ᠳᠤᠮᠳᠠᠳᠤ ᠮᠣᠩᠭᠤᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠭᠠᠷᠭᠠᠭᠰᠠᠨ AGV ᠬᠢᠯᠢ ᠠᠯᠤᠰᠯᠠᠭᠰᠠᠨ ᠵᠢᠯᠤᠭᠤᠴᠢ ᠬᠡᠷᠡᠭᠯᠡᠬᠦ ᠦᠭᠡᠢ ᠪᠠᠷ ᠲᠡᠭᠡᠭᠡᠪᠦᠷᠢᠯᠡᠭᠰᠡᠨ ᠪᠠᠷᠠᠭ᠎ᠠ 100 ᠲᠦᠮᠡᠨ ᠲᠣᠨ ᠢ ᠳᠠᠪᠠᠪᠠ
ᠨᠡᠶᠢᠲᠡᠯᠡᠭᠰᠡᠨ ᠴᠠᠭ᠄
2025/4/10

      ᠳᠤᠮᠳᠠᠳᠤ ᠮᠣᠩᠭᠤᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠭᠠᠷᠭᠠᠭᠰᠠᠨ AGV ᠬᠢᠯᠢ ᠠᠯᠤᠰᠯᠠᠭᠰᠠᠨ ᠵᠢᠯᠤᠭᠤᠴᠢ ᠬᠡᠷᠡᠭᠯᠡᠬᠦ ᠦᠭᠡᠢ ᠪᠠᠷ ᠲᠡᠭᠡᠭᠡᠪᠦᠷᠢᠯᠡᠭᠰᠡᠨ ᠪᠠᠷᠠᠭ᠎ᠠ 100 ᠲᠦᠮᠡᠨ ᠲᠣᠨ ᠢ ᠳᠠᠪᠠᠪᠠ᠃ 4 ᠳ᠋ᠦ᠋ᠭᠡᠷ ᠰᠠᠷ᠎ᠠ ᠶᠢᠨ 7 ᠤ ᠡᠳᠦᠷ ᠪᠣᠯᠲᠠᠯ᠎ᠠ᠂ ᠭᠠᠭᠴᠠᠮᠣᠳᠣ ᠬᠢᠯᠢ ᠶᠢᠨ ᠪᠣᠭᠤᠮᠲᠠ ᠪᠠᠷ ᠭᠠᠷᠭᠠᠭᠰᠠᠨ AGV ᠠᠦ᠋ᠲ᠋ᠣ᠋ ᠵᠠᠮᠴᠢᠯᠠᠭᠤᠷ ᠲᠡᠷᠭᠡ ᠪᠠᠷ ᠬᠢᠯᠢ ᠠᠯᠤᠰᠯᠠᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ 100.7 ᠲᠦᠮᠡᠨ ᠲᠣᠨ ᠳᠤ ᠬᠦᠷᠪᠡ᠃ ᠲᠣᠰ ᠬᠢᠯᠢ ᠶᠢᠨ ᠪᠣᠭᠤᠮᠲᠠ ᠨᠢ ᠳᠤᠮᠳᠠᠳᠤ ᠮᠣᠩᠭᠤᠯ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠪᠠᠷ ᠬᠠᠮᠤᠭ ᠤᠨ ᠶᠡᠭᠡ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠣᠯᠤᠭᠰᠠᠨ ᠤ ᠬᠤᠪᠢ ᠳᠤ᠂ 2022 ᠣᠨ ᠤ 7 ᠳ᠋ᠤᠭᠠᠷ ᠰᠠᠷ᠎ᠠ ᠶᠢᠨ 16 ᠤ ᠡᠳᠦᠷ AGV ᠬᠢᠯᠢ ᠠᠯᠤᠰᠯᠠᠭᠰᠠᠨ ᠪᠠᠷᠠᠭᠠᠨ ᠤ ᠲᠡᠭᠡᠭᠡᠪᠦᠷᠢ ᠶᠢ ᠡᠬᠢᠯᠡᠭᠦᠯᠦᠭᠰᠡᠨ ᠠᠴᠠ ᠨᠠᠭᠠᠰᠢ᠂ ᠭᠠᠳᠠᠭᠠᠳᠤ ᠠᠴᠠ ᠣᠷᠣᠭᠤᠯᠤᠭᠰᠠᠨ ᠪᠠᠷᠠᠭ᠎ᠠ ᠶᠢ ᠨᠡᠶᠢᠲᠡ 800 ᠲᠦᠮᠡᠨ ᠲᠣᠨ ᠲᠡᠭᠡᠭᠡᠪᠦᠷᠢᠯᠡᠭᠰᠡᠨ ᠪᠠᠶᠢᠨ᠎ᠠ᠃ ︵ᠪᠠᠶᠠᠨᠨᠠᠭᠤᠷ ᠬᠤᠲᠠ ᠶᠢᠨ ᠵᠠᠰᠠᠭ ᠤᠨ ᠣᠷᠳᠣᠨ᠂ ᠤᠷᠠᠳ ᠤᠨ ᠳᠤᠮᠳᠠᠳᠤ ᠬᠤᠰᠢᠭᠤᠨ ᠤ ᠵᠠᠰᠠᠭ ᠤᠨ ᠣᠷᠳᠣᠨ︶

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ