ᠵᠤᠨ ᠤ ᠠᠭᠤᠷ ᠣᠷᠣᠬᠤ ᠪᠠᠷ ᠪᠠᠶᠠᠨᠨᠠᠭᠤᠷ ᠬᠤᠳᠠ ᠶᠢᠨ ᠳ᠋ᠧᠩᠺᠸᠤ ᠰᠢᠶᠠᠨ ᠤ 200 ᠲᠦᠮᠡᠨ ᠺᠢᠯᠣᠸᠠᠲ ᠤᠨ ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ ᠶᠢᠨ ᠵᠢᠱᠢᠶ᠎ᠡ ᠦᠵᠡᠭᠦᠯᠭᠦ ᠲᠦᠷᠦᠯ ᠵᠦᠢᠯ ᠤᠨ ᠲᠣᠭᠤᠷᠢᠭ ᠲᠤ ᠾᠧ ᠸᠧᠨ ᠴᠢᠶᠠᠩ᠄ ︽ᠲᠤᠲᠤᠷᠭᠠᠨ ᠰᠦᠷᠡᠯ ᠢ ᠰᠠᠴᠤᠬᠤ ᠳᠠᠭᠠᠨ ᠲᠡᠭᠰᠢᠬᠡᠨ ᠪᠠᠶᠢᠷᠢᠰᠢᠭᠤᠯᠵᠤ᠂ ᠠᠰᠬᠠᠨ ᠱᠤᠭᠤᠮ ᠢ ᠪᠠᠲᠤᠯᠠᠬᠤ ᠬᠡᠷᠡᠭᠲᠡᠢ᠂ ᠲᠤᠲᠤᠷᠭᠠᠨ ᠰᠦᠷᠡᠯ ᠤᠨ ᠪᠤᠯᠳᠤᠷᠤᠤ ᠲᠣᠬᠢᠶᠠᠯᠳᠤᠪᠠᠯ ᠭᠠᠷ ᠢᠶᠠᠷ ᠢᠶᠠᠨ ᠵᠠᠳᠠᠯᠪᠠᠯ ᠰᠠᠶ᠋ᠢ ᠡᠪᠡᠰᠦ ᠳᠠᠷᠤᠬᠤ ᠮᠠᠰᠢᠨ ᠲᠤᠲᠤᠷᠭᠠᠨ ᠰᠦᠷᠡᠯ ᠢ ᠡᠯᠡᠰᠦᠨ ᠳᠤ ᠳᠠᠷᠤᠵᠤ ᠣᠷᠣᠭᠤᠯᠵᠤ ᠴᠢᠳᠠᠨ᠎ᠠ︾ ᠭᠡᠵᠦ ᠠᠵᠢᠯᠴᠢᠳ ᠢᠶᠠᠨ ᠵᠢᠯᠣᠭᠤᠳᠤᠨ ᠡᠪᠡᠰᠦᠨ ᠤ ᠳᠥᠷᠪᠡᠯᠵᠢ ᠳᠡᠪᠢᠰᠴᠦ ᠶᠠᠭᠠᠷᠠᠨ᠎ᠠ᠃ ᠮᠠᠰᠢᠨ ᠤ ᠲᠠᠭᠤᠨ ᠬᠦᠩᠭᠢᠨᠡᠨ᠂ ᠲᠷᠠᠺᠲ᠋ᠣᠷ ᠥᠩᠭᠡᠷᠡᠭᠰᠡᠨ ᠭᠠᠵᠠᠷ ᠲᠤ ᠵᠠᠭ ᠤᠨ ᠴᠢᠬᠢ ᠶᠢ ᠡᠪᠡᠰᠦᠨ ᠤ ᠳᠥᠷᠪᠡᠯᠵᠢ ᠳᠤ ᠵᠠᠶᠢᠯᠠᠨ ᠣᠷᠣᠭᠤᠯᠤᠨ᠎ᠠ᠃
ᠾᠧ ᠸᠧᠨ ᠴᠢᠶᠠᠩ ᠪᠣᠯ ᠳ᠋ᠧᠩᠺᠸᠤ ᠰᠢᠶᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠣᠪᠴᠢᠶ᠎ᠠ ᠶᠢᠨ ᠳᠡᠳ᠋ ᠳᠠᠷᠤᠭ᠎ᠠ᠂ ᠲᠡᠷᠡ ᠨᠢᠭᠡᠨᠲᠡ ᠡᠯᠡᠰᠦ ᠶᠢ ᠵᠠᠰᠠᠬᠤ ᠠᠵᠢᠯ ᠢ 20 ᠵᠢᠯ ᠬᠢᠵᠡᠢ᠃ ︽ᠡᠨᠡ ᠵᠢᠯ ᠤᠨ 3 ᠰᠠᠷ᠎ᠠ ᠶᠢᠨ ᠳᠤᠮᠳᠠᠴᠢ ᠠᠴᠠ ᠡᠬᠢᠯᠡᠨ ᠪᠢᠳᠡ ᠠᠳᠡ ᠡᠪᠡᠰᠦᠨ ᠤ ᠳᠥᠷᠪᠡᠯᠵᠢ ᠳᠠᠷᠤᠵᠤ ᠨᠡᠭᠦᠳᠡᠯ ᠡᠯᠡᠰᠦ ᠶᠢ ᠲᠣᠭᠲᠠᠪᠤᠷᠢᠵᠢᠭᠤᠯᠵᠤ᠂ 3 ᠰᠠᠷ᠎ᠠ ᠶᠢᠨ ᠰᠡᠭᠦᠯᠴᠢ ᠠᠴᠠ ᠡᠬᠢᠯᠡᠨ ᠮᠣᠳᠣ ᠳᠠᠷᠢᠨ ᠣᠶᠢᠵᠢᠭᠤᠯᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠤᠯᠲᠠᠯ᠎ᠠ ᠦᠷᠭᠦᠯᠵᠢᠯᠡᠨ᠎ᠡ᠃ 4 ᠰᠠᠷ᠎ᠠ ᠶᠢᠨ ᠳᠤᠮᠳᠠᠴᠢ ᠪᠠᠷ ᠡᠪᠡᠰᠦᠨ ᠤ ᠳᠥᠷᠪᠡᠯᠵᠢ ᠳᠤ ᠵᠠᠭ ᠪᠠ ᠳᠥᠷᠪᠡᠨ ᠳᠠᠯᠠᠪᠴᠢᠲᠤ ᠭᠠᠭᠤᠳᠠᠢ ᠳᠠᠷᠢᠵᠤ᠂ ᠢᠷᠡᠬᠦ ᠵᠢᠯ ᠤᠨ 4 ᠰᠠᠷ᠎ᠠ ᠳᠤ ᠴᠠᠭᠠᠨ ᠭᠤᠶᠣᠣ ᠳᠠᠷᠢᠵᠤ ᠪᠣᠯᠣᠨ᠎ᠠ᠃ ᠡᠨᠡ ᠵᠢᠯ ᠪᠦᠭᠦ ᠰᠢᠶᠠᠨ ᠢᠶᠠᠷ ᠢᠶᠠᠨ 9.3 ᠲᠦᠮᠡᠨ ᠮᠦ ᠡᠯᠡᠰᠦ ᠶᠢ ᠲᠣᠭᠲᠠᠪᠤᠷᠢᠵᠢᠭᠤᠯᠬᠤ ᠪᠠ ᠪᠤᠳᠠ ᠮᠣᠳᠣ ᠣᠶᠢᠵᠢᠭᠤᠯᠬᠤ ᠢᠨᠵᠧᠨᠧᠷᠢᠩ ᠢ ᠪᠡᠶᠡᠯᠡᠭᠦᠯᠬᠦ ᠪᠠᠷ ᠲᠥᠯᠥᠪᠯᠡᠵᠦ᠂ ᠣᠲᠣ ᠨᠢᠭᠡᠨᠲᠡ 80% ᠶᠢ ᠪᠡᠶᠡᠯᠡᠭᠦᠯᠪᠡ︾ ᠭᠡᠵᠦ ᠾᠧ ᠸᠧᠨ ᠴᠢᠶᠠᠩ ᠲᠠᠨᠢᠯᠴᠠᠭᠤᠯᠪᠠ᠃
ᠬᠥᠬᠡ ᠲᠡᠭᠷᠢ ᠶᠢᠨ ᠳᠣᠣᠷ᠎ᠠ ᠵᠢᠭᠳᠡ ᠵᠢᠭᠰᠠᠭᠰᠠᠨ ᠭᠡᠷᠡᠯᠴᠢ ᠴᠡᠨᠡᠭ ᠤᠨ ᠬᠠᠪᠲᠠᠰᠤ ᠨᠡᠷᠡᠨ ᠤ ᠭᠡᠷᠡᠯ ᠢ ᠰᠢᠩᠭᠡᠬᠡᠨ ᠠᠪᠴᠤ ᠴᠠᠭᠢᠯᠭᠠᠨ ᠡᠨᠧᠷᠭᠢ ᠪᠣᠯᠭᠠᠨ ᠬᠤᠪᠢᠷᠠᠭᠤᠯᠵᠤ᠂ ᠬᠠᠪᠲᠠᠰᠤᠨ ᠤ ᠳᠣᠣᠷ᠎ᠠ ᠮᠥᠷ ᠮᠥᠷ ᠵᠠᠭ ᠤᠨ ᠴᠢᠬᠢ ᠬᠥᠭᠡᠷᠦᠨ ᠤᠷᠭᠤᠨ᠎ᠠ᠃ ᠤᠯᠠᠭᠠᠨᠪᠤᠬ᠎ᠠ ᠶᠢᠨ ᠡᠯᠡᠰᠦᠨᠳᠤ ᠬᠠᠪᠲᠠᠰᠤᠨ ᠳᠡᠭᠡᠷ᠎ᠡ ᠨᠢ ᠴᠠᠭᠢᠯᠭᠠᠨ ᠭᠠᠷᠭᠠᠵᠤ᠂ ᠬᠠᠪᠲᠠᠰᠤᠨ ᠳᠣᠣᠷ᠎ᠠ ᠨᠢ ᠳᠠᠷᠢᠵᠤ ᠣᠶᠢᠵᠢᠭᠤᠯᠬᠤ ︽ᠭᠡᠷᠡᠯᠴᠢ ᠴᠡᠨᠡᠭ + ᠠᠮᠢ ᠠᠬᠤᠢ︾ ᠶᠢᠨ ᠵᠠᠰᠠᠯᠲᠠ ᠶᠢᠨ ᠵᠠᠭᠪᠤᠷ ᠨᠢ ᠨᠢᠭᠡᠨᠲᠡ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠪᠣᠯᠵᠠᠢ᠃
︽ᠮᠥᠷ ᠪᠦᠷᠢ ᠶᠢᠨ ᠭᠡᠷᠡᠯᠴᠢ ᠴᠡᠨᠡᠭ ᠤᠨ ᠬᠠᠪᠲᠠᠰᠤ ᠶᠢᠨ ᠬᠤᠭᠤᠷᠣᠨᠳᠣᠭᠢ ᠵᠠᠢ ᠨᠢ 12 ᠮᠧᠲᠷ᠂ ᠡᠨᠡ ᠪᠣᠯ ᠨᠠᠷᠢᠯᠢᠭ ᠪᠣᠳᠣᠯᠲᠠ ᠪᠠᠷ ᠲᠠᠮᠵᠢᠨ ᠭᠠᠷᠭᠠᠭᠰᠠᠨ ᠡᠯᠡᠰᠦ ᠶᠢ ᠵᠠᠰᠠᠬᠤ ᠨᠢᠭᠤᠴᠠ ᠵᠣᠷ ᠪᠣᠯᠣᠨ᠎ᠠ︾ ᠭᠡᠵᠦ ᠾᠧ ᠸᠧᠨ ᠴᠢᠶᠠᠩ ᠬᠡᠯᠡᠨ᠎ᠡ᠃ 1.8 ᠮᠧᠲᠷ ᠥᠨᠳᠥᠷ ᠵᠢᠶᠠᠰᠠ ᠨᠢ ᠡᠯᠡᠰᠦᠨ ᠳᠡᠭᠡᠷ᠎ᠡ ᠨᠠᠷᠢᠨ ᠣᠷᠳᠣ ᠰᠡᠭᠦᠳᠡᠷ ᠲᠠᠲᠠᠵᠤ᠂ ᠬᠠᠪᠲᠠᠰᠤᠨ ᠤ ᠬᠤᠭᠤᠷᠣᠨᠳᠣᠭᠢ 12 ᠮᠧᠲᠷ ᠥᠷᠭᠡᠨ ︽ᠠᠮᠢ ᠠᠬᠤᠢ ᠶᠢᠨ ᠬᠤᠩᠭᠢᠯ︾ ᠳᠠᠬᠢ ᠵᠠᠭ ᠬᠢᠭᠡᠳ ᠳᠥᠷᠪᠡᠨ ᠳᠠᠯᠠᠪᠴᠢᠲᠤ ᠭᠠᠭᠤᠳᠠᠢ ᠨᠢ ᠤᠷᠭᠤᠴᠠ ᠰᠠᠶᠢᠲᠠᠢ ᠪᠠᠶᠢᠯ᠎ᠠ᠃
ᠡᠶᠢᠮᠦᠷᠬᠦᠦ ︽ᠭᠡᠷᠡᠯ ᠡᠪᠡᠰᠦ ᠡᠮ ᠤᠨ ᠵᠠᠭᠪᠤᠷ︾ ᠬᠡᠮᠡᠭᠳᠡᠭᠰᠡᠨ ᠲᠥᠯᠥᠪᠯᠡᠭᠡ ᠨᠢ ᠤᠯᠠᠮᠵᠢᠯᠠᠯᠲᠤ ᠭᠡᠷᠡᠯᠴᠢ ᠴᠡᠨᠡᠭ ᠤᠨ ᠴᠠᠭᠢᠯᠭᠠᠨ ᠦᠷᠳᠡᠭᠡ ᠪᠠᠶᠢᠭᠤᠯᠬᠤ ᠯᠣᠭᠢᠭ ᠢ ᠡᠪᠳᠡᠪᠡ᠃ ᠭᠡᠷᠡᠯᠴᠢ ᠴᠡᠨᠡᠭ ᠤᠨ ᠬᠠᠪᠲᠠᠰᠤ ᠨᠢ ᠡᠯᠡᠰᠦᠨ ᠰᠢᠭᠤᠷᠭ᠎ᠠ ᠶᠢ ᠬᠤᠷᠢᠭᠯᠠᠵᠤ᠂ ᠵᠢᠶᠠᠰᠠ ᠶᠢᠨ ᠥᠨᠳᠥᠷ ᠤᠨ ᠬᠡᠮᠵᠢᠶ᠎ᠡ ᠨᠢ ᠤᠷᠭᠤᠮᠠᠯ ᠤᠨ ᠭᠡᠷᠡᠯ ᠤᠨ ᠲᠤᠰᠤᠯᠲᠠ ᠶᠢ ᠪᠠᠲᠤᠯᠠᠵᠤ᠂ ᠥᠷᠭᠡᠨ ᠵᠠᠢ ᠨᠢ ᠮᠠᠰᠢᠨ ᠮᠧᠬᠠᠨᠢᠭ ᠤᠨ ᠠᠵᠢᠯᠯᠠᠭᠠᠨ ᠳᠤ ᠣᠷᠣᠨ ᠵᠠᠢ ᠬᠠᠩᠭᠠᠪᠠ᠃ ︽ᠪᠢᠳᠡ ᠡᠯᠡᠰᠦᠨ ᠴᠥᠯ ᠳᠤ ᠴᠠᠭᠢᠯᠭᠠᠨ ᠥᠷᠲᠡᠭᠡ ᠪᠠᠶᠢᠭᠤᠯᠵᠤ ᠪᠠᠶᠢᠭ᠎ᠠ ᠪᠢᠰᠢ ᠬᠠᠷᠢᠨ ᠴᠠᠭᠢᠯᠭᠠᠨ ᠥᠷᠲᠡᠭᠡ ᠳᠤ ᠡᠯᠡᠰᠦᠨ ᠪᠦᠷᠢᠳᠦ ᠭᠠᠷᠭᠠᠵᠠᠢ᠃ ᠪᠢᠳᠡᠨ ᠤ ᠰᠢᠨ᠎ᠡ ᠶᠢ ᠡᠭᠦᠳᠦᠨ ᠬᠥᠭᠵᠢᠭᠦᠯᠦᠭᠰᠡᠨ ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ ᠶᠢᠨ ᠵᠠᠭᠪᠤᠷ ᠪᠣᠯ ᠳ᠋ᠧᠩᠺᠸᠤ ᠰᠢᠶᠠᠨ ᠤ ᠠᠮᠢ ᠠᠬᠤᠢ ᠣᠷᠴᠢᠨ ᠲᠣᠭᠤᠷᠢᠨ ᠪᠠ ᠡᠬᠢ ᠪᠠᠶᠠᠯᠢᠭ ᠤᠨ ᠳᠠᠪᠠᠭᠤᠯᠢᠭ ᠢ ᠭᠦᠨᠵᠡᠭᠡᠢ ᠠᠭᠤᠳᠠᠯᠤᠨ ᠠᠰᠢᠭᠯᠠᠭᠰᠠᠨ ᠶᠠᠪᠤᠳᠠᠯ ᠪᠣᠯᠣᠨ᠎ᠠ᠃ ᠡᠨᠡ ᠬᠦ ᠵᠠᠭᠪᠤᠷ ᠨᠢ ᠡᠯᠡᠰᠦᠨ ᠴᠥᠯ ᠤᠨ ᠣᠷᠣᠨ ᠵᠠᠢ ᠶᠢ ᠪᠦᠲᠦᠮᠵᠢᠲᠡᠶ ᠠᠰᠢᠭᠯᠠᠭᠰᠠᠨ ᠢᠶᠠᠷ ᠪᠠᠷᠠᠬᠤ ᠦᠭᠡᠢ ᠪᠠᠰᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠰᠢᠨ᠎ᠡ ᠠᠵᠠ ᠳᠤᠭᠢᠶᠠᠯ ᠠᠪᠴᠢᠷᠠᠭᠰᠠᠨ ᠪᠠᠶᠢᠨ᠎ᠠ︾ ᠭᠡᠵᠦᠳ᠋ᠧᠩᠺᠸᠤ ᠰᠢᠶᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠶᠢᠩ ᠯᠢᠶᠠᠨ ᠬᠡᠯᠡᠨ᠎ᠡ᠃
ᠳ᠋ᠧᠩᠺᠸᠤ ᠰᠢᠶᠠᠨ ᠤ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠣᠷᠣᠨ ᠳᠤ ᠴᠠᠭᠠᠨ ᠭᠤᠶᠣᠣ ᠨᠢ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ︽ᠰᠢᠵᠢᠷ ᠠᠯᠳᠠᠨ ᠠᠵᠤ ᠦᠢᠯᠡᠰ︾ ᠪᠣᠯᠪᠠ᠃ ︽ᠵᠠᠭ ᠪᠠ ᠳᠥᠷᠪᠡᠨ ᠳᠠᠯᠠᠪᠴᠢᠲᠤ ᠭᠠᠭᠤᠳᠠᠢ ᠶᠢᠨ ᠦᠨᠳᠦᠰᠦ ᠶᠢᠨ ᠰᠢᠰᠲ᠋ᠧᠮ ᠨᠢ ᠮᠠᠰᠢ ᠬᠥᠭᠵᠢᠵᠦ᠂ ᠬᠡᠳᠦᠨ ᠠᠷᠪᠠᠨ ᠲᠡᠭᠰᠢ ᠳᠥᠷᠪᠡᠯᠵᠢᠨ ᠮᠧᠲᠷ ᠤᠷᠭᠤᠵᠦ᠂ ᠰᠠᠯᠬᠢ ᠶᠢ ᠬᠠᠯᠬᠠᠯᠠᠵᠤ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠨᠢ ᠮᠠᠰᠢ ᠰᠠᠶᠢᠨ ᠮᠥᠷᠲᠡᠭᠡᠨ ᠶᠡᠭᠡ ᠬᠡᠪᠴᠢᠶ᠎ᠡ ᠪᠠᠷ ᠤᠰᠤᠯᠠᠬᠤ ᠦᠭᠡᠢ ᠪᠠᠷ ᠡᠳᠡᠭᠡᠷᠡᠳᠡᠭ᠃ ᠨᠡᠩ ᠴᠢᠬᠤᠯᠠ ᠨᠢ ᠡᠨᠡ ᠬᠤᠶᠠᠷ ᠵᠦᠢᠯ ᠤᠨ ᠤᠷᠭᠤᠮᠠᠯ ᠤᠨ ᠦᠨᠳᠦᠰᠦ ᠳᠡᠭᠡᠷ᠎ᠡ ᠨᠢᠭᠡ ᠵᠦᠢᠯ ᠤᠨ ᠬᠤᠪᠣᠷ ᠨᠠᠨᠳᠢᠨ ᠬᠢᠲᠠᠳ ᠡᠮ ᠤᠨ ᠮᠠᠲ᠋ᠧᠷᠢᠶᠠᠯ ᠪᠤᠯᠬᠤ ᠴᠠᠭᠠᠨ ᠭᠤᠶᠣᠣ ᠤᠷᠭᠤᠵᠦ᠂ ᠮᠠᠰᠢ ᠥᠨᠳᠥᠷ ᠡᠮᠴᠢᠯᠡᠭᠡᠨ ᠤ ᠦᠨ᠎ᠡ ᠦᠷᠳᠡᠭ ᠲᠠᠢ ᠪᠠᠶᠢᠵᠤ᠂ ︿ᠡᠯᠡᠰᠦᠨ ᠴᠦᠯ ᠤᠨ ᠣᠷᠬᠤᠳᠠᠢ﹀ ᠬᠡᠮᠡᠭᠳᠡᠳᠡᠭ︾ ᠭᠡᠵᠦ ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠶᠢᠨ ᠠᠮᠢᠳᠤ ᠪᠣᠳᠠᠰ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠸᠧᠢ ᠵᠢᠶᠦ᠋ᠨ ᠲᠠᠨᠢᠯᠴᠠᠭᠤᠯᠪᠠ᠃
ᠥᠪᠥᠷ ᠮᠣᠩᠭᠤᠯ ᠤᠨ ᠸᠠᠩ ᠶᠧ ᠳ᠋ᠢ ᠴᠠᠭᠠᠨ ᠭᠤᠶᠣᠣ ᠶᠢᠨ ᠠᠮᠢᠳᠤ ᠪᠣᠳᠠᠰ ᠤᠨ ᠬᠢᠵᠠᠭᠠᠷᠲᠤ ᠺᠤᠮᠫᠠᠨᠢ ᠶᠢᠨ ᠬᠢᠲᠠᠳ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠳᠤ ᠶᠡᠭᠡ ᠬᠡᠮᠵᠢᠶᠡᠨ ᠤ ᠵᠠᠭ ᠤᠨ ᠤᠢ ᠨᠡᠯᠢᠶᠡᠳ ᠢᠭᠴᠤᠷᠠᠨ ᠤᠷᠭᠤᠵᠠᠢ᠃ ︽ᠨᠢᠳᠤᠨᠤᠨ ᠰᠠᠶ᠋ᠢ ᠳᠠᠷᠢᠭᠰᠠᠨ ᠴᠠᠭᠠᠨ ᠭᠤᠶᠣᠣ᠂ ᠡᠨᠡ ᠵᠢᠯ ᠨᠡᠯᠢᠶᠡᠳ ᠲᠣᠮᠣ ᠪᠣᠯᠵᠠᠢ ︕︾ ᠭᠡᠵᠦ ᠸᠧᠢ ᠵᠢᠶᠦ᠋ᠨ ᠰᠡᠳᠬᠢᠯ ᠬᠠᠨᠤᠮᠵᠢᠲᠠᠢ ᠢᠨᠢᠶᠡᠨ᠎ᠡ᠃ ᠡᠨᠡ ᠦᠶ᠎ᠡ ᠳᠤ ᠠᠷᠤ ᠳᠠᠬᠢ ᠵᠠᠭ ᠤᠨ ᠤᠢ ᠥᠷᠯᠥᠭᠡ ᠶᠢᠨ ᠨᠠᠷᠠᠨ ᠳᠤ ᠰᠠᠯᠬᠢᠨ ᠤ ᠠᠶ᠎ᠠ ᠪᠠᠷ ᠨᠠᠶᠢᠭᠤᠵᠤ᠂ ᠨᠡᠭᠦᠳᠡᠯ ᠡᠯᠡᠰᠦᠨ ᠲᠤᠪᠤ ᠶᠢ ᠵᠢᠭᠳᠡ ᠨᠣᠭᠤᠭᠠᠨ ᠪᠦᠷᠢᠳᠦ ᠶᠢᠨ ᠲᠣᠣᠷ ᠢᠶᠠᠷ ᠪᠦᠷᠬᠦᠪᠡ᠃
ᠸᠧᠢ ᠵᠢᠶᠦ᠋ᠨ ᠲᠠᠨᠢᠯᠴᠠᠭᠤᠯᠬᠤ ᠳᠠᠭᠠᠨ᠂ ᠭᠡᠷᠡᠯᠴᠢ ᠴᠡᠨᠡᠭ + ᠵᠠᠭ ᠮᠣᠳᠣᠨ ᠳᠤ ᠴᠠᠭᠠᠨ ᠭᠤᠶᠣᠣ ᠤᠷᠭᠤᠭᠤᠯᠬᠤ ᠪᠠ ᠭᠡᠷᠡᠯᠴᠢ ᠴᠡᠨᠡᠭ + ᠳᠥᠷᠪᠡᠨ ᠳᠠᠯᠠᠪᠴᠢᠲᠤ ᠭᠠᠭᠤᠳᠠᠢ ᠶᠢᠨ ᠴᠠᠭᠠᠨ ᠭᠤᠶᠣᠣ ᠤᠷᠭᠤᠭᠤᠯᠬᠤ ᠵᠠᠭᠪᠤᠷ ᠲᠤ ᠵᠠᠭ ᠮᠣᠳᠣ ᠪᠠ ᠳᠥᠷᠪᠡᠨ ᠳᠠᠯᠠᠪᠴᠢᠲᠤ ᠭᠠᠭᠤᠳᠠᠢ ᠨᠢ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠭᠤᠣᠯ ᠪᠤᠳᠠ ᠮᠣᠳᠣᠨ ᠤ ᠲᠥᠷᠥᠯ ᠪᠤᠯᠬᠤ ᠪᠠᠷ ᠪᠠᠷᠠᠬᠤ ᠦᠭᠡᠢ ᠨᠠᠩ ᠴᠤ ᠴᠠᠭᠠᠨ ᠭᠤᠶᠣᠣ ᠤᠷᠭᠤᠬᠤ ︽ᠬᠦᠯᠡᠮᠵᠢ︾ ᠪᠣᠯᠣᠨ᠎ᠠ᠃ ᠵᠠᠭ ᠮᠣᠳᠣ ᠳᠤ ᠴᠠᠭᠠᠨ ᠭᠤᠶᠣᠣ ᠤᠷᠭᠤᠭᠤᠯᠵᠦ 3 ᠵᠢᠯ ᠪᠣᠯᠤᠭᠰᠠᠨ ᠤ ᠲᠠᠷᠠᠭ᠎ᠠ ᠮᠦ ᠪᠦᠷᠢ ᠶᠢᠨ ᠴᠠᠭᠠᠨ ᠭᠤᠶᠣᠣ ᠶᠢᠨ ᠭᠠᠷᠤᠯᠲᠠ ᠨᠢ 100 ᠺᠢᠯᠣᠭ᠍ᠷᠠᠮ ᠣᠷᠴᠢᠮ ᠪᠠᠶᠢᠵᠤ᠂ ᠵᠠᠬ᠎ᠠ ᠳᠡᠯᠭᠡᠭᠦᠷ ᠤᠨ ᠦᠨ᠎ᠡ 30 ᠲᠥᠭᠦᠷᠢᠭ / ᠺᠢᠯᠣᠭ᠍ᠷᠠᠮ ᠢᠶᠠᠷ ᠪᠤᠳᠤᠪᠠᠯ ᠮᠦ ᠪᠦᠷᠢ ᠶᠢᠨ ᠳᠤᠮᠳᠠᠴᠢ ᠭᠠᠷᠤᠯᠲᠠ ᠶᠢᠨ ᠦᠷᠳᠡᠭ ᠨᠢ 3000 ᠲᠥᠭᠦᠷᠢᠭ ᠣᠷᠴᠢᠮ ᠪᠤᠯᠤᠨ᠎ᠠ︔ ᠳᠥᠷᠪᠡᠨ ᠳᠠᠯᠠᠪᠴᠢᠲᠤ ᠭᠠᠭᠤᠳᠠᠢ ᠳᠤ ᠴᠠᠭᠠᠨ ᠭᠤᠶᠣᠣ ᠤᠷᠭᠤᠭᠤᠯᠵᠦ ᠭᠤᠷᠪᠠᠨ ᠵᠢᠯ ᠪᠣᠯᠤᠭᠰᠠᠨ ᠤ ᠳᠠᠷᠠᠭ᠎ᠠ ᠮᠦ ᠪᠦᠷᠢ ᠶᠢᠨ ᠴᠠᠭᠠᠨ ᠭᠤᠶᠣᠣ ᠶᠢᠨ ᠭᠠᠷᠤᠯᠲᠠ ᠨᠢ 200 ᠺᠢᠯᠣᠭ᠍ᠷᠠᠮ ᠣᠷᠴᠢᠮ ᠪᠠᠶᠢᠵᠤ᠂ ᠮᠦ ᠪᠦᠷᠢ ᠶᠢᠨ ᠳᠤᠮᠳᠠᠴᠢ ᠭᠠᠷᠤᠯᠲᠠ ᠶᠢᠨ ᠦᠷᠳᠡᠭ ᠨᠢ 6000 ᠲᠥᠭᠦᠷᠢᠭ ᠣᠷᠴᠢᠮ ᠪᠤᠯᠤᠨ᠎ᠠ︔ ︽ᠣᠳᠣᠬᠠᠨ ᠳᠤ ᠪᠦᠭᠦ ᠰᠢᠶᠠᠨ ᠤ 20 ᠭᠠᠷᠤᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠠᠭᠠᠨ ᠭᠤᠶᠣᠣ ᠶᠢᠨ ᠠᠵᠤ ᠦᠢᠯᠡᠰ ᠲᠤ ᠣᠷᠣᠯᠴᠠᠵᠤ᠂ ᠡᠯᠡᠰᠦᠨ ᠴᠦᠯ ᠳᠤ 35 ᠲᠦᠮᠡᠨ ᠮᠦ ᠵᠠᠭ ᠤᠨ ᠤᠢ ᠲᠠᠷᠢᠵᠤ᠂ 13 ᠲᠦᠮᠡᠨ ᠮᠦ ᠰᠢᠬᠠᠮ ᠴᠠᠭᠠᠨ ᠭᠤᠶᠣᠣ ᠤᠷᠭᠤᠭᠤᠯᠵᠦ᠂ ᠵᠢᠯ ᠳᠤ 700 ᠭᠠᠷᠤᠢ ᠲᠣᠨ ᠴᠠᠭᠠᠨ ᠭᠤᠶᠣᠣ ᠶᠢᠨ ᠭᠠᠷᠤᠯᠲᠠ ᠲᠠᠢ ᠪᠠᠶᠢᠵᠤ᠂ ᠪᠦᠭᠦ ᠤᠯᠤᠰ ᠤᠨ ᠬᠠᠮᠤᠭ ᠤᠨ ᠶᠡᠭᠡ ᠬᠥᠮᠥᠨ ᠤ ᠬᠦᠴᠦ ᠪᠠᠷ ᠴᠠᠭᠠᠨ ᠭᠤᠶᠣᠣ ᠲᠠᠷᠢᠬᠤ ᠦᠢᠯᠡᠳᠪᠦᠷᠢᠯᠡᠯ ᠤᠨ ᠰᠠᠭᠤᠷᠢᠨ ᠪᠣᠯᠵᠤ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠪᠡ ︾ ᠭᠡᠵᠦ ᠸᠧᠢ ᠵᠢᠶᠦ᠋ᠨ ᠬᠡᠯᠡᠪᠡ᠃
ᠳᠤᠮᠳᠠᠳᠤ ᠤᠯᠤᠰ ᠤᠨ ᠣᠶ ᠰᠢᠭᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠡᠯᠡᠰᠦᠨ ᠴᠥᠯ ᠤᠨ ᠣᠶ ᠰᠢᠭᠤᠢ ᠶᠢᠨ ᠲᠤᠷᠰᠢᠯᠲᠠ ᠶᠢᠨ ᠲᠥᠪ ︵ ᠳᠥᠭᠦᠮᠴᠢᠯᠡᠭᠡᠳ ᠡᠯᠡᠰᠦᠨ ᠣᠶ ᠶᠢᠨ ᠲᠥᠪ ᠭᠡᠳᠡᠭ ︶ ᠲᠤ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠸᠠᠩ ᠳ᠋ᠠᠨ ᠶᠠᠩ ᠬᠡᠮᠵᠢᠭᠦᠷᠯᠢᠭ ᠢᠶᠠᠷ ᠬᠥᠷᠥᠰᠥᠨ ᠤ ᠳ᠋ᠢᠶᠠᠮᠧᠲᠷ ᠤᠨ ᠵᠠᠳᠠᠯᠤᠯᠲᠠ ᠬᠢᠨ᠎ᠡ᠃ ︽ᠬᠥᠷᠥᠰᠥᠨ ᠤ ᠳ᠋ᠢᠶᠠᠮᠧᠲᠷ ᠤᠨ ᠵᠠᠳᠠᠯᠤᠯᠲᠠ ᠪᠣᠯ ᠬᠥᠷᠥᠰᠥ ᠰᠢᠷᠣᠢ ᠶᠢ ᠰᠠᠶᠢᠵᠢᠷᠠᠭᠤᠯᠬᠤ ᠶᠢᠨ ᠤᠷᠢᠲᠠᠯ ᠮᠥᠨ᠂ ᠰᠢᠨᠵᠢᠯᠡᠬᠦ ᠤᠬᠠᠭᠠᠨᠴᠢ ᠪᠠᠷ ᠬᠥᠷᠥᠰᠥ ᠰᠢᠷᠣᠢ ᠶᠢ ᠲᠣᠬᠢᠷᠠᠭᠤᠯᠬᠤ ᠪᠠᠷ ᠳᠡᠮᠵᠢᠨ ᠡᠯᠡᠰᠦᠨ ᠳᠤ ᠤᠷᠭᠤᠬᠤ ᠤᠷᠭᠤᠮᠠᠯ ᠤᠨ ᠠᠮᠢᠳᠤᠷᠠᠬᠤ ᠨᠣᠷᠮ᠎ᠠ ᠶᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ︾ ᠭᠡᠵᠦ ᠸᠠᠩ ᠳ᠋ᠠᠨ ᠶᠠᠩ ᠰᠤᠷᠪᠤᠯᠵᠢᠯᠠᠬᠴᠢ ᠳᠤ ᠬᠡᠯᠡᠪᠡ᠃ ᠲᠤᠷᠰᠢᠯᠲᠠ ᠶᠢᠨ ᠲᠠᠰᠤᠭ ᠤᠨ ᠠᠵᠢᠯ ᠢᠶᠠᠨ ᠳᠠᠭᠤᠰᠬᠠᠭᠰᠠᠨ ᠤ ᠳᠠᠷᠠᠭ᠎ᠠ ᠲᠡᠷᠡ ᠪᠠᠰᠠ ᠰᠡᠩᠳᠡ ᠮᠡᠩᠳᠡ ᠳ᠋ᠧᠩᠺᠸᠤ ᠰᠢᠶᠠᠨ ᠤ 200 ᠲᠦᠮᠡᠨ ᠺᠢᠯᠣᠸᠠᠲ ᠤᠨ ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ ᠶᠢᠨ ᠲᠦᠷᠦᠯ ᠵᠦᠢᠯ ᠤᠨ ᠲᠣᠭᠤᠷᠢᠭ ᠲᠤ ᠭᠦᠷᠪᠡ᠃ ︽ᠮᠢᠨᠤ ᠪᠠᠰᠠ ᠨᠢᠭᠡ ᠠᠵᠢᠯ ᠪᠣᠯ ᠬᠡᠭᠡᠷ᠎ᠡ ᠶᠢᠨ ᠪᠠᠶᠢᠴᠠᠭᠠᠯᠲᠠ ᠬᠢᠬᠦ ᠶᠠᠪᠤᠳᠠᠯ ᠪᠣᠯᠣᠨ᠎ᠠ᠃ ᠤᠷᠭᠤᠮᠠᠯ ᠤᠨ ᠭᠦᠢ ᠶᠢᠨ ᠤᠯᠠᠠ ᠶᠠᠩᠵᠤᠲᠤ ᠴᠢᠨᠠᠷ ᠢ ᠪᠠᠶᠢᠴᠠᠭᠠᠬᠤ ᠨᠢ ᠨᠡᠩ ᠴᠢᠭᠯᠡᠭᠦᠯᠦᠯᠲᠦ ᠴᠢᠨᠠᠷᠲᠠᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ ᠴᠢᠳᠠᠨ᠎ᠠ︾ ᠭᠡᠵᠦ ᠲᠡᠷᠡ ᠲᠠᠨᠢᠯᠴᠠᠭᠤᠯᠤᠨ᠎ᠠ᠃
ᠣᠶᠢᠷ᠎ᠠ ᠶᠢᠨ ᠵᠢᠯ ᠠᠴᠠ ᠳ᠋ᠧᠩᠺᠸᠤ ᠰᠢᠶᠠᠨ ᠵᠢᠯᠣᠭᠤᠴᠢ ᠦᠭᠡᠢ ᠨᠢᠰᠬᠡᠯ ᠤᠨ ᠠᠭᠠᠷ ᠠᠴᠠ ᠰᠡᠭᠦᠳᠡᠷᠯᠡᠬᠦ᠂ ᠠᠯᠤᠰ ᠰᠡᠷᠡᠯ ᠤᠨ ᠬᠢᠨᠠᠨ ᠬᠡᠮᠵᠢᠯᠲᠡ᠂ ᠲᠣᠮᠣ ᠳ᠋ᠠᠶᠢᠲ᠋ᠠ ᠶᠢᠨ ᠵᠠᠳᠠᠯᠤᠯᠲᠠ ᠵᠡᠷᠭᠡ ᠤᠳᠤ ᠦᠶ᠎ᠡ ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠷᠭ᠎ᠠ ᠪᠠᠷᠢᠯ ᠢ ᠡᠯᠡᠰᠦ ᠶᠢ ᠵᠠᠰᠠᠬᠤ ᠦᠢᠯᠡᠳᠦᠯᠭᠡ ᠳᠤ ᠬᠡᠷᠡᠭᠯᠡᠵᠦ᠂ ᠢᠪᠴᠤᠤ ᠤᠢ ᠶᠢᠨ ᠪᠦᠰᠡ᠂ ᠵᠢᠵᠢᠭ ᠲᠣᠣᠷᠵᠢᠯ᠂ ᠤᠰᠤ ᠪᠠᠭ᠎ᠠ ᠬᠤᠷᠣᠭᠳᠠᠭᠤᠯᠬᠤ ᠲᠠᠷᠢᠶᠠᠨ ᠭᠠᠵᠠᠷ ᠤᠨ ᠬᠠᠯᠬᠠᠪᠴᠢ ᠤᠢ ᠶᠢᠨ ᠮᠡᠷᠭᠡᠵᠢᠯ ᠤᠨ ᠵᠠᠭᠪᠤᠷ ᠢ ᠠᠮᠵᠢᠯᠲᠠᠲᠠᠢ ᠳ᠋ᠦᠩᠨᠡᠵᠦ ᠭᠠᠷᠭᠠᠭᠰᠠᠨ ᠪᠥᠭᠡᠳ ᠰᠢᠨᠵᠢᠶᠠᠩ᠂ ᠭᠠᠨᠰᠤ ᠵᠡᠷᠭᠡ ᠭᠠᠵᠠᠷ ᠣᠷᠣᠨ ᠭᠦᠷᠲᠠᠯᠠ ᠳᠡᠯᠭᠡᠷᠡᠭᠦᠯᠪᠡ᠃ ᠡᠯᠡᠰᠦᠨ ᠤᠢ ᠶᠢᠨ ᠲᠥᠪ ᠤᠨ ᠬᠢᠨ ᠲᠤᠰ ᠭᠠᠵᠠᠷ ᠣᠷᠣᠨ ᠤ ᠪᠠᠨ ᠪᠤᠳᠠ ᠮᠣᠳᠣ ᠪᠠᠷ ᠴᠢᠬᠢ ᠪᠣᠶᠢᠵᠢᠭᠤᠯᠬᠤ ᠮᠡᠷᠭᠡᠵᠢᠯ ᠢ ᠰᠢᠪᠲᠤᠯᠵᠤ᠂ ᠲᠤᠷᠤᠭ ᠪᠤᠳᠠ ᠡᠪᠡᠰᠦ ᠶᠢ ᠰᠢᠨᠵᠢᠯᠡᠬᠦ ᠤᠬᠠᠭᠠᠨᠴᠢ ᠪᠠᠷ ᠵᠣᠬᠢᠴᠠᠭᠤᠯᠬᠤ ᠰᠢᠰᠲ᠋ᠧᠮ ᠢ ᠰᠢᠨ᠎ᠡ ᠶᠢ ᠡᠭᠦᠳᠦᠨ ᠪᠦᠷᠢᠯᠳᠦᠭᠦᠯᠪᠡ᠃ ᠡᠭᠦᠨ ᠳᠤ ︽ᠭᠡᠷᠡᠯᠴᠢ ᠴᠡᠨᠡᠭ + ᠵᠠᠭ︾᠂ ︽ᠭᠡᠷᠡᠯᠴᠢ ᠴᠡᠨᠡᠭ + ᠨᠠᠶᠢᠯᠵᠠᠭᠤᠷ ᠬᠠᠷᠭᠠᠨ᠎ᠠ︾᠂ ︽ᠭᠡᠷᠡᠯᠴᠢ ᠴᠡᠨᠡᠭ + ᠲᠦᠷᠪᠡᠨ ᠳᠠᠯᠠᠪᠴᠢᠲᠤ ᠭᠠᠭᠤᠳᠠᠢ︾ ᠵᠡᠷᠭᠡ ᠰᠢᠨ᠎ᠡ ᠶᠢ ᠡᠭᠦᠳᠬᠦ ᠵᠠᠭᠪᠤᠷ ᠢ ᠪᠦᠭᠦ ᠤᠯᠤᠰ ᠲᠤ ᠳᠡᠯᠭᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ᠃
︽ᠡᠳᠡᠭᠡᠷ ᠤᠯᠠᠨ ᠶᠠᠩᠵᠤ ᠶᠢᠨ ᠵᠠᠰᠠᠯᠲᠠ ᠶᠢᠨ ᠵᠠᠭᠪᠤᠷ ᠨᠢ ᠬᠠᠷᠢᠯᠴᠠᠨ ᠨᠥᠬᠦᠪᠦᠷᠢᠯᠡᠵᠦ᠂ ᠬᠠᠷᠢᠯᠴᠠᠨ ᠠᠬᠢᠭᠤᠯᠵᠤ᠂ ᠨᠢᠭᠡᠨ ᠪᠦᠷᠢᠨ ᠪᠦᠲᠦᠨ ᠠᠮᠢ ᠠᠬᠤᠢ ᠶᠢᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠡᠢ᠃ ᠲᠡᠷᠡ ᠨᠢ ᠠᠮᠢ ᠠᠬᠤᠢ ᠣᠷᠴᠢᠨ ᠨᠥᠬᠦᠴᠡᠯ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠪᠠ︾ ᠭᠡᠵᠦ ᠡᠯᠡᠰᠦᠨ ᠤᠢ ᠶᠢᠨ ᠲᠥᠪ ᠤᠨ ᠳᠡᠳ᠋ ᠡᠷᠭᠢᠯᠡᠭᠴᠢ ᠵᠠᠩ ᠵᠢᠩ ᠪᠦᠸᠧ ᠲᠠᠨᠢᠯᠴᠠᠭᠤᠯᠤᠨ᠎ᠠ᠃
︽ᠥᠩᠭᠡᠷᠡᠭᠰᠡᠨ ᠳᠤ ᠡᠯᠡᠰᠦ ᠶᠢ ᠵᠠᠰᠠᠬᠤ ᠳᠤ ᠤᠯᠤᠰ ᠠᠴᠠ ᠪᠡᠯᠡ ᠣᠷᠣᠭᠤᠯᠬᠤ ᠳᠤ ᠲᠦᠰᠢᠭᠯᠡᠵᠦ ᠪᠠᠶᠢᠪᠠ᠂ ᠤᠳᠤ ᠡᠯᠡᠰᠦᠨ ᠴᠦᠯ ᠥᠪᠡᠰᠦᠪᠠᠨ ︿ ᠵᠣᠭᠤᠰ ᠣᠯᠬᠤ ﹀ ᠪᠣᠯᠪᠠ᠃ 200 ᠲᠦᠮᠡᠨ ᠺᠢᠯᠣᠸᠠᠲ ᠤᠨ ᠭᠡᠷᠡᠯᠴᠢ ᠴᠡᠨᠡᠭ ᠤᠨ ᠣᠷᠣᠨ ᠤ ᠵᠢᠯ ᠳᠤᠮᠳᠠᠴᠢ ᠶᠢᠨ ᠲᠣᠣᠷ ᠲᠤ ᠤᠷᠤᠭᠤᠯᠬᠤ ᠴᠠᠭᠢᠯᠭᠠᠨ ᠤ ᠬᠡᠮᠵᠢᠶ᠎ᠡ 33.4 ᠳ᠋ᠦᠩᠰᠢᠭᠤᠷ ᠭᠷᠡᠳᠦ᠋ᠰ ᠲᠤ ᠬᠦᠷᠴᠦ᠂ ᠵᠢᠯ ᠤᠨ ᠡᠵᠡᠩᠨᠡᠯᠲᠡ ᠶᠢᠨ ᠣᠷᠣᠯᠭ᠎ᠠ 7.68 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠪᠠᠷᠢᠮᠵᠢᠶᠠᠲᠤ ᠨᠡᠭᠦᠷᠡᠰᠦ ᠶᠢ 109.76 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 280.76 ᠲᠦᠮᠡᠨ ᠲᠣᠨ ᠪᠠᠭᠠᠰᠬᠠᠨ᠎ᠠ᠃ ᠨᠡᠩ ᠵᠠᠩᠭᠢᠯᠠᠭ᠎ᠠ ᠨᠢ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠠᠵᠤ ᠦᠢᠯᠡᠰ ᠤᠨ ᠬᠡᠯᠬᠢᠶ᠎ᠡ ᠶᠢᠨ ᠠᠩᠬ᠎ᠠ ᠡᠳ᠋ᠰᠢᠭᠦᠯᠦᠯᠲᠡ ᠠᠴᠠ ᠪᠣᠳᠠᠰ ᠢ ᠭᠠᠷᠭᠠᠨ ᠠᠪᠬᠤ ᠦᠢᠯᠡᠳᠪᠦᠷᠢᠯᠡᠯ ᠭᠦᠷᠲᠡᠯ᠎ᠡ᠂ ᠪᠦᠭᠦ ᠰᠢᠶᠠᠨ ᠤ ᠴᠠᠭᠠᠨ ᠭᠤᠶᠣᠣ᠂ ᠰᠢᠬᠢᠷ ᠡᠪᠡᠰᠦ᠂ ᠣᠷᠭᠠᠨᠢᠭ ᠦᠵᠦᠮ ᠵᠡᠷᠭᠡ ᠣᠨᠴᠠᠯᠢᠭᠲᠤ ᠡᠯᠡᠰᠦᠨ ᠤ ᠠᠵᠤ ᠦᠢᠯᠡᠰ ᠨᠢ 90 ᠭᠠᠷᠤᠢ ᠡᠵᠡᠩᠨᠡᠯᠲᠡ ᠶᠢᠨ ᠭᠤᠣᠯ ᠴᠣᠭᠴᠠ ᠶᠢ ᠲᠠᠶᠢᠴᠢᠯᠠᠨ ᠵᠢᠯ ᠤᠨ ᠦᠢᠯᠡᠳᠪᠦᠷᠢᠯᠡᠯ ᠤᠨ ᠦᠷᠳᠡᠭ ᠢ10 ᠳ᠋ᠦᠩᠰᠢᠭᠤᠷ ᠲᠥᠭᠦᠷᠢᠭ ᠪᠡᠶᠡᠯᠡᠭᠦᠯᠵᠡᠢ︾ ᠭᠡᠵᠦ ᠾᠧ ᠸᠧᠨ ᠴᠢᠶᠠᠩ ᠳᠠᠩᠰᠠ ᠪᠤᠳᠤᠨ᠎ᠠ᠃
ᠳ᠋ᠧᠩᠺᠸᠤ ᠰᠢᠶᠠᠨ ᠤ ᠨᠤᠲᠤᠭ ᠳᠡᠪᠢᠰᠬᠡᠷ ᠤᠨ ᠲᠠᠯᠠᠪᠠᠢ 552 ᠲᠦᠮᠡᠨ ᠮᠦ ᠳᠤ ᠬᠦᠷᠴᠦ᠂ ᠬᠢᠯᠢ ᠶᠢᠨ ᠳᠣᠲᠣᠷᠠᠬᠢ ᠤᠯᠠᠭᠠᠨᠪᠤᠬ᠎ᠠ ᠶᠢᠨ ᠡᠯᠡᠰᠦᠨ ᠤ ᠲᠠᠯᠠᠪᠠᠢ 426.9 ᠲᠦᠮᠡᠨ ᠮᠦ ᠳᠤ ᠬᠦᠷᠴᠦ᠂ ᠪᠦᠭᠦ ᠰᠢᠶᠠᠨ ᠤ ᠲᠠᠯᠠᠪᠠᠢ ᠶᠢᠨ 77% ᠶᠢ ᠡᠵᠡᠯᠡᠪᠡ᠃ ᠣᠶᠢᠷ᠎ᠠ ᠶᠢᠨ ᠵᠠᠭᠤᠨ ᠵᠢᠯ ᠤᠨ ᠲᠤᠷᠰᠢ ᠤᠯᠠᠭᠠᠨᠪᠤᠬ᠎ᠠ ᠶᠢᠨ ᠡᠯᠡᠰᠦ ᠵᠢᠯ ᠪᠦᠷᠢ 7000 ᠭᠠᠷᠤᠢ ᠲᠦᠮᠡᠨ ᠲᠣᠨ ᠡᠯᠡᠰᠦ ᠰᠢᠪᠠᠷ ᠢ ᠬᠠᠲᠤᠨ ᠭᠤᠣᠯ ᠳᠤ ᠴᠢᠳᠬᠤᠵᠤ ᠪᠠᠶᠢᠳᠠᠭ᠃ ᠣᠳᠣᠬᠠᠨ ᠳᠤ ︽ᠵᠢᠯ ᠤᠨ ᠨᠢᠭᠡ ᠰᠠᠯᠬᠢ᠂ ᠬᠠᠪᠤᠷ ᠠᠴᠠ ᠡᠪᠦᠯ ᠪᠤᠯᠲᠠᠯ᠎ᠠ ᠦᠷᠭᠦᠯᠵᠢᠯᠡᠳᠡᠭ︾ ᠡᠨᠡᠬᠦ ᠦᠬᠦᠯ ᠤᠨ ᠲᠠᠯᠠᠢ ᠳᠤ᠂ ︽ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ︾ ᠠᠮᠢ ᠠᠬᠤᠢ ᠶᠢᠨ ᠭᠠᠶᠢᠬᠠᠮᠰᠢᠭ ᠢ ᠡᠭᠦᠳᠴᠦ ᠪᠤᠢ᠃
70 ᠭᠠᠷᠤᠢ ᠵᠢᠯ ᠤᠨ ᠲᠤᠷᠰᠢ ᠳ᠋ᠧᠩᠺᠸᠤ ᠰᠢᠶᠠᠨ ᠳᠡᠯᠡᠬᠡᠢ ᠶᠢᠨ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠳᠤ ︽ᠰᠢᠰᠲ᠋ᠧᠮ ᠲᠠᠢ ᠰᠡᠷᠭᠡᠶᠢᠯᠡᠨ ᠬᠠᠮᠠᠭᠠᠯᠠᠬᠤ᠂ ᠪᠦᠭᠦ ᠣᠷᠣᠨ ᠪᠦᠰᠡ ᠪᠠᠷ ᠵᠠᠰᠠᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠡᠨᠧᠷᠭᠢ ᠣᠯᠭᠤᠬᠤ᠂ ᠠᠵᠤ ᠦᠢᠯᠡᠰ ᠢᠶᠠᠷ ᠲᠤᠯᠭᠠᠭᠤᠷᠢᠯᠠᠬᠤ︾ ᠳ᠋ᠧᠩᠺᠸᠤ ᠶᠢᠨ ᠵᠠᠭᠪᠤᠷ ᠢ ᠬᠠᠨᠳᠢᠪᠯᠡᠪᠠ᠃ ᠣᠳᠣᠬᠠᠨ ᠪᠤᠯᠲᠠᠯ᠎ᠠ ᠪᠦᠭᠦ ᠰᠢᠶᠠᠨ ᠤ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠨᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ 0.04% ᠪᠠᠶᠢᠭᠰᠠᠨ ᠠᠴᠠ ᠪᠠᠨ ᠣᠲᠣ 39.1% ᠪᠣᠯᠣᠨ ᠳᠡᠭᠡᠭᠰᠢᠯᠡᠵᠦ᠂ ᠬᠠᠲᠤᠨ ᠭᠤᠣᠯ ᠳᠤ ᠴᠢᠳᠬᠤᠬᠤ ᠡᠯᠡᠰᠦ ᠶᠢᠨ ᠬᠡᠮᠵᠢᠶ᠎ᠡ ᠳᠣᠷᠣᠭᠰᠢᠯᠠᠭᠠᠳ ᠵᠢᠯ ᠳᠤ 370 ᠲᠦᠮᠡᠨ ᠲᠣᠨ ᠪᠣᠯᠵᠤ᠂ 94.7% ᠪᠠᠷ ᠳᠣᠷᠣᠭᠰᠢᠯᠠᠪᠠ᠃