ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ︽ᠭᠦᠨ ᠵᠠᠶᠢᠯᠠᠵᠤ ᠭᠦᠢᠬᠡᠨ ᠪᠤᠯᠠᠵᠤ︾ ᠲᠠᠷᠢᠬᠤ ᠠᠷᠭ᠎ᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/5/13


  ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠢᠯᠠᠭᠤᠲᠤ ᠪᠠᠯᠭᠠᠰᠤᠨ ᠤ ᠰᠢᠷᠠᠲᠠᠯ᠎ᠠ ᠭᠠᠴᠠᠭᠠᠨ ᠤ ᠡᠯᠡᠰᠦ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠲᠣᠭᠤᠷᠢᠭ ᠲᠤ ᠪᠠᠷᠢᠯᠭ᠎ᠠ ᠶᠢᠨ ᠠᠵᠢᠯᠲᠠᠳ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠡᠪᠡᠰᠦᠨ ᠳᠥᠷᠪᠡᠯᠵᠢ ᠰᠠᠭᠤᠯᠭᠠᠵᠤ᠂ ᠰᠢᠨ᠎ᠡ ᠴᠢᠬᠢ ᠲᠠᠷᠢᠨ᠎ᠡ᠃

  ︽ᠡᠯᠡᠰᠦ ᠶᠢ ᠲᠣᠭᠲᠠᠪᠤᠷᠢᠵᠢᠭᠤᠯᠤᠭᠰᠠᠨ ᠤ ᠳᠠᠷᠠᠭ᠎ᠠ ᠳᠣᠲᠣᠷ᠎ᠠ ᠨᠢ ᠦᠬᠡᠷ ᠬᠠᠷᠭᠠᠨ᠎ᠠ ᠮᠡᠲᠦ ᠶᠢᠨ ᠪᠤᠲᠠᠯᠢᠭ ᠤᠷᠭᠤᠮᠠᠯ ᠳᠠᠷᠢᠨ᠎ᠠ᠂ ᠢᠩᠭᠢᠪᠡᠯ 2 ᠠᠴᠠ 3 ᠵᠢᠯ ᠤᠨ ᠬᠤᠭᠤᠴᠠᠭᠠᠨ ᠳᠤ ᠡᠨᠡ ᠬᠡᠰᠡᠭ ᠡᠯᠡᠰᠦᠷᠬᠡᠭ ᠭᠠᠵᠠᠷ ᠲᠤ ᠡᠪᠡᠰᠦ ᠤᠷᠭᠤᠵᠤ᠂ ᠤᠷᠭᠤᠮᠠᠯ ᠤᠨ ᠬᠤᠴᠢᠯᠭ᠎ᠠ ᠠᠭᠠᠵᠢᠮ ᠢᠶᠠᠷ ᠰᠡᠷᠭᠦᠬᠦ ᠪᠣᠯᠣᠨ᠎ᠠ︾ ᠭᠡᠵᠦ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠤᠢ ᠰᠢᠭᠤᠢ ᠶᠢᠨ ᠠᠵᠢᠯ ᠤᠨ ᠥᠷᠲᠡᠭᠡᠨ ᠤ ᠳᠠᠷᠤᠭ᠎ᠠ᠂ ᠳᠡᠭᠡᠳᠦ ᠵᠡᠷᠭᠡ ᠶᠢᠨ ᠢᠨᠵᠧᠨᠧᠷ ᠴᠣᠭᠲᠤ ᠬᠡᠯᠡᠪᠡ᠃

  ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠠᠯᠢ ᠡᠷᠲᠡ 20 ᠳ᠋ᠤᠭᠠᠷ ᠵᠠᠭᠤᠨ ᠤ ᠳᠠᠯᠠ ᠨᠠᠶᠠᠭᠠᠳ ᠣᠨ ᠤ ᠦᠶ᠎ᠡ ᠠᠴᠠ ᠡᠬᠢᠯᠡᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠡᠬᠢᠯᠡᠭᠦᠯᠦᠭᠰᠡᠨ ᠶᠤᠮ᠃ ᠪᠢᠲᠡᠭᠦᠮᠵᠢᠯᠡᠨ ᠴᠠᠭᠠᠵᠠᠯᠠᠬᠤ᠂ ᠨᠢᠰᠬᠡᠯ ᠢᠶᠠᠷ ᠲᠠᠷᠢᠬᠤ ᠵᠡᠷᠭᠡ ᠠᠷᠭ᠎ᠠ ᠬᠡᠮᠵᠢᠶ᠎ᠡ ᠠᠴᠠ ᠭᠠᠳᠠᠨ᠎ᠠ ᠲᠤᠬᠠᠢ ᠶᠢᠨ ᠭᠠᠵᠠᠷ ᠤᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠳᠤᠮᠳᠠ᠂ ᠰᠢᠨᠵᠢᠯᠡᠬᠦ ᠤᠬᠠᠭᠠᠨᠴᠢ ᠪᠠᠷ ᠨᠣᠭᠤᠭᠠᠷᠠᠭᠤᠯᠬᠤ ᠨᠢ ᠯᠤᠲᠤ ᠶᠡᠭᠡ ᠦᠢᠯᠡᠳᠦᠯ ᠦᠵᠡᠭᠦᠯᠦᠭᠰᠡᠨ ᠪᠠᠶᠢᠨ᠎ᠠ᠃ ︽ᠬᠤᠷᠴᠢᠨ ᠤ ᠡᠯᠡᠰᠦᠷᠬᠡᠭ ᠭᠠᠵᠠᠷ ᠲᠤ ᠰᠠᠯᠬᠢ ᠶᠡᠭᠡ᠂ ᠭᠠᠩ ᠬᠠᠭᠤᠷᠠᠢ᠂ ᠤᠰᠤ ᠳᠤᠲᠠᠭᠳᠠᠬᠤ ᠵᠡᠷᠭᠡ ᠣᠨᠴᠠᠯᠢᠭ ᠲᠠᠢ᠂ ᠪᠢᠳᠡ ᠳᠠᠷᠢᠭᠰᠠᠨ ᠮᠣᠳᠣ ᠪᠠᠨ ᠪᠦᠭᠦᠨ ᠢ ᠡᠳᠡᠭᠡᠷᠡᠭᠦᠯᠬᠦ ᠶᠢᠨ ᠲᠥᠯᠥᠭᠡ᠂ ᠳᠠᠭᠢᠨ ᠳᠠᠪᠲᠠᠨ ᠲᠤᠷᠰᠢᠨ ᠳ᠋ᠦᠩᠨᠡᠵᠦ᠂ ᠨᠢᠭᠡ ᠵᠦᠢᠯ ᠤᠨ ᠰᠢᠨ᠎ᠡ ᠣᠶᠢᠵᠢᠭᠤᠯᠬᠤ ᠠᠷᠭ᠎ᠠ ᠶᠢ ᠰᠤᠳᠤᠯᠤᠨ ᠭᠠᠷᠭᠠᠪᠠ︾ ᠭᠡᠵᠦ ᠴᠣᠭᠲᠤ ᠲᠠᠨᠢᠯᠴᠠᠭᠤᠯᠤᠨ᠎ᠠ᠃ 2013 ᠣᠨ ᠳᠤ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠷᠭᠡᠵᠢᠯ ᠤᠨ ᠪᠦᠯᠭᠦᠮ ᠪᠠᠶᠢᠭᠠᠯᠢ ᠶᠢᠨ ᠶᠡᠷᠦᠩᠬᠡᠶᠢᠯᠡᠭᠰᠡᠨ ᠨᠥᠬᠦᠴᠡᠯ ᠪᠠ ᠠᠭᠤᠷ ᠠᠮᠢᠰᠬᠤᠯ ᠤᠨ ᠨᠥᠬᠦᠴᠡᠯ ᠳᠤ ᠴᠢᠭᠯᠡᠭᠦᠯᠦᠨ᠂ ᠥᠩᠭᠡᠷᠡᠭᠰᠡᠨ ᠤ ᠣᠶᠢᠵᠢᠭᠤᠯᠤᠯᠲᠠ ᠶᠢᠨ ᠢᠯᠠᠭᠳᠠᠭᠰᠠᠨ ᠰᠢᠯᠲᠠᠭᠠᠨ ᠢᠶᠠᠨ ᠳ᠋ᠦᠩᠨᠡᠵᠦ᠂ ᠣᠶᠢᠵᠢᠭᠤᠯᠬᠤ ᠮᠣᠳᠣᠨ ᠤ ᠲᠥᠷᠥᠯ ᠵᠦᠢᠯ ᠢ ᠰᠣᠩᠭᠤᠬᠤ᠂ ᠣᠶᠢᠵᠢᠭᠤᠯᠬᠤ ᠠᠷᠭ᠎ᠠ ᠭᠡᠯᠪᠡᠷᠢ ᠶᠢ ᠰᠠᠶᠢᠵᠢᠷᠠᠭᠤᠯᠬᠤ ᠵᠢᠴᠢ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠠᠢ᠃

  ᠡᠨᠡ ᠬᠦ ᠮᠡᠷᠭᠡᠵᠢᠯ ᠢ ︽ᠭᠦᠨ ᠵᠠᠶᠢᠯᠠᠵᠤ ᠭᠦᠢᠬᠡᠨ ᠪᠤᠯᠠᠵᠤ︾ ᠳᠠᠷᠢᠬᠤ ᠠᠷᠭ᠎ᠠ ᠭᠡᠳᠡᠭ᠂ ᠡᠨᠡ ᠪᠣᠯ ᠨᠢᠭᠡ ᠵᠦᠢᠯ ᠤᠨ ᠭᠦᠨ ᠨᠦᠭᠡᠨ ᠳᠤ ᠴᠢᠬᠢ ᠰᠠᠭᠤᠯᠭᠠᠵᠤ᠂ ᠭᠦᠢᠬᠡᠨ ᠳᠠᠪᠬᠤᠷᠭ᠎ᠠ ᠳᠤ ᠰᠢᠷᠣᠢ ᠪᠤᠯᠠᠬᠤ ᠰᠢᠨ᠎ᠡ ᠮᠡᠷᠭᠡᠵᠢᠯ ᠪᠣᠯᠣᠨ᠎ᠠ᠂ ᠡᠨᠡ ᠨᠢ ᠳᠤᠮᠳᠠ᠂ ᠲᠣᠮᠣ ᠲᠤᠷᠤᠭ ᠮᠣᠳᠣᠨ ᠤ ᠴᠢᠬᠢ ᠪᠠ ᠬᠡᠰᠡᠭ ᠪᠤᠳᠠ ᠮᠣᠳᠣᠨ ᠤ ᠴᠢᠬᠢ ᠰᠠᠭᠤᠯᠭᠠᠬᠤ ᠳᠤ ᠲᠣᠬᠢᠷᠠᠨ᠎ᠠ᠃ ᠡᠨᠡ ᠬᠦ ᠳᠠᠷᠢᠬᠤ ᠠᠷᠭ᠎ᠠ ᠨᠢ ᠤᠯᠠᠮᠵᠢᠯᠠᠯᠲᠤ ︽ᠭᠤᠷᠪᠠ ᠪᠤᠯᠠᠬᠤ᠂ ᠬᠤᠶᠠᠷ ᠭᠢᠰᠬᠢᠬᠦ᠂ ᠴᠢᠬᠢ ᠶᠢ ᠨᠢᠭᠡ ᠤᠳᠠᠭ᠎ᠠ ᠲᠠᠲᠠᠬᠤ︾ ᠮᠡᠷᠭᠡᠵᠢᠯ ᠢ ︽ᠭᠦᠨ ᠨᠦᠬᠡ᠂ ᠬᠤᠶᠠᠷ ᠪᠤᠯᠠᠬᠤ᠂ ᠨᠢᠭᠡ ᠤᠰᠤᠯᠠᠬᠤ᠂ ᠨᠢᠭᠡ ᠭᠢᠰᠬᠢᠬᠦ︾ ᠪᠣᠯᠭᠠᠨ ᠥᠭᠡᠷᠡᠴᠢᠯᠡᠵᠦ᠂ ᠵᠠᠶᠢᠯᠠᠭᠰᠠᠨ ᠤ ᠳᠠᠷᠠᠭᠠᠬᠢ ᠴᠢᠬᠢ ᠮᠣᠳᠣ ᠰᠠᠯᠬᠢᠨ ᠳᠤ ᠴᠣᠬᠢᠭᠳᠠᠬᠤ ᠶᠢ ᠪᠦᠲᠦᠮᠵᠢᠲᠡᠶ ᠪᠠᠭᠠᠰᠬᠠᠵᠤ᠂ ᠤᠰᠤᠨ ᠤ ᠡᠬᠢ ᠪᠠᠶᠠᠯᠢᠭ ᠢ ᠠᠷᠪᠢᠯᠠᠨ᠂ ᠴᠢᠬᠢ ᠶᠢᠨ ᠵᠣᠬᠢᠴᠠᠬᠤ ᠬᠤᠭᠤᠴᠠᠭ᠎ᠠ ᠶᠢ ᠪᠣᠭᠤᠨᠢᠰᠬᠠᠵᠤ᠂ ᠤᠷᠭᠤᠬᠤ ᠬᠤᠷᠳᠤᠴᠠ ᠶᠢ ᠲᠦᠷᠭᠡᠳᠬᠡᠨ᠎ᠡ᠃

  ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠳᠤ ᠲᠣᠰ ᠮᠡᠷᠭᠡᠵᠢᠯ ᠢ ᠶᠡᠭᠡ ᠪᠠᠷ ᠳᠡᠯᠭᠡᠷᠡᠭᠦᠯᠦᠭᠰᠡᠨ ᠤ ᠳᠠᠷᠠᠭ᠎ᠠ᠂ ᠣᠶᠢᠵᠢᠭᠤᠯᠤᠯᠲᠠ ᠶᠢᠨ ᠡᠳᠡᠭᠡᠷᠡᠯᠲᠡ ᠶᠢᠨ ᠨᠣᠷᠮ᠎ᠠ ᠥᠩᠭᠡᠷᠡᠭᠰᠡᠨ ᠤ 50% ᠪᠠᠶᠢᠭᠰᠠᠨ ᠠᠴᠠ ᠪᠠᠨ ᠳᠡᠭᠡᠭᠰᠢᠯᠡᠭᠡᠳ 90% ᠠᠴᠠ ᠳᠡᠭᠡᠭᠰᠢ ᠪᠣᠯᠤᠭᠰᠠᠨ ᠪᠥᠭᠡᠳ ᠴᠢᠬᠢ ᠮᠣᠳᠣᠨ ᠤ ᠤᠷᠭᠤᠴᠠ ᠶᠢᠨ ᠪᠠᠶᠢᠳᠠᠯ ᠰᠠᠶᠢᠨ ᠪᠠᠶᠢᠵᠤ᠂ ᠮᠦ ᠪᠦᠷᠢ ᠶᠢᠨ ᠳᠤᠮᠳᠠᠴᠢ ᠥᠪᠡᠷ ᠤᠨ ᠥᠷᠲᠡᠭ ᠢ ᠪᠠᠷᠤᠭ ᠮᠢᠩᠭᠠᠨ ᠲᠥᠭᠦᠷᠢᠭ ᠠᠷᠪᠢᠯᠠᠬᠤ ᠠᠴᠠ ᠭᠠᠳᠠᠨ᠎ᠠ ᠪᠠᠰᠠ ᠨᠥᠬᠦᠵᠦ ᠳᠠᠷᠢᠬᠤ᠂ ᠨᠥᠬᠦᠵᠦ ᠣᠶᠢᠵᠢᠭᠤᠯᠬᠤ ᠶᠠᠪᠤᠴᠠ ᠪᠠᠶᠢᠬᠤ ᠦᠭᠡᠢ ᠪᠣᠯᠵᠤ᠂ ᠤᠰᠤᠯᠠᠬᠤ ᠤᠳᠠᠭ᠎ᠠ ᠶᠢ 50% ᠪᠠᠷ ᠪᠠᠭᠠᠰᠬᠠᠨ᠂ ᠤᠰᠤᠨ ᠤ ᠡᠬᠢ ᠪᠠᠶᠠᠯᠢᠭ ᠢ 55.8% ᠪᠠᠷ ᠠᠷᠪᠢᠯᠠᠵᠤ ᠲᠡᠶᠢᠯᠦᠨ᠎ᠡ᠃ ᠣᠶᠢᠵᠢᠭᠤᠯᠤᠯᠲᠠ ᠶᠢᠨ ᠤᠯᠠᠷᠢᠯ ᠤᠨ ᠴᠢᠨᠠᠷᠲᠠᠢ ᠬᠢᠵᠠᠭᠠᠷᠯᠠᠭᠳᠠᠬᠤ ᠬᠦᠴᠢᠷ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠵᠦ᠂ ᠵᠢᠯ ᠤᠨ ᠳᠥᠷᠪᠡᠨ ᠤᠯᠠᠷᠢᠯ ᠢᠶᠠᠷ ᠣᠶᠢᠵᠢᠭᠤᠯᠬᠤ ᠶᠢ ᠪᠡᠶᠡᠯᠡᠭᠦᠯᠦᠭᠰᠡᠨ ᠪᠥᠭᠡᠳ ᠣᠯᠠᠨ ᠵᠦᠢᠯ ᠤᠨ ᠲᠤᠷᠤᠭ ᠪᠤᠳᠠ ᠮᠣᠳᠣᠨ ᠤ ᠲᠥᠷᠥᠯ ᠳᠤ ᠲᠣᠬᠢᠷᠠᠨ᠎ᠠ᠃ ᠡᠨᠡ ᠬᠦ ᠮᠡᠷᠭᠡᠵᠢᠯ ᠤᠨ ᠬᠡᠷᠡᠭᠯᠡᠯᠲᠡ ᠪᠠ ᠳᠡᠯᠭᠡᠷᠡᠭᠦᠯᠦᠯᠲᠡ ᠨᠢ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠬᠤᠷᠳᠤᠴᠠ ᠶᠢ ᠲᠦᠷᠭᠡᠳᠬᠡᠭᠰᠡᠨ ᠪᠠᠶᠢᠨ᠎ᠠ᠃

  ︽ᠭᠦᠨ ᠵᠠᠶᠢᠯᠠᠵᠤ ᠭᠦᠢᠬᠡᠨ ᠪᠤᠯᠠᠵᠤ︾ ᠲᠠᠷᠢᠬᠤ ᠠᠷᠭ᠎ᠠ ᠪᠣᠯ ᠲᠤᠬᠠᠢ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠰᠢᠨᠵᠢᠯᠡᠬᠦ ᠤᠬᠠᠭᠠᠨᠴᠢ ᠪᠠᠷ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠣᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠵᠤ᠂ ᠰᠢᠨ᠎ᠡ ᠠᠷᠭ᠎ᠠ ᠪᠣᠯᠣᠨ ᠮᠡᠷᠭᠡᠵᠢᠯ ᠤᠨ ᠲᠠᠪᠰᠢᠯᠳᠠ ᠨᠢᠭᠡᠪᠦᠷᠢ ᠨᠢ ᠪᠦᠷ ᠴᠦᠯᠯᠡᠷᠭᠡᠭᠵᠢᠯ ᠢ ᠵᠠᠰᠠᠬᠤ ᠶᠢ ᠨᠡᠩ ᠥᠨᠳᠥᠷ ᠲᠦᠪᠰᠢᠨ ᠳᠤ ᠬᠦᠷᠭᠡᠪᠡ᠃

  ᠡᠨᠡ ᠵᠢᠯ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ︽ᠭᠦᠨ ᠵᠠᠶᠢᠯᠠᠵᠤ ᠭᠦᠢᠬᠡᠨ ᠪᠤᠯᠠᠵᠤ︾ ᠲᠠᠷᠢᠬᠤ ᠮᠡᠷᠭᠡᠵᠢᠯ ᠤᠨ ᠬᠡᠷᠡᠭᠯᠡᠭᠡᠨ ᠤ ᠰᠠᠭᠤᠷᠢᠨ ᠳᠡᠭᠡᠷ᠎ᠡ᠂ ᠬᠠᠶᠢᠯᠠᠷ ᠨᠠᠷᠠᠰᠤ ᠶᠢ ᠤᠯᠠᠭᠠᠨ ᠨᠠᠷᠠᠰᠤᠨ ᠤ ᠴᠢᠬᠢ ᠮᠣᠳᠣᠨ ᠳᠤ ᠵᠠᠯᠭᠠᠵᠤ ᠤᠷᠭᠤᠭᠤᠯᠬᠤ ᠵᠢᠱᠢᠶ᠎ᠡ ᠦᠵᠡᠭᠦᠯᠭᠦ ᠲᠥᠷᠥᠯ ᠵᠦᠢᠯ ᠢ ᠥᠷᠨᠢᠭᠦᠯᠵᠦ᠂ ᠵᠢᠷᠭᠠᠯᠠᠩ ᠪᠠᠯᠭᠠᠰᠤ ᠶᠢᠨ ᠪᠦᠦ ᠮᠠᠩ ᠨᠢᠦ ᠭᠠᠴᠠᠭᠠᠨ ᠳᠤ 170 ᠮᠦ ᠵᠢᠱᠢᠶ᠎ᠡ ᠦᠵᠡᠭᠦᠯᠭᠦ ᠰᠠᠭᠤᠷᠢᠨ ᠪᠠᠶᠢᠭᠤᠯᠵᠤ᠂ ᠡᠭᠦᠨ ᠳᠤ 150 ᠮᠦ ᠶᠢ ᠬᠠᠶᠢᠯᠠᠷ ᠨᠠᠷᠠᠰᠤ ᠶᠢ ᠤᠯᠠᠭᠠᠨ ᠨᠠᠷᠠᠰᠤᠨ ᠤ ᠴᠢᠬᠢ ᠮᠣᠳᠣᠨ ᠳᠤ ᠵᠠᠯᠭᠠᠵᠤ ᠤᠷᠭᠤᠭᠤᠯᠬᠤ ᠳᠤ ᠬᠡᠷᠡᠭᠯᠡᠵᠦ᠂ 20 ᠮᠦ ᠶᠢ ᠬᠠᠶᠢᠯᠠᠷ ᠨᠠᠷᠠᠰᠤ ᠶᠢᠨ ᠬᠠᠮᠠᠭᠠᠯᠠᠯᠲᠠ ᠶᠢᠨ ᠣᠶ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠪᠡ᠃ ︽ᠣᠳᠣᠬᠠᠨ ᠳᠤ ᠨᠢᠭᠡᠳᠦᠭᠡᠷ ᠪᠦᠯᠦᠭ ᠬᠠᠶᠢᠯᠠᠷ ᠨᠠᠷᠠᠰᠤ ᠶᠢ ᠤᠯᠠᠭᠠᠨ ᠨᠠᠷᠠᠰᠤᠨ ᠤ ᠴᠢᠬᠢ ᠮᠣᠳᠣᠨ ᠳᠤ ᠵᠠᠯᠭᠠᠵᠤ ᠤᠷᠭᠤᠭᠤᠯᠬᠤ ᠠᠵᠢᠯ ᠨᠢᠭᠡᠨᠲᠡ ᠳᠠᠭᠤᠰᠴᠤ᠂ ᠵᠠᠯᠭᠠᠵᠤ ᠳᠠᠷᠢᠭᠰᠠᠨ ᠤ ᠳᠠᠷᠠᠭᠠᠬᠢ ᠤᠯᠠᠭᠠᠨ ᠨᠠᠷᠠᠰᠤᠨ ᠤ ᠤᠷᠭᠤᠴᠠ ᠶᠢᠨ ᠪᠠᠶᠢᠳᠠᠯ ᠮᠠᠰᠢ ᠰᠠᠶᠢᠨ ᠪᠠᠶᠢᠵᠤ᠂ ᠨᠡᠯᠢᠶᠡᠳ ᠶᠡᠭᠡ ᠳᠡᠯᠭᠡᠷᠡᠭᠦᠯᠬᠦ ᠳᠠᠯᠳᠠ ᠬᠦᠴᠦᠨ ᠲᠠᠢ ᠪᠠᠶᠢᠨ᠎ᠠ︾ ᠭᠡᠵᠦ ᠴᠣᠭᠲᠤ ᠬᠡᠯᠡᠪᠡ᠃

  ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠠᠮᠢ ᠠᠬᠤᠢ ᠪᠣᠯᠣᠨ ᠠᠵᠤ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠲᠤᠬᠠᠢ ᠶᠢᠨ ᠭᠠᠵᠠᠷ ᠤᠨ ᠣᠶ ᠰᠢᠭᠤᠢ ᠶᠢᠨ ᠠᠵᠤ ᠠᠬᠤᠢ ᠪᠣᠯᠣᠨ ᠣᠶ ᠰᠢᠭᠤᠢ ᠶᠢᠨ ᠦᠢᠯᠡᠳᠪᠦᠷᠢᠯᠡᠯ ᠤᠨ ᠰᠠᠶᠢᠨ ᠣᠷᠴᠢᠯ ᠢ ᠪᠦᠲᠦᠮᠵᠢᠲᠡᠶ ᠠᠬᠢᠭᠤᠯᠤᠭᠰᠠᠨ ᠪᠥᠭᠡᠳ ᠪᠠᠰᠠ ᠬᠥᠷᠰᠢ ᠵᠡᠷᠭᠡᠯᠡᠳᠡᠭᠡ ᠭᠠᠵᠠᠷ ᠣᠷᠣᠨ ᠤ ᠣᠶ ᠰᠢᠭᠤᠢ ᠶᠢᠨ ᠠᠵᠤ ᠠᠬᠤᠢ ᠳᠤ ᠵᠢᠱᠢᠶ᠎ᠡ ᠦᠵᠡᠭᠦᠯᠭᠦ ᠦᠢᠯᠡᠳᠦᠯ ᠦᠵᠡᠭᠦᠯᠵᠦ᠂ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠠᠵᠤ ᠦᠢᠯᠡᠰᠵᠢᠭᠦᠯᠬᠦ ᠶᠢ ᠠᠬᠢᠭᠤᠯᠤᠭᠰᠠᠨ ᠪᠠᠶᠢᠨ᠎ᠠ᠃

  ᠬᠡᠳᠦᠨ ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠥᠩᠭᠡᠷᠡᠭᠰᠡᠨ ᠤ ᠰᠢᠷ᠎ᠠ ᠡᠯᠡᠰᠦ ᠨᠡᠯᠦᠶᠢᠭᠰᠡᠨ ᠪᠠᠶᠢᠳᠠᠯ ᠨᠢᠭᠡᠨᠲᠡ ᠡᠴᠦᠰᠯᠡᠵᠡᠢ᠃ ᠣᠲᠣ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠶᠡᠬᠡᠩᠬᠢ ᠡᠯᠡᠰᠦᠷᠬᠡᠭᠵᠢᠭᠰᠡᠨ ᠭᠠᠵᠠᠷ ᠰᠢᠷᠣᠢ ᠶᠢ ᠪᠦᠲᠦᠮᠵᠢᠲᠡᠶ ᠵᠠᠰᠠᠵᠤ᠂ ᠡᠯᠡᠰᠦᠷᠬᠡᠭ ᠭᠠᠵᠠᠷ ᠢ ᠵᠠᠰᠠᠬᠤ ᠲᠥᠷᠥᠯ ᠵᠦᠢᠯ ᠤᠨ ᠣᠷᠣᠨ ᠤ ᠳᠣᠲᠣᠷᠠᠬᠢ ᠠᠮᠤ ᠪᠤᠳᠠᠭᠠᠨ ᠤ ᠨᠢᠭᠡᠴᠢ ᠲᠠᠯᠠᠪᠠᠶ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠬᠠᠮᠤᠭ ᠤᠨ ᠥᠨᠳᠥᠷ ᠲᠡᠭᠡᠨ 81% ᠳᠤ ᠬᠦᠷᠴᠦ᠂ ᠡᠪᠡᠰᠦ ᠪᠡᠯᠴᠢᠭᠡᠷ ᠤᠨ ᠨᠢᠭᠡᠴᠢ ᠲᠠᠯᠠᠪᠠᠶ ᠶᠢᠨ ᠤᠨᠠᠯᠲᠠ ᠶᠢᠨ ᠨᠡᠮᠡᠭᠳᠡᠯ ᠤᠨ ᠬᠡᠮᠵᠢᠶ᠎ᠡ ᠬᠠᠮᠤᠭ ᠤᠨ ᠥᠨᠳᠥᠷ ᠲᠡᠭᠡᠨ 50% ᠳᠤ ᠬᠦᠷᠴᠦ᠂ ᠭᠠᠩ ᠬᠠᠭᠰᠠᠷᠠᠭᠠᠨ᠂ ᠦᠶᠡᠷ ᠤᠰᠤᠲᠤᠯ ᠵᠡᠷᠭᠡ ᠪᠠᠶᠢᠭᠠᠯᠢ ᠶᠢᠨ ᠭᠠᠮᠰᠢᠭ ᠢ ᠴᠤ ᠪᠦᠲᠦᠮᠵᠢᠲᠡᠶ ᠬᠤᠷᠢᠭᠯᠠᠪᠠ᠃ ᠡᠨᠡ ᠵᠢᠯ᠂ ᠲᠣᠰ ᠬᠤᠰᠢᠭᠤ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠭᠤᠣᠯ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠯᠢᠶᠣᠤᠨᠢᠩ ᠤᠨ ᠵᠠᠭᠠᠭ ᠲᠠᠬᠢ ᠬᠤᠷᠴᠢᠨ ᠤ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ 27.81 ᠲᠦᠮᠡᠨ ᠮᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ 10.6 ᠲᠦᠮᠡᠨ ᠮᠦ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠢ ᠨᠢᠭᠡ ᠴᠣᠭᠴᠠᠵᠢᠭᠤᠯᠬᠤ ᠢᠨᠵᠧᠨᠧᠷᠢᠩ ᠢ 37.06 ᠲᠦᠮᠡᠨ ᠮᠦ᠂ ᠰᠢᠨ᠎ᠡ ᠪᠠᠷ ᠣᠶᠢᠵᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠢᠨᠵᠧᠨᠧᠷᠢᠩ ᠢ 6.3 ᠲᠦᠮᠡᠨ ᠮᠦ ᠬᠡᠷᠡᠭᠵᠢᠭᠦᠯᠬᠦ ᠪᠠᠷ ᠲᠥᠯᠥᠪᠯᠡᠨ᠂ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠬᠢᠭᠡᠳ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠦᠷ᠎ᠡ ᠪᠦᠲᠦᠭᠡᠯ ᠤᠨ ᠶᠠᠰᠤ ᠴᠢᠨᠠᠷ ᠢ ᠦᠷᠭᠦᠯᠵᠢᠯᠡᠨ ᠴᠢᠩᠭᠠᠳᠬᠠᠵᠤ᠂ ᠵᠢᠮᠢᠰ ᠤᠨ ᠤᠢ᠂ ᠣᠶ ᠶᠢᠨ ᠡᠮ ᠤᠨ ᠮᠠᠲ᠋ᠧᠷᠢᠶᠠᠯ᠂ ᠲᠡᠵᠢᠭᠡᠯ ᠡᠪᠡᠰᠦ ᠪᠣᠷᠳᠤᠭ᠎ᠠ᠂ ᠨᠡᠭᠦᠷᠡᠰᠦᠲᠥ᠋ᠷᠥᠭᠴᠢ ᠶᠢᠨ ᠬᠤᠷᠠᠮᠳᠤᠭᠤᠯᠭ᠎ᠠ᠂ ᠡᠯᠡᠰᠦᠷᠬᠡᠭ ᠭᠠᠵᠠᠷ ᠤᠨ ᠵᠢᠭᠤᠯᠴᠢᠯᠠᠯ ᠵᠡᠷᠭᠡ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠵᠦ᠂ ᠠᠮᠢ ᠠᠬᠤᠢ ᠶᠢᠨ ᠠᠵᠤ ᠦᠢᠯᠡᠰᠵᠢᠯᠲᠡ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠬᠤ ᠪᠠᠷ ᠬᠦᠴᠦᠯᠡᠵᠦ ᠪᠤᠢ᠃


ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ