ᠠᠯᠠᠱᠠ᠄ ᠡᠯᠡᠰᠦᠨ ᠳᠠᠯᠠᠢ ᠳᠤ ︽ᠮᠡᠳᠡᠭᠡ ᠵᠠᠩᠭᠢ ᠶᠢᠨ ᠲᠦᠷᠭᠡᠨ ᠤ ᠵᠠᠮ︾ ᠢ ᠨᠠᠪᠲᠠᠷᠡᠭᠦᠯᠵᠦ ᠮᠠᠯᠴᠢᠳ ᠢ ᠪᠠᠶᠠᠵᠢᠯ ᠤᠨ ᠵᠠᠮ ᠢᠶᠠᠷ ᠵᠠᠮᠨᠠᠭᠤᠯᠤᠨ᠎ᠠ
ᠨᠡᠶᠢᠲᠡᠯᠡᠭᠰᠡᠨ ᠴᠠᠭ᠄
2025/4/22

  ᠠᠯᠠᠱᠠ ᠠᠶᠢᠮᠠᠭ ᠤᠨ ᠠᠯᠠᠱᠠ ᠵᠡᠭᠦᠨ ᠬᠤᠰᠢᠭᠤᠨ ᠤ ᠲᠡᠭᠷᠢ ᠡᠯᠡᠰᠦᠨ ᠴᠥᠯ ᠤᠨ ᠥᠷᠥᠴᠡᠨ ᠳᠤ ᠂ ᠬᠤᠨ ᠭᠠᠯᠠᠭᠤᠲᠤ ᠨᠠᠭᠤᠷ ᠶᠠᠭ ᠯᠠ ᠨᠢᠭᠡ ᠬᠡᠰᠡᠭ ᠪᠢᠨᠳᠤᠷᠢᠶ᠎ᠠ ᠶᠢ ᠠᠯᠲᠠᠨ ᠰᠢᠷᠭᠠᠯ ᠡᠯᠡᠰᠦᠨ ᠲᠡᠯᠡᠶ ᠶᠢᠨ ᠳᠤᠮᠳᠠ ᠰᠢᠭᠢᠳᠬᠡᠭᠰᠡᠨ ᠮᠡᠲᠦ ᠬᠠᠷᠠᠭᠳᠠᠨ᠎ᠠ ᠃ ᠨᠠᠭᠤᠷ ᠤᠨ ᠬᠥᠪᠡᠭᠡᠨ ᠳᠠᠬᠢ ᠡᠯᠡᠰᠦᠨ ᠳᠤ 50 ᠮᠧᠲᠷ ᠥᠨᠳᠥᠷ ᠴᠢᠮᠡᠭᠡ ᠬᠤᠯᠪᠣᠭᠠᠨ ᠤ ᠲᠡᠮᠦᠷ ᠰᠤᠪᠤᠷᠭ᠎ᠠ ᠶᠢᠨ ᠰᠠᠭᠤᠷᠢ ᠥᠷᠲᠡᠭᠡ ᠰᠦᠨᠳᠡᠷᠯᠡᠵᠦ ᠪᠠᠶᠢᠳᠠᠭ ᠂ ᠠᠯᠠᠱᠠ ᠶᠢᠨ ᠰᠢᠯᠵᠢᠭᠡ ᠬᠤᠯᠪᠣᠭᠠᠨ ᠤ ᠬᠤᠪᠢᠶᠠᠷᠢ ᠺᠤᠮᠫᠠᠨᠢ ᠠᠴᠠ ᠪᠠᠶᠢᠭᠤᠯᠤᠭᠰᠠᠨ ᠡᠨᠡ ᠬᠦ ᠴᠢᠮᠡᠭᠡ ᠬᠤᠯᠪᠣᠭᠠᠨ ᠤ ᠰᠠᠭᠤᠷᠢ ᠥᠷᠲᠡᠭᠡ ᠨᠢ ᠣᠯᠠᠨ ᠵᠢᠯ ᠤᠨ ᠲᠤᠷᠰᠢ ᠡᠷᠭᠢᠨ ᠲᠣᠭᠤᠷᠢᠨ ᠤ 3 ᠮᠠᠯᠴᠢᠨ ᠡᠷᠦᠭᠡ ᠳᠤ ᠦᠢᠯᠡᠴᠢᠯᠡᠵᠦ ᠂ ᠮᠠᠯᠴᠢᠳ ᠲᠤ ︽ ᠡᠯᠡᠰᠦᠨ ᠴᠥᠯ ᠳᠠᠬᠢ ᠬᠠᠮᠤᠭ ᠤᠨ ᠭᠠᠭᠴᠠᠭᠠᠷᠳᠠᠮᠠᠯ ᠰᠠᠭᠤᠷᠢ ᠥᠷᠲᠡᠭᠡ ︾ ᠬᠡᠮᠡᠭᠳᠡᠪᠡ ᠃

  ᠰᠤᠷᠪᠤᠯᠵᠢᠯᠠᠬᠴᠢ ᠡᠮᠦᠨᠡᠬᠡᠨ ᠴᠢᠮᠡᠭᠡ ᠬᠤᠯᠪᠣᠭᠠᠨ ᠤ ᠲᠡᠮᠦᠷ ᠰᠤᠪᠤᠷᠭ᠎ᠠ ᠠᠴᠠ ᠤᠶᠢᠷᠬᠠᠨ ᠪᠠᠶᠢᠭ᠎ᠠ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠲᠤᠩᠭᠠᠯᠠᠭ ᠨᠠᠭᠤᠷ ᠭᠠᠴᠠᠭᠠᠨ ᠤ ᠮᠠᠯᠴᠢᠨ ᠪᠠᠭᠠᠲᠤᠷ ᠤᠨ ᠬᠢᠨ ᠳᠤ ᠬᠦᠷᠬᠦ ᠳᠤ ᠂ ᠶᠠᠭ ᠬᠤᠨᠢᠨ ᠳᠠᠭᠠᠨ ᠡᠪᠡᠰᠦ ᠪᠣᠷᠳᠤᠭ᠎ᠠ ᠨᠡᠮᠡᠵᠦ ᠪᠠᠶᠢᠭᠰᠠᠨ ᠪᠠᠭᠠᠲᠤᠷ ᠭᠤᠸᠠᠢ ᠰᠠᠭᠤᠷᠢ ᠥᠷᠲᠡᠭᠡ ᠶᠢᠨ ᠦᠢᠯᠡᠳᠪᠦᠷᠢᠯᠡᠯ ᠠᠮᠢᠳᠤᠷᠠᠯ ᠳᠤᠨᠢ ᠠᠪᠴᠢᠷᠠᠭᠰᠠᠨ ᠳᠥᠭᠦᠮ ᠳᠥᠲᠡ ᠶᠢ ᠠᠮᠠ ᠬᠠᠮᠬᠢᠯ ᠦᠭᠡᠢ ᠮᠠᠭᠲᠠᠨ᠎ᠠ ᠃

  ︽ ᠰᠠᠭᠤᠷᠢ ᠥᠷᠲᠡᠭᠡ ᠪᠠᠶᠢᠭᠤᠯᠤᠭᠳᠠᠭᠰᠠᠨ ᠤ ᠳᠠᠷᠠᠭ᠎ᠠ ᠴᠢᠮᠡᠭᠡ ᠬᠤᠯᠪᠣᠭᠠᠨ ᠤ ᠰᠦᠯᠵᠢᠶ᠎ᠡ ᠲᠠᠢ ᠪᠣᠯᠵᠤ ᠂ ᠭᠠᠳᠠᠭᠠᠳᠤ ᠶᠢᠷᠲᠢᠨᠴᠦ ᠲᠠᠢ ᠨᠡᠪᠲᠡᠷᠡᠯᠴᠡᠬᠦ ᠲᠣᠮᠣ ᠬᠠᠭᠠᠯᠭ᠎ᠠ ᠶᠢ ᠨᠡᠭᠡᠭᠡᠵᠦ ᠂ ᠪᠢᠳᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠨ ᠴᠦ ᠨᠠᠩ ᠥᠨᠳᠥᠷ ᠦᠨ᠎ᠡ ᠪᠠᠷ ᠬᠤᠳᠠᠯᠳᠤᠬᠤ ᠪᠣᠯᠵᠠᠢ ︾ ᠭᠡᠵᠦ ᠪᠠᠭᠠᠲᠤᠷ ᠬᠡᠯᠡᠪᠡ ᠃

  ᠬᠤᠨ ᠭᠠᠯᠠᠭᠤᠲᠤ ᠨᠠᠭᠤᠷ ᠤᠨ ᠡᠷᠭᠢᠨ ᠲᠣᠭᠤᠷᠢᠨ ᠤ 20 ᠺᠢᠯᠣᠮᠧᠲᠷ ᠣᠷᠴᠢᠮ ᠤᠨ ᠡᠯᠡᠰᠦᠨ ᠴᠥᠯ ᠳᠤ 3 ᠮᠠᠯᠴᠢᠨ ᠡᠷᠦᠭᠡ ᠰᠠᠭᠤᠷᠢᠰᠢᠵᠤ ᠂ ᠬᠤᠭᠤᠷᠣᠨᠳᠤ ᠪᠠᠨ 10 - 15 ᠺᠢᠯᠣᠮᠧᠲᠷ ᠠᠯᠤᠰᠯᠠᠵᠤ ᠪᠠᠶᠢᠳᠠᠭ ᠃ ᠪᠤᠶᠢᠳᠠ ᠪᠥᠭᠯᠡᠭᠦᠦ ᠭᠠᠵᠠᠷ ᠮᠥᠷᠲᠡᠭᠡᠨ ᠲᠠᠷᠠᠬᠠᠢ ᠪᠤᠲᠠᠷᠬᠠᠢ ᠰᠠᠭᠤᠷᠢᠰᠢᠵᠤ ᠂ ᠮᠡᠳᠡᠭᠡ ᠵᠠᠩᠭᠢ ᠨᠡᠪᠲᠡᠷᠡᠯᠴᠡᠬᠦ ᠦᠭᠡᠢ ᠠᠴᠠ ᠪᠣᠯᠵᠤ ᠂ ᠮᠠᠯᠴᠢᠳ ᠭᠠᠳᠠᠨᠠᠬᠢ ᠶᠢᠷᠲᠢᠨᠴᠦ ᠠᠴᠠ ᠲᠤᠰᠠᠭᠠᠷᠯᠠᠭᠳᠠᠭᠰᠠᠨ ᠠᠮᠢᠳᠤᠷᠠᠯ ᠬᠢᠵᠦ ᠂ ᠠᠳᠡᠬᠢ ᠨᠢ ᠨᠡᠷ᠎ᠡ ᠨᠢᠳᠡᠷ ᠲᠡᠭᠡᠨ ᠨᠡᠶᠢᠴᠡᠭᠰᠡᠨ ︽ ᠮᠡᠳᠡᠭᠡ ᠵᠠᠩᠭᠢ ᠶᠢᠨ ᠥᠨᠥᠴᠢᠨ ᠠᠷᠠᠯ ︾ ᠪᠣᠯᠤᠭᠰᠠᠨ ᠪᠠᠶᠢᠨ᠎ᠠ ᠃

  ︽ ᠥᠩᠭᠡᠷᠡᠭᠰᠡᠨ ᠳᠤ ᠂ ᠮᠡᠳᠡᠭᠡ ᠵᠠᠩᠭᠢ ᠨᠡᠪᠲᠡᠷᠡᠬᠦ ᠦᠭᠡᠢ ᠠᠴᠠ ᠪᠣᠯᠵᠤ ᠂ ᠮᠠᠨ ᠤ ᠮᠠᠯᠴᠢᠳ ᠬᠤᠭᠤᠷᠣᠨᠳᠤ ᠪᠠᠨ ᠪᠠᠴᠢᠮ ᠤᠴᠢᠷ ᠲᠠᠢ ᠪᠣᠯᠪᠠᠯ ᠂ ᠴᠥᠮ ᠶᠠᠪᠠᠭᠠᠨ ᠪᠤᠶᠤ ᠮᠣᠲ᠋ᠣᠷ ᠤᠨᠤᠵᠤ ᠡᠯᠡᠰᠦᠨ ᠴᠦᠯ ᠢ ᠳᠠᠪᠠᠵᠤ ᠣᠴᠢᠭᠠᠳ ᠮᠡᠳᠡᠭᠳᠡᠳᠡᠭ ᠃ ᠡᠪᠡᠳᠴᠢᠯᠡᠪᠡᠯ ᠵᠥᠪᠭᠡᠨ ᠮᠣᠲ᠋ᠣᠷ ᠤᠨᠤᠵᠤ ᠡᠯᠡᠰᠦᠨ ᠴᠦᠯ ᠤᠨ ᠥᠨᠳᠥᠷ ᠭᠠᠵᠠᠷ ᠠᠴᠠ ᠤᠲᠠᠰᠤ ᠠᠪᠴᠤ ᠲᠤᠰᠠᠯᠠᠮᠵᠢ ᠭᠤᠶᠤᠨ᠎ᠠ ᠂ ᠡᠳ᠋ ᠪᠣᠳᠠᠰ ᠬᠤᠳᠠᠯᠳᠤᠨ ᠠᠪᠬᠤ ᠪᠠ ᠮᠠᠯ ᠤᠨᠤᠭ᠎ᠠ ᠪᠠᠨ ᠬᠤᠳᠠᠯᠳᠤᠬᠤ ᠳᠤ ᠲᠡᠷᠭᠡ ᠲᠦᠷᠢᠶᠡᠰᠦᠯᠡᠵᠦ ᠡᠯᠡᠰᠦᠨ ᠴᠦᠯ ᠢ ᠳᠠᠪᠠᠵᠤ ᠬᠤᠰᠢᠭᠤᠨ ᠳᠤ ᠣᠴᠢᠳᠠᠭ ︾ ᠭᠡᠵᠦ ᠪᠠᠭᠠᠲᠤᠷ ᠬᠡᠯᠡᠨ᠎ᠡ ᠃

  ᠴᠢᠮᠡᠭᠡ ᠬᠤᠯᠪᠤᠭ᠎ᠠ ᠨᠡᠪᠲᠡᠷᠡᠬᠦ ᠦᠭᠡᠢ ᠂ ᠬᠠᠷᠢᠯᠴᠠᠬᠤ ᠳᠤ ᠳᠥᠭᠦᠮ ᠦᠭᠡᠢ ᠪᠠᠶᠢᠬᠤ ᠨᠢ ᠮᠠᠯᠴᠢᠳ ᠢ ᠭᠠᠴᠢᠭᠳᠠᠭᠤᠯᠵᠤ ᠪᠠᠶᠢᠭᠰᠠᠨ ᠢᠶᠠᠷ ᠪᠠᠷᠠᠬᠤ ᠦᠭᠡᠢ ᠂ ᠠᠵᠤ ᠦᠢᠯᠡᠰ ᠤᠨ ᠬᠥᠭᠵᠢᠯᠲᠡ ᠶᠢ ᠴᠦ ᠲᠤᠶᠢᠯ ᠤᠨ ᠶᠡᠭᠡ ᠪᠠᠷ ᠬᠢᠵᠠᠭᠠᠷᠯᠠᠵᠤ ᠪᠠᠶᠢᠪᠠ ᠃ ᠡᠨᠡ ᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠂ ᠮᠠᠯᠴᠢᠳ ᠲᠤ ᠰᠠᠭᠠᠳ ᠦᠭᠡᠢ ᠨᠡᠪᠲᠡᠷᠡᠬᠦ ᠰᠦᠯᠵᠢᠶ᠎ᠡ ᠲᠠᠢ ᠪᠣᠯᠭᠠᠪᠠ ᠃ 2014 ᠣᠨ ᠤ ᠡᠬᠢ ᠪᠠᠷ ᠂ ᠠᠯᠠᠱᠠ ᠶᠢᠨ ᠰᠢᠯᠵᠢᠭᠡ ᠬᠤᠯᠪᠤᠭ᠎ᠠ ᠶᠢᠨ ᠬᠤᠪᠢᠶᠠᠷᠢ ᠺᠤᠮᠫᠠᠨᠢ ᠡᠯᠡᠰᠦᠨ ᠴᠦᠯ ᠤᠨ ᠳᠣᠲᠣᠷ᠎ᠠ ᠭᠠᠵᠠᠷ ᠤᠨ ᠴᠢᠮᠡᠭᠡ ᠬᠤᠯᠪᠣᠭᠠᠨ ᠤ ᠰᠦᠯᠵᠢᠶᠡᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠶᠢ ᠶᠡᠷᠦᠩᠬᠡᠶᠢᠯᠡᠨ ᠪᠣᠳᠣᠯᠬᠢᠯᠠᠵᠤ ᠂ ᠪᠦᠲᠦᠭᠡᠨ ᠪᠠᠶᠢᠭᠤᠯᠤᠯᠲᠠ ᠶᠢᠨ ᠬᠦᠴᠢᠷᠳᠡᠯ ᠤᠯᠠᠨ ᠂ ᠪᠡᠯᠡ ᠣᠷᠣᠭᠤᠯᠤᠯᠲᠠ ᠶᠡᠭᠡ ᠵᠡᠷᠭᠡ ᠬᠦᠴᠢᠷ ᠪᠡᠷᠬᠡ ᠶᠢ ᠢᠯᠠᠨ ᠳᠠᠪᠠᠵᠤ ᠂ ᠠᠳᠡᠬᠢ ᠶᠢᠨ ᠴᠢᠮᠡᠭᠡ ᠬᠤᠯᠪᠣᠭᠠᠨ ᠤ ᠬᠦᠴᠢᠷ ᠠᠰᠠᠭᠤᠳᠠᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠬᠦ ᠪᠠᠷ ᠲᠣᠭᠲᠠᠪᠠ ᠃ 2014 ᠣᠨ ᠤ ᠡᠪᠦᠯ ᠂ ᠠᠯᠠᠱᠠ ᠶᠢᠨ ᠰᠢᠯᠵᠢᠭᠡ ᠬᠤᠯᠪᠤᠭ᠎ᠠ ᠶᠢᠨ ᠬᠤᠪᠢᠶᠠᠷᠢ ᠺᠤᠮᠫᠠᠨᠢ ᠶᠢᠨ ᠪᠠᠷᠢᠯᠭ᠎ᠠ ᠶᠢᠨ ᠠᠵᠢᠯᠲᠠᠳ ᠲᠡᠭ ᠠᠴᠠ ᠳᠣᠷᠣᠭᠰᠢ 25 ᠭᠷᠡᠳᠦ᠋ᠰ ᠤᠨ ᠬᠠᠬᠢᠷ ᠬᠦᠢᠲᠡᠨ ᠳᠤ ᠂ ᠥᠪᠡᠷ ᠢᠶᠠᠨ ᠬᠠᠭᠤᠷᠠᠢ ᠬᠦᠨᠡᠰᠦ ᠪᠡᠯᠡᠳᠬᠡᠵᠦ ᠂ ᠡᠯᠡᠰᠦᠨ ᠲᠠᠯᠠᠢ ᠳᠤ ᠪᠦᠲᠦᠭᠡᠨ ᠪᠠᠶᠢᠭᠤᠯᠤᠯᠲᠠ ᠬᠢᠵᠦ ᠡᠬᠢᠯᠡᠵᠡᠢ ᠃ ᠲᠡᠳᠡᠨᠤᠰ ᠤᠷᠢᠳ ᠬᠤᠵᠢᠳ ᠡᠯᠡᠰᠦᠨ ᠴᠥᠯ ᠭᠤᠪᠢ ᠳᠤ ᠣᠷᠣᠵᠤ ᠣᠯᠠᠨ ᠤᠳᠠᠭ᠎ᠠ ᠲᠤᠬᠠᠢ ᠶᠢᠨ ᠭᠠᠵᠠᠷ ᠲᠤ ᠬᠠᠶᠢᠨ ᠬᠡᠮᠵᠢᠯᠲᠡ ᠬᠢᠵᠦ ᠂ ᠨᠡᠭᠦᠳᠡᠯ ᠡᠯᠡᠰᠦ ᠵᠠᠮ ᠤᠨ ᠰᠠᠭᠤᠷᠢ ᠶᠢ ᠵᠠᠯᠭᠢᠭᠰᠠᠨ ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠠᠴᠠ ᠪᠣᠯᠵᠤ ᠲᠥᠬᠦᠭᠡᠷᠦᠮᠵᠢ ᠶᠢᠨ ᠳᠦᠷᠰᠦ ᠨᠢ ᠬᠤᠪᠢᠷᠠᠭᠰᠠᠨ ᠵᠡᠷᠭᠡ ᠬᠦᠴᠢᠷ ᠠᠰᠠᠭᠤᠳᠠᠯ ᠳᠤ ᠴᠢᠭᠯᠡᠭᠦᠯᠦᠨ ᠂ ᠲᠡᠮᠡᠭᠡᠨ ᠵᠢᠩ ᠢᠶᠠᠷ ᠭᠡᠷᠡᠯᠯᠢᠭ ᠳᠡᠭᠡᠰᠦ ᠠᠴᠢᠵᠤ ᠂ ᠬᠥᠮᠥᠨ ᠤ ᠬᠦᠴᠦ ᠪᠠᠷ 6 ᠮᠧᠲᠷ ᠤᠨ ᠭᠦᠨ ᠨᠦᠬᠡ ᠮᠠᠯᠲᠠᠵᠤ ᠭᠠᠵᠠᠷ ᠤᠨ ᠰᠠᠭᠤᠷᠢ ᠶᠢ ᠪᠠᠬᠢᠯᠡᠪᠡ ᠁ 8 ᠰᠠᠷ᠎ᠠ ᠭᠠᠷᠤᠢ ᠶᠢᠨ ᠲᠤᠷᠰᠢ ᠬᠡᠭᠡᠷ᠎ᠡ ᠭᠠᠳᠠᠨ᠎ᠠ ᠬᠤᠨᠣᠭᠯᠠᠵᠤ ᠴᠤᠴᠠᠯᠲᠠ ᠦᠭᠡᠢ ᠪᠦᠲᠦᠭᠡᠨ ᠪᠠᠶᠢᠭᠤᠯᠬᠤ ᠪᠠᠷ ᠳᠠᠮᠵᠢᠨ ᠂ 2015 ᠣᠨ ᠤ 5 ᠰᠠᠷ᠎ᠠ ᠳᠤ ᠬᠤᠨ ᠭᠠᠯᠠᠭᠤᠲᠤ ᠨᠠᠭᠤᠷ ᠤᠨ ᠬᠥᠪᠡᠭᠡᠨ ᠳᠠᠬᠢ ᠠᠩᠬᠠᠳᠠᠭᠴᠢ 4G ᠰᠠᠭᠤᠷᠢ ᠦᠷᠲᠡᠭᠡ ᠶᠢ ᠪᠦᠲᠦᠭᠡᠨ ᠪᠠᠶᠢᠭᠤᠯᠵᠤ ᠳᠠᠭᠤᠰᠬᠠᠪᠠ ᠃

  ᠰᠠᠭᠤᠷᠢ ᠥᠷᠲᠡᠭᠡ ᠪᠠᠶᠢᠭᠤᠯᠤᠭᠳᠠᠭᠰᠠᠨ ᠲᠤᠬᠠᠢ ᠶᠢᠨ ᠡᠳᠦᠷ ᠂ ᠮᠠᠯᠴᠢᠨ ᠴᠡᠴᠡᠭ ᠭᠠᠷ ᠤᠲᠠᠰᠤᠨ ᠤ ᠸᠢᠳᠢᠤ᠋ ᠪᠠᠷ ᠭᠠᠳᠠᠨ᠎ᠠ ᠰᠤᠷᠤᠯᠴᠠᠵᠤ ᠪᠠᠶᠢᠭ᠎ᠠ ᠥᠬᠢᠨ ᠢᠶᠠᠨ ᠣᠯᠵᠤ ᠬᠠᠷᠠᠪᠠ ᠂ 3 ᠮᠢᠨᠦ᠋ᠲ 28 ᠰᠧᠺᠦ᠋ᠨ᠋ᠳ᠋ ᠤᠨ ᠸᠢᠳᠢᠤ᠋ ᠳᠡᠯᠭᠡᠴᠡ ᠨᠢ ᠬᠤᠨ ᠭᠠᠯᠠᠭᠤᠲᠤ ᠨᠠᠭᠤᠷ ᠤᠨ ᠬᠥᠪᠡᠭᠡᠨ ᠳᠠᠬᠢ ᠮᠠᠯᠴᠢᠳ ᠤᠨ ᠴᠢᠮᠡᠭᠡ ᠬᠤᠯᠪᠣᠭᠠᠨ ᠤ ᠳᠣᠬᠢᠶ᠎ᠠ ᠨᠡᠪᠲᠡᠷᠡᠬᠦ ᠦᠭᠡᠢ ᠂ ᠬᠠᠷᠢᠯᠴᠠᠬᠤ ᠳᠤ ᠳᠥᠭᠦᠮ ᠦᠭᠡᠢ ᠪᠠᠶᠢᠭᠰᠠᠨ ᠲᠡᠦᠬᠡ ᠡᠴᠦᠰᠯᠡᠭᠰᠡᠨ ᠭᠡᠷᠡᠴᠢ ᠪᠣᠯᠵᠠᠢ ᠃

  ᠴᠢᠮᠡᠭᠡ ᠬᠤᠯᠪᠣᠭᠠᠨ ᠤ ᠳᠣᠬᠢᠶ᠎ᠠ ᠶᠢ ᠨᠠᠩ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ ᠂ ᠮᠠᠯᠴᠢᠳ ᠤᠨ 5G ᠶᠢᠨ ᠴᠢᠮᠡᠭᠡ ᠬᠤᠯᠪᠣᠭᠠᠨ ᠤ ᠳᠣᠬᠢᠶ᠎ᠠ ᠲᠠᠢ ᠰᠢᠨ᠎ᠡ ᠠᠮᠢᠳᠤᠷᠠᠯ ᠢ ᠡᠬᠢᠯᠡᠭᠦᠯᠪᠡ ᠃ 2019 ᠣᠨ ᠳᠤ ᠂ ᠠᠯᠠᠱᠠ ᠶᠢᠨ ᠰᠢᠯᠵᠢᠭᠡ ᠬᠤᠯᠪᠤᠭ᠎ᠠ ᠶᠢᠨ ᠬᠤᠪᠢᠶᠠᠷᠢ ᠺᠤᠮᠫᠠᠨᠢ ᠪᠠᠰᠠ 4G ᠰᠠᠭᠤᠷᠢ ᠥᠷᠲᠡᠭᠡ ᠶᠢ 5G ᠰᠠᠭᠤᠷᠢ ᠥᠷᠲᠡᠭᠡ ᠪᠣᠯᠭᠠᠨ ᠲᠠᠰ ᠳᠡᠪᠰᠢᠭᠦᠯᠬᠦ ᠪᠦᠲᠦᠭᠡᠨ ᠪᠠᠶᠢᠭᠤᠯᠤᠯᠲᠠ ᠶᠢ ᠠᠮᠵᠢᠯᠲᠠ ᠲᠠᠢ ᠪᠡᠶᠡᠯᠡᠭᠦᠯᠪᠡ ᠂ ᠡᠨᠡ ᠬᠦ ᠪᠡᠯᠭᠡ ᠲᠡᠮᠳᠡᠭ ᠤᠨ ᠴᠢᠨᠠᠷᠲᠠᠢ ᠠᠮᠵᠢᠯᠲᠠ ᠨᠢ ᠲᠤᠬᠠᠢ ᠶᠢᠨ ᠭᠠᠵᠠᠷ ᠲᠤ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ ᠲᠣᠭᠢᠶᠠᠯ ᠢ ᠠᠪᠴᠢᠷᠠᠵᠠᠢ ᠃

  ᠥᠨᠳᠥᠷ ᠬᠤᠷᠳᠤᠴᠠᠲᠤ ᠂ ᠲᠣᠭᠲᠠᠭᠤᠨ 5G ᠶᠢᠨ ᠰᠦᠯᠵᠢᠶ᠎ᠡ ᠶᠢ ᠠᠰᠢᠭᠯᠠᠨ ᠂ ᠬᠤᠨ ᠭᠠᠯᠠᠭᠤᠲᠤ ᠨᠠᠭᠤᠷ ᠵᠢᠴᠢ ᠲᠡᠭᠦᠨ ᠤ ᠡᠷᠭᠢᠨ ᠲᠣᠭᠤᠷᠢᠨ ᠤ ᠭᠠᠵᠠᠷ ᠣᠷᠣᠨ ᠤ ᠵᠢᠭᠤᠯᠴᠢᠯᠠᠯ ᠤᠨ ᠦᠢᠯᠡᠰ ᠴᠢᠨᠠᠷ ᠤᠨ ᠦᠰᠦᠷᠦᠯᠲᠡ ᠶᠢ ᠪᠡᠶᠡᠯᠡᠭᠦᠯᠪᠡ ᠃ ᠵᠢᠯ ᠪᠦᠷᠢ ᠠᠳᠡ ᠶᠠᠪᠤᠭᠳᠠᠳᠠᠭ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠳᠠᠯᠳᠤᠭᠠᠨ ᠤ ᠳᠡᠭᠡᠳᠦ ᠰᠤᠷᠭᠠᠭᠤᠯᠢ ᠶᠢᠨ ᠡᠯᠡᠰᠦᠨ ᠴᠦᠯ ᠤᠨ ᠥᠷᠢᠰᠦᠯᠳᠦᠬᠦ ᠤᠷᠤᠯᠳᠤᠭᠠᠨ ᠵᠡᠷᠭᠡ ᠲᠣᠮᠣ ᠭᠡᠯᠪᠡᠷᠢ ᠶᠢᠨ ᠠᠵᠢᠯᠯᠠᠭ᠎ᠠ ᠨᠢ ᠦᠢ ᠲᠦᠮᠡᠨ ᠵᠢᠭᠤᠯᠴᠢᠯᠠᠬᠰᠠᠳ ᠤᠨ ᠠᠩᠬᠠᠷᠤᠯ ᠢ ᠲᠠᠲᠠᠵᠤ ᠂ ᠡᠨᠡ ᠬᠦ ᠥᠩᠭᠡᠷᠡᠭᠰᠡᠨ ᠳᠤ ᠳᠡᠯᠡᠬᠡᠢ ᠳ᠋ᠠᠬᠢᠨ ᠠᠴᠠ ᠲᠤᠰᠠᠭᠠᠷᠯᠠᠭᠳᠠᠭᠰᠠᠨ ᠡᠯᠡᠰᠦᠨ ᠴᠥᠯ ᠤᠨ ᠨᠣᠭᠤᠭᠠᠨ ᠪᠦᠷᠢᠳᠦ ᠳᠤ ᠢᠷᠡᠭᠦᠯᠵᠦ ᠂ 5G ᠮᠡᠷᠭᠡᠵᠢᠯ ᠤᠨ ᠳᠡᠮᠵᠢᠯᠭᠡ ᠳᠣᠣᠷ᠎ᠠ ᠂ ᠬᠤᠨ ᠭᠠᠯᠠᠭᠤᠲᠤ ᠨᠠᠭᠤᠷ ᠤᠨ ᠵᠢᠭᠤᠯᠴᠢᠯᠠᠯ ᠤᠨ ᠦᠢᠯᠡᠰ ᠨᠢ ᠠᠭᠠᠵᠢᠮ ᠢᠶᠠᠷ ᠲᠤᠬᠠᠢ ᠶᠢᠨ ᠭᠠᠵᠠᠷ ᠤᠨ ᠠᠵᠤ ᠠᠬᠤᠢ ᠶᠢᠨ ᠲᠤᠯᠭᠠᠭᠤᠷᠢ ᠠᠵᠤ ᠦᠢᠯᠡᠰ ᠪᠣᠯᠵᠠᠢ ᠃ ᠮᠠᠯᠴᠢᠳ ᠤᠨ ᠠᠮᠢᠳᠤᠷᠠᠯ ᠳᠤ ᠴᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ ᠂ ᠠᠮᠢᠳᠤᠷᠠᠯ ᠤᠨ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠭᠰᠡᠨ ᠢᠶᠠᠷ ᠪᠠᠷᠠᠬᠤ ᠦᠭᠡᠢ ᠣᠷᠣᠯᠭ᠎ᠠ ᠨᠢ ᠴᠦ ᠵᠢᠯ ᠠᠴᠠ ᠵᠢᠯ ᠲᠣᠭᠲᠠᠭᠤᠨ ᠢᠶᠠᠷ ᠨᠡᠮᠡᠭᠳᠡᠪᠡ ᠃

  ︽ ᠥᠩᠭᠡᠷᠡᠭᠰᠡᠨ ᠳᠤ ᠴᠢᠮᠡᠭᠡ ᠬᠤᠯᠪᠣᠭᠠᠨ ᠤ ᠳᠣᠬᠢᠶ᠎ᠠ ᠦᠭᠡᠢ ᠂ ᠠᠭᠤᠷ ᠠᠮᠢᠰᠬᠤᠯ ᠬᠦᠢᠲᠡᠷᠡᠪᠡᠯ ᠪᠠᠰᠠ ᠬᠤᠲᠠ ᠳᠤ ᠣᠷᠣᠵᠤ ᠰᠠᠭᠤᠳᠠᠭ ᠂ ᠵᠢᠯ ᠪᠣᠯᠭᠠᠨ ᠬᠤᠲᠠ ᠪᠠ ᠬᠥᠳᠡᠭᠡ ᠨᠤᠲᠤᠭ ᠤᠨ ᠳᠤᠮᠳᠠ ᠠᠶᠠᠯᠠᠬᠤ ᠳᠤ ᠮᠠᠰᠢ ᠳᠥᠭᠦᠮ ᠦᠭᠡᠢ ᠪᠠᠶᠢᠵᠤ ᠂ ᠦᠬᠡᠷ ᠬᠤᠨᠢᠨ ᠮᠢᠬ᠎ᠠ ᠬᠤᠳᠠᠯᠳᠤᠬᠤ ᠳᠤ ᠴᠤ ᠤᠷᠢᠳ ᠢᠶᠠᠷ ᠬᠤᠲᠠ ᠳᠤ ᠣᠷᠣᠵᠤ ᠬᠤᠳᠠᠯᠳᠤᠨ ᠠᠪᠤᠭᠴᠢ ᠲᠠᠢ ᠬᠠᠷᠢᠯᠴᠠᠵᠤ ᠂ ᠳᠠᠷᠠᠭ᠎ᠠ ᠨᠢ ᠬᠥᠳᠡᠭᠡ ᠳᠡᠭᠡᠨ ᠪᠤᠴᠠᠵᠤ ᠦᠬᠡᠷ ᠬᠤᠨᠢᠨ ᠮᠢᠬ᠎ᠠ ᠪᠠᠨ ᠠᠪᠴᠢᠷᠠᠳᠠᠭ ᠃ 4G / 5G ᠰᠠᠭᠤᠷᠢ ᠥᠷᠲᠡᠭᠡ ᠨᠡᠪᠲᠡᠷᠡᠭᠰᠡᠨ ᠤ ᠳᠠᠷᠠᠭ᠎ᠠ ᠂ ᠮᠠᠨ ᠤ ᠬᠡᠳᠦᠨ ᠮᠠᠯᠴᠢᠨ ᠡᠷᠦᠭᠡ ᠶᠢᠨ ᠠᠮᠢᠳᠤᠷᠠᠯ ᠳᠤ ᠶᠡᠭᠡ ᠬᠤᠪᠢᠷᠠᠯᠲᠠ ᠭᠠᠷᠴᠤ ᠂ ᠴᠠᠭᠠᠨ ᠰᠠᠷ᠎ᠠ ᠂ ᠤᠯᠤᠰ ᠤᠨ ᠪᠠᠶᠠᠷ ᠵᠡᠷᠭᠡ ᠪᠠᠶᠠᠷ ᠳᠤᠷᠠᠰᠬᠠᠯ ᠤᠨ ᠡᠳᠦᠷ ᠤᠳ ᠲᠤ ᠪᠢᠳᠡ ᠮᠥᠨ ᠬᠥᠳᠡᠭᠡ ᠨᠤᠲᠤᠭ ᠠᠴᠠ ᠪᠠᠨ ᠬᠡᠦᠬᠡᠳ ᠦᠷ᠎ᠡ ᠂ ᠲᠥᠷᠥᠯ ᠰᠠᠳᠤᠨ ᠲᠠᠢ ᠪᠠᠨ ᠰᠢᠭᠤᠳ ᠸᠢᠳᠢᠤ᠋ ᠪᠠᠷ ᠨᠢᠭᠤᠷᠳᠠᠨ ᠶᠠᠷᠢᠯᠴᠠᠬᠤ ᠪᠣᠯᠵᠠᠢ ᠂ ᠣᠲᠣ ᠪᠢᠳᠡ ᠮᠥᠨ ᠰᠢᠭᠤᠳ ᠨᠡᠪᠲᠡᠷᠡᠭᠦᠯᠭᠡ ᠪᠤᠶᠤ ᠸᠢᠳᠢᠤ᠋ ᠪᠠᠷ ᠳᠡᠮᠵᠢᠨ ᠦᠬᠡᠷ ᠬᠤᠨᠢᠨ ᠤ ᠮᠢᠬ᠎ᠠ ᠂ ᠴᠠᠭᠠᠨ ᠢᠳᠡᠭᠡ ᠂ ᠬᠠᠴᠢᠨ ᠴᠢᠯᠠᠭᠤ ᠵᠡᠷᠭᠡ ᠨᠤᠲᠤᠭ ᠤᠨ ᠣᠨᠴᠠ ᠭᠠᠷᠤᠯᠲᠠ ᠪᠠᠨ ᠬᠤᠳᠠᠯᠳᠤᠵᠤ ᠪᠤᠢ ᠃ ᠴᠢᠮᠡᠭᠡ ᠬᠤᠯᠪᠣᠭᠠᠨ ᠤ ᠳᠣᠬᠢᠶ᠎ᠠ ᠲᠠᠢ ᠪᠣᠯᠤᠭᠰᠠᠨ ᠠᠴᠠ ᠨᠠᠭᠠᠰᠢ ᠂ ᠵᠢᠭᠤᠯᠴᠢᠯᠠᠬᠤ ᠪᠠᠷ ᠢᠷᠡᠬᠦ ᠬᠥᠮᠥᠨ ᠶᠠᠪᠤᠬᠤ ᠲᠤᠳᠤᠮ ᠣᠯᠠᠰᠢᠷᠠᠵᠤ ᠂ ᠵᠥᠪᠭᠡᠨ ᠵᠢᠭᠤᠯᠴᠢᠯᠠᠬᠰᠠᠳ ᠤᠨ ᠬᠤᠭᠤᠯᠠ ᠢᠳᠡᠵᠦ ᠂ ᠬᠤᠨᠣᠭᠯᠠᠬᠤ ᠨᠢ ᠮᠢᠨᠤ ᠵᠢᠯ ᠤᠨ ᠣᠷᠣᠯᠭ᠎ᠠ ᠶᠢ 8 ᠲᠦᠮᠡ ᠭᠠᠷᠤᠢ ᠲᠥᠭᠦᠷᠢᠭ ᠲᠤ ᠬᠦᠷᠭᠡᠵᠡᠢ ︾ ᠭᠡᠵᠦ ᠮᠠᠯᠴᠢᠨ ᠪᠠᠲᠤ ᠬᠡᠯᠡᠪᠡ ᠃

  ᠣᠳᠣᠬᠠᠨ ᠳᠤ ᠂ ᠬᠤᠨ ᠭᠠᠯᠠᠭᠤᠲᠤ ᠨᠠᠭᠤᠷ ᠤᠨ ᠬᠥᠪᠡᠭᠡᠨ ᠳᠠᠬᠢ 5G ᠰᠦᠯᠵᠢᠶ᠎ᠡ ᠨᠢ ᠨᠢᠭᠡᠨᠲᠡ ᠮᠠᠯᠴᠢᠳ ᠤᠨ ᠣᠲᠣ ᠦᠶ᠎ᠡ ᠶᠢᠨ ᠪᠣᠯᠪᠠᠰᠤᠨ ᠢ ᠬᠤᠯᠪᠣᠬᠤ ᠪᠠ ᠣᠷᠣᠯᠭ᠎ᠠ ᠶᠢ ᠨᠡᠮᠡᠭᠳᠡᠭᠦᠯᠬᠦ ᠪᠠᠶᠠᠵᠢᠯ ᠤᠨ ᠬᠥᠭᠦᠷᠭᠡ ᠪᠣᠯᠤᠭᠰᠠᠨ ᠪᠠᠶᠢᠨ᠎ᠠ ᠃ ᠭᠡᠬᠦ ᠳᠤ ᠡᠨᠡ ᠬᠦ ᠡᠯᠡᠰᠦᠨ ᠴᠥᠯ ᠤᠨ ᠰᠠᠭᠤᠷᠢ ᠥᠷᠲᠡᠭᠡ ᠶᠢᠨ ᠪᠦᠲᠦᠭᠡᠨ ᠪᠠᠶᠢᠭᠤᠯᠤᠯᠲᠠ ᠨᠢ ᠰᠢᠯᠵᠢᠭᠡ ᠬᠤᠯᠪᠤᠭ᠎ᠠ ᠶᠢᠨ ᠠᠵᠢᠯᠲᠠᠨ ᠠᠵᠢᠯᠴᠢᠨ ᠳᠤ ᠠᠪᠴᠤ ᠬᠡᠯᠡᠪᠡᠯ ᠂ ᠪᠦᠲᠦᠭᠡᠨ ᠪᠠᠶᠢᠭᠤᠯᠤᠯᠲᠠ ᠪᠠ ᠠᠷᠠᠴᠢᠯᠠᠨ ᠬᠠᠮᠠᠭᠠᠯᠠᠬᠤ ᠶᠢᠨ ︽ ᠣᠷᠳᠣ ᠵᠠᠮ ᠤᠨ ᠠᠶᠠᠨ ᠲᠡᠶᠢᠨ ︾ ᠪᠣᠯᠣᠨ᠎ᠠ ᠭᠡᠳᠡᠭ ᠢ ᠬᠡᠨ ᠮᠡᠳᠡᠬᠦ ᠠᠵᠢ ᠃

  ᠠᠯᠠᠱᠠ ᠶᠢᠨ ᠰᠢᠯᠵᠢᠭᠡ ᠬᠤᠯᠪᠤᠭ᠎ᠠ ᠶᠢᠨ ᠬᠤᠪᠢᠶᠠᠷᠢ ᠺᠤᠮᠫᠠᠨᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠡᠯᠲᠡᠰ ᠤᠨ ᠶᠡᠷᠦᠩᠬᠡᠢ ᠳᠠᠭᠠᠭᠠᠮᠠᠯ ᠪᠠᠢ ᠱᠢ ᠫᠢᠩ ᠤᠨ ᠲᠠᠨᠢᠯᠴᠠᠭᠤᠯᠤᠭᠰᠠᠨ ᠢᠶᠠᠷ ᠂ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠬᠠᠶᠢᠨ ᠬᠡᠮᠵᠢᠯᠲᠡ ᠶᠢᠨ ᠦᠶ᠎ᠡ ᠳᠤ ᠂ ᠢᠨᠵᠧᠨᠧᠷ ᠨᠠᠷ GPS ᠪᠠᠶᠢᠷᠢ ᠲᠣᠭᠲᠠᠭᠠᠬᠤ ᠬᠡᠮᠵᠢᠭᠦᠷᠯᠢᠭ ᠢ ᠠᠪᠴᠤ 78 ᠡᠳᠦᠷ ᠶᠠᠪᠠᠭᠠᠨ ᠢᠶᠠᠷ ᠬᠡᠮᠵᠢᠨ ᠵᠢᠷᠤᠭᠯᠠᠵᠤ ᠂ ᠡᠭᠦᠨ ᠳᠤ ᠤᠰᠤ ᠡᠷᠢᠵᠦ ᠶᠠᠪᠤᠭᠰᠠᠨ ᠨᠢ ᠳᠠᠷᠤᠢ 21 ᠡᠳᠦᠷ ᠵᠠᠷᠤᠴᠠᠭᠤᠯᠵᠤ ᠂ ᠭᠡᠷᠡᠯᠯᠢᠭ ᠰᠠᠭᠤᠷᠢ ᠥᠷᠲᠡᠭᠡ ᠂ ᠭᠡᠷᠡᠯᠯᠢᠭ ᠳᠡᠭᠡᠰᠦ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ 50 ᠲᠦᠮᠡ ᠠᠴᠠ ᠳᠡᠭᠡᠭᠰᠢ ᠳᠤ ᠬᠦᠷᠴᠦ ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠪᠦᠷᠢ 3 ᠲᠦᠮᠡ ᠭᠠᠷᠤᠢ ᠲᠥᠭᠦᠷᠢᠭ ᠤᠨ ᠠᠷᠠᠴᠢᠯᠠᠨ ᠬᠠᠮᠠᠭᠠᠯᠠᠬᠤ ᠵᠠᠷᠤᠳᠠᠯ ᠣᠷᠣᠭᠤᠯᠵᠤ ᠂ ᠭᠡᠷᠡᠯᠯᠢᠭ ᠳᠡᠭᠡᠰᠦᠨ ᠤ ᠲᠣᠭᠤᠷᠢᠨ ᠪᠠᠶᠢᠴᠠᠭᠠᠭᠴᠢ ᠰᠠᠷ᠎ᠠ ᠪᠦᠷᠢ 50 ᠺᠢᠯᠣᠮᠧᠲᠷ ᠤᠨ ᠵᠠᠮ ᠱᠤᠭᠤᠮ ᠢ ᠶᠠᠪᠠᠭᠠᠨ ᠢᠶᠠᠷ ᠪᠠᠶᠢᠴᠠᠭᠠᠳᠠᠭ ᠭᠡᠵᠡᠢ ᠃

  ︽ ᠬᠤᠶᠢᠰᠢᠳᠠ ᠂ ᠪᠢᠳᠡ ᠠᠯᠠᠱᠠ ᠶᠢᠨ ᠮᠠᠯᠵᠢᠬᠤ ᠲᠠᠷᠢᠶᠠᠯᠠᠬᠤ ᠣᠷᠣᠨ ᠤ ᠰᠦᠯᠵᠢᠶᠡᠨ ᠤ ᠪᠦᠷᠬᠦᠴᠡ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ 4G ᠪᠠ 5G ᠰᠦᠯᠵᠢᠶ᠎ᠡ ᠶᠢ ᠦᠷᠭᠦᠯᠵᠢᠯᠡᠨ ᠥᠷᠭᠡᠳᠬᠡᠨ ᠰᠢᠯᠢᠳᠡᠭᠵᠢᠭᠦᠯᠵᠦ ᠂ ᠨᠠᠩ ᠥᠷᠭᠡᠨ ᠳᠡᠯᠭᠡᠷ ᠴᠢᠮᠡᠭᠡ ᠬᠤᠯᠪᠣᠭᠠᠨ ᠤ ᠳᠣᠬᠢᠶ᠎ᠠ ᠪᠠᠷ ᠪᠦᠷᠬᠦᠭᠦᠯᠬᠦ ᠶᠢ ᠦᠨᠡᠨ ᠬᠦ ᠪᠠᠲᠤᠯᠠᠵᠤ ᠂ ᠥᠷᠭᠡᠨ ᠣᠯᠠᠨ ᠮᠠᠯᠴᠢᠨ ᠲᠠᠷᠢᠶᠠᠴᠢᠨ ᠳᠤ ᠨᠠᠩ ᠳᠥᠭᠦᠮ ᠳᠥᠲᠡ ᠂ ᠥᠨᠳᠥᠷ ᠪᠦᠲᠦᠮᠵᠢᠲᠡᠶ ᠴᠢᠮᠡᠭᠡ ᠬᠤᠯᠪᠣᠭᠠᠨ ᠤ ᠦᠢᠯᠡᠴᠢᠯᠡᠭᠡ ᠬᠦᠷᠲᠡᠭᠡᠵᠦ ᠂ ᠠᠯᠠᠱᠠ ᠶᠢᠨ ᠲᠠᠷᠢᠶᠠᠯᠠᠩ ᠮᠠᠯ ᠠᠵᠤ ᠠᠬᠤᠢ ᠶᠢᠨ ᠣᠨᠴᠠ ᠭᠠᠷᠤᠯᠲᠠ ᠪᠠ ᠵᠢᠭᠤᠯᠴᠢᠯᠠᠯ ᠤᠨ ᠥᠩᠭᠡ ᠦᠵᠡᠮᠵᠢ ᠶᠢ ᠰᠦᠯᠵᠢᠶ᠎ᠡ ᠪᠠᠷ ᠳᠠᠮᠵᠢᠭᠤᠯᠤᠨ ᠪᠦᠭᠦ ᠤᠯᠤᠰ ᠲᠤ ᠳᠡᠯᠭᠡᠷᠡᠭᠦᠯᠵᠦ ᠂ ᠮᠠᠯᠴᠢᠨ ᠲᠠᠷᠢᠶᠠᠴᠢᠨ ᠤ ᠪᠠᠶᠠᠵᠢᠯ ᠤᠨ ᠵᠠᠮ ᠢ ᠶᠠᠪᠤᠬᠤ ᠲᠤᠲᠤᠮ ᠥᠷᠭᠡᠵᠢᠭᠦᠯᠦᠨ᠎ᠡ ︾ ᠭᠡᠵᠦ ᠪᠠᠢ ᠱᠢ ᠫᠢᠩ ᠬᠡᠯᠡᠪᠡ ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ