|
ᠣᠷᠣᠰ ᠮᠣᠩᠭᠤᠯ ᠳᠤ ᠭᠠᠷᠭᠠᠵᠤ ᠪᠠᠶᠢᠭ᠎ᠠ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠡᠮᠵᠢᠶ᠎ᠡ ᠲᠦᠷᠭᠡᠨ ᠨᠡᠮᠡᠭᠳᠡᠬᠦ ᠬᠠᠨᠳᠤᠰᠢ ᠲᠠᠢ ᠪᠠᠶᠢᠨ᠎ᠠ |
|
|
ᠨᠡᠶᠢᠲᠡᠯᠡᠭᠰᠡᠨ ᠴᠠᠭ᠄
2025/4/3
|
|
ᠣᠷᠣᠰ ᠮᠣᠩᠭᠤᠯ ᠳᠤ ᠭᠠᠷᠭᠠᠵᠤ ᠪᠠᠶᠢᠭ᠎ᠠ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠡᠮᠵᠢᠶ᠎ᠡ ᠲᠦᠷᠭᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠬᠥᠬᠡᠬᠤᠲᠠ ᠪᠣᠭᠤᠮᠲᠠ ᠶᠢᠨ ᠪᠦᠷᠢᠳᠬᠡᠯ ᠢ ᠦᠨᠳᠦᠰᠦᠯᠡᠪᠡᠯ᠂ 1-2 ᠳ᠋ᠤᠭᠠᠷ ᠰᠠᠷ᠎ᠠ ᠳᠤ ᠣᠷᠣᠰ᠂ ᠮᠣᠩᠭᠤᠯ ᠳᠤ ᠭᠠᠷᠭᠠᠵᠤ ᠪᠠᠶᠢᠭ᠎ᠠ ᠮᠠᠨ ᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠬᠡᠮᠵᠢᠶ᠎ᠡ ᠲᠣᠰ ᠲᠣᠰ 4.6 ᠳ᠋ᠦᠩᠰᠢᠭᠤᠷ ᠲᠥᠭᠦᠷᠢᠭ᠂ 0.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 26%᠂ 91.2% ᠢᠶᠠᠷ ᠨᠡᠮᠡᠭᠳᠡᠪᠡ᠃ ᠵᠢᠮᠢᠰ ᠨᠣᠭᠤᠭ᠎ᠠ ᠢᠯᠵᠢᠷᠡᠬᠦ ᠨᠢ ᠲᠦᠷᠭᠡᠨ᠂ ᠬᠠᠳᠠᠭᠠᠯᠠᠬᠤ ᠳᠤ ᠬᠦᠴᠢᠷ ᠵᠡᠷᠭᠡ ᠣᠨᠴᠠᠯᠢᠭ ᠲᠤ ᠴᠢᠭᠯᠡᠭᠦᠯᠦᠨ᠂ ᠮᠠᠨᠵᠤᠤᠷ ᠪᠣᠭᠤᠮᠲᠠ ᠶᠢᠨ ᠬᠢᠨ TIR ᠵᠢᠮᠢᠰ ᠨᠣᠭᠤᠭ᠎ᠠ ᠶᠢᠨ ᠬᠦᠢᠲᠡᠨ ᠬᠡᠯᠬᠢᠶ᠎ᠡ ᠪᠠᠷ ᠵᠥᠭᠡᠭᠡᠪᠦᠷᠢᠯᠡᠬᠦ ᠲᠤᠰᠬᠠᠢ ᠱᠤᠭᠤᠮ ᠭᠠᠷᠭᠠᠵᠤ᠂ ᠰᠢᠨ᠎ᠡ ᠰᠣᠷᠭᠤᠭ ᠵᠢᠮᠢᠰ ᠨᠣᠭᠤᠭ᠎ᠠ ᠪᠠᠨ ᠣᠷᠣᠰ ᠵᠡᠷᠭᠡ ᠤᠯᠤᠰ ᠤᠨ ᠭᠠᠳᠠᠭᠠᠳᠤ ᠶᠢᠨ ᠵᠠᠬ᠎ᠠ ᠳᠡᠯᠭᠡᠭᠦᠷ ᠲᠤ ᠬᠦᠷᠭᠡᠬᠦ ᠶᠢ ᠦᠨᠡᠨ ᠬᠦ ᠪᠠᠲᠤᠯᠠᠪᠠ᠃ 1-2 ᠳ᠋ᠤᠭᠠᠷ ᠰᠠᠷ᠎ᠠ ᠳᠤ᠂ ᠮᠠᠨᠵᠤᠤᠷ ᠤᠨ ᠵᠠᠰᠠᠮᠠᠯ ᠵᠠᠮ ᠤᠨ ᠬᠢᠯᠢ ᠶᠢᠨ ᠪᠣᠭᠤᠮᠲᠠ ᠪᠠᠷ ᠭᠠᠳᠠᠭᠠᠳᠤ ᠳᠤ ᠭᠠᠷᠭᠠᠭᠰᠠᠨ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ 5.6 ᠲᠦᠮᠡᠨ ᠲᠣᠨ ᠳᠤ ᠬᠦᠷᠴᠦ᠂ ᠪᠠᠷᠠᠭᠠᠨ ᠤ ᠥᠷᠲᠡᠭ 4.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 24.8%᠂ 18.7% ᠪᠠᠷ ᠨᠡᠮᠡᠭᠳᠡᠪᠡ᠃ ᠡᠷᠢᠶᠡᠨ ᠬᠤᠲᠠ ᠪᠣᠭᠤᠮᠲᠠ ᠶᠢᠨ ᠬᠢᠨ ︽ᠤᠷᠢᠳ ᠢᠶᠠᠷ ᠪᠠᠶᠢᠴᠠᠭᠠᠨ ᠰᠢᠯᠭᠠᠵᠤ᠂ ᠳᠠᠷᠠᠭ᠎ᠠ ᠨᠢ ᠠᠴᠢᠶᠠᠯᠠᠨ ᠲᠡᠭᠡᠭᠡᠪᠦᠷᠢᠯᠡᠬᠦ︾ ᠬᠢᠨᠠᠯᠲᠠ ᠬᠠᠮᠢᠶᠠᠷᠤᠯᠲᠠ ᠶᠢᠨ ᠬᠡᠪ ᠵᠠᠭᠪᠤᠷ ᠢ ᠬᠡᠷᠡᠭᠵᠢᠭᠦᠯᠬᠦ ᠪᠠ ᠦᠢᠯᠡᠳᠪᠦᠷᠢᠯᠡᠬᠦ ᠲᠡᠭᠡᠭᠡᠪᠦᠷᠢᠯᠡᠬᠦ ᠪᠣᠷᠣᠯᠠᠭᠤᠯᠬᠤ ᠶᠢ ᠵᠣᠯᠭᠠᠭᠤᠯᠬᠤ ᠦᠢᠯᠡᠴᠢᠯᠡᠭᠡ ᠪᠠᠨ ᠰᠢᠯᠢᠳᠡᠭᠵᠢᠭᠦᠯᠬᠦ᠂ ᠪᠠᠶᠢᠴᠠᠭᠠᠯᠲᠠ ᠶᠢᠨ ᠳᠠᠩᠰᠠ ᠪᠠᠷᠢᠮᠲᠠ ᠶᠢ ᠥᠪᠡᠰᠦᠪᠡᠨ ᠲᠠᠩᠰᠠ ᠡᠪᠬᠡᠮᠡᠯ ᠳᠤ ᠬᠠᠳᠠᠭᠠᠯᠠᠨ ᠬᠠᠮᠢᠶᠠᠷᠬᠤ ᠵᠡᠷᠭᠡ ᠰᠢᠨ᠎ᠡ ᠠᠷᠭ᠎ᠠ ᠬᠡᠮᠵᠢᠶ᠎ᠡ ᠶᠢ ᠲᠤᠷᠰᠢᠨ ᠳᠡᠯᠭᠡᠷᠡᠭᠦᠯᠬᠦ ᠪᠠᠷ ᠳᠠᠮᠵᠢᠭᠤᠯᠤᠨ᠂ ᠲᠠᠷᠢᠶᠠᠯᠠᠩ ᠤᠨ ᠪᠦᠲᠦᠭᠡᠭᠳᠡᠬᠦᠨ ᠤ ᠪᠣᠭᠤᠮᠲᠠ ᠪᠠᠷ ᠥᠩᠭᠡᠷᠡᠬᠦ ᠴᠠᠭ ᠢ 30% ᠪᠠᠷ ᠪᠠᠭᠠᠰᠬᠠᠵᠤ᠂ ᠠᠵᠤ ᠠᠬᠤᠶᠢᠯᠠᠯ ᠤᠨ ᠥᠪᠡᠷ ᠤᠨ ᠥᠷᠲᠡᠭ ᠢ ᠦᠨᠡᠨ ᠬᠦ ᠪᠠᠭᠤᠷᠠᠭᠤᠯᠪᠠ᠃ 1-2 ᠰᠠᠷ᠎ᠠ ᠳᠤ᠂ ᠡᠷᠢᠶᠡᠨ ᠬᠤᠲᠠ ᠶᠢᠨ ᠬᠢᠯᠢ ᠶᠢᠨ ᠪᠣᠭᠤᠮᠲᠠ ᠶᠢᠨ ᠭᠠᠳᠠᠭᠠᠳᠤ ᠳᠤ ᠭᠠᠷᠭᠠᠭᠰᠠᠨ ᠵᠢᠮᠢᠰ ᠢᠳᠡᠰᠢᠨ ᠨᠣᠭᠤᠭ᠎ᠠ ᠶᠢᠨ ᠪᠦᠲᠦᠭᠡᠭᠳᠡᠬᠦᠨ 2.8 ᠲᠦᠮᠡᠨ ᠲᠣᠨ ᠳᠤ ᠬᠦᠷᠴᠦ᠂ ᠪᠠᠷᠠᠭᠠᠨ ᠤ ᠥᠷᠲᠡᠭ 6629.8 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 44.1% ᠪᠠ 79.2% ᠢᠶᠠᠷ ᠨᠡᠮᠡᠭᠳᠡᠪᠡ᠃ ︵ᠮᠠᠨᠵᠤᠤᠷ ᠬᠤᠲᠠ ᠶᠢᠨ ᠵᠠᠰᠠᠭ ᠤᠨ ᠣᠷᠳᠣᠨ᠂ ᠡᠷᠢᠶᠡᠨ ᠬᠤᠲᠠ ᠶᠢᠨ ᠵᠠᠰᠠᠭ ᠤᠨ ᠣᠷᠳᠣᠨ︶ |
|
ᠢᠷᠡᠯᠲᠡ᠄
ᠮᠠᠨᠵᠤᠤᠷ ᠬᠤᠲᠠ ᠶᠢᠨ ᠵᠠᠰᠠᠭ ᠤᠨ ᠣᠷᠳᠣᠨ᠂ ᠡᠷᠢᠶᠡᠨ ᠬᠤᠲᠠ ᠶᠢᠨ ᠵᠠᠰᠠᠭ ᠤᠨ ᠣᠷᠳᠣᠨ
|