ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠢᠳᠡᠷᠡᠭᠦᠨ ᠠᠯᠬᠤᠭ᠎ᠠ
ᠨᠡᠶᠢᠲᠡᠯᠡᠭᠰᠡᠨ ᠴᠠᠭ᠄
2025/4/25

      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠥᠪᠥᠷ ᠮᠣᠩᠭᠤᠯ ᠳᠤ ᠮᠠᠰᠢ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠳᠠᠭ᠃ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠪᠣᠯᠤᠭᠰᠠᠨ ᠤ ᠬᠤᠪᠢ ᠳᠤ᠂ ᠤᠯᠠᠭᠠᠨᠬᠠᠳᠠ ᠬᠤᠲᠠ ᠨᠢ ᠥᠪᠡᠷᠮᠢᠴᠡ ᠪᠠᠶᠢᠭᠠᠯᠢ ᠶᠢᠨ ᠨᠥᠬᠦᠴᠡᠯ ᠪᠠ ᠲᠠᠷᠢᠶᠠᠯᠠᠩ ᠮᠠᠯ ᠠᠵᠤ ᠠᠬᠤᠢ ᠶᠢᠨ ᠡᠯᠪᠡᠭ ᠪᠠᠶᠠᠯᠢᠭ ᠡᠬᠢ ᠪᠠᠶᠠᠯᠢᠭ ᠲᠠᠭᠠᠨ ᠲᠦᠰᠢᠭᠯᠡᠨ᠂ ᠣᠶᠢᠷ᠎ᠠ ᠶᠢᠨ ᠵᠢᠯ ᠳᠤ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ ᠵᠠᠮ ᠢᠶᠠᠷ ᠢᠳᠡᠷᠡᠭᠦᠨ ᠤᠷᠤᠭᠰᠢᠯᠠᠵᠤ᠂ ᠢᠯᠡᠳᠲᠡ ᠦᠷ᠎ᠡ ᠪᠦᠲᠦᠭᠡᠯ ᠣᠯᠵᠠᠢ᠃

      ᠣᠶᠢᠷ᠎ᠠ ᠳᠤ᠂ ᠰᠤᠷᠪᠤᠯᠵᠢᠯᠠᠬᠴᠢ ᠬᠡᠰᠢᠭᠲᠡᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠬᠦ ᠳᠤ᠂ ᠪᠠᠷᠢᠮᠵᠢᠶᠠᠵᠢᠭᠰᠠᠨ ᠬᠤᠨᠢᠨ ᠬᠠᠰᠢᠶᠠᠨ ᠳᠤ ᠲᠠᠷᠭᠤ ᠰᠠᠶᠢᠲᠠᠢ ᠬᠤᠷᠠᠭ᠎ᠠ ᠨᠤᠭᠤᠳ ᠲᠠᠪᠠᠲᠠᠶᠢᠬᠠᠨ ᠢᠳᠡᠰᠢᠯᠡᠵᠦ ᠪᠠᠶᠢᠯ᠎ᠠ᠃

      ︽ᠡᠨᠡ ᠪᠣᠯ ᠴᠡᠪᠡᠷ ᠡᠭᠦᠯᠳᠡᠷ ᠤᠨ ︿ᠵᠤᠤ ᠤᠳᠠ ᠮᠢᠬᠠᠨ ᠤ ᠬᠤᠨᠢ﹀ ᠶᠢᠨ ᠬᠤᠷᠠᠭ᠎ᠠ᠂ ᠠᠵᠤ ᠦᠢᠯᠡᠰ ᠤᠨ ᠬᠦᠷᠢᠶᠡᠯᠡᠩ ᠳᠤ ᠰᠢᠨ᠎ᠡ ᠡᠭᠦᠯᠳᠡᠷ ᠢ ᠪᠣᠶᠢᠵᠢᠭᠤᠯᠤᠭᠰᠠᠨ ᠤ ᠳᠠᠷᠠᠭ᠎ᠠ ᠮᠠᠯᠴᠢᠨ ᠲᠠᠷᠢᠶᠠᠴᠢᠨ ᠲᠡᠵᠢᠭᠡᠨ ᠦᠷᠡᠵᠢᠭᠦᠯᠬᠦ ᠡᠷᠦᠭᠡ ᠳᠤ ᠰᠢᠯᠢᠳᠡᠭ ᠢ ᠨᠢ ᠰᠣᠩᠭᠤᠨ ᠪᠣᠷᠣᠯᠠᠭᠤᠯᠵᠤ ᠲᠡᠵᠢᠭᠡᠯᠭᠡᠬᠦ ᠶᠢᠨ ᠬᠠᠮᠲᠤ ᠦᠨ᠎ᠡ ᠶᠢ ᠪᠠᠲᠤᠯᠠᠨ ᠬᠤᠷᠢᠶᠠᠨ ᠠᠪᠴᠤ᠂ ᠳᠠᠭᠢᠨ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠳᠤ ᠬᠤᠳᠠᠯᠳᠤᠨ ᠥᠭᠭᠦᠨ᠎ᠡ︾ ᠭᠡᠵᠦ ᠠᠵᠤ ᠦᠢᠯᠡᠰ ᠤᠨ ᠬᠦᠷᠢᠶᠡᠯᠡᠩ ᠤᠨ ᠳᠠᠭᠠᠭᠠᠮᠠᠯ ᠭᠤᠤ ᠱᠤᠸᠠᠩ ᠬᠡᠯᠡᠪᠡ᠃

      ᠠᠳᠠᠯᠢ ᠴᠠᠭ ᠲᠤ᠂ 300 ᠭᠠᠷᠤᠢ ᠺᠢᠯᠣᠮᠧᠲᠷ ᠵᠠᠶᠢᠲᠠᠢ ᠶᠤᠸᠠᠨ ᠮᠦ ᠵᠣᠣ ᠤᠳᠠ ᠪᠦᠯᠦᠭᠯᠡᠯ ᠤᠨ ᠬᠤᠪᠢᠶᠠᠷᠢ ᠺᠤᠮᠫᠠᠨᠢ — ᠤᠯᠠᠭᠠᠨᠬᠠᠳᠠ ᠬᠤᠲᠠ ᠶᠢᠨ ᠶᠤᠸᠠᠨ ᠮᠦ ᠢᠳᠡᠭᠡᠨ ᠤ ᠬᠢᠵᠠᠭᠠᠷᠲᠤ ᠺᠤᠮᠫᠠᠨᠢ ᠳᠤ ︽ᠵᠤᠤ ᠤᠳᠠ ᠮᠢᠬᠠᠨ ᠤ ᠬᠤᠨᠢ︾ ᠶᠢᠨ ᠰᠢᠷᠢᠰ ᠪᠦᠲᠦᠭᠡᠭᠳᠡᠬᠦᠨ ᠢ ᠶᠠᠭᠠᠷᠠᠯᠲᠠᠢ ᠦᠢᠯᠡᠳᠪᠦᠷᠢᠯᠡᠨ᠎ᠡ᠃

      ︽ᠣᠳᠣᠬᠠᠨ ᠳᠤ ᠺᠤᠮᠫᠠᠨᠢ ᠨᠢᠭᠡᠨᠲᠡ 32 ᠵᠦᠢᠯ ᠤᠨ ᠪᠦᠲᠦᠭᠡᠭᠳᠡᠬᠦᠨ ᠦᠢᠯᠡᠳᠪᠦᠷᠢᠯᠡᠵᠦ᠂ ᠪᠡᠭᠡᠵᠢᠩ᠂ ᠯᠢᠶᠣᠤᠨᠢᠩ᠂ ᠱᠠᠨᠳᠦ᠋ᠩ᠂ ᠴᠦᠩᠴᠢᠩ᠂ ᠭᠦᠢᠵᠧᠦ ᠵᠡᠷᠭᠡ ᠭᠠᠵᠠᠷ ᠲᠤ ᠪᠣᠷᠣᠯᠠᠭᠤᠯᠵᠤ᠂ ᠵᠢᠯ ᠤᠨ ᠪᠣᠷᠣᠯᠠᠭᠤᠯᠤᠯᠲᠠ ᠶᠢᠨ ᠬᠡᠮᠵᠢᠶ᠎ᠡ 7500 ᠲᠣᠨ ᠳᠤ ᠬᠦᠷᠴᠦ ᠪᠤᠢ︾ ᠭᠡᠵᠦ ᠶᠤᠸᠠᠨ ᠮᠦ ᠵᠤᠤ ᠤᠳᠠ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠹᠠᠩ ᠸᠧᠨ ᠱᠧᠩ ᠬᠡᠯᠡᠪᠡ᠃ ︽ᠵᠤᠤ ᠤᠳᠠ ᠮᠢᠬᠠᠨ ᠤ ᠬᠤᠨᠢ︾ ᠪᠣᠯ ᠤᠯᠠᠭᠠᠨᠬᠠᠳᠠ ᠬᠤᠲᠠ ᠶᠢᠨ ︽ᠤᠯᠠᠭᠠᠨᠬᠠᠳᠠ ᠶᠢᠨ ᠤᠭᠢ ᠰᠢᠮ᠎ᠡ︾ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡ ᠶᠢᠨ ᠲᠦᠷᠦᠯ ᠲᠡᠮᠳᠡᠭ ᠤᠨ ᠭᠤᠣᠯᠯᠠᠬᠤ ᠪᠦᠲᠦᠭᠡᠭᠳᠡᠬᠦᠨ ᠤ ᠨᠢᠭᠡ ᠪᠣᠯᠣᠨ᠎ᠠ᠂ ᠲᠡᠭᠦᠨ ᠤ ᠪᠦᠭᠦ ᠬᠡᠯᠬᠢᠶ᠎ᠡ ᠶᠢᠨ ᠬᠥᠭᠵᠢᠯᠲᠡ ᠨᠢ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠦᠭᠰᠡᠨ ᠠᠴᠠ ᠪᠣᠯᠤᠭᠰᠠᠨ ᠶᠤᠮ᠃

      ᠲᠠᠷᠢᠶᠠᠯᠠᠩ ᠮᠠᠯ ᠠᠵᠤ ᠠᠬᠤᠢ ᠶᠢᠨ ᠲᠣᠮᠣ ᠬᠤᠲᠠ ᠪᠣᠯᠤᠭᠰᠠᠨ ᠤ ᠬᠤᠪᠢ ᠳᠤ᠂ ᠤᠯᠠᠭᠠᠨᠬᠠᠳᠠ ᠬᠤᠲᠠ ᠶᠢᠨ ᠠᠮᠤ ᠪᠤᠳᠠᠭᠠᠨ ᠤ ᠤᠨᠠᠯᠲᠠ 12 ᠵᠢᠯ ᠳᠠᠷᠠᠭᠠᠯᠠᠨ 100 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠮᠠᠯ ᠤᠨ ᠲᠤᠭ᠎ᠠ 2378.8 ᠲᠦᠮᠡ ᠬᠦᠷᠴᠦ᠂ ᠥᠪᠥᠷ ᠮᠣᠩᠭᠤᠯ ᠳᠤ ᠲᠦᠷᠦᠭᠦᠯᠡᠪᠡ︔ ᠠᠮᠤ ᠪᠤᠳᠠᠭ᠎ᠠ᠂ ᠮᠢᠬᠠᠨ ᠤ ᠵᠦᠢᠯ᠂ ᠴᠠᠭᠠᠨ ᠢᠳᠡᠭᠡᠨ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠰᠠᠶᠢᠨ ᠢᠶᠠᠷ ᠪᠠᠷᠠᠬᠤ ᠦᠭᠡᠢ᠂ ᠶᠠᠰᠤ ᠴᠢᠨᠠᠷ ᠨᠢ ᠴᠤ ᠰᠠᠶᠢᠨ ᠪᠠᠶᠢᠵᠤ᠂ ᠡᠯ᠎ᠡ ᠭᠠᠵᠠᠷ ᠤᠨ ᠵᠠᠬ᠎ᠠ ᠳᠡᠯᠭᠡᠭᠦᠷ ᠲᠤ ᠥᠷᠭᠡᠨ ᠢᠶᠠᠷ ᠪᠣᠷᠣᠯᠠᠭᠤᠯᠤᠭᠳᠠᠵᠤ ᠪᠤᠢ᠃

      ᠲᠠᠷᠢᠶᠠᠯᠠᠩ ᠮᠠᠯ ᠠᠵᠤ ᠠᠬᠤᠢ ᠶᠢᠨ ᠳᠠᠯᠳᠠ ᠬᠦᠴᠦᠨ ᠢ ᠬᠡᠷᠬᠢᠨ ᠤᠯᠠᠮ ᠠᠭᠤᠳᠠᠯᠵᠤ᠂ ᠠᠵᠤ ᠦᠢᠯᠡᠰ ᠤᠨ ᠨᠡᠮᠡᠯᠲᠡ ᠥᠷᠲᠡᠭ ᠢ ᠳᠡᠭᠡᠭᠰᠢᠯᠡᠭᠦᠯᠭᠦ ᠪᠤᠶ︖

      ᠤᠯᠠᠭᠠᠨᠬᠠᠳᠠ ᠠᠮᠤ ᠪᠤᠳᠠᠭ᠎ᠠ᠂ ᠢᠳᠡᠰᠢᠨ ᠨᠣᠭᠤᠭ᠎ᠠ᠂ ᠮᠢᠬᠠᠨ ᠤ ᠦᠬᠡᠷ᠂ ᠮᠢᠬᠠᠨ ᠤ ᠬᠤᠨᠢ ᠵᠡᠷᠭᠡ ᠭᠤᠣᠯᠯᠠᠬᠤ ᠠᠵᠤ ᠦᠢᠯᠡᠰ ᠵᠢᠴᠢ ᠡᠯ᠎ᠡ ᠵᠦᠢᠯ ᠤᠨ ᠠᠮᠤ ᠪᠣᠯᠣᠨ ᠪᠤᠷᠴᠠᠭ᠂ ᠬᠢᠲᠠᠳ ᠡᠮ ᠤᠨ ᠮᠠᠲ᠋ᠧᠷᠢᠶᠠᠯ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠲᠦᠷᠦᠯ ᠲᠡᠮᠳᠡᠭ ᠢ ᠴᠣᠭᠴᠠᠯᠠᠬᠤ ᠵᠡᠷᠭᠡ ᠲᠠᠯ᠎ᠠ ᠪᠠᠷ ᠬᠦᠴᠦᠯᠡᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠢ ᠪᠦᠭᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃

      ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ ᠪᠤᠵᠠᠭᠠᠶᠢᠷᠠᠭᠤᠯᠪᠠ᠃ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ 1.2 ᠲᠦᠮᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ 6079 ᠡᠷᠦᠭᠡ᠂ ᠬᠤᠲᠠ ᠶᠢᠨ ᠱᠠᠲᠤᠨ ᠠᠴᠠ ᠳᠡᠭᠡᠭᠰᠢᠬᠢ ᠳᠠᠭᠠᠭᠤᠯᠤᠭᠴᠢ ᠠᠵᠤ ᠠᠬᠤᠶᠢᠯᠠᠯ 304 ᠪᠤᠶ᠃

      ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠶᠢ ᠭᠦᠨᠵᠡᠭᠡᠢ ᠠᠬᠢᠭᠤᠯᠵᠤ᠂ ᠬᠠᠮᠢᠶ᠎ᠠ ᠪᠦᠬᠦᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠨᠴᠠᠯᠢᠭᠲᠤ ᠡᠳ᠋ᠰᠢᠭᠦᠯᠬᠦ ᠠᠵᠤ ᠦᠢᠯᠡᠰ ᠢ ᠬᠥᠭᠵᠢᠭᠦᠯᠵᠦ᠂ ᠡᠯ᠎ᠡ ᠡᠵᠡᠩᠨᠡᠯᠲᠡ ᠶᠢᠨ ᠪᠡᠶᠡᠴᠢ ᠴᠣᠭᠴᠠ ᠶᠢᠨ ᠡᠳ᠋ᠰᠢᠭᠦᠯᠬᠦ ᠪᠠ ᠰᠢᠨ᠎ᠡ ᠶᠢ ᠡᠭᠦᠳᠬᠦ ᠶᠢ ᠳᠡᠮᠵᠢᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠭᠠᠷᠤᠯᠲᠠ ᠶᠢᠨ ᠭᠠᠵᠠᠷ ᠲᠡᠶᠢᠰᠢ ᠬᠡᠯᠪᠡᠶᠢᠯᠭᠡᠵᠦ᠂ ᠬᠦᠷᠢᠶᠡᠯᠡᠩ ᠲᠣᠭᠤᠷᠢᠭ ᠲᠡᠶᠢᠰᠢ ᠲᠥᠪᠯᠡᠷᠡᠭᠦᠯᠪᠡ᠃

      ᠲᠥᠷᠥᠯ ᠲᠡᠮᠳᠡᠭ ᠤᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠨᠡᠶᠢᠲᠡ ᠶᠢᠨ ᠬᠡᠷᠡᠭᠯᠡᠭᠡ ᠶᠢᠨ ᠲᠥᠷᠥᠯ ᠲᠡᠮᠳᠡᠭ ᠢ ᠪᠤᠶ ᠪᠤᠯᠭᠠᠵᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠢ ᠠᠬᠢᠭᠤᠯᠵᠤ᠂ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠶᠢᠵᠢᠭᠤᠯᠪᠠ᠃

      ᠪᠦᠷᠢᠳᠬᠡᠯ ᠢ ᠦᠨᠳᠦᠰᠦᠯᠡᠪᠡᠯ᠂ 2024 ᠣᠨ ᠳᠤ ᠤᠯᠠᠭᠠᠨᠬᠠᠳᠠ ᠬᠤᠲᠠ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 460 ᠪᠠᠶᠢᠵᠤ᠂ ᠪᠣᠷᠣᠯᠠᠭᠤᠯᠤᠯᠲᠠ ᠶᠢᠨ ᠣᠷᠣᠯᠭ᠎ᠠ ᠨᠢ 404.08 ᠳ᠋ᠦᠩᠰᠢᠭᠤᠷ ᠲᠥᠭᠦᠷᠢᠭ ᠲᠤ ᠬᠦᠷᠴᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠨᠳᠣᠣᠰᠢᠭᠤᠯᠬᠤ ᠨᠤᠷᠮ᠎ᠠ 77% ᠳᠤ ᠬᠦᠷᠴᠦ᠂ ᠪᠦᠭᠦ ᠤᠯᠤᠰ ᠤᠨ ᠳᠤᠮᠳᠠᠴᠢ ᠲᠦᠪᠰᠢᠨ ᠳᠤ ᠬᠦᠷᠴᠡᠢ᠃ ︽ᠤᠯᠠᠭᠠᠨᠬᠠᠳᠠ ᠶᠢᠨ ᠤᠭᠢ ᠰᠢᠮ᠎ᠡ︾ ᠲᠦᠷᠦᠯ ᠲᠡᠮᠳᠡᠭ ᠤᠨ ᠬᠤᠯᠪᠣᠭᠠᠨ ᠤ ᠶᠡᠷᠦᠩᠬᠡᠢ ᠥᠷᠲᠡᠭ ᠨᠢ 894 ᠳ᠋ᠦᠩᠰᠢᠭᠤᠷ ᠲᠥᠭᠦᠷᠢᠭ ᠲᠤ ᠬᠦᠷᠴᠦ᠂ ᠬᠤᠶᠠᠷ ᠵᠢᠯ ᠳᠠᠷᠠᠭᠠᠯᠠᠨ ᠥᠪᠥᠷ ᠮᠣᠩᠭᠤᠯ ᠤᠨ ᠲᠡᠷᠢᠭᠦᠨ ᠳᠤ ᠵᠢᠭᠰᠠᠭᠠᠭᠳᠠᠪᠠ᠃

      ᠯᠠᠪᠳᠠᠭᠤᠨ ᠪᠠᠲᠤᠲᠠᠢ ᠲᠤᠭ᠎ᠠ ᠪᠠᠷᠢᠮᠲᠠ ᠪᠣᠯ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠲᠡ ᠶᠢᠨ ᠲᠦᠪᠰᠢᠨ ᠤ ᠳᠡᠭᠡᠭᠰᠢᠯᠡᠯᠲᠡ ᠶᠢᠨ ᠬᠦᠴᠦᠲᠡᠢ ᠭᠡᠷᠡᠴᠢᠯᠡᠯ ᠪᠣᠯᠣᠨ᠎ᠠ᠃

      2025 ᠣᠨ ᠳᠤ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠥᠭᠵᠢᠭᠦᠯᠬᠦ ᠲᠤᠬᠠᠢ ᠰᠢᠨ᠎ᠡ ᠬᠠᠷᠠᠯᠲᠠ ᠲᠣᠭᠲᠠᠭᠠᠵᠠᠢ᠄

      ᠤᠯᠤᠰ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠣᠰ ᠪᠦᠷᠢ 1 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠭᠤᠣᠯᠳᠠᠯᠭ᠎ᠠ ᠲᠠᠢ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ ᠢ 10 ᠠᠴᠠ ᠳᠡᠭᠡᠭᠰᠢ ᠪᠣᠶᠢᠵᠢᠭᠤᠯᠵᠤ᠂ ᠭᠤᠣᠯ ᠪᠤᠯᠬᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠣᠨᠳᠣᠣᠰᠢᠭᠤᠯᠬᠤ ᠨᠣᠷᠮ᠎ᠠ ᠶᠢ 80% ᠳᠤ ᠬᠦᠷᠭᠡᠵᠦ᠂ ᠨᠠᠷᠢᠮᠤ᠂ ᠰᠠᠭᠠᠭ᠂ ᠱᠦᠭᠦᠷ ᠵᠡᠷᠭᠡ 6 ᠲᠣᠮᠣ ᠣᠨᠴᠠᠯᠢᠭᠲᠤ ᠠᠵᠤ ᠦᠢᠯᠡᠰ ᠤᠨ ᠴᠢᠳᠠᠮᠵᠢᠲᠤ ᠣᠷᠣᠨ ᠢ ᠪᠦᠲᠦᠭᠡᠨ ᠪᠠᠶᠢᠭᠤᠯᠵᠤ᠂ ᠮᠢᠬᠠᠨ ᠤ ᠦᠬᠡᠷ᠂ ᠮᠢᠬᠠᠨ ᠤ ᠬᠤᠨᠢ᠂ ᠨᠣᠣᠰᠣ ᠨᠣᠣᠯᠣᠭᠤᠷ᠂ ᠡᠯᠳᠡᠪ ᠠᠮᠤ ᠡᠯᠳᠡᠪ ᠪᠤᠷᠴᠠᠭ ᠵᠡᠷᠭᠡ 7 ᠵᠠᠭᠤᠨ ᠳ᠋ᠦᠩᠰᠢᠭᠤᠷ ᠲᠠᠰ ᠤᠨ ᠠᠵᠤ ᠦᠢᠯᠡᠰ ᠢ ᠪᠣᠶᠢᠵᠢᠭᠤᠯᠤᠨ ︽ᠤᠯᠠᠭᠠᠨᠬᠠᠳᠠ ᠶᠢᠨ ᠲᠥᠪᠡᠳ ᠬᠠᠰᠢ︾᠂ ︽ᠤᠯᠠᠭᠠᠨᠬᠠᠳᠠ ᠶᠢᠨ ᠰᠠᠭᠠᠭ︾᠂ ︽ᠵᠤᠤ ᠤᠳᠠ ᠦᠬᠡᠷ ᠬᠤᠨᠢᠨ ᠮᠢᠬ᠎ᠠ︾ ᠵᠡᠷᠭᠡ ᠰᠢᠯᠢᠳᠡᠭ ᠪᠦᠲᠦᠭᠡᠭᠳᠡᠬᠦᠨ ᠢ ︽ᠬᠦᠷᠢᠶᠡᠨ ᠠᠴᠠ ᠭᠠᠷᠭᠠᠬᠤ︾ ᠶᠢ ᠠᠬᠢᠭᠤᠯᠵᠤ᠂ ︽ᠤᠯᠠᠭᠠᠨᠬᠠᠳᠠ ᠶᠢᠨ ᠤᠭᠢ ᠰᠢᠮ᠎ᠡ︾ ᠨᠡᠶᠢᠲᠡ ᠶᠢᠨ ᠬᠡᠷᠡᠭᠯᠡᠭᠡ ᠶᠢᠨ ᠲᠦᠷᠦᠯ ᠲᠡᠮᠳᠡᠭ ᠢᠶᠠᠷ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠭᠦ ᠶᠢ ᠳᠠᠶᠢᠴᠢᠯᠠᠨ᠎ᠠ᠃

      ᠬᠠᠷᠠᠯᠲᠠ ᠪᠠᠨ ᠲᠣᠭᠲᠠᠭᠠᠵᠤ ᠡᠷᠡᠯᠬᠡᠭᠯᠡᠨ ᠤᠷᠤᠭᠰᠢᠯᠠᠨ᠎ᠠ᠃ ᠣᠳᠣᠬᠠᠨ ᠳᠤ᠂ ᠤᠯᠠᠭᠠᠨᠬᠠᠳᠠ ᠥᠷᠨᠢᠭᠦᠨ ᠬᠥᠭᠵᠢᠩᠭᠦᠢ ᠬᠥᠭᠵᠢᠯᠲᠡ ᠶᠢᠨ ᠪᠠᠶᠢᠳᠠᠯ ᠪᠠ ᠰᠢᠨ᠎ᠡ ᠶᠢ ᠡᠭᠦᠳᠬᠦ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠪᠠᠷ᠂ ᠳᠠᠭᠠᠭᠤᠯᠤᠭᠴᠢ ᠠᠵᠤ ᠠᠬᠤᠶᠢᠯᠠᠯ ᠢ ᠬᠦᠴᠦᠷᠬᠡᠭᠵᠢᠭᠦᠯᠵᠦ᠂ ᠬᠡᠯᠬᠢᠶ᠎ᠡ ᠶᠢ ᠤᠷᠲᠤᠳᠬᠠᠵᠤ᠂ ᠲᠦᠷᠦᠯ ᠲᠡᠮᠳᠡᠭ ᠢ ᠪᠤᠢ ᠪᠤᠯᠭᠠᠵᠤ᠂ ᠲᠠᠷᠢᠶᠠᠯᠠᠩ ᠮᠠᠯ ᠠᠵᠤ ᠠᠬᠤᠢ ᠶᠢ ᠣᠳᠣᠬᠢᠴᠢᠯᠠᠬᠤ᠂ ᠠᠵᠤ ᠦᠢᠯᠡᠰᠵᠢᠭᠦᠯᠬᠦ᠂ ᠲᠦᠷᠦᠯ ᠲᠡᠮᠳᠡᠭᠵᠢᠭᠦᠯᠬᠦ ᠶᠢ ᠪᠦᠭᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ ᠪᠠᠶᠢᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ