ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠥᠪᠥᠷ ᠵᠠᠰᠠᠭ ᠲᠠᠷᠬᠠᠭᠠᠭᠰᠠᠨ ﹇2025﹈ 10 ᠳ᠋ᠤᠭᠠᠷ ᠲᠣᠭᠠᠲᠤ
2025 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠬᠠᠢ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄
ᠶᠡᠷᠦᠩᠬᠡᠢ ᠱᠦᠵᠢ ᠰᠢ ᠶᠢᠨ ᠫᠢᠩ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠠᠵᠢᠯ ᠤᠨ ᠭᠤᠣᠯ ᠰᠢᠵᠢᠮ ᠤᠨ ᠲᠣᠭᠤᠷᠢᠨ ᠳᠤ ᠴᠢᠩᠭ᠎ᠠ ᠨᠢᠭᠲᠠᠷᠠᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠳᠣᠣᠷᠠᠬᠢ ᠮᠡᠲᠦ ᠵᠠᠷᠯᠢᠭ ᠢ ᠨᠡᠶᠢᠲᠡᠯᠡᠪᠡ᠃
ᠨᠢᠭᠡ᠂ ᠭᠠᠯ ᠰᠡᠷᠭᠡᠶᠢᠯᠡᠬᠦ ᠬᠤᠭᠤᠴᠠᠭ᠎ᠠ ᠪᠠ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ
ᠰᠢᠯᠢ ᠶᠢᠨ ᠭᠤᠣᠯ ᠠᠶᠢᠮᠠᠭ ᠵᠢᠴᠢ ᠲᠡᠭᠦᠨ ᠠᠴᠠ ᠵᠡᠭᠦᠨᠰᠢᠬᠢ ᠭᠠᠵᠠᠷ ᠣᠷᠣᠨ ᠤ ᠭᠠᠯ ᠲᠦᠢᠮᠡᠷ ᠰᠡᠷᠭᠡᠶᠢᠯᠡᠬᠦ ᠬᠤᠭᠤᠴᠠᠭ᠎ᠠ ᠨᠢ ᠬᠠᠪᠤᠷ ᠤᠨ ᠤᠯᠠᠷᠢᠯ ᠤᠨ 3 ᠳ᠋ᠤᠭᠠᠷ ᠰᠠᠷ᠎ᠠ ᠶᠢᠨ 15 ᠤ ᠡᠳᠦᠷ ᠠᠴᠠ 6 ᠳ᠋ᠤᠭᠠᠷ ᠰᠠᠷ᠎ᠠ ᠶᠢᠨ 15 ᠤ ᠡᠳᠦᠷ᠂ ᠨᠠᠮᠤᠷ ᠤᠨ ᠤᠯᠠᠷᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠂ ᠤᠯᠠᠭᠠᠨᠴᠠᠪ ᠬᠤᠲᠠ ᠵᠢᠴᠢ ᠲᠡᠭᠦᠨ ᠠᠴᠠ ᠪᠠᠷᠠᠭᠤᠨᠰᠢᠬᠢ ᠭᠠᠵᠠᠷ ᠣᠷᠣᠨ ᠤ ᠭᠠᠯ ᠲᠦᠢᠮᠡᠷ ᠰᠡᠷᠭᠡᠶᠢᠯᠡᠬᠦ ᠬᠤᠭᠤᠴᠠᠭ᠎ᠠ ᠨᠢ ᠲᠣᠰ ᠵᠢᠯ ᠤᠨ 9 ᠳ᠋ᠦ᠋ᠭᠡᠷ ᠰᠠᠷ᠎ᠠ ᠶᠢᠨ 15 ᠤ ᠡᠳᠦᠷ ᠠᠴᠠ ᠢᠷᠡᠬᠦ ᠵᠢᠯ ᠤᠨ 6 ᠳ᠋ᠤᠭᠠᠷ ᠰᠠᠷ᠎ᠠ ᠶᠢᠨ 15 ᠤ ᠡᠳᠦᠷ ᠪᠣᠯᠣᠨ᠎ᠠ᠂ ᠡᠭᠦᠨ ᠳᠤ᠂ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠭᠠᠯ ᠲᠦᠢᠮᠡᠷ ᠰᠡᠷᠭᠡᠶᠢᠯᠡᠬᠦ ᠬᠤᠭᠤᠴᠠᠭ᠎ᠠ ᠨᠢ 3 ᠳ᠋ᠤᠭᠠᠷ ᠰᠠᠷ᠎ᠠ ᠶᠢᠨ 15 ᠤ ᠡᠳᠦᠷ ᠠᠴᠠ 11 ᠳ᠋ᠦ᠋ᠭᠡᠷ ᠰᠠᠷ᠎ᠠ ᠶᠢᠨ 15 ᠤ ᠡᠳᠦᠷ ᠪᠣᠯᠣᠨ᠎ᠠ᠃ ᠪᠥᠬᠦ ᠣᠷᠣᠨ ᠤ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠨᠢ ᠬᠠᠪᠤᠷ ᠤᠨ ᠤᠯᠠᠷᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠠᠴᠠ 5 ᠳ᠋ᠤᠭᠠᠷ ᠰᠠᠷ᠎ᠠ ᠶᠢᠨ 31 ᠤ ᠡᠳᠦᠷ᠂ ᠨᠠᠮᠤᠷ ᠤᠨ ᠤᠯᠠᠷᠢᠯ ᠤᠨ 10 ᠳ᠋ᠤᠭᠠᠷ ᠰᠠᠷ᠎ᠠ ᠶᠢᠨ 1 ᠤ ᠡᠳᠦᠷ ᠠᠴᠠ 10 ᠳ᠋ᠤᠭᠠᠷ ᠰᠠᠷ᠎ᠠ ᠶᠢᠨ 31 ᠤ ᠡᠳᠦᠷ ᠪᠣᠯᠣᠨ᠎ᠠ᠃ ᠡᠯ᠎ᠡ ᠭᠠᠵᠠᠷ ᠣᠷᠣᠨ ᠨᠢ ᠪᠣᠳᠠᠲᠤ ᠪᠠᠶᠢᠳᠠᠯ ᠢᠶᠠᠨ ᠦᠨᠳᠦᠰᠦᠯᠡᠵᠦ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠪᠠᠨ ᠤᠷᠢᠳᠴᠢᠯᠠᠭᠤᠯᠬᠤ ᠪᠤᠶᠤ ᠬᠤᠶᠢᠰᠢᠯᠠᠭᠤᠯᠵᠤ ᠪᠣᠯᠣᠨ᠎ᠠ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭ᠎ᠠ ᠬᠢᠵᠠᠭᠠᠷ ᠪᠠ ᠣᠷᠣᠨ ᠪᠦᠰᠡ ᠶᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠴᠠ ᠬᠤᠪᠢᠶᠠᠷᠢᠯᠠᠨ ᠲᠣᠭᠲᠠᠭᠠᠵᠤ᠂ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠲᠤ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ ᠨᠡᠶᠢᠭᠡᠮ ᠳᠤ ᠨᠡᠶᠢᠲᠡᠯᠡᠬᠦ ᠬᠡᠷᠡᠭᠲᠡᠢ᠃
ᠬᠤᠶᠠᠷ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠨ ᠴᠢᠩᠭᠠᠷᠠᠭᠤᠯᠤᠨ᠎ᠠ
ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠨᠳᠡᠯᠡᠨ ᠭᠤᠯᠳᠤ ᠪᠠᠷ ᠥᠷᠭᠡᠵᠢᠨ ᠭᠦᠨᠵᠡᠭᠡᠶᠢᠷᠡᠭᠰᠡᠨ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠲᠠᠯ᠎ᠠ ᠳᠤ ᠵᠠᠰᠠᠭ ᠵᠠᠬᠢᠷᠭᠠᠨ ᠤ ᠳᠠᠷᠤᠭ᠎ᠠ ᠬᠠᠷᠢᠭᠤᠴᠠᠬᠤ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠤᠳᠤᠷᠢᠳᠬᠤ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ︵ᠬᠤᠪᠢ ᠬᠥᠮᠥᠨ︶ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠨᠦᠭᠦᠳ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠬᠤᠪᠢ ᠬᠤᠪᠢᠨ ᠤ ᠬᠠᠷᠢᠭᠤᠴᠠᠯᠭ᠎ᠠ ᠪᠠᠨ ᠡᠭᠦᠷᠭᠡᠯᠡᠨ᠂ ᠨᠢᠭᠲᠠ ᠬᠠᠮᠵᠢᠯᠴᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠢ ᠬᠠᠷᠠᠯᠲᠠ ᠨᠢᠭᠡᠲᠡᠢ ᠰᠠᠶᠢᠲᠤᠷ ᠬᠦᠴᠦᠯᠡᠨ ᠬᠢᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠬᠤᠪᠢᠶᠠᠷᠢᠯᠠᠨ ᠲᠣᠭᠲᠠᠭᠠᠭᠰᠠᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠬᠦ ᠬᠠᠷᠢᠭᠤᠴᠠᠯᠭ᠎ᠠ ᠶᠢᠨ ᠣᠷᠣᠨ ᠪᠦᠰᠡ ᠶᠢᠨ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠡᠭᠦᠷᠭᠡ ᠵᠢᠴᠢ ᠬᠠᠷᠢᠭᠤᠴᠠᠬᠤ ᠬᠥᠮᠥᠨ ᠢ ᠲᠣᠳᠣᠷᠬᠠᠶᠢᠯᠠᠵᠤ᠂ ᠲᠣᠤᠷᠵᠢᠭᠤᠯᠤᠭᠰᠠᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠰᠢᠭᠤᠶᠢᠲᠤ ᠣᠷᠣᠨ ᠮᠠᠯᠵᠢᠬᠤ ᠣᠷᠣᠨ ᠤ ᠬᠥᠷᠰᠢ ᠵᠡᠷᠭᠡᠯᠡᠳᠡᠭᠡ ᠭᠠᠵᠠᠷ ᠣᠷᠣᠨ᠂ ᠰᠠᠯᠠᠭ᠎ᠠ ᠮᠥᠴᠢᠷ ᠨᠢᠭᠡᠴᠢ ᠨᠦᠭᠦᠳ ᠬᠤᠯᠪᠤᠭᠠᠯᠠᠨ ᠰᠡᠷᠭᠡᠶᠢᠯᠡᠬᠦ ᠵᠥᠪᠯᠡᠯᠴᠡᠭᠡᠷ ᠲᠣᠬᠢᠷᠠᠯᠴᠠᠵᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠤᠯᠪᠤᠭᠠᠯᠠᠨ ᠰᠡᠷᠭᠡᠶᠢᠯᠡᠬᠦ ᠣᠷᠣᠨ ᠪᠦᠰᠡ ᠶᠢᠨ ᠳᠣᠲᠣᠷᠠᠬᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠰᠠᠶᠢᠲᠤᠷ ᠬᠢᠬᠦ ᠬᠡᠷᠡᠭᠲᠡᠢ᠃
ᠭᠤᠷᠪᠠ᠂ ᠭᠠᠯ ᠤᠨ ᠡᠬᠢ ᠡᠭᠦᠰᠦᠯ ᠢ ᠵᠠᠰᠠᠬᠤ ᠪᠠᠨ ᠴᠢᠩᠭᠠᠷᠠᠭᠤᠯᠤᠨ᠎ᠠ
ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠪᠥᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠪᠠᠷᠢᠮᠲᠠᠯᠠᠨ᠂ ᠤᠴᠢᠷ ᠶᠠᠪᠤᠳᠠᠯ ᠤᠨ ᠡᠮᠦᠨ᠎ᠡ ᠨᠢ ᠬᠦᠴᠦᠯᠡᠵᠦ᠂ ᠬᠢᠨᠠᠨ ᠰᠡᠷᠭᠡᠶᠢᠯᠡᠬᠦ ᠠᠵᠢᠯ ᠢ ᠤᠷᠢᠳ ᠢᠶᠠᠷ ᠬᠢᠬᠦ ᠪᠠ ᠭᠤᠣᠯᠳᠠᠯᠭ᠎ᠠ ᠪᠠᠨ ᠦᠨᠳᠦᠰᠦᠨ ᠱᠠᠲᠤᠨ ᠳᠤ ᠪᠠᠭᠤᠯᠭᠠᠨ᠂ ᠭᠤᠣᠯᠳᠠᠯᠭ᠎ᠠ ᠪᠣᠯᠬᠤ ᠴᠠᠭ ᠬᠤᠭᠤᠴᠠᠭ᠎ᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠪᠣᠯᠬᠤ ᠣᠷᠣᠨ ᠪᠦᠰᠡ ᠶᠢ ᠰᠠᠶᠢᠲᠤᠷ ᠰᠠᠬᠢᠵᠤ᠂ ᠭᠤᠣᠯᠳᠠᠯᠭ᠎ᠠ ᠪᠣᠯᠬᠤ ᠬᠥᠮᠥᠰ ᠢ ᠰᠠᠶᠢᠲᠤᠷ ᠠᠩᠬᠠᠷᠴᠤ᠂ ᠲᠤᠰᠠᠭᠠᠷᠯᠠᠬᠤ ᠪᠦᠰᠡ ᠶᠢ ᠪᠦᠲᠦᠭᠡᠨ ᠪᠠᠶᠢᠭᠤᠯᠬᠤ᠂ ᠬᠡᠭᠡᠷ᠎ᠡ ᠭᠠᠳᠠᠭ᠎ᠠ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠣᠶ ᠶᠢᠨ ᠬᠤᠷᠮᠣᠢ ᠶᠢᠨ ᠰᠢᠲᠠᠮᠠᠬᠠᠢ ᠪᠣᠳᠠᠰ ᠢ ᠠᠷᠢᠯᠭᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠵᠡᠷᠭᠡ ᠭᠠᠯ ᠤᠨ ᠡᠬᠢ ᠡᠭᠦᠰᠦᠯ ᠢ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ ᠪᠠᠨ ᠴᠢᠩᠭ᠎ᠠ ᠨᠠᠶᠢᠳᠠᠪᠤᠷᠢᠵᠢᠭᠤᠯᠵᠤ᠂ ᠭᠠᠯ ᠲᠦᠢᠮᠡᠷ ᠤᠨ ᠭᠠᠮᠰᠢᠭ ᠤᠨ ᠬᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠠᠵᠢᠯᠯᠠᠭᠠᠨ ᠢ ᠪᠠᠶᠢᠩᠭᠤᠰᠢᠭᠤᠯᠤᠨ ᠥᠷᠨᠢᠭᠦᠯᠦᠨ᠂ ᠲᠠᠷᠢᠶᠠᠯᠠᠩ ᠤᠨ ᠠᠳᠠᠯ ᠣᠶ ᠰᠢᠭᠤᠢ ᠶᠢᠨ ᠠᠳᠠᠯ ᠡᠷᠬᠢᠯᠡᠬᠦ᠂ ᠪᠠᠷᠢᠯᠭ᠎ᠠ ᠶᠢᠨ ᠠᠵᠢᠯ ᠬᠢᠬᠦ᠂ ᠦᠢᠯᠡᠳᠪᠦᠷᠢᠯᠡᠵᠦ ᠲᠡᠭᠡᠭᠡᠪᠦᠷᠢᠯᠡᠬᠦ᠂ ᠵᠤᠭᠠᠴᠠᠨ ᠨᠠᠭᠠᠳᠴᠤ ᠲᠠᠬᠢᠯᠭ᠎ᠠ ᠲᠠᠬᠢᠬᠤ ᠵᠡᠷᠭᠡ ᠬᠡᠭᠡᠷ᠎ᠡ ᠭᠠᠳᠠᠭ᠎ᠠ ᠭᠠᠯ ᠬᠡᠷᠡᠭᠯᠡᠬᠦ ᠡᠯ᠎ᠡ ᠲᠥᠷᠥᠯ ᠤᠨ ᠦᠶᠯᠡ ᠠᠵᠢᠯᠯᠠᠭ᠎ᠠ ᠶᠢ ᠴᠢᠩᠭ᠎ᠠ ᠬᠠᠮᠢᠶᠠᠷᠴᠤ᠂ ︽ᠰᠢᠯᠤᠭᠤᠳᠬᠠᠬᠤ ᠪᠠ ᠬᠤᠷᠢᠭᠯᠠᠬᠤ ᠶᠢ ᠤᠶᠠᠯᠳᠤᠭᠤᠯᠬᠤ︾ ᠪᠠᠷ ᠳᠠᠮᠵᠢᠭᠤᠯᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠬᠤᠭᠤᠴᠠᠭᠠᠨ ᠳᠤ ᠴᠢᠩᠭ᠎ᠠ ᠰᠡᠷᠭᠡᠶᠢᠯᠡᠵᠦ ᠵᠠᠬᠢᠷᠤᠨ ᠬᠠᠮᠢᠶᠠᠷᠬᠤ ᠣᠷᠣᠨ ᠪᠦᠰᠡ ᠨᠢ ᠳᠣᠣᠷᠠᠬᠢ ᠲᠣᠭᠲᠠᠭᠠᠯ ᠤᠳ ᠢ ᠴᠢᠩᠭ᠎ᠠ ᠬᠡᠷᠡᠭᠵᠢᠭᠦᠯᠬᠦ ᠬᠡᠷᠡᠭᠲᠡᠢ᠄
︵ᠨᠢᠭᠡ︶ ᠬᠡᠭᠡᠷ᠎ᠡ ᠭᠠᠳᠠᠭ᠎ᠠ ᠲᠠᠮᠠᠬᠢ ᠲᠠᠲᠠᠬᠤ᠂ ᠬᠡᠭᠡᠷ᠎ᠡ ᠭᠠᠳᠠᠭ᠎ᠠ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠫᠤᠤᠵᠢᠩ ᠲᠠᠯᠪᠢᠬᠤ᠂ ᠭᠠᠯ ᠨᠣᠴᠣᠭᠠᠵᠤ ᠳᠤᠯᠠᠭᠠᠯᠠᠬᠤ᠂ ᠬᠤᠭ ᠨᠣᠪᠰᠢ ᠰᠢᠲᠠᠭᠠᠬᠤ ᠵᠡᠷᠭᠡ ᠦᠢᠯᠡᠳᠪᠦᠷᠢᠯᠡᠯ ᠤᠨ ᠪᠤᠰᠤ ᠬᠡᠷᠡᠭᠴᠡᠭᠡᠨ ᠳᠤ ᠭᠠᠯ ᠬᠡᠷᠡᠭᠯᠡᠬᠦ ᠪᠠ ᠠᠲᠠᠷ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠲᠠᠷᠢᠶᠠᠯᠠᠩ ᠤᠨ ᠠᠳᠠᠯ ᠳᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃
︵ᠬᠤᠶᠠᠷ︶ ᠬᠡᠭᠡᠷ᠎ᠡ ᠭᠠᠳᠠᠨᠠᠬᠢ ᠦᠢᠯᠡᠳᠪᠦᠷᠢᠯᠡᠯ ᠳᠤ ᠭᠠᠯ ᠬᠡᠷᠡᠭᠯᠡᠬᠦ ᠳᠤ ᠪᠠᠨ ᠡᠷᠬᠡᠪᠰᠢ ᠲᠤᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠡᠳ᠂ ᠴᠠᠭ ᠢᠶᠠᠨ ᠲᠣᠭᠲᠠᠭᠰᠠᠨ᠂ ᠭᠠᠵᠠᠷ ᠢᠶᠠᠨ ᠲᠣᠭᠲᠠᠭᠰᠠᠨ᠂ ᠬᠠᠷᠢᠭᠤᠴᠠᠯᠭᠠᠲᠠᠨ ᠢᠶᠠᠨ ᠲᠣᠳᠣᠷᠬᠠᠶᠢᠯᠠᠭᠰᠠᠨ᠂ ᠰᠡᠷᠭᠡᠶᠢᠯᠡᠵᠦ ᠠᠪᠤᠷᠠᠬᠤ ᠪᠡᠯᠡᠳᠬᠡᠯ ᠢᠶᠠᠨ ᠰᠠᠶᠢᠲᠤᠷ ᠬᠢᠭᠰᠡᠨ ᠤᠷᠢᠲᠠᠯ ᠳᠣᠣᠷ᠎ᠠ ᠬᠡᠷᠡᠭᠵᠢᠭᠦᠯᠦᠨ᠎ᠡ᠃
︵ᠭᠤᠷᠪᠠ︶ ᠵᠠᠬᠢᠷᠤᠨ ᠬᠠᠮᠢᠶᠠᠷᠬᠤ ᠣᠷᠣᠨ ᠪᠦᠰᠡ ᠳᠤ ᠣᠷᠣᠬᠤ ᠬᠥᠮᠥᠨ ᠬᠠᠷ᠎ᠠ ᠲᠡᠷᠭᠡ ᠬᠥᠰᠬᠡ ᠶᠢᠨ ᠭᠠᠯ ᠤᠨ ᠴᠤᠭ ᠪᠤᠶᠤ ᠨᠣᠴᠣᠮᠠᠲᠠᠭᠠᠢ ᠳᠡᠯᠪᠡᠷᠡᠮᠡᠲᠡᠭᠡᠢ ᠡᠳ᠋ ᠪᠣᠳᠠᠰ ᠠᠪᠴᠤ ᠶᠠᠪᠤᠬᠤ ᠶᠢ ᠴᠢᠩᠭ᠎ᠠ ᠴᠠᠭᠠᠵᠠᠯᠠᠵᠤ᠂ ᠴᠢᠬᠤᠯᠠᠲᠠᠢ ᠦᠶᠡᠰ ︽ᠭᠠᠯ ᠰᠡᠷᠭᠡᠶᠢᠯᠡᠬᠦ ᠪᠦᠲᠡᠭᠡᠯᠭᠡ︾ ᠨᠡᠮᠡᠨ ᠤᠭᠰᠠᠷᠠᠵᠤ ᠪᠠᠶᠢᠭᠠᠳ ᠪᠤᠬ᠎ᠠ ᠲᠡᠷᠭᠡ ᠭᠠᠯ ᠵᠣᠯᠭᠠᠵᠤ ᠳᠦᠷᠡᠯᠵᠡᠨ ᠨᠣᠴᠣᠬᠤ ᠶᠢ ᠰᠡᠷᠡᠮᠵᠢᠯᠡᠨ ᠰᠡᠷᠭᠡᠶᠢᠯᠡᠬᠦ ᠪᠠ ᠠᠴᠢᠶᠠᠨ ᠤ ᠲᠡᠷᠭᠡ ᠶᠢᠨ ᠲᠡᠷᠭᠡᠨ ᠲᠠᠰᠤᠯᠭ᠎ᠠ ᠶᠢ ᠪᠢᠲᠡᠭᠦᠮᠵᠢᠯᠡᠵᠦ ᠪᠠᠶᠢᠭᠠᠳ ᠰᠢᠲᠠᠮᠠᠬᠠᠢ ᠪᠣᠳᠠᠰ ᠠᠰᠬᠠᠷᠠᠵᠤ ᠭᠠᠷᠬᠤ ᠶᠢ ᠰᠡᠷᠭᠡᠶᠢᠯᠡᠬᠦ ᠵᠡᠷᠭᠡ ᠠᠮᠤᠷ ᠲᠦᠪᠰᠢᠨ ᠤ ᠲᠠᠯ᠎ᠠ ᠳᠤ ᠰᠡᠷᠡᠮᠵᠢᠯᠡᠨ ᠰᠡᠷᠭᠡᠶᠢᠯᠡᠬᠦ ᠠᠷᠭ᠎ᠠ ᠬᠡᠮᠵᠢᠶ᠎ᠡ ᠠᠪᠤᠨ᠎ᠠ᠃ ᠭᠠᠯᠲᠤ ᠲᠡᠷᠭᠡ᠂ ᠨᠡᠶᠢᠲᠡ ᠶᠢᠨ ᠮᠠᠰᠢᠨ ᠲᠡᠷᠭᠡ ᠵᠡᠷᠭᠡ ᠶᠢᠨ ᠵᠢᠯᠣᠭᠤᠴᠢ ᠦᠢᠯᠡᠴᠢᠯᠡᠭᠴᠢ ᠪᠠ ᠠᠶᠠᠨᠴᠢᠳ ᠤᠨ ᠭᠠᠳᠠᠭᠰᠢ ᠪᠠᠨ ᠤᠨᠲᠠᠷᠠᠭᠠᠭᠰᠠᠨ ᠦᠭᠡᠢ ᠭᠠᠯ ᠵᠣᠯᠭᠠᠬᠤ ᠵᠦᠢᠯ ᠰᠢᠳᠡᠬᠦ ᠶᠢ ᠴᠢᠩᠭ᠎ᠠ ᠴᠠᠭᠠᠵᠠᠯᠠᠨ᠎ᠠ᠃
︵ᠳᠥᠷᠪᠡ︶ ᠡᠯ᠎ᠡ ᠪᠠᠶᠢᠴᠠᠭᠠᠬᠤ ᠥᠷᠲᠡᠭᠡ᠂ ᠪᠠᠷᠠᠯᠠᠬᠤ ᠲᠠᠪᠴᠠᠩ᠂ ᠴᠠᠭᠳᠠᠨ ᠲᠣᠭᠤᠷᠢᠬᠤ ᠴᠠᠭᠳᠠᠨ ᠬᠠᠮᠠᠭᠠᠯᠠᠬᠤ ᠠᠵᠢᠯ ᠤᠨ ᠪᠠᠶᠢᠷᠢ ᠵᠡᠷᠭᠡ ᠨᠢ ᠪᠦᠬᠦᠯᠢ ᠡᠳᠦᠷ ᠢᠶᠠᠷ ᠵᠢᠵᠢᠭᠦᠷᠯᠡᠨ ᠰᠠᠬᠢᠵᠤ᠂ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠣᠷᠣᠬᠤ ᠬᠥᠮᠥᠰ ᠪᠠ ᠲᠡᠷᠭᠡ ᠬᠥᠰᠬᠡ ᠶᠢ ᠴᠢᠩᠭ᠎ᠠ ᠵᠠᠬᠢᠷᠤᠨ ᠬᠠᠮᠢᠶᠠᠷᠤᠨ᠎ᠠ᠃ ᠰᠢᠭᠤᠶᠢᠲᠤ ᠣᠷᠣᠨ᠂ ᠨᠤᠲᠤᠭ ᠪᠡᠯᠴᠢᠭᠡᠷ ᠲᠤ ᠣᠷᠣᠬᠤ ᠬᠥᠮᠥᠰ ᠪᠠ ᠲᠡᠷᠭᠡ ᠬᠥᠰᠬᠡ ᠨᠦᠭᠦᠳ ᠡᠷᠬᠡᠪᠰᠢ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠪᠠᠶᠢᠴᠠᠭᠠᠯᠲᠠ ᠶᠢ ᠬᠦᠯᠢᠶᠡᠵᠦ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠲᠣᠭᠲᠠᠭᠠᠯ ᠢ ᠵᠢᠷᠤᠮᠯᠠᠨ᠂ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠡᠭᠦᠷᠭᠡ ᠪᠠᠨ ᠭᠦᠢᠴᠡᠳᠬᠡᠬᠦ ᠬᠡᠷᠡᠭᠲᠡᠢ᠃
ᠳᠡᠭᠡᠷᠡᠬᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠠᠤᠯᠢ ᠶᠣᠰᠣᠭᠠᠷ ᠵᠣᠬᠢᠬᠤ ᠰᠢᠢᠳᠬᠡᠯ ᠲᠣᠷᠭᠠᠭᠤᠯᠢ ᠥᠭᠭᠦᠨ᠎ᠡ᠃
ᠳᠥᠷᠪᠡ᠂ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠪᠠᠨ ᠴᠢᠩᠭᠠᠷᠠᠭᠤᠯᠤᠨ᠎ᠠ
ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ︾ ᠶᠢ ᠪᠣᠳᠣᠯᠬᠢᠯᠠᠨ ᠪᠠᠶᠢᠵᠤ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠲᠠᠰᠤᠯᠳᠠᠯ ᠦᠭᠡᠢ ᠵᠥᠪᠳᠡᠯᠴᠡᠬᠦ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠤᠯᠢ ᠣᠳᠣ ᠪᠠᠷ ᠬᠢᠨᠠᠨ ᠰᠢᠨᠵᠢᠬᠦ᠂ ᠭᠠᠵᠠᠷ ᠳᠡᠭᠡᠷ᠎ᠡ ᠲᠣᠭᠤᠷᠢᠨ ᠪᠠᠶᠢᠴᠠᠭᠠᠬᠤ᠂ ᠠᠭᠠᠷ ᠠᠶᠠᠯᠠᠯ ᠢᠶᠠᠷ ᠴᠠᠭᠳᠠᠨ ᠬᠠᠮᠠᠭᠠᠯᠠᠬᠤ᠂ ᠸᠢᠳᠢᠤ᠋ ᠪᠠᠷ ᠬᠢᠨᠠᠨ ᠡᠵᠡᠮᠳᠡᠬᠦ᠂ ᠬᠥᠮᠥᠨ ᠤ ᠬᠦᠴᠦ ᠪᠠᠷ ᠪᠠᠷᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠰᠢᠨᠵᠢᠬᠦ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠭᠠᠯ ᠲᠦᠢᠮᠡᠷ ᠤᠨ ᠪᠠᠶᠢᠳᠠᠯ ᠢ ᠬᠢᠨᠠᠨ ᠰᠢᠨᠵᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠭᠠᠯ ᠲᠦᠢᠮᠡᠷ ᠤᠨ ᠲᠦᠭᠰᠢᠭᠦᠷᠢ ᠶᠡᠬᠡᠲᠡᠢ ᠬᠤᠭᠤᠴᠠᠭᠠᠨ ᠳᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠣᠶ ᠰᠢᠭᠤᠢ ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠤᠳ ᠴᠠᠭ ᠠᠭᠤᠷ ᠪᠠ ᠭᠠᠯ ᠲᠦᠢᠮᠡᠷ ᠤᠨ ᠲᠦᠭᠰᠢᠭᠦᠷᠢ ᠶᠢᠨ ᠬᠤᠪᠢᠷᠠᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠣᠬᠤᠷ ᠬᠤᠭᠤᠴᠠᠭᠠᠨ ᠳᠤ ᠪᠠᠴᠢᠮ ᠰᠤᠳᠤᠯᠤᠨ ᠮᠠᠭᠠᠳᠯᠠᠬᠤ ᠪᠠ ᠤᠷᠢᠳᠴᠢᠯᠠᠨ ᠰᠡᠷᠡᠮᠵᠢᠯᠡᠭᠦᠯᠵᠦ ᠲᠦᠷᠭᠡᠨ ᠮᠡᠳᠡᠭᠦᠯᠬᠦ ᠪᠠᠨ ᠴᠢᠩᠭᠠᠳᠬᠠᠨ᠂ ᠴᠠᠭ ᠲᠤᠬᠠᠢ ᠳᠤ ᠨᠢ ᠭᠠᠯ ᠲᠦᠢᠮᠡᠷ ᠤᠨ ᠲᠦᠭᠰᠢᠭᠦᠷᠢ ᠶᠡᠬᠡᠲᠡᠢ ᠣᠷᠣᠨ ᠳᠤ ᠠᠮᠤᠷ ᠲᠦᠪᠰᠢᠨ ᠤ ᠰᠠᠨᠠᠭᠤᠯᠤᠮᠵᠢ ᠥᠭᠴᠦ᠂ ︽ᠰᠢᠭᠤᠳ ᠨᠡᠪᠲᠡᠷᠡᠬᠦ ᠮᠠᠶ᠋ᠢᠭ︾᠂ ︽ᠴᠡᠭ ᠢ ᠴᠡᠭ ᠲᠤ ᠨᠢ ᠬᠠᠨᠳᠤᠭᠤᠯᠬᠤ︾ ᠠᠷᠭ᠎ᠠ ᠮᠠᠶ᠋ᠢᠭ ᠢ ᠬᠡᠷᠡᠭᠯᠡᠨ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠤᠨ ᠪᠠᠴᠢᠮ ︽ᠳᠠᠭᠤᠳᠠᠯᠲᠠ︾ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢ ᠰᠢᠮᠳᠠᠭᠤᠯᠵᠤ ᠪᠠᠶᠢᠭᠠᠳ ᠴᠤᠤᠷᠢᠶᠠᠲᠤᠨ ᠳᠠᠭᠠᠬᠤ ᠠᠷᠭ᠎ᠠ ᠬᠡᠮᠵᠢᠶ᠎ᠡ ᠶᠢ ᠮᠥᠷᠳᠡᠵᠦ ᠨᠠᠶᠢᠳᠠᠪᠤᠷᠢᠵᠢᠭᠤᠯᠬᠤ ᠬᠡᠷᠡᠭᠲᠡᠢ᠃ ᠰᠡᠵᠢᠭᠯᠡᠯᠲᠦ ᠭᠠᠯ ᠲᠦᠢᠮᠡᠷ ᠤᠨ ᠪᠠᠶᠢᠳᠠᠯ ᠢ ᠦᠳᠲᠡᠷ ᠲᠦᠷᠭᠡᠨ ᠬᠠᠷᠭᠤᠭᠤᠯᠤᠨ ᠪᠠᠶᠢᠴᠠᠭᠠᠵᠤ᠂ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃
ᠲᠠᠪᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢᠶᠠᠨ ᠴᠢᠩᠭᠠᠷᠠᠭᠤᠯᠤᠨ᠎ᠠ
ᠭᠠᠯ ᠲᠦᠢᠮᠡᠷ ᠰᠡᠷᠭᠡᠶᠢᠯᠡᠬᠦ ᠬᠤᠭᠤᠴᠠᠭᠠᠨ ᠳᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠪᠠᠶᠢᠭᠤᠯᠤᠮᠵᠢ ᠨᠢ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠢ ᠳᠡᠰ ᠬᠤᠪᠢᠶᠠᠵᠤ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠭᠠᠯ ᠲᠦᠢᠮᠡᠷ ᠤᠨᠲᠠᠷᠠᠭᠠᠬᠤ ᠡᠩᠨᠡᠭᠡ ᠨᠢ ᠳᠠᠶᠢᠯᠠᠯᠳᠤᠭᠠᠨ ᠠᠴᠠ ᠡᠮᠦᠨᠡᠬᠢ ᠵᠠᠷᠯᠢᠭ ᠬᠦᠯᠢᠶᠡᠬᠦ ᠪᠠᠶᠢᠳᠠᠯ ᠢᠶᠠᠨ ᠪᠠᠲᠤᠯᠠᠵᠤ᠂ ᠪᠡᠯᠡᠳᠬᠡᠯ ᠲᠥᠰᠥᠯ ᠤᠨ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ ᠰᠣᠷᠢᠯᠲᠠ ᠬᠢᠬᠦ ᠪᠠᠨ ᠴᠢᠩᠭᠠᠷᠠᠭᠤᠯᠤᠨ᠂ ᠡᠳ᠋ ᠪᠠᠷᠠᠭ᠎ᠠ᠂ ᠮᠠᠰᠢᠨ ᠪᠠᠭᠠᠵᠢ ᠪᠠ ᠲᠣᠨᠤᠭ ᠲᠥᠬᠦᠭᠡᠷᠦᠮᠵᠢ ᠶᠢᠨ ᠨᠥᠭᠡᠴᠡ ᠪᠠᠨ ᠴᠢᠩᠭᠠᠳᠬᠠᠵᠤ᠂ ᠵᠢᠭᠠᠨ ᠵᠢᠯᠣᠭᠤᠳᠤᠯᠭ᠎ᠠ᠂ ᠬᠦᠴᠦᠨ ᠴᠢᠳᠠᠯ᠂ ᠲᠣᠨᠤᠭ ᠲᠥᠬᠦᠭᠡᠷᠦᠮᠵᠢ ︽ᠭᠤᠷᠪᠠ ᠶᠢ ᠤᠷᠢᠳ ᠢᠶᠠᠷ ᠪᠠᠶᠢᠷᠢᠯᠠᠭᠤᠯᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ ᠭᠠᠯ ᠲᠦᠢᠮᠡᠷ ᠤᠨ ᠠᠬᠤᠢ ᠲᠠᠯᠠᠪᠠᠢ ᠶᠢᠨ ᠵᠢᠯᠤᠭᠤᠳᠬᠤ ᠭᠠᠵᠠᠷ ᠤᠨ ᠬᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠭᠠᠯ ᠲᠦᠢᠮᠡᠷ ᠤᠨ ᠠᠬᠤᠢ ᠲᠠᠯᠠᠪᠠᠢ ᠳᠠᠬᠢ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠪᠠᠨ ᠨᠠᠶᠢᠳᠠᠪᠤᠷᠢᠵᠢᠭᠤᠯᠵᠤ᠂ ᠬᠦᠨᠳᠦ ᠶᠡᠭᠡ ᠰᠡᠷᠭᠡᠭ ᠴᠢᠨᠠᠷᠲᠠᠢ ᠭᠠᠯ ᠲᠦᠢᠮᠡᠷ ᠤᠨ ᠭᠠᠮᠰᠢᠭ ᠢ ᠲᠡᠰ ᠳᠡᠪᠰᠢᠭᠦᠯᠦᠨ ᠠᠷᠭᠠᠴᠠᠭᠠᠬᠤ ᠪᠠ ᠲᠡᠭᠦᠨ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ ᠬᠥᠳᠡᠯᠦᠯᠴᠡᠵᠦ᠂ ᠭᠠᠯ ᠲᠦᠢᠮᠡᠷ ᠤᠨ ᠰᠦᠷᠳᠡᠭᠦᠯᠭᠡ ᠳᠤ ᠤᠴᠠᠷᠠᠭᠰᠠᠨ ᠤᠯᠠᠨ ᠲᠦᠮᠡᠨ ᠢ ᠲᠡᠷᠡ ᠳᠠᠷᠤᠢ ᠳᠤ ᠨᠢ ᠰᠢᠯᠵᠢᠭᠦᠯᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠭᠡᠨᠡᠳᠡᠯ ᠭᠠᠷᠬᠤ ᠢ ᠡᠷᠡᠰ ᠬᠤᠷᠢᠭᠯᠠᠬᠤ ᠬᠡᠷᠡᠭᠲᠡᠢ᠃
ᠵᠢᠷᠭᠤᠭ᠎ᠠ᠂ ᠮᠡᠳᠡᠭᠦᠯᠬᠦ ᠳᠦᠷᠢᠮ ᠢᠶᠠᠨ ᠴᠢᠩᠭᠠᠷᠠᠭᠤᠯᠤᠨ᠎ᠠ
ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠭᠠᠯ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ᠰᠢᠰᠲ᠋ᠧᠮᠵᠢᠭᠦᠯᠦᠨ ᠳᠡᠭᠡᠭᠰᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠲᠦᠢᠮᠡᠷ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠪᠠ ᠡᠷᠲᠡ ᠠᠴᠠ ᠰᠢᠢᠳᠪᠦᠷᠢᠯᠡᠬᠦ ᠪᠠᠨ ᠴᠢᠩᠭᠠᠷᠠᠭᠤᠯᠤᠨ᠂ ᠵᠠᠰᠠᠭ ᠤᠨ ᠵᠠᠷᠯᠢᠭ ᠤᠨ ᠮᠡᠳᠡᠭᠡ ᠵᠠᠩᠭᠢ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠭᠠᠯ ᠲᠦᠢᠮᠡᠷ ᠢᠯᠡᠷᠡᠪᠡᠯ ᠵᠠᠪᠠᠯ ᠮᠡᠳᠡᠭᠦᠯᠬᠦ᠂ ᠳᠠᠷᠤᠵᠤ ᠮᠡᠳᠡᠭᠦᠯᠬᠦ ᠶᠢ ᠵᠡᠷᠭᠡ ᠳᠤ ᠨᠢ ᠶᠠᠪᠤᠭᠤᠯᠬᠤ ᠶᠢ ᠬᠢᠵᠦ ᠴᠢᠳᠠᠭᠰᠠᠨ ᠪᠠᠶᠢᠬᠤ ᠬᠡᠷᠡᠭᠲᠡᠢ᠃ ᠪᠤᠰᠤᠳ ᠰᠠᠯᠠᠭ᠎ᠠ ᠮᠥᠴᠢᠷ ᠨᠢᠭᠡᠴᠢ ᠪᠠ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠡᠷᠡ ᠳᠠᠷᠤᠢ ᠳᠤ ᠨᠢ ︽12119︾ ᠴᠠᠭᠳᠠᠭ᠎ᠠ ᠳᠤ ᠮᠡᠳᠡᠭᠦᠯᠬᠦ ᠤᠲᠠᠰᠤ ᠠᠪᠬᠤ ᠪᠤᠶᠤ ᠪᠤᠰᠤᠳ ᠠᠷᠭ᠎ᠠ ᠮᠠᠶ᠋ᠢᠭ ᠢᠶᠠᠷ ᠳᠠᠮᠵᠢᠭᠤᠯᠤᠨ ᠲᠤᠬᠠᠢ ᠶᠢᠨ ᠭᠠᠵᠠᠷ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠢ᠃
ᠳᠣᠯᠤᠭ᠎ᠠ᠂ ᠤᠬᠠᠭᠤᠯᠭ᠎ᠠ ᠬᠥᠮᠦᠵᠢᠯ ᠢᠶᠠᠨ ᠴᠢᠩᠭᠠᠷᠠᠭᠤᠯᠤᠨ᠎ᠠ
ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ᠂ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠭᠠᠯ ᠲᠦᠢᠮᠡᠷ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ᠂ ᠭᠠᠯ ᠲᠦᠢᠮᠡᠷ ᠰᠡᠷᠭᠡᠶᠢᠯᠡᠬᠦ ᠤᠬᠠᠭᠤᠯᠭ᠎ᠠ ᠶᠢ ︽ᠲᠠᠪᠤᠨ ᠭᠠᠵᠠᠷ ᠲᠤ ᠤᠷᠤᠭᠤᠯᠬᠤ︾ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠭᠠᠯ ᠲᠦᠢᠮᠡᠷ ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ᠂ ᠠᠮᠤᠷ ᠲᠦᠪᠰᠢᠨ ᠢᠶᠠᠷ ᠠᠶᠤᠯ ᠠᠴᠠ ᠵᠠᠶᠢᠯᠠᠬᠤ ᠮᠡᠳᠡᠯᠭᠡ ᠪᠠ ᠭᠠᠯ ᠲᠦᠢᠮᠡᠷ ᠤᠨ ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠲᠦᠭᠡᠮᠡᠯᠵᠢᠭᠦᠯᠦᠨ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠠᠯ ᠲᠦᠢᠮᠡᠷ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠵᠦ᠂ ᠪᠦᠬᠦ ᠨᠡᠶᠢᠭᠡᠮ ᠤᠨ ᠭᠠᠯ ᠲᠦᠢᠮᠡᠷ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ︽ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠬᠦ ᠳᠤ ᠬᠥᠮᠥᠨ ᠪᠦᠬᠦᠨ ᠬᠠᠷᠢᠭᠤᠴᠠᠯᠭ᠎ᠠ ᠲᠠᠢ︾ ᠬᠡᠮᠡᠬᠦ ᠭᠦᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠢ ᠪᠣᠶ ᠪᠣᠯᠭᠠᠬᠤ ᠬᠡᠷᠡᠭᠲᠡᠢ᠃
ᠨᠠᠢᠮᠠ᠂ ᠰᠢᠮᠳᠠᠭᠤᠯᠤᠨ ᠵᠢᠯᠤᠭᠤᠳᠴᠤ ᠬᠠᠷᠢᠭᠤᠴᠠᠯᠭ᠎ᠠ ᠬᠡᠯᠡᠯᠴᠡᠬᠦ ᠪᠠᠨ ᠴᠢᠩᠭᠠᠷᠠᠭᠤᠯᠤᠨ᠎ᠠ
ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠭᠠᠮᠰᠢᠭ ᠤᠨ ᠭᠡᠮ ᠰᠣᠭᠤᠭ ᠢ ᠬᠥᠳᠡᠯᠦᠩᠭᠦᠢ ᠪᠠᠷ ᠠᠷᠢᠯᠭᠠᠬᠤ ᠪᠠ ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠢ ᠪᠦᠬᠦ ᠲᠠᠯ᠎ᠠ ᠪᠠᠷ ᠥᠷᠨᠢᠭᠦᠯᠦᠨ᠂ ᠠᠰᠠᠭᠤᠳᠠᠯ ᠤᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ ᠤᠨ ᠭᠡᠮ ᠰᠣᠭᠤᠭ ᠢ ᠨᠡᠷᠡᠯᠡᠨ ᠵᠢᠭᠠᠵᠤ ᠰᠢᠮᠳᠠᠭᠤᠯᠤᠨ ᠰᠢᠢᠳᠪᠦᠷᠢᠯᠡᠭᠦᠯᠵᠦ᠂ ᠮᠥᠷᠳᠡᠵᠦ ᠦᠷ᠎ᠡ ᠪᠦᠲᠦᠮᠵᠢ ᠶᠢ ᠨᠢ ᠲᠤᠯᠭᠠᠨ ᠠᠰᠠᠭᠤᠬᠤ ᠬᠡᠷᠡᠭᠲᠡᠢ᠃ ᠭᠠᠯ ᠲᠦᠢᠮᠡᠷ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠨᠡᠨ ᠬᠦ ᠴᠢᠩᠭᠠᠷᠠᠭᠤᠯᠤᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ ᠢᠯᠡᠷᠡᠭᠦᠯᠵᠦ᠂ ᠨᠢᠭᠡ ᠬᠡᠷᠡᠭ ᠶᠠᠪᠤᠳᠠᠯ ᠢ ᠪᠠᠶᠢᠴᠠᠭᠠᠨ ᠰᠢᠢᠳᠪᠦᠷᠢᠯᠡᠪᠡᠯ᠂ ᠨᠢᠭᠡ ᠲᠠᠯ᠎ᠠ ᠶᠢᠨ ᠬᠢᠨ ᠳᠤ ᠰᠦᠷ ᠦᠵᠡᠭᠦᠯᠵᠦ᠂ ᠨᠢᠭᠡ ᠪᠦᠯᠦᠭ ᠬᠥᠮᠥᠰ ᠢ ᠬᠥᠮᠥᠵᠢᠭᠦᠯᠬᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠭᠠᠯ ᠲᠦᠢᠮᠡᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠦᠭᠡᠢ᠂ ᠠᠵᠢᠯ ᠤᠨ ᠠᠷᠭ᠎ᠠ ᠬᠡᠮᠵᠢᠶ᠎ᠡ ᠪᠠᠨ ᠪᠣᠳᠠᠲᠠᠶᠢᠵᠢᠭᠤᠯᠤᠭᠰᠠᠨ ᠦᠭᠡᠢ᠂ ᠭᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠨᠢ ᠲᠤᠭᠤᠰᠢ ᠦᠭᠡᠢ᠂ ᠴᠠᠭ ᠲᠤᠬᠠᠢ ᠳᠤ ᠨᠢ ᠭᠠᠯ ᠲᠦᠢᠮᠡᠷ ᠤᠨᠲᠠᠷᠠᠭᠠᠬᠤ ᠶᠢ ᠵᠣᠬᠢᠶᠠᠨ ᠪᠠᠶᠢᠭᠤᠯᠤᠭᠰᠠᠨ ᠦᠭᠡᠢ ᠵᠡᠷᠭᠡ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠬᠦᠨᠳᠦ ᠶᠡᠭᠡ ᠭᠠᠯ ᠲᠦᠢᠮᠡᠷ ᠤᠨ ᠭᠠᠮᠰᠢᠭ ᠪᠤᠶᠤ ᠬᠥᠮᠥᠨ ᠬᠠᠷ᠎ᠠ ᠠᠳᠡᠵᠦ ᠰᠢᠷᠬᠠᠲᠤᠭᠰᠠᠨ ᠭᠡᠨᠡᠳᠡᠯ ᠭᠠᠷᠤᠭᠰᠠᠨ ᠪᠠᠶᠢᠪᠠᠯ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
2025 ᠣᠨ ᠤ 2 ᠳ᠋ᠤᠭᠠᠷ ᠰᠠᠷ᠎ᠠ ᠶᠢᠨ 27 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ
ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ
2025 ᠣᠨ ᠤ 2 ᠳ᠋ᠤᠭᠠᠷ ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ