ᠠᠵᠢᠯ ᠣᠯᠭᠤᠯᠲᠠ᠂ ᠠᠵᠤ ᠠᠬᠤᠶᠢᠯᠠᠯ᠂ ᠵᠠᠬ᠎ᠠ ᠳᠡᠯᠭᠡᠭᠦᠷ ᠪᠠ ᠵᠢᠱᠢᠯᠲᠡ ᠶᠢ ᠬᠦᠴᠦᠯᠡᠨ ᠲᠣᠭᠲᠠᠪᠤᠷᠢᠵᠢᠭᠤᠯᠤᠨ᠎ᠠ
ᠲᠣᠰ ᠤᠳᠠᠭ᠎ᠠ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ︽ᠠᠵᠤ ᠠᠬᠤᠢ ᠰᠠᠶᠢᠵᠢᠷᠠᠬᠤ ᠬᠠᠨᠳᠤᠰᠢ ᠲᠠᠢ ᠪᠣᠯᠵᠤ᠂ ᠨᠡᠶᠢᠭᠡᠮ ᠤᠨ ᠢᠲᠡᠭᠡᠯ ᠵᠣᠷᠢᠭ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ ᠠᠬᠢᠵᠤ᠂ ᠨᠡᠶᠢᠭᠡᠮ ᠤᠨ ᠶᠡᠭᠡ ᠪᠠᠶᠢᠳᠠᠯ ᠲᠣᠭᠲᠠᠭᠤᠨ ᠢᠶᠠᠨ ᠪᠠᠲᠤᠯᠠᠵᠤ ᠪᠠᠶᠢᠨ᠎ᠠ︾ ᠭᠡᠰᠡᠨ ᠪᠥᠭᠡᠳ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠰᠠᠭᠤᠷᠢ ᠶᠢ ᠪᠠᠰᠠ ᠤᠯᠠᠮ ᠨᠢᠭᠡ ᠠᠯᠬᠤᠮ ᠪᠠᠲᠤᠳᠬᠠᠬᠤ ᠴᠢᠬᠤᠯᠠᠲᠠᠢ ᠪᠠᠶᠢᠵᠤ᠂ ᠭᠠᠳᠠᠨᠠᠬᠢ ᠳᠠᠭᠠᠷᠢᠯᠲᠠ ᠶᠢᠨ ᠨᠥᠯᠥᠭᠡ ᠨᠡᠮᠡᠭᠳᠡᠵᠦ ᠪᠠᠶᠢᠨ᠎ᠠ ᠭᠡᠵᠡᠢ᠃
ᠨᠡᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠦᠷᠦ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠦᠨ᠎ᠡ
ᠬᠤᠷᠸ᠎ᠠ ᠲᠦᠷᠦ ᠶᠢᠨ ᠪᠣᠳᠣᠯᠭ᠎ᠠ ᠪᠣᠯ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠬᠤ ᠶᠢᠨ ᠴᠢᠬᠤᠯᠠ ᠲᠦᠯᠬᠢᠴᠡ ᠬᠦᠴᠦᠨ ᠪᠣᠯᠣᠨ᠎ᠠ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠨᠠᠩ ᠢᠳᠡᠪᠬᠢᠲᠡᠢ ᠪᠥᠭᠡᠳ ᠪᠦᠲᠦᠮᠵᠢᠲᠡᠶ ᠬᠤᠷᠸ᠎ᠠ ᠲᠥᠷᠥ ᠶᠢᠨ ᠪᠣᠳᠣᠯᠭ᠎ᠠ ᠶᠢ ᠰᠢᠮᠳᠠᠭᠤᠯᠤᠨ ᠬᠡᠷᠡᠭᠵᠢᠭᠦᠯᠵᠦ᠂ ᠨᠠᠩ ᠢᠳᠡᠪᠬᠢᠲᠡᠢ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠪᠠ ᠵᠣᠬᠢᠰᠲᠠᠢ ᠠᠭᠤᠵᠢᠭᠤ ᠪᠠᠶᠢᠯᠭᠠᠬᠤ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠬᠦ ᠬᠡᠷᠡᠭᠲᠡᠢ ᠭᠡᠵᠡᠢ᠃
ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠨᠡᠮᠡᠭᠳᠡᠭᠦᠯᠦᠨ᠎ᠡ
ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠴᠢᠬᠤᠯᠠ ᠠᠴᠠ ᠴᠢᠬᠤᠯᠠ ᠶᠠᠪᠤᠳᠠᠯ ᠪᠣᠯᠣᠨ᠎ᠠ᠃ ᠬᠤᠷᠠᠯᠳᠤᠭᠠᠨ ᠢᠶᠠᠷ ᠠᠵᠤ ᠠᠬᠤᠢ ᠶᠢᠨ ᠨᠡᠮᠡᠭᠳᠡᠯ ᠳᠤ ᠦᠵᠡᠭᠦᠯᠬᠦ ᠬᠡᠷᠡᠭᠯᠡᠭᠡ ᠶᠢᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ ᠭᠡᠵᠦ ᠲᠣᠳᠣᠷᠬᠠᠢ ᠳᠤᠷᠠᠳᠴᠠᠢ᠃
ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠨ᠎ᠡ
ᠣᠳᠣᠬᠠᠨ ᠳᠤ᠂ ᠭᠠᠳᠠᠭᠠᠳᠤ ᠣᠷᠴᠢᠨ ᠨᠥᠬᠦᠴᠡᠯ ᠨᠡᠩ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠵᠤ᠂ ᠤᠯᠤᠰ ᠤᠨ ᠳᠣᠲᠣᠭᠠᠳᠤ ᠶᠢᠨ ᠪᠦᠲᠦᠮᠵᠢᠲᠡᠶ ᠬᠡᠷᠡᠭᠴᠡᠭᠡ ᠶᠢ ᠨᠡᠮᠡᠭᠳᠡᠭᠦᠯᠬᠦ ᠬᠥᠳᠡᠯᠭᠡᠭᠴᠢ ᠬᠦᠴᠦᠨ ᠬᠦᠷᠦᠯᠴᠡᠬᠦ ᠦᠭᠡᠢ ᠪᠣᠯᠣᠭᠰᠠᠨ ᠢᠶᠠᠷ ᠬᠡᠰᠡᠭ ᠠᠵᠤ ᠠᠬᠤᠶᠢᠯᠠᠯ ᠤᠨ ᠡᠵᠡᠩᠨᠡᠯᠲᠡ ᠨᠢ ᠬᠦᠴᠢᠷᠳᠡᠯ ᠳᠤ ᠲᠤᠯᠭᠠᠷᠠᠵᠤ ᠪᠠᠶᠢᠨ᠎ᠠ᠃ ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠠᠶᠢᠭᠠᠳ ᠬᠦᠴᠢᠷᠳᠡᠯᠲᠡᠢ ᠠᠵᠤ ᠠᠬᠤᠶᠢᠯᠠᠯ ᠢ ᠬᠠᠪᠰᠤᠷᠤᠨ ᠲᠡᠳᠬᠦᠬᠦ ᠬᠡᠷᠡᠭᠲᠡᠢ ᠭᠡᠵᠡᠢ᠃
ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠨ᠎ᠡ
ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠲᠦᠷᠭᠡᠪᠴᠢᠯᠡᠨ ᠪᠠᠶᠢᠭᠤᠯᠬᠤ ᠪᠣᠯ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠬᠤᠷᠠᠯᠳᠤᠭᠠᠨ ᠢᠶᠠᠷ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠶᠢ ᠲᠦᠷᠭᠡᠳᠬᠡᠵᠦ᠂ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃
ᠭᠤᠣᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠦᠷᠭᠦᠯᠵᠢᠯᠡᠨ ᠬᠦᠴᠦᠯᠡᠨ ᠰᠡᠷᠭᠡᠶᠢᠯᠡᠵᠦ ᠠᠷᠢᠯᠭᠠᠨ᠎ᠠ
ᠬᠤᠷᠠᠯᠳᠤᠭᠠᠨ ᠢᠶᠠᠷ ᠳᠤᠷᠠᠳᠬᠤ ᠳᠤ ᠪᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠲᠦᠷᠭᠡᠳᠬᠡᠨ ᠪᠠᠶᠢᠭᠤᠯᠵᠤ᠂ ᠴᠢᠨᠠᠷᠯᠢᠭ ᠣᠷᠣᠨ ᠰᠠᠭᠤᠴᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠦᠯᠡᠳᠡᠭᠡᠯ ᠲᠠᠸᠠᠷ ᠤᠨ ᠭᠡᠷ ᠪᠠᠶᠢᠰᠢᠩ ᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠠᠶᠢᠳᠠᠯ ᠢ ᠦᠷᠭᠦᠯᠵᠢᠯᠡᠨ ᠪᠠᠬᠢᠵᠢᠭᠦᠯᠦᠨ᠎ᠡ ᠭᠡᠵᠡᠢ᠃
ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠬᠤ ᠪᠠ ᠰᠠᠶᠢᠵᠢᠷᠠᠭᠤᠯᠤᠨ᠎ᠠ
ᠲᠦᠭ ᠲᠦᠮᠡᠨ ᠡᠵᠡᠩᠨᠡᠯᠲᠡ ᠶᠢᠨ ᠭᠤᠣᠯ ᠴᠣᠭᠴᠠ ᠪᠣᠯ ᠠᠵᠢᠯ ᠣᠯᠭᠤᠯᠲᠠ ᠶᠢᠨ ᠭᠤᠣᠯ ᠵᠢᠭᠰᠠᠭᠠᠯ ᠤᠨ ᠭᠠᠵᠠᠷ ᠪᠣᠯᠣᠨ᠎ᠠ᠃ ᠣᠶᠢᠷ᠎ᠠ ᠶᠢᠨ ᠬᠤᠭᠤᠴᠠᠭᠠᠨ ᠳᠤ ᠠᠮᠧᠷᠢᠺᠠ ᠪᠣᠭᠤᠮᠲᠠ ᠶᠢᠨ ᠭᠠᠶᠢᠯᠢ ᠶᠢ ᠳᠤᠷ᠎ᠠ ᠪᠠᠷ ᠲᠣᠬᠢᠷᠠᠭᠤᠯᠤᠭᠰᠠᠨ ᠠᠴᠠ ᠪᠣᠯᠵᠤ ᠵᠠᠷᠢᠮ ᠠᠵᠤ ᠠᠬᠤᠶᠢᠯᠠᠯ ᠢ ᠥᠷᠢᠰᠦᠯᠳᠦᠭᠡᠨ ᠳᠤ ᠤᠴᠠᠷᠠᠭᠤᠯᠵᠤ ᠪᠠᠶᠢᠨ᠎ᠠ᠃ ᠬᠤᠷᠠᠯᠳᠤᠭᠠᠨ ᠢᠶᠠᠷ ᠳᠤᠷᠠᠳᠬᠤ ᠳᠤ ᠪᠠᠨ᠂ ︽ᠪᠣᠭᠤᠮᠲᠠ ᠶᠢᠨ ᠭᠠᠶᠢᠯᠢ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠᠷ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦᠨ ᠤ ᠪᠤᠴᠠᠭᠠᠬᠤ ᠬᠠᠷᠢᠴᠠᠯ ᠢ ᠨᠢ ᠳᠡᠭᠡᠭᠰᠢᠯᠡᠭᠦᠯᠦᠨ᠎ᠡ︾ ᠭᠡᠵᠡᠢ᠃