|
ᠣᠭᠲᠠᠷᠭᠤᠢ ᠶᠢᠨ ᠣᠷᠴᠢᠨ ᠤ ᠰᠠᠭᠤᠷᠢ ᠶᠢ ᠬᠢᠨᠠᠨ ᠬᠡᠮᠵᠢᠬᠦ ᠳᠡᠯᠡᠬᠡᠶ ᠳᠡᠭᠡᠷᠡᠬᠢ ᠬᠠᠮᠤᠭ ᠤᠨ ᠲᠣᠮᠣ ᠲᠣᠤᠷ ᠤᠨ ᠲᠥᠬᠦᠭᠡᠷᠦᠮᠵᠢ ᠶᠢ ᠰᠢᠯᠤᠭᠤᠨ ᠬᠥᠪᠡᠭᠡᠲᠦ | ᠴᠠᠭᠠᠨ ᠬᠤᠰᠢᠭᠤᠨ ᠳᠤ ᠪᠠᠶᠢᠭᠤᠯᠵᠤ ᠳᠠᠭᠤᠰᠬᠠᠪᠠ |
|
|
ᠨᠡᠶᠢᠲᠡᠯᠡᠭᠰᠡᠨ ᠴᠠᠭ᠄
2025/4/8
|
|
ᠣᠭᠲᠠᠷᠭᠤᠢ ᠶᠢᠨ ᠣᠷᠴᠢᠨ ᠤ ᠰᠠᠭᠤᠷᠢ ᠶᠢ ᠬᠢᠨᠠᠨ ᠬᠡᠮᠵᠢᠬᠦ ᠳᠡᠯᠡᠬᠡᠶ ᠳᠡᠭᠡᠷᠡᠬᠢ ᠬᠠᠮᠤᠭ ᠤᠨ ᠲᠣᠮᠣ ᠲᠣᠤᠷ ᠤᠨ ᠲᠥᠬᠦᠭᠡᠷᠦᠮᠵᠢ ᠶᠢ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠭᠤᠯᠵᠤ ᠳᠠᠭᠤᠰᠬᠠᠪᠠ᠃ ᠣᠭᠲᠠᠷᠭᠤᠢ ᠶᠢᠨ ᠴᠠᠭ ᠠᠭᠤᠷ ᠤᠨ ᠰᠤᠳᠤᠯᠭᠠᠨ ᠳᠤ ᠬᠠᠨᠳᠤᠭᠤᠯᠤᠭᠰᠠᠨ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠪᠡᠯᠡᠳᠬᠡᠮᠵᠢ — ᠦᠳᠡ ᠳᠤᠮᠳᠠ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠨᠢ ᠣᠶᠢᠷ᠎ᠠ ᠳᠤ ᠤᠯᠤᠰ ᠤᠨ ᠰᠢᠯᠭᠠᠨ ᠠᠪᠬᠤ ᠶᠢ ᠥᠩᠭᠡᠷᠡᠭᠦᠯᠪᠡ᠃ ᠦᠳᠡ ᠳᠤᠮᠳᠠ ᠢᠨᠵᠧᠨᠧᠷᠢᠩ ᠤᠨ ᠬᠤᠶᠠᠳᠤᠭᠠᠷ ᠬᠤᠭᠤᠴᠠᠭᠠᠨ ᠤ ᠳᠠᠭᠠᠯᠲᠠ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ ᠠᠩᠬᠠᠳᠠᠭᠴᠢ ᠭᠠᠷᠠᠭ ᠣᠳᠣᠳ ᠤᠨ ᠬᠤᠭᠤᠷᠣᠨᠳᠣᠬᠢ ᠭᠢᠯᠪᠠᠭᠠᠨ ᠰᠠᠴᠤᠷᠠᠯᠲᠠ ᠶᠢᠨ ᠳᠤᠷᠠᠨ ᠰᠢᠯᠤᠭᠤᠨ ᠬᠥᠪᠡᠭᠡᠲᠦ ᠴᠠᠭᠠᠨ ᠬᠤᠰᠢᠭᠤᠨ ᠳᠤ ᠪᠠᠶᠢᠭᠤᠯᠤᠭᠳᠠᠭᠰᠠᠨ ᠨᠢ ᠮᠠᠨ ᠤ ᠤᠯᠤᠰ ᠤᠨ ᠭᠠᠷᠠᠭ ᠣᠳᠣᠳ ᠤᠨ ᠬᠤᠭᠤᠷᠣᠨᠳᠣᠬᠢ ᠭᠢᠯᠪᠠᠭᠠᠨ ᠰᠠᠴᠤᠷᠠᠯᠲᠠ ᠶᠢᠨ ᠰᠠᠭᠤᠷᠢ ᠶᠢᠨ ᠬᠢᠨᠠᠨ ᠬᠡᠮᠵᠢᠯᠲᠡ ᠶᠢᠨ ᠴᠢᠳᠠᠪᠤᠷᠢ ᠨᠢ ᠳᠡᠯᠡᠬᠡᠢ ᠶᠢᠨ ᠡᠮᠦᠨ᠎ᠡ ᠡᠩᠨᠡᠭᠡᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃ ︽ᠦᠳᠡ ᠳᠤᠮᠳᠠ ᠢᠨᠵᠧᠨᠧᠷᠢᠩ︾ ᠪᠣᠯ ᠮᠠᠨ ᠤ ᠤᠯᠤᠰ ᠤᠨ ᠪᠦᠲᠦᠭᠡᠨ ᠪᠠᠶᠢᠭᠤᠯᠤᠭᠰᠠᠨ ᠭᠠᠵᠠᠷ ᠤᠨ ᠭᠠᠳᠠᠷᠭᠤ ᠳᠤ ᠦᠷᠭᠦᠯᠵᠢᠯᠡᠨ ᠠᠵᠢᠯᠯᠠᠬᠤ᠂ ᠶᠡᠷᠦᠩᠬᠡᠶᠢᠯᠡᠭᠰᠡᠨ ᠴᠢᠨᠠᠷᠲᠠᠶ ᠣᠷᠣᠨ ᠪᠦᠰᠡ ᠠᠯᠤᠰᠯᠠᠵᠤ ᠳᠡᠶᠢᠯᠬᠦ ᠲᠣᠮᠣ ᠬᠡᠯᠪᠡᠷᠢ ᠶᠢᠨ ᠣᠭᠲᠠᠷᠭᠤᠢ ᠶᠢᠨ ᠣᠷᠴᠢᠨ ᠢ ᠠᠵᠢᠭᠯᠠᠨ ᠬᠡᠮᠵᠢᠬᠦ ᠲᠣᠤᠷ ᠪᠠᠶᠢᠵᠤ᠂ ᠮᠠᠨ ᠤ ᠤᠯᠤᠰ ᠤᠨ ᠣᠭᠲᠠᠷᠭᠤᠢ ᠶᠢᠨ ᠴᠠᠭ ᠠᠭᠤᠷ ᠤᠨ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠰᠠᠨᠰᠠᠷ ᠠᠶᠠᠯᠠᠯ᠂ ᠮᠡᠳᠡᠭᠡ ᠬᠤᠯᠪᠣᠭ᠎ᠠ᠂ ᠵᠠᠮᠴᠢᠯᠠᠭᠤᠷ᠂ ᠴᠠᠬᠢᠯᠭᠠᠨ ᠬᠦᠴᠦᠨ ᠵᠡᠷᠭᠡ ᠤᠯᠤᠰ ᠤᠨ ᠰᠠᠭᠤᠷᠢ ᠪᠡᠯᠡᠳᠬᠡᠮᠵᠢ ᠨᠦᠭᠦᠳ ᠤᠨ ᠠᠮᠤᠷ ᠲᠦᠪᠰᠢᠨ ᠠᠵᠢᠯᠯᠠᠭᠠᠨ ᠢ ᠪᠠᠲᠤᠯᠠᠬᠤ ᠪᠣᠯᠤᠨ᠎ᠠ᠃ ᠣᠳᠣᠬᠠᠨ ᠳᠤ᠂ ᠦᠳᠡ ᠳᠤᠮᠳᠠ ᠢᠨᠵᠧᠨᠧᠷᠢᠩ ᠨᠢ ᠨᠢᠭᠡᠨᠲᠡ ᠪᠦᠬᠦ ᠤᠯᠤᠰ ᠢ ᠪᠦᠷᠬᠦᠭᠰᠡᠨ ᠬᠤᠶᠠᠷ ᠭᠤᠯᠳᠤ ᠬᠤᠶᠠᠷ ᠬᠥᠨᠳᠡᠯᠡᠨ ᠢᠶᠠᠷ ᠬᠤᠯᠪᠣᠭᠰᠠᠨ ᠲᠣᠣᠷ ᠬᠡᠯᠪᠡᠷᠢ ᠶᠢᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠶᠢᠨ ᠰᠦᠯᠵᠢᠶ᠎ᠡ ᠶᠢ ᠪᠣᠢ ᠪᠣᠯᠭᠠᠵᠤ᠂ 31 ᠶᠡᠷᠦᠩᠬᠡᠶᠢᠯᠡᠭᠰᠡᠨ ᠥᠷᠲᠡᠭᠡ᠂ 300 ᠰᠢᠬᠠᠮ ᠣᠭᠲᠠᠷᠭᠤᠢ ᠶᠢᠨ ᠬᠢᠨᠠᠨ ᠬᠡᠮᠵᠢᠯᠲᠡ ᠶᠢᠨ ᠲᠥᠬᠦᠭᠡᠷᠦᠮᠵᠢ ᠪᠠᠷ ᠪᠦᠷᠢᠯᠳᠦᠵᠦ᠂ ᠪᠦᠬᠦ ᠪᠥᠮᠪᠥᠷᠴᠡᠭ ᠲᠠᠬᠢ ᠪᠦᠷᠬᠦᠴᠡ ᠪᠠᠷ ᠬᠠᠮᠤᠭ ᠤᠨ ᠥᠷᠭᠡᠨ᠂ ᠬᠢᠨᠠᠨ ᠬᠡᠮᠵᠢᠯᠲᠡ ᠶᠢᠨ ᠬᠦᠴᠦᠨ ᠵᠦᠢᠯ ᠢᠶᠠᠷ ᠬᠠᠮᠤᠭ ᠤᠨ ᠪᠦᠷᠢᠨ᠂ ᠶᠡᠷᠦᠩᠬᠡᠶᠢᠯᠡᠭᠰᠡᠨ ᠬᠢᠨᠠᠨ ᠬᠡᠮᠵᠢᠬᠦ ᠴᠢᠳᠠᠪᠤᠷᠢ ᠪᠠᠷ ᠬᠠᠮᠤᠭ ᠤᠨ ᠴᠢᠩᠭ᠎ᠠ ᠣᠭᠲᠠᠷᠭᠤᠢ ᠶᠢᠨ ᠣᠷᠴᠢᠨ ᠤ ᠰᠠᠭᠤᠷᠢ ᠶᠢᠨ ᠬᠢᠨᠠᠨ ᠬᠡᠮᠵᠢᠯᠲᠡ ᠶᠢᠨ ᠰᠦᠯᠵᠢᠶ᠎ᠡ ᠪᠣᠯᠤᠨ᠎ᠠ᠃ ︵ᠰᠢᠯᠢ ᠶᠢᠨ ᠭᠤᠣᠯ ᠠᠶᠢᠮᠠᠭ ᠤᠨ ᠵᠠᠬᠢᠷᠭ᠎ᠠ︶ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|