ᠬᠥᠯᠥᠨ ᠪᠤᠶᠢᠷ ᠬᠤᠲᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠢᠮᠠᠭᠲᠠ ᠤᠯᠤᠰ ᠲᠥᠷᠥ ᠶᠢᠨ ᠡᠭᠦᠷᠭᠡ ᠪᠤᠯᠭᠠᠵᠤ ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠦᠷᠦᠭᠦᠯᠡᠨ ᠶᠡᠷᠦᠩᠬᠡᠶᠢᠯᠡᠨ ᠠᠳᠬᠤᠵᠤ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠂ ᠨᠡᠶᠢᠭᠡᠮ ᠤᠨ ᠦᠨᠡᠨᠴᠢ ᠢᠲᠡᠭᠡᠮᠵᠢ ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠲᠤᠰᠬᠠᠢ ᠲᠦᠷᠦᠯ ᠢᠶᠠᠷ ᠠᠬᠢᠭᠤᠯᠬᠤ ᠳᠤᠭᠤᠶᠢᠯᠠᠩ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠪᠠᠲᠤᠲᠠᠢ ᠬᠡᠷᠡᠭᠵᠢᠭᠦᠯᠵᠦ ᠂ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠣᠯᠭᠠᠪᠠ ᠃
ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ ᠠᠰᠢᠭ ᠬᠦᠷᠲᠡᠭᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠪᠤᠶ ᠪᠣᠯᠭᠠᠪᠠ
ᠲᠦᠷᠦᠭᠦᠬᠡᠨ ᠂ ᠣᠷᠴᠣᠨ ᠤ ᠥᠪᠡᠷᠲᠡᠭᠡᠨ ᠵᠠᠰᠠᠬᠤ ᠬᠤᠰᠢᠭᠤᠨ ᠤ ᠰᠠᠭᠤᠭᠠᠯᠢ ᠠᠷᠠᠳ 12345 ᠤᠲᠠᠰᠤ ᠶᠢ ᠤᠲᠠᠰᠤᠳᠠᠵᠤ ᠲᠤᠰᠠᠯᠠᠮᠵᠢ ᠬᠦᠰᠡᠪᠡ ᠂ ᠬᠤᠰᠢᠭᠤᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠠᠵᠢᠯ ᠤᠨ ᠬᠠᠭᠤᠳᠠᠰᠤ ᠶᠢ ᠣᠯᠣᠭᠰᠠᠨ ᠤ ᠳᠠᠷᠠᠭ᠎ᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠨᠠᠷᠢᠨ ᠬᠠᠷᠢᠭᠤᠯᠲᠠ ᠥᠭᠴᠦ ᠂ ᠰᠠᠭᠤᠭᠠᠯᠢ ᠠᠷᠠᠳ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠪᠡ ᠃
ᠬᠥᠯᠥᠨ ᠪᠤᠶᠢᠷ ᠬᠤᠲᠠ ᠶᠢᠨ ᠡᠭᠦᠳᠦᠨ ᠪᠠᠶᠢᠭᠤᠯᠤᠭᠰᠠᠨ ︽ᠳᠠᠭᠤᠳᠠᠭᠰᠠᠭᠠᠷ ᠬᠠᠷᠢᠭᠤ ᠥᠭᠬᠦ ︾ ᠲᠦᠷᠦᠯ ᠲᠡᠮᠳᠡᠭ ᠨᠢ ᠠᠵᠤ ᠠᠬᠤᠶᠢᠯᠠᠯ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠂ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠪᠤᠶ ᠃ ᠵᠢᠯ ᠤᠨ ᠡᠬᠢᠨ ᠠᠴᠠ ᠨᠠᠭᠠᠰᠢ ᠂ 301541 ᠬᠤᠪᠢ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ ᠰᠢᠢᠳᠪᠦᠷᠢᠯᠡᠨ ᠂ ᠰᠦᠯᠵᠢᠶᠡᠨ ᠳᠡᠭᠡᠷ᠎ᠡ ᠪᠠ ᠪᠣᠳᠠᠲᠤ ᠴᠣᠭᠴᠠ ᠳᠤ 13 ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠵᠦ ᠳᠠᠭᠤᠰᠬᠠᠬᠤ ︾ ᠦᠢᠯᠡᠴᠢᠯᠡᠭᠡᠨ ᠤ ᠢᠵᠢ ᠦᠢᠯᠡᠴᠢᠯᠡᠭᠡ ᠶᠢ ᠵᠡᠷᠭᠡ ᠪᠠᠷ ᠭᠠᠷᠭᠠᠵᠤ ᠂ 9731 ᠶᠠᠪᠤᠳᠠᠯ ᠢ ᠭᠦᠢᠴᠡᠳᠬᠡᠵᠦ ᠂ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠥᠷᠭᠡᠳᠬᠡᠵᠦ ᠂ ᠨᠡᠶᠢᠲᠡ 54.1 ᠲᠦᠮᠡ ᠭᠠᠷᠤᠢ ᠮᠡᠳᠡᠭᠡ ᠵᠠᠩᠭᠢ ᠶᠢ ᠴᠤᠭᠯᠠᠭᠤᠯᠪᠠ ᠃
ᠡᠭᠦᠨ ᠠᠴᠠ ᠭᠠᠳᠠᠨ᠎ᠠ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠭᠦ ᠭᠤᠷᠪᠠᠨ ᠵᠢᠯ ᠤᠨ ᠠᠵᠢᠯᠯᠠᠭ᠎ᠠ ᠶᠢ ᠥᠷᠨᠢᠭᠦᠯᠵᠦ ᠂ ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠪᠥᠭᠡᠳ ᠤᠶᠠᠨ ᠬᠠᠲᠠᠨ ᠴᠢᠨᠠᠷᠲᠠᠢ ᠪᠠᠷ ᠬᠠᠤᠯᠢ ᠬᠡᠷᠡᠭᠵᠢᠭᠦᠯᠵᠦ ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ ︽ᠭᠤᠷᠪᠠᠨ ᠨᠠᠷᠢᠨ ᠲᠠᠩᠰᠠ ︾ ᠶᠢ ᠨᠡᠶᠢᠲᠡ 8634 ᠵᠦᠢᠯ ᠪᠠᠶᠢᠭᠤᠯᠵᠤ ᠂ 2025 ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠬᠥᠳᠡᠯᠦᠩᠭᠦᠢ ᠪᠠᠷ ᠲᠣᠬᠢᠷᠠᠭᠤᠯᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢᠶᠠᠨ ᠪᠦᠲᠦᠮᠵᠢᠲᠡᠶ ᠳᠡᠭᠡᠭᠰᠢᠯᠡᠭᠦᠯᠪᠡ ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ ︾ ᠶᠢᠨ 18 ᠲᠤᠰᠬᠠᠢ ᠴᠣᠩᠬᠤᠪᠴᠢ ᠨᠡᠭᠡᠭᠡᠵᠦ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠬᠦᠷᠢᠶᠡᠨ ᠳᠠᠬᠢ ᠵᠠᠰᠠᠭ ᠤᠨ ᠣᠷᠳᠣᠨ ᠤ 16 ᠵᠦᠢᠯ ᠤᠨ ᠢᠲᠡᠭᠡᠮᠵᠢ ᠠᠯᠳᠠᠭᠰᠠᠨ ᠪᠠᠶᠢᠳᠠᠯ ᠳᠤ ᠴᠢᠭᠯᠡᠭᠦᠯᠦᠨ ᠴᠡᠭᠴᠡᠯᠡᠨ ᠵᠠᠰᠠᠯᠲᠠ ᠬᠢᠵᠦ ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠪᠡ ᠃
ᠡᠷᠡᠭᠦᠯ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠥᠷᠢᠰᠦᠯᠳᠦᠭᠡᠨ ᠡᠮᠬᠢ ᠵᠢᠷᠤᠮ ᠲᠠᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠪᠠ
︽ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ︿ ᠬᠡᠯᠡᠭᠰᠡᠨ ᠳᠡᠭᠡᠨ ᠰᠠᠭᠤᠵᠤ ﹀ ᠂ ᠠᠵᠤ ᠠᠬᠤᠶᠢᠯᠠᠯ ᠢ ᠨᠡᠩ ᠰᠠᠨᠠᠭ᠎ᠠ ᠠᠮᠤᠷ ᠬᠥᠭᠵᠢᠭᠦᠯᠬᠦ ᠬᠡᠷᠡᠭᠲᠡᠢ ︾ ᠭᠡᠵᠦ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠣᠪᠴᠢᠶᠠᠨ ᠳᠠᠷᠤᠭ᠎ᠠ ᠮᠧᠩ ᠴᠢᠩ ᠬᠠᠢ ᠬᠡᠯᠡᠨ᠎ᠡ ᠃
ᠡᠨᠡ ᠵᠢᠯ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠲᠦᠰᠢᠭᠯᠡᠨ ᠪᠦᠭᠦ ᠬᠤᠲᠠ ᠳᠤ 1540 ᠲᠦᠮᠡᠨ ᠵᠤᠷᠪᠤᠰ ᠮᠡᠳᠡᠭᠡ ᠵᠠᠩᠭᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ ᠂ 86ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ ᠂ 15000 ᠭᠠᠷᠤᠢ ᠦᠨᠡᠨᠴᠢ ᠢᠲᠡᠭᠡᠮᠵᠢ ᠶᠢᠨ ᠪᠠᠷᠢᠮᠵᠢᠶ᠎ᠠ ᠳᠤ ᠭᠦᠷᠦᠭᠰᠡᠨ ᠠᠵᠤ ᠠᠬᠤᠶᠢᠯᠠᠯ ᠂ 30 ᠲᠦᠷᠦᠭᠦᠦ ᠪᠦᠯᠦᠭ ᠤᠨ ︽ᠰᠣᠶᠣᠯ ᠵᠢᠭᠤᠯᠴᠢᠯᠠᠯ ᠤᠨ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠭᠦ ᠨᠢᠭᠡᠴᠢ ︾ ᠶᠢ ᠲᠠᠨᠢᠯᠴᠠᠭᠤᠯᠪᠠ ᠃ ᠥᠪᠡᠷᠲᠡᠭᠡᠨ ᠵᠠᠰᠠᠬᠤ ᠣᠷᠣᠨ ᠤ ᠳᠤᠮᠳᠠ ᠪᠠᠭ᠎ᠠ ᠠᠵᠤ ᠠᠬᠤᠶᠢᠯᠠᠯ ᠤᠨ ᠪᠡᠯᠡ ᠬᠤᠷᠠᠮᠳᠤᠭᠤᠯᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡᠨ ᠤ ᠲᠠᠪᠴᠠᠩ ᠵᠢᠴᠢ ᠬᠥᠯᠥᠨ ᠪᠤᠶᠢᠷ ᠬᠤᠲᠠ ᠶᠢᠨ ᠢᠲᠡᠭᠡᠮᠵᠢᠲᠦ ᠲᠥᠭᠦᠮ ᠵᠢᠭᠡᠯᠡᠯᠭᠡ ᠶᠢᠨ ᠲᠠᠪᠴᠠᠩ ᠢᠶᠠᠷ ᠲᠠᠮᠵᠢᠨ 87 ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠰᠠᠭᠤᠷᠢᠰᠢᠭᠤᠯᠵᠤ ᠂ 123 ᠮᠥᠩᠭᠦᠨ ᠭᠦᠢᠯᠭᠡᠭᠡᠨ ᠤ ᠦᠢᠯᠡᠳᠬᠦᠨ ᠢ ᠨᠡᠶᠢᠲᠡᠯᠡᠵᠦ ᠂ 10.28 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ ᠃ ︽ᠬᠤᠶᠠᠷ ᠪᠢᠴᠢᠭ ᠢ ᠬᠦᠷᠭᠡᠬᠦ ︾ ᠳᠦᠷᠢᠮ ᠢ ᠪᠠᠶᠢᠭᠤᠯᠵᠤ ᠂ ᠠᠵᠤ ᠠᠬᠤᠶᠢᠯᠠᠯ ᠢ ᠬᠠᠪᠰᠤᠷᠤᠨ 650 ᠵᠤᠷᠪᠤᠰ ᠢᠲᠡᠭᠡᠮᠵᠢ ᠶᠢ ᠨᠢ ᠰᠡᠷᠭᠦᠭᠡᠵᠦ ᠂ ᠣᠨ ᠤ ᠮᠡᠳᠡᠭᠦᠯᠦᠯᠲᠡ ᠪᠠ ᠢᠲᠡᠭᠡᠮᠵᠢ ᠶᠢ ᠨᠢ ᠰᠡᠷᠭᠦᠭᠡᠬᠦ ︽ᠣᠷᠣᠯᠠᠨ ᠭᠦᠢᠴᠡᠳᠬᠡᠬᠦ ︾ ᠴᠡᠭ ᠢ 117 ᠪᠠᠶᠢᠭᠤᠯᠵᠤ ᠂ ᠨᠡᠶᠢᠲᠡ 11243 ᠡᠷᠦᠭᠡ ᠡᠵᠡᠩᠨᠡᠯᠲᠡ ᠶᠢᠨ ᠭᠤᠣᠯ ᠴᠣᠭᠴᠠ ᠳᠤ ᠣᠨ ᠤ ᠮᠡᠳᠡᠭᠦᠯᠦᠯᠲᠡ ᠶᠢ ᠵᠠᠷᠯᠠᠨ ᠨᠡᠶᠢᠲᠡᠯᠡᠬᠦ ᠶᠢ ᠪᠡᠶᠡᠯᠡᠭᠦᠯᠵᠦ ᠂ 2007 ᠡᠷᠦᠭᠡ ᠡᠵᠡᠩᠨᠡᠯᠲᠡ ᠶᠢᠨ ᠭᠤᠣᠯ ᠴᠣᠭᠴᠠ ᠰᠦᠯᠵᠢᠶᠡᠨ ᠳᠡᠭᠡᠷ᠎ᠡ ᠢᠲᠡᠭᠡᠮᠵᠢ ᠪᠠᠨ ᠰᠡᠷᠭᠦᠭᠡᠬᠦ ᠭᠤᠶᠤᠴᠢᠯᠠᠯ ᠲᠤᠰᠢᠶᠠᠪᠠ ᠃
ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠠᠮᠠᠯᠠᠯᠲᠠ ᠪᠠᠨ ᠪᠡᠶᠡᠯᠡᠭᠦᠯᠬᠦ ᠨᠡᠶᠢᠭᠡᠮ ᠤᠨ ᠣᠷᠴᠢᠨ ᠲᠣᠭᠤᠷᠢᠨ ᠢ ᠪᠤᠶ ᠪᠣᠯᠭᠠᠪᠠ
︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠨᠠᠭᠠᠴᠢᠯᠠᠭ᠎ᠠ ᠶᠢᠨ ᠪᠢᠴᠢᠭ ︾ ᠢ ᠨᠡᠶᠢᠲᠡᠯᠡᠬᠦ ᠪᠠᠷ ᠲᠠᠮᠵᠢᠨ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠤᠷᠠᠨ ᠪᠢᠴᠢᠯᠭᠡ ᠤᠷᠠᠨ ᠵᠢᠷᠤᠭ ᠂ ᠡᠬᠡ ᠪᠢᠴᠢᠭ ᠡᠯᠰᠡᠬᠦ ᠵᠡᠷᠭᠡ ᠠᠵᠢᠯᠯᠠᠭ᠎ᠠ ᠶᠢ 2830 ᠭᠠᠷᠤᠢ ᠲᠠᠯᠠᠪᠤᠷ ᠂ ᠤᠷᠠᠨ ᠰᠠᠶᠢᠬᠠᠨ ᠤ ᠲᠣᠬᠯᠠᠯᠲᠠ ᠂ ᠶᠠᠷᠢᠶ᠎ᠠ ᠢᠯᠡᠳᠬᠡᠯ ᠤᠨ ᠤᠷᠤᠯᠳᠤᠭᠠᠨ ᠵᠡᠷᠭᠡ ᠶᠢ 508 ᠲᠠᠯᠠᠪᠤᠷ ᠥᠷᠨᠢᠭᠦᠯᠵᠦ ᠂ 13.2 ᠲᠦᠮᠡᠨ ᠪᠠᠭᠰᠢ ᠰᠤᠷᠤᠬᠴᠢᠳ ᠬᠠᠮᠲᠤ ᠪᠠᠷ ᠣᠷᠣᠯᠴᠠᠨ ᠂ ᠦᠨᠡᠨᠴᠢ ᠢᠲᠡᠭᠡᠮᠵᠢ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ ᠃ ︽ᠢᠲᠡᠭᠡᠮᠵᠢ ᠠᠯᠳᠠᠭᠰᠠᠨ ᠢ ᠢᠯᠡᠴᠢᠯᠡᠬᠦ ᠲᠠᠪᠴᠠᠩ ︾ ᠳᠡᠭᠡᠷ᠎ᠡ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠪᠠᠨ ᠠᠯᠳᠠᠭᠰᠠᠨ 798 ᠠᠵᠤ ᠠᠬᠤᠶᠢᠯᠠᠯ ᠢ ᠢᠯᠡᠴᠢᠯᠡᠵᠦ ᠂ ᠥᠨᠳᠥᠷ ᠬᠡᠷᠡᠭᠯᠡᠭᠡ ᠶᠢ ᠬᠢᠵᠠᠭᠠᠷᠯᠠᠬᠤ ᠠᠷᠭ᠎ᠠ ᠬᠡᠮᠵᠢᠶ᠎ᠡ ᠶᠢ 7592 ᠤᠳᠠᠭ᠎ᠠ ᠠᠪᠴᠤ ᠂ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠳᠤ ︽ᠨᠢᠭᠡ ᠭᠠᠵᠠᠷ ᠬᠠᠤᠯᠢ ᠵᠥᠷᠢᠴᠡᠪᠡᠯ ᠭᠠᠵᠠᠷ ᠪᠣᠯᠭᠠᠨ ᠳᠤ ᠬᠢᠵᠠᠭᠠᠷᠯᠠᠭᠳᠠᠬᠤ ︾ ᠬᠠᠮᠲᠤᠷᠠᠭᠰᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠬᠡᠷᠡᠭᠵᠢᠭᠦᠯᠵᠦ ᠂ 18 ᠪᠦᠯᠦᠭ ᠤᠳᠠᠭ᠎ᠠ ᠬᠤᠪᠢᠶᠠᠨ 9530 ᠬᠥᠮᠥᠨ ᠢ ᠰᠢᠭᠰᠢᠨ ᠪᠠᠶᠢᠴᠠᠭᠠᠪᠠ ᠃
ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠪᠠ ᠢᠲᠡᠭᠡᠯ ᠢ ᠵᠢᠷᠤᠮᠯᠠᠭᠰᠠᠳ ᠢ ᠤᠷᠮᠠᠰᠢᠭᠤᠯᠬᠤ ᠲᠣᠭᠲᠠᠴᠠ ᠶᠢ ᠭᠤᠣᠯᠳᠠᠯᠭ᠎ᠠ ᠲᠠᠢ ᠬᠡᠷᠡᠭᠵᠢᠭᠦᠯᠵᠦ ᠂ ᠵᠢᠯ ᠤᠨ ᠡᠬᠢᠨ ᠠᠴᠠ ᠨᠠᠭᠠᠰᠢ 288 ᠳᠠᠭᠠᠭᠠᠴᠢᠯᠠᠯᠲᠠ ᠵᠠᠷᠯᠠᠭᠴᠢ ᠶᠢᠨ ᠢᠲᠡᠭᠡᠮᠵᠢ ᠂ 980 ᠳᠠᠭᠠᠭᠠᠴᠢᠯᠠᠯᠲᠠ ᠬᠦᠯᠢᠶᠡᠭᠴᠢ ᠶᠢᠨ ᠢᠲᠡᠭᠡᠮᠵᠢ ᠂ 127 ᠣᠷᠣᠯᠠᠬᠤ ᠪᠠᠶᠢᠭᠤᠯᠤᠮᠵᠢ ᠶᠢᠨ ᠢᠲᠡᠭᠡᠮᠵᠢ ᠶᠢ ᠴᠤᠭᠯᠠᠭᠤᠯᠤᠨ ᠵᠠᠷᠯᠠᠵᠤ ᠂ ᠨᠥᠬᠦᠪᠦᠷᠢ ᠮᠥᠩᠭᠦ ᠶᠢ ᠬᠠᠭᠤᠷᠮᠠᠭᠯᠠᠨ ᠠᠪᠴᠤ ᠢᠲᠡᠭᠡᠯ ᠠᠯᠳᠠᠭᠰᠠᠨ ᠢ ᠴᠡᠭᠴᠡᠯᠡᠨ ᠵᠠᠰᠠᠵᠤ ᠂ ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ 0.4 ᠲᠦᠮᠡᠨ ᠲᠥᠭᠦᠷᠢᠭ ᠨᠡᠬᠡᠮᠵᠢᠯᠡᠨ ᠬᠤᠷᠢᠶᠠᠵᠤ ᠂ ᠲᠣᠭᠲᠠᠭᠠᠯ ᠠᠴᠠ ᠵᠥᠷᠢᠴᠡᠭᠰᠡᠨ ᠪᠣᠯᠪᠠᠰᠤᠷᠠᠯ ᠤᠨ ᠦᠶᠯᠡ ᠠᠵᠢᠯᠯᠠᠭ᠎ᠠ ᠶᠢ 21 ᠤᠳᠠᠭ᠎ᠠ ᠪᠠᠶᠢᠴᠠᠭᠠᠨ ᠰᠢᠢᠳᠪᠦᠷᠢᠯᠡᠪᠡ ᠃
︽ᠢᠲᠡᠭᠡᠮᠵᠢ ᠶᠢᠨ ᠬᠡᠷᠡᠭᠯᠡᠭᠡ + ᠪᠡᠯᠡ ᠬᠤᠷᠠᠮᠳᠤᠭᠤᠯᠬᠤ ᠵᠢᠭᠡᠯᠡᠯᠭᠡ ︾᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠥᠪᠥᠷ ᠮᠣᠩᠭᠤᠯ ᠤᠨ ᠢᠲᠡᠭᠡᠮᠵᠢᠲᠦ ᠵᠢᠭᠡᠯᠡᠯᠭᠡ ︾ ᠶᠢ ᠨᠡᠶᠢᠲᠡ 308 ᠬᠤᠪᠢ 9372 ᠲᠦᠮᠡᠨ ᠲᠥᠭᠦᠷᠢᠭ ᠲᠠᠷᠬᠠᠭᠠᠪᠠ ᠃ ︽ᠢᠲᠡᠭᠡᠮᠵᠢᠲᠦ ᠳᠦᠭᠦᠮ ᠵᠢᠭᠡᠯᠡᠯᠭᠡ + ︾ ᠨᠢ ᠨᠢᠭᠡᠨᠲᠡ ᠰᠤᠷᠭᠠᠨ ᠬᠥᠮᠦᠵᠢᠯ ᠂ ᠡᠮ ᠡᠮᠨᠡᠯᠭᠡ ᠂ ᠵᠢᠭᠤᠯᠴᠢᠯᠠᠯ ᠤᠨ ᠮᠥᠩᠭᠦᠨ ᠭᠦᠢᠯᠭᠡᠭᠡ ᠵᠡᠷᠭᠡ 10 ᠭᠠᠷᠤᠢ ᠬᠦᠷᠢᠶ᠎ᠡ ᠶᠢ ᠬᠠᠮᠤᠷᠴᠤ ᠂ 7 ᠠᠵᠤ ᠠᠬᠤᠶᠢᠯᠠᠯ ︽ᠢᠲᠡᠭᠡᠮᠵᠢᠲᠦ ᠳᠦᠭᠦᠮ ᠵᠢᠭᠡᠯᠡᠯᠭᠡ + ᠦᠢᠯᠡᠰ ᠪᠣᠰᠬᠠᠬᠤ ︾ ᠲᠥᠷᠥ ᠶᠢᠨ ᠪᠣᠳᠣᠯᠭ᠎ᠠ ᠶᠢ ᠬᠦᠷᠲᠡᠵᠦ ᠂ 320 ᠭᠠᠷᠤᠢ ᠬᠥᠮᠥᠨ ᠤᠳᠠᠭ᠎ᠠ︽ᠢᠲᠡᠭᠡᠮᠵᠢᠲᠦ ᠵᠢᠭᠤᠯᠴᠢᠯᠠᠯ ︾ ᠤᠨ ᠲᠥᠷᠥ ᠶᠢᠨ ᠪᠣᠳᠣᠯᠭ᠎ᠠ ᠶᠢ ᠬᠦᠷᠲᠡᠵᠦ ᠂ ᠬᠠᠷᠠᠭᠠᠯᠵᠠᠯ ᠤᠨ ᠮᠥᠩᠭᠦ ᠨᠢ 2.5 ᠲᠦᠮᠡᠨ ᠲᠥᠭᠦᠷᠢᠭ ᠲᠤ ᠬᠦᠷᠴᠡᠢ ᠃
ᠲᠥᠪ ᠭᠤᠤᠯᠴᠢ ᠪᠠᠷ ᠬᠠᠤᠯᠢ ᠪᠠᠷᠢᠬᠤ ᠳᠤ ᠠᠩᠬᠠᠷᠤᠯ ᠢᠶᠠᠨ ᠲᠥᠪᠯᠡᠷᠡᠭᠦᠯᠵᠦ ᠲᠥᠪ ᠭᠤᠤᠯᠴᠢ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠶ ᠪᠣᠯᠭᠠᠪᠠ
ᠬᠠᠤᠯᠢ ᠪᠠᠷ ᠵᠠᠰᠠᠬᠤ ᠪᠣᠯ ᠬᠤᠳᠠᠯᠳᠤᠭ᠎ᠠ ᠡᠷᠭᠢᠯᠡᠭᠦ ᠬᠠᠮᠤᠭ ᠤᠨ ᠰᠠᠶᠢᠨ ᠣᠷᠴᠢᠨ ᠨᠥᠬᠦᠴᠡᠯ ᠮᠥᠨ ᠂ ᠬᠠᠤᠯᠢ ᠪᠠᠷᠢᠬᠤ ᠤᠯᠠᠨ ᠨᠡᠶᠢᠲᠡ ᠶᠢᠨ ᠢᠲᠡᠭᠡᠮᠵᠢ ᠨᠢ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ ᠴᠢᠳᠠᠨ᠎ᠠ ᠃ ᠬᠥᠯᠥᠨ ᠪᠤᠶᠢᠷ ᠬᠤᠲᠠ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢ ᠵᠢᠷᠤᠮᠵᠢᠭᠤᠯᠬᠤ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠪᠡ ᠃ ᠰᠢᠭᠦᠨ ᠲᠠᠰᠤᠯᠤᠯᠲᠠ ᠶᠢᠨ ᠶᠠᠪᠤᠴᠠ ᠶᠢᠨ ᠮᠡᠳᠡᠭᠡ ᠵᠠᠩᠭᠢ ᠶᠢ ᠪᠦᠲᠦᠮᠵᠢᠲᠡᠢ ᠪᠠᠷ ᠢᠯᠡ ᠪᠤᠯᠭᠠᠬᠰᠠᠨ ᠨᠣᠷᠮ᠎ᠠ 99.93% ᠳᠤ ᠬᠦᠷᠴᠦ ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠭᠤᠣᠯᠳᠠᠯᠭ᠎ᠠ ᠲᠠᠢ ᠬᠡᠷᠡᠭ ᠢ 1164 ᠬᠤᠪᠢ ᠦᠨᠡᠯᠡᠨ ᠪᠠᠶᠢᠴᠠᠭᠠᠵᠤ ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠭᠤᠮᠲᠠ ᠰᠢᠪᠲᠤᠯᠬᠤ ᠠᠵᠢᠯᠯᠠᠭ᠎ᠠ ᠳᠤ 7338 ᠬᠤᠪᠢ ᠬᠡᠷᠡᠭ ᠢ ᠭᠦᠢᠴᠡᠳᠬᠡᠨ ᠳᠠᠭᠤᠰᠬᠠᠵᠤ ᠂ ᠪᠣᠳᠠᠲᠠᠢ ᠭᠦᠢᠴᠡᠳᠬᠡᠭᠰᠡᠨ ᠵᠣᠭᠤᠰ ᠤᠨ ᠬᠡᠮᠵᠢᠶ᠎ᠡ 26.89 ᠳ᠋ᠦᠩᠰᠢᠭᠤᠷ ᠲᠥᠭᠦᠷᠢᠭ ᠲᠤ ᠭᠦᠷᠴᠡᠢ ︔ ︽ᠪᠠᠶᠢᠴᠠᠭᠠᠬᠤ ᠬᠤᠷᠢᠶ᠎ᠠ ᠠᠵᠤ ᠠᠬᠤᠶᠢᠯᠠᠯ ᠢ ᠬᠠᠮᠠᠭᠠᠯᠠᠬᠤ ︾ ᠲᠤᠰᠬᠠᠢ ᠲᠥᠷᠥᠯ ᠤᠨ ᠠᠵᠢᠯᠯᠠᠭᠠᠠ ᠢ ᠥᠷᠨᠢᠭᠦᠯᠵᠦ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠨᠥᠯᠥᠭᠡᠯᠡᠭᠰᠡᠨ ᠡᠷᠡᠭᠦᠦ ᠶᠢᠨ ᠶᠠᠯᠠᠲᠤ ᠬᠡᠷᠡᠭ ᠢ ᠴᠢᠩᠭ᠎ᠠ ᠰᠢᠢᠳᠬᠡᠵᠦ ᠂ 144 ᠬᠤᠪᠢ ᠬᠢᠨᠠᠨ ᠪᠠᠶᠢᠴᠠᠭᠠᠵᠤ ᠪᠠᠷᠢᠪᠴᠢᠯᠠᠬᠤ ᠬᠡᠷᠡᠭ ᠢ ᠭᠥᠯᠢᠶᠡᠨ ᠠᠪᠴᠤ ᠂ 42 ᠬᠤᠪᠢ ᠠᠵᠤ ᠠᠬᠤᠶᠢᠯᠠᠯ ᠳᠤ ᠬᠤᠯᠪᠣᠭᠳᠠᠭᠰᠠᠨ ᠭᠤᠮᠣᠳᠠᠯ ᠲᠣᠭᠠᠴᠢᠯᠲᠠ ᠶᠢᠨ ᠬᠡᠷᠡᠭ ᠢ ᠭᠥᠯᠢᠶᠡᠨ ᠠᠪᠴᠤ ᠂ 37 ᠤᠳᠠᠭᠠᠨ ᠤ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠢᠯᠡ ᠪᠠᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠂ ᠠᠵᠤ ᠠᠬᠤᠶᠢᠯᠠᠯᠲᠠᠳ ᠤᠨ ᠭᠤᠮᠣᠳᠠᠯ ᠲᠣᠭᠠᠴᠢᠬᠤ ᠡᠷᠬᠡ ᠂ ᠪᠠᠶᠢᠳᠠᠯ ᠢ ᠣᠶᠢᠯᠠᠭᠠᠬᠤ ᠡᠷᠬᠡ ᠂ ᠣᠷᠤᠯᠴᠠᠬᠤ ᠡᠷᠬᠡ ᠶᠢ ᠦᠨᠡᠨ ᠬᠦ ᠪᠠᠲᠤᠯᠠᠪᠠ ︔ ︽ᠺᠦᠨᠯᠦᠨ 2024 ︾ ᠲᠤᠰᠬᠠᠢ ᠠᠵᠢᠯᠯᠠᠭ᠎ᠠ ᠨᠢ ᠮᠡᠳᠡᠯᠭᠡ ᠶᠢᠨ ᠥᠮᠴᠢᠯᠡᠯ ᠤᠨ ᠡᠷᠬᠡ ᠂ ᠠᠮᠢ ᠠᠬᠤᠢ ᠣᠷᠴᠢᠨ ᠲᠣᠭᠤᠷᠢᠨ ᠤ ᠲᠥᠷᠥᠯ ᠵᠡᠷᠭᠡ ᠳᠤ ᠬᠤᠯᠪᠣᠭᠳᠠᠭᠰᠠᠨ 223ᠡᠷᠡᠭᠦᠦ ᠶᠢᠨ ᠬᠡᠷᠡᠭ ᠂ 665 ᠣᠶ ᠰᠢᠭᠤᠢ ᠶᠢᠨ ᠵᠠᠰᠠᠭ ᠵᠠᠬᠢᠷᠭᠠᠨ ᠤ ᠬᠡᠷᠡᠭ ᠢ ᠮᠦᠷᠳᠡᠨ ᠢᠯᠡᠷᠡᠭᠦᠯᠪᠡ ︔ ᠬᠠᠤᠯᠢᠴᠢ ᠪᠠ ᠬᠥᠨᠳᠡᠯᠡᠨ ᠠᠴᠠ ᠲᠠᠰᠤᠯᠬᠤ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ 616 ᠲᠤᠰᠬᠠᠢ ᠪᠠ ᠲᠤᠰᠢᠶᠠᠯ ᠬᠠᠪᠰᠤᠷᠭᠠᠭᠰᠠᠨ ᠬᠠᠤᠯᠢᠴᠢ ᠳᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠢᠴᠢᠵᠦ ᠣᠷᠣᠭᠤᠯᠪᠠ ᠃
ᠬᠥᠯᠥᠨ ᠪᠤᠶᠢᠷ ︽ᠦᠨᠡᠨᠴᠢ ᠢᠲᠡᠭᠡᠮᠵᠢ ᠶᠢᠨ ᠭᠡᠷᠡᠯ ᠭᠢᠯᠪᠠᠭ᠎ᠠ ︾ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠭᠡᠷᠡᠯᠲᠦᠭᠦᠯᠦᠭᠰᠡᠨ ᠪᠥᠭᠡᠳ ᠦᠨᠡᠨᠴᠢ ᠢᠲᠡᠭᠡᠮᠵᠢ ᠶᠢᠨ ᠴᠡᠴᠡᠭ ᠢ ᠬᠥᠯᠥᠨ ᠪᠤᠶᠢᠷ ᠤᠨ ᠡᠬᠡ ᠭᠠᠵᠠᠷ ᠲᠤ ᠳᠡᠯᠭᠡᠷᠡᠭᠦᠯᠦᠨ᠎ᠡ ᠃