠤᠣᠯᠯᠠᠨ ᠬᠠᠮᠢᠶᠠᠷᠤᠭᠴᠢ ᠦ᠋ ᠶᠢᠩ ᠬᠠᠶᠢᠷᠤᠪ ᠤᠨ ᠲᠤᠬᠤᠢ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠯᠠᠨ ᠲᠦᠮᠡᠨ ᠳᠤ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃

      ᠲᠤᠰ ᠡᠳᠦᠷ ᠤᠨ ᠦᠳᠡ ᠶᠢᠨ ᠬᠤᠶᠢᠨ᠎ᠠ᠂ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤᠷᠠᠯ ᠤᠨ ᠭᠡᠷ ᠲᠤ ᠬᠦᠷ ᠬᠥᠭᠵᠢᠶᠡᠨ ᠢᠶᠠᠷ ᠪᠢᠯᠬᠠᠵᠤ᠂ ᠴᠤᠭᠯᠠᠷᠠᠬᠰᠠᠨ ᠤᠯᠠᠨ ᠰᠣᠨᠣᠰᠬᠤ ᠶᠢᠨ ᠳᠠᠭᠠᠤ ᠲᠡᠮᠳᠡᠭᠯᠡᠯ ᠬᠢᠵᠦ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠪᠠ᠃ ︽ᠨᠢᠭᠡ ᠵᠢᠯ ᠤᠨ ᠲᠤᠷᠰᠢ᠂ ᠭᠠᠳᠠᠭᠠᠳᠤ ᠣᠷᠴᠢᠨ ᠤ ᠳᠠᠷᠤᠯᠲᠠ ᠶᠡᠬᠡᠳᠴᠦ᠂ ᠳᠣᠲᠣᠭᠠᠳᠤ ᠶᠢᠨ ᠬᠦᠴᠢᠷᠳᠡᠯ ᠨᠡᠮᠡᠭᠳᠡᠵᠦ ᠪᠠᠶᠢᠭ᠎ᠠ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠡᠷᠡᠮᠡᠬᠡᠶᠢᠯᠡᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠠᠬᠢᠵᠤ᠂ ᠪᠦᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠤᠷᠤᠭᠰᠢᠲᠠᠢ ᠪᠡᠶᠡᠯᠡᠭᠦᠯᠪᠡ ᠁︾ ᠤᠬᠠᠭᠤᠯᠤᠨ ᠲᠠᠶᠢᠯᠪᠤᠷᠢᠯᠠᠬᠤ ᠳᠤᠮᠳᠠ᠂ ᠦ᠋ ᠶᠢᠩ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠬᠤᠷᠠᠯ ᠤᠨ ᠬᠤᠭᠤᠴᠠᠭᠠᠨ ᠳᠠᠬᠢ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠠᠵᠢᠯᠯᠠᠭ᠎ᠠ ᠶᠢᠨ ᠪᠠᠶᠢᠳᠠᠯ ᠵᠡᠷᠭᠡ ᠲᠠᠯ᠎ᠠ ᠶᠢᠨ ᠲᠣᠭᠤᠷᠢᠨ ᠳᠤ ᠲᠦᠬᠦᠮ ᠣᠶᠢᠯᠠᠭᠠᠮᠵᠢᠲᠠᠢ ᠤᠬᠠᠭᠤᠯᠤᠨ ᠲᠠᠶᠢᠯᠪᠤᠷᠢᠯᠠᠪᠠ᠃ ︽ᠮᠢᠨᠦ ᠡᠨᠡ ᠵᠢᠯ ᠤᠨ ᠳᠤᠷᠠᠳᠤᠭᠰᠠᠨ ᠰᠠᠨᠠᠭᠤᠯᠭ᠎ᠠ ᠳᠤ ︿ᠨᠡᠭᠦᠷᠡᠰᠦ ᠬᠢᠭᠡᠳ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠤᠭᠴᠠᠵᠢᠭᠤᠯᠤᠨ ᠬᠠᠮᠵᠢᠯᠴᠠᠭᠤᠯᠤᠨ ᠬᠥᠭᠵᠢᠭᠦᠯᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠲᠤᠬᠠᠶ ᠰᠠᠨᠠᠭᠤᠯᠭ᠎ᠠ﹀᠂ ︿ᠵᠠᠳᠠᠷᠠᠵᠤ ᠳᠡᠶᠢᠯᠬᠦ ᠥᠬᠡᠶ ᠰᠦᠯᠢᠶᠣᠣ ᠶᠢ ᠴᠠᠭᠠᠵᠠᠯᠠᠬᠤ ᠪᠠ ᠬᠢᠵᠠᠭᠠᠷᠯᠠᠬᠤ ᠬᠠᠮᠢᠶ᠎ᠠ ᠪᠥᠬᠦᠶ ᠬᠠᠤᠯᠢ ᠲᠣᠭᠲᠠᠭᠠᠯ ᠢ ᠨᠡᠶᠢᠲᠡᠯᠡᠬᠦ ᠲᠤᠬᠠᠶ ᠰᠠᠨᠠᠭᠤᠯᠭ᠎ᠠ﹀ ᠪᠠ ︿ᠡᠬᠢ ᠪᠠᠶᠠᠯᠢᠭ ᠰᠢᠪᠬᠠᠷᠤᠭᠰᠠᠨ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ ᠲᠤᠬᠠᠶ ᠰᠠᠨᠠᠭᠤᠯᠭ᠎ᠠ﹀ ᠵᠡᠷᠭᠡ ᠪᠣᠶ᠃ ︿ᠡᠬᠢ ᠪᠠᠶᠠᠯᠢᠭ ᠰᠢᠪᠬᠠᠷᠤᠭᠰᠠᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ ᠲᠤᠬᠠᠢ ᠰᠠᠨᠠᠭᠤᠯᠭ᠎ᠠ﹀ ᠳᠤ᠂ ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠬᠤᠳᠠ ᠳᠤ ᠰᠢᠯᠵᠢᠭᠦᠯᠦᠨ ᠲᠤᠭᠠᠴᠠᠭ᠎ᠠ ᠬᠢᠬᠦ ᠡᠷᠴᠢᠮ ᠢᠶᠠᠨ ᠴᠢᠩᠭᠠᠷᠠᠭᠤᠯᠵᠤ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠮᠢᠳᠤ ᠪᠣᠳᠠᠰ ᠤᠨ ᠵᠠᠳᠠᠷᠠᠵᠤ ᠪᠣᠯᠬᠤᠶᠢᠴᠠ ᠮᠠᠲ᠋ᠧᠷᠢᠶᠠᠯ ᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠭᠠᠷᠴᠠᠭ ᠲᠤ ᠣᠷᠣᠭᠤᠯᠪᠠᠯ ᠵᠤᠬᠢᠨ᠎ᠠ ᠬᠡᠬᠦ ᠰᠠᠨᠠᠭᠤᠯᠭ᠎ᠠ ᠳᠤᠷᠠᠳᠴᠠᠢ ᠁︾ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠦ᠋ ᠶᠢᠩ ᠪᠠᠰᠠ ᠤᠯᠠᠨ ᠳᠤ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠪᠠᠶᠢᠳᠠᠯ ᠢᠶᠠᠨ ᠨᠠᠷᠢᠨ ᠲᠠᠨᠢᠯᠴᠠᠭᠤᠯᠤᠭᠰᠠᠨ ᠪᠥᠭᠡᠳ ᠪᠦᠬᠦ ᠤᠯᠤᠰ ᠤᠨ ᠬᠤᠶᠠᠷ ᠬᠤᠷᠠᠯ ᠳᠡᠭᠡᠷ᠎ᠡ ᠦᠵᠡᠭᠰᠡᠨ᠂ ᠲᠦᠷᠦᠭᠳᠡᠭᠰᠡᠨ᠂ ᠣᠶᠢᠯᠠᠭᠠᠭᠰᠠᠨ ᠵᠦᠢᠯ ᠢᠶᠠᠨ ᠬᠤᠪᠢᠶᠠᠯᠴᠠᠪᠠ᠃

      ᠠᠮᠢᠳᠤᠯᠢᠭ ᠪᠤᠳᠠᠳᠠᠢ ᠲᠠᠶᠢᠯᠪᠤᠷᠢᠯᠠᠯᠳᠠ ᠠᠴᠠ ᠤᠯᠠᠨ ᠢᠶᠠᠷ ᠢᠶᠠᠨ ᠮᠠᠰᠢ ᠶᠡᠭᠡ ᠤᠯᠤᠯᠲᠠ ᠤᠯᠵᠤ᠂ ᠲᠦᠢᠯ ᠢᠶᠠᠷ ᠤᠷᠮᠠᠰᠢᠨ ᠵᠣᠷᠢᠭᠵᠢᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠳᠤ ᠨᠡᠩ ᠭᠦᠨᠵᠡᠭᠡᠢ ᠨᠠᠷᠢᠨ ᠣᠶᠢᠯᠠᠭᠠᠯᠲᠠ ᠲᠠᠢ ᠪᠣᠯᠪᠠ᠃

      ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠠᠶᠢᠷᠤᠪ ᠤᠨ ᠲᠤᠬᠤᠢ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠡᠵᠡᠩᠨᠡᠨ ᠪᠣᠷᠣᠯᠠᠭᠤᠯᠬᠤ ᠦᠢᠯᠡᠴᠢᠯᠡᠭᠡᠨ ᠤ ᠲᠠᠰᠤᠭ ᠤᠨ ᠲᠤᠰᠬᠠᠢ ᠬᠠᠷᠢᠭᠤᠴᠠᠯᠭᠠᠲᠠᠨ ᠬᠠᠨ ᠴᠧᠨ ᠰᠢᠤᠢ᠄ ︽ᠡᠦ ᠶᠢᠩ ᠲᠥᠯᠥᠭᠡᠯᠡᠭᠴᠢ ᠶᠢᠨ ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠠᠳ ᠪᠢ ᠶᠡᠬᠡᠳᠡ ᠵᠣᠷᠢᠭᠵᠢᠵᠤ᠂ ᠪᠠᠰᠠ ᠡᠬᠦᠷᠬᠡ ᠬᠠᠷᠢᠭᠤᠴᠠᠯᠭ᠎ᠠ ᠬᠦᠨᠳᠦ ᠪᠠᠶᠢᠭ᠎ᠠ ᠪᠠᠨ ᠤᠬᠠᠵᠦ ᠮᠡᠳᠡᠯ᠎ᠠ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠪᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠠᠷᠠᠭᠠᠴᠢ ᠶᠢᠨ ᠠᠵᠢᠯ ᠳᠤᠮᠳᠠ ᠪᠠᠨ ᠰᠠᠨᠠᠭᠠᠴᠢᠯᠠᠭ᠎ᠠ ᠠᠴᠠ ᠪᠠᠨ ᠵᠢᠳᠬᠦᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤᠮᠳᠠ ᠬᠦᠴᠦᠯᠡᠬᠦ ᠴᠡᠭ ᠢ ᠰᠠᠶᠢᠲᠤᠷ ᠡᠵᠡᠮᠳᠡᠵᠦ᠂ ᠠᠷᠠᠳ ᠤᠯᠠᠨ ᠤ ᠰᠠᠶᠢᠨ ᠣᠷᠣᠯᠠᠨ ᠥᠭᠦᠯᠡᠭᠴᠢ ᠪᠤᠯᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠠᠴᠠ ᠰᠢᠩᠭᠡᠭᠡᠨ ᠠᠪᠤᠭᠰᠠᠨ ᠢᠶᠠᠨ ᠪᠣᠳᠠᠲᠠᠢ ᠠᠵᠢᠯᠯᠠᠵᠤ ᠡᠷᠡᠮᠡᠬᠡᠶᠢᠯᠡᠨ ᠤᠷᠤᠭᠰᠢᠯᠠᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠤᠯᠠᠨ ᠲᠦᠮᠡᠨ ᠳᠤ ᠦᠢᠯᠡᠴᠢᠯᠡᠨ᠎ᠡ︾ ᠭᠡᠪᠡ᠃

      ᠬᠠᠶᠢᠷᠤᠪ ᠤᠨ ᠲᠤᠬᠤᠢ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠶᠢᠨ ᠵᠡᠬᠦᠨ ᠱᠠᠨ ᠪᠸᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠶᠣᠤ ᠸᠠᠨ ᠵᠢᠩ᠄ ︽ᠡᠨᠡ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠶᠢ ᠰᠤᠨᠤᠰᠬᠤ ᠪᠠᠷ ᠳᠠᠮᠵᠢᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢᠨ ᠲᠤᠬᠠᠢ ᠨᠡᠩ ᠪᠦᠬᠦ ᠲᠠᠯ᠎ᠠ ᠶᠢᠨ᠂ ᠨᠡᠩ ᠭᠦᠨᠵᠡᠭᠡᠢ ᠲᠠᠨᠢᠯᠲᠠ ᠲᠠᠢ ᠪᠣᠯᠤᠬᠰᠠᠨ᠂ ᠴᠢᠷᠮᠠᠶᠢᠬᠤ ᠴᠢᠭᠯᠡᠯ ᠴᠤ ᠳᠤᠳᠤᠷᠬᠠᠢ ᠪᠤᠯᠪᠠ᠃ ᠬᠤᠶᠢᠰᠢᠳᠠ ᠶᠢᠨ ᠠᠵᠢᠯ ᠳᠤᠮᠳᠠ ᠪᠠᠨ᠂ ᠪᠢ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠢᠯᠡᠭᠦᠬᠡᠨ ᠪᠣᠳᠠᠲᠤ ᠶᠠᠪᠤᠳᠠᠯ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ︾ ᠭᠡᠪᠡ᠃

      ᠵᠠᠯᠭᠠᠭᠠᠳ᠂ ᠦ᠋ ᠶᠢᠩ ᠪᠠᠰᠠ ᠦᠬᠠᠢ ᠬᠤᠳᠠ ᠶᠢᠨ ᠪᠠᠶᠢᠭᠤᠯᠭ᠎ᠠ᠂ ᠠᠵᠤ ᠠᠬᠤᠶᠢᠯᠠᠯ ᠳᠤ ᠭᠦᠨᠵᠡᠭᠡᠶᠢᠷᠡᠵᠦ᠂ ᠨᠠᠮ ᠤᠨ ᠭᠡᠰᠢᠭᠦᠨ ᠺᠠᠳ᠋ᠷ᠂ ᠡᠮᠦᠨ᠎ᠡ ᠹᠷᠣᠨᠲ ᠤᠨ ᠠᠵᠢᠯᠳᠠᠨ ᠠᠵᠢᠯᠴᠢᠨ ᠲᠠᠢ ᠬᠠᠷᠢᠯᠴᠠᠨ ᠬᠦᠳᠡᠯᠦᠯᠴᠡᠵᠤ ᠶᠠᠷᠢᠯᠴᠠᠨ ᠰᠣᠯᠢᠯᠴᠠᠵᠤ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠪᠣᠯᠤᠨ᠎ᠠ᠃

      

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ