ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠷᠦᠯᠵᠢ ᠪᠠᠯᠭᠠᠰᠤᠨ ᠤ ᠳᠠᠷᠬᠠᠨ ᠭᠠᠴᠠᠭᠠᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠠᠵᠢᠯᠴᠢᠳ ᠡᠯᠡᠰᠦᠷᠬᠡᠭ ᠭᠠᠵᠠᠷ ᠲᠤ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠴᠢᠬᠢ ᠮᠣᠳᠣ ᠶᠢ ᠵᠠᠶᠢᠯᠠᠵᠤ ᠶᠠᠭᠠᠷᠠᠯᠳᠤᠨ᠎ᠠ᠃
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠨᠢ ᠬᠤᠷᠴᠢᠨ ᠤ ᠡᠯᠡᠰᠦᠷᠬᠡᠭ ᠭᠠᠵᠠᠷ ᠤᠨ ᠪᠦᠰᠡ ᠳᠤ ᠪᠠᠶᠢᠷᠢᠯᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠵᠠᠬ᠎ᠠ ᠬᠢᠵᠠᠭᠠᠷ ᠣᠷᠣᠨ ᠤ ᠥᠷᠭᠡᠵᠢᠬᠦ ᠶᠢ ᠬᠤᠷᠢᠭᠯᠠᠬᠤ ᠴᠢᠬᠤᠯᠠ ᠡᠭᠦᠷᠭᠡ ᠶᠢ ᠡᠭᠦᠷᠭᠡᠯᠡᠵᠦ ᠪᠤᠢ᠃ ᠣᠯᠠᠨ ᠵᠢᠯ ᠤᠨ ᠲᠤᠷᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠢᠨ ᠢᠳᠡᠪᠬᠢᠲᠡᠢ ᠬᠥᠳᠡᠯᠦᠯᠴᠡᠵᠦ᠂ ︽ᠨᠢᠭᠡ ᠴᠣᠭᠴᠠ ᠬᠤᠶᠠᠷ ᠵᠢᠭᠦᠷ ᠲᠠᠪᠤᠨ ᠲᠠᠯ᠎ᠠ ᠶᠢ ᠬᠠᠮᠵᠢᠯᠴᠠᠭᠤᠯᠬᠤ︾ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠤᠨ ᠰᠢᠰᠲ᠋ᠧᠮ ᠢ ᠰᠦᠪᠡᠭᠴᠢᠯᠡᠨ ᠪᠦᠷᠢᠯᠳᠦᠭᠦᠯᠵᠡᠢ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠣᠪᠤᠶᠢᠯᠭᠠᠨ᠂ ᠡᠯᠧᠮᠧᠨ᠋ᠲ ᠤᠨ ᠲᠤᠯᠭᠠᠭᠤᠷᠢᠯᠠᠯ ᠪᠠ ᠳᠦᠷᠢᠮ ᠤᠨ ᠪᠠᠶᠢᠭᠤᠯᠤᠯᠲᠠ ᠶᠢᠨ ︽ᠬᠤᠶᠠᠷ ᠵᠢᠭᠦᠷ︾ ᠤᠨ ᠪᠠᠲᠤᠯᠠᠭ᠎ᠠ ᠶᠢᠨ ᠲᠣᠭᠲᠠᠴᠠ ᠶᠢ ᠴᠢᠩᠭᠠᠳᠬᠠᠵᠤ᠂ ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠡᠯᠡᠰᠦ ᠶᠢ ᠵᠠᠰᠠᠬᠤ᠂ ᠨᠡᠶᠢᠭᠡᠮ ᠢᠶᠠᠷ ᠢᠶᠠᠨ ᠡᠯᠡᠰᠦ ᠶᠢ ᠵᠠᠰᠠᠬᠤ᠂ ᠦᠷ᠎ᠡ ᠠᠰᠢᠭ ᠲᠠᠢ ᠪᠠᠷ ᠡᠯᠡᠰᠦ ᠶᠢ ᠵᠠᠰᠠᠬᠤ ᠵᠡᠷᠭᠡ ᠲᠠᠪᠤᠨ ᠵᠦᠢᠯ ᠤᠨ ᠵᠠᠰᠠᠯᠲᠠ ᠶᠢᠨ ᠵᠠᠭᠪᠤᠷ ᠢ ᠬᠠᠮᠵᠢᠯᠴᠠᠨ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠰᠢᠨ᠎ᠡ ᠶᠢ ᠡᠭᠦᠳᠬᠦ ᠰᠦᠪᠡᠭᠴᠢᠯᠡᠯᠲᠡ ᠶᠢᠨ ᠠᠬᠢᠴᠠ ᠳᠤ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠰᠠᠨ ᠵᠠᠮ ᠢ ᠨᠡᠭᠡᠭᠡᠭᠰᠡᠨ ᠪᠠᠶᠢᠨ᠎ᠠ᠃
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠰᠥᠨᠥᠭᠡᠯᠲᠡ ᠶᠢᠨ ᠡᠭᠦᠷᠭᠡ ᠶᠢ ᠪᠦᠭᠦ ᠬᠦᠴᠦᠨ ᠢᠶᠠᠷ ᠢᠶᠠᠨ ᠪᠠᠶᠢᠷᠢᠯᠠᠭᠤᠯᠪᠠ᠃ 2024 ᠣᠨ ᠠᠴᠠ ᠨᠠᠭᠠᠰᠢ᠂ ᠳᠤᠮᠳᠠᠳᠦ ᠤᠯᠤᠰ ᠤᠨ ᠭᠤᠸᠠᠩ ᠾᠧ ᠰᠢᠨ᠎ᠡ ᠡᠨᠧᠷᠭᠢ ᠶᠢᠨ ᠬᠢᠵᠠᠭᠠᠷᠲᠤ ᠺᠤᠮᠫᠠᠨᠢ ᠶᠢ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 72 ᠳ᠋ᠦᠩᠰᠢᠭᠤᠷ ᠲᠥᠭᠦᠷᠢᠭ᠂ ᠶᠡᠷᠦᠩᠬᠡᠢ ᠮᠠᠰᠢᠨ ᠴᠣᠭᠴᠠᠯᠠᠪᠤᠷᠢ ᠶᠢᠨ ᠬᠡᠪᠴᠢᠶ᠎ᠡ ᠨᠢ 180 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠢᠨ᠎ᠡ ᠡᠨᠧᠷᠭᠢ ᠶᠢᠨ ᠡᠯᠡᠰᠦ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠪᠡ᠃ ᠡᠭᠦᠨ ᠤ ᠬᠠᠮᠲᠤ᠂ ︽ᠲᠠᠷᠢᠶᠠᠯᠠᠩ ᠭᠡᠷᠡᠯᠴᠢ ᠴᠡᠨᠡᠭ ᠬᠠᠷᠢᠯᠴᠠᠨ ᠨᠥᠬᠦᠪᠦᠷᠢᠯᠡᠬᠦ︾ ᠠᠵᠤ ᠦᠢᠯᠡᠰ ᠢ ᠬᠥᠭᠵᠢᠭᠦᠯᠵᠦ᠂ ᠭᠡᠷᠡᠯᠴᠢ ᠴᠡᠨᠡᠭ ᠤᠨ ᠬᠠᠪᠲᠠᠰᠤᠨ ᠤ ᠬᠤᠭᠤᠷᠣᠨᠳᠣᠭᠢ ᠰᠤᠯᠠ ᠪᠠᠶᠢᠭ᠎ᠠ ᠭᠠᠵᠠᠷ ᠰᠢᠷᠣᠢ ᠶᠢ ᠭᠦᠢᠴᠡᠳ ᠠᠰᠢᠭᠯᠠᠨ᠂ ᠴᠠᠷᠭᠠᠰᠤ᠂ ᠬᠢᠶᠠᠭ ᠡᠪᠡᠰᠦ ᠵᠡᠷᠭᠡ 2 ᠲᠦᠮᠡᠨ ᠮᠦ ᠰᠥᠯ ᠰᠠᠶᠢᠲᠠᠢ ᠲᠡᠵᠢᠭᠡᠯ ᠡᠪᠡᠰᠦ ᠶᠢ ᠳᠠᠷᠢᠵᠤ᠂ ᠲᠥᠷᠥᠯ ᠵᠦᠢᠯ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ︽ᠬᠠᠪᠲᠠᠰᠤᠨ ᠳᠡᠭᠡᠷ᠎ᠡ ᠴᠠᠭᠢᠯᠭᠠᠨ ᠭᠠᠷᠭᠠᠬᠤ᠂ ᠬᠠᠪᠲᠠᠰᠤᠨ ᠳᠣᠣᠷ᠎ᠠ ᠵᠠᠰᠠᠨ ᠰᠡᠷᠭᠦᠭᠡᠬᠦ᠂ ᠬᠠᠪᠲᠠᠰᠤᠨ ᠤ ᠬᠤᠭᠤᠷᠣᠨᠳᠣᠭᠢ ᠲᠠᠷᠢᠮᠠᠯ᠂ ᠠᠵᠤ ᠦᠢᠯᠡᠰ ᠤᠨ ᠠᠭᠤᠰᠤᠯᠴᠠᠯ︾ ᠤᠨ ᠵᠠᠭᠪᠤᠷ ᠢ ᠡᠬᠢᠯᠡᠭᠦᠯᠵᠦ᠂ ᠭᠡᠷᠡᠯᠴᠢ ᠴᠡᠨᠡᠭ ᠤᠨ ᠠᠵᠤ ᠦᠢᠯᠡᠰ ᠪᠠ ᠠᠮᠢ ᠠᠬᠤᠢ ᠶᠢᠨ ᠵᠠᠰᠠᠯᠲᠠ ᠶᠢᠨ ᠣᠷᠭᠠᠨᠢᠭ ᠤᠶᠠᠯᠳᠤᠯ ᠢ ᠪᠡᠶᠡᠯᠡᠭᠦᠯᠬᠦ ᠪᠣᠯᠣᠨ᠎ᠠ᠃
ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠷᠦᠯᠵᠢ ᠪᠠᠯᠭᠠᠰᠤᠨ ᠤ ᠶᠠᠮᠤᠨᠮᠤᠲᠤ ᠭᠠᠴᠠᠭᠠᠨ ᠤ ᠡᠯᠡᠰᠦᠷᠬᠡᠭ ᠭᠠᠵᠠᠷ ᠢ ᠵᠠᠰᠠᠬᠤ ᠲᠤᠬᠠᠢ ᠶᠢᠨ ᠲᠠᠯᠠᠪᠠᠢ ᠳᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠵᠢᠯᠣᠭᠤᠴᠢ ᠦᠭᠡᠢ ᠨᠢᠰᠬᠡᠯ ᠢᠶᠠᠷ ᠨᠥᠬᠦᠵᠦ ᠲᠠᠷᠢᠨ᠎ᠠ᠃ ᠲᠠᠳᠠ ᠰᠢᠨ᠎ᠡ ᠶᠢ ᠡᠭᠦᠳᠦᠭᠰᠡᠨ ᠬᠠᠶᠢᠯᠠᠷ ᠨᠠᠷᠠᠰᠤ ᠡᠯᠡᠰᠦᠨ ᠬᠠᠯᠬᠠᠪᠴᠢ ᠶᠢᠨ ᠡᠭᠡᠯᠵᠢᠯᠡᠨ ᠵᠠᠰᠠᠬᠤ ᠠᠷᠭ᠎ᠠ ᠭᠡᠯᠪᠡᠷᠢ ᠶᠢ ᠬᠡᠷᠡᠭᠯᠡᠵᠦ᠂ ᠡᠯᠡᠰᠦᠷᠬᠡᠭ ᠡᠭᠴᠡ ᠬᠥᠲᠥᠯ ᠢ ︽ᠪᠠᠬᠢᠵᠢᠭᠦᠯᠵᠦ︾᠂ ᠰᠠᠭᠤᠯᠭᠠᠵᠤ ᠵᠠᠶᠢᠯᠠᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃
︽ᠡᠨᠡ ᠬᠦ ᠵᠠᠰᠠᠯᠲᠠ ᠶᠢᠨ ᠣᠷᠣᠨ ᠤ ᠠᠭᠤᠯᠠᠷᠬᠠᠭ ᠭᠠᠵᠠᠷ ᠤᠨ ᠨᠠᠯᠠᠤᠴᠠ ᠨᠢ ᠳᠤᠮᠳᠠᠴᠢ ᠪᠠᠷ 45 ᠭᠷᠡᠳᠦ᠋ᠰ ᠠᠴᠠ ᠳᠡᠭᠡᠭᠰᠢ ᠪᠠᠶᠢᠵᠤ᠂ ᠣᠨᠴᠠ ᠵᠠᠷᠢᠮ ᠭᠠᠵᠠᠷ ᠨᠢ 70 ᠭᠷᠡᠳᠦ᠋ᠰ ᠠᠴᠠ ᠳᠡᠭᠡᠭᠰᠢ ᠪᠠᠶᠢᠳᠠᠭ ᠪᠣᠯᠬᠤᠷ ᠡᠭᠴᠡ ᠬᠥᠲᠥᠯ ᠢᠶᠠᠷ ᠤᠰᠤᠯᠠᠬᠤ᠂ ᠡᠯᠡᠰᠦᠨ ᠬᠠᠯᠬᠠᠪᠴᠢ ᠪᠠᠶᠢᠷᠢᠯᠠᠭᠤᠯᠬᠤ᠂ ᠴᠢᠬᠢ ᠮᠣᠳᠣ ᠶᠢ ᠵᠥᠭᠡᠭᠡᠪᠦᠷᠢᠯᠡᠬᠦ ᠳᠤ ᠴᠥᠮ ᠵᠢᠯᠣᠭᠤᠴᠢ ᠦᠭᠡᠢ ᠨᠢᠰᠬᠡᠯ ᠢᠶᠠᠷ ᠲᠣᠭᠲᠠᠭᠰᠠᠨ ᠭᠠᠵᠠᠷ ᠲᠤ ᠣᠨᠣᠪᠴᠢᠲᠠᠶ ᠬᠦᠷᠭᠡᠵᠦ ᠥᠭᠬᠦ ᠬᠡᠷᠡᠭᠲᠡᠢ᠃ ᠥᠨᠥᠳᠥᠷ ᠨᠥᠬᠦᠵᠦ ᠵᠠᠶᠢᠯᠠᠭᠰᠠᠨ ᠬᠠᠶᠢᠯᠠᠷ ᠨᠠᠷᠠᠰᠤ ᠨᠢ 3 ᠵᠢᠯ ᠤᠨ ᠳᠠᠷᠠᠭ᠎ᠠ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠦᠢᠯᠡᠳᠦᠯ ᠢᠶᠠᠨ ᠪᠠᠳᠠᠷᠠᠭᠤᠯᠬᠤ ᠪᠣᠯᠣᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢᠨ ᠬᠠᠷᠢᠭᠤᠴᠠᠯᠭᠠᠲᠠᠨ ᠪᠦᠦ ᠬᠤᠶ ᠴᠢᠤᠸᠠᠨ ᠠᠭᠤᠯᠠᠨ ᠬᠥᠲᠥᠯ ᠢᠶᠠᠷ ᠵᠠᠶᠢᠯᠠᠭᠰᠠᠨ ᠴᠢᠬᠢ ᠮᠣᠳᠣᠳ ᠢ ᠵᠢᠭᠠᠵᠤ ᠬᠡᠯᠡᠨ᠎ᠡ᠃
ᠨᠣᠭᠤᠭᠠᠷᠠᠭᠤᠯᠬᠤ ᠪᠠ ᠪᠠᠶᠠᠵᠢᠭᠤᠯᠬᠤ ᠶᠢ ᠵᠡᠷᠭᠡ ᠪᠠᠷ ᠠᠬᠢᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯᠡᠰᠦ ᠶᠢ ᠵᠠᠰᠠᠵᠤ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠥᠷᠭᠡᠨ ᠳᠡᠯᠭᠡᠷ ᠬᠠᠮᠲᠤᠷᠠᠯ ᠬᠦᠴᠦᠨ ᠢ ᠨᠢᠭᠲᠠᠷᠠᠭᠤᠯᠤᠨ᠂ ᠡᠯᠡᠰᠦ ᠶᠢ ᠵᠠᠰᠠᠬᠤ ᠦᠷ᠎ᠡ ᠠᠰᠢᠭ ᠢ ᠥᠷᠭᠡᠳᠬᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠢᠨ ︽ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠡᠯᠡᠰᠦ ᠶᠢ ᠵᠠᠰᠠᠬᠤ᠂ ᠨᠡᠶᠢᠭᠡᠮ ᠢᠶᠠᠷ ᠢᠶᠠᠨ ᠡᠯᠡᠰᠦ ᠶᠢ ᠵᠠᠰᠠᠬᠤ᠂ ᠦᠷ᠎ᠡ ᠠᠰᠢᠭ ᠲᠠᠢ ᠪᠠᠷ ᠡᠯᠡᠰᠦ ᠶᠢ ᠵᠠᠰᠠᠬᠤ︾ ᠲᠠᠪᠤᠨ ᠵᠦᠢᠯ ᠤᠨ ᠵᠠᠰᠠᠯᠲᠠ ᠶᠢᠨ ᠵᠠᠭᠪᠤᠷ ᠢ ᠬᠠᠮᠵᠢᠯᠴᠠᠨ ᠠᠬᠢᠭᠤᠯᠬᠤ ᠶᠢᠨ ᠬᠠᠮᠲᠤ ︽ᠡᠯᠡᠰᠦᠷᠬᠡᠭ ᠭᠠᠵᠠᠷ ᠢ ᠠᠷᠢᠯᠭᠠᠬᠤ᠂ ᠬᠤᠵᠢᠷᠯᠢᠭ ᠭᠠᠵᠠᠷ ᠢ ᠵᠠᠰᠠᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠬᠦ︾ ᠭᠤᠷᠪᠠᠨ ᠵᠦᠢᠯ ᠤᠨ ᠠᠵᠢᠯᠯᠠᠭ᠎ᠠ ᠶᠢ ᠵᠠᠯᠭᠠᠭ᠎ᠠ ᠪᠠᠷ ᠬᠡᠷᠡᠭᠵᠢᠭᠦᠯᠪᠡ᠃
ᠡᠯᠡᠰᠦ ᠶᠢ ᠵᠠᠰᠠᠵᠤ ᠠᠷᠠᠳ ᠢ ᠪᠠᠶᠠᠵᠢᠭᠤᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠶᠢᠨ ᠬᠢᠨ ᠨᠢᠭᠡᠨᠲᠡ 5.9 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠦᠭᠦᠨ ᠢ ᠪᠡᠶᠡᠯᠡᠭᠦᠯᠵᠦ᠂ ᠪᠦᠭᠦ ᠣᠷᠣᠨ ᠪᠦᠰᠡ ᠶᠢᠨ ᠡᠯᠡᠰᠦᠷᠬᠡᠭ ᠭᠠᠵᠠᠷ ᠤᠨ ᠨᠣᠭᠤᠭᠠᠷᠠᠭᠤᠯᠤᠯᠲᠠ ᠶᠢ ᠥᠷᠭᠡᠳᠬᠡᠪᠡ᠃ ᠪᠦᠭᠦ ᠬᠤᠰᠢᠭᠤᠨ ᠤ ᠣᠶ ᠰᠢᠭᠤᠢ ᠶᠢᠨ ᠪᠦᠷᠬᠦᠴᠡ ᠶᠢᠨ ᠨᠤᠷᠮ᠎ᠠ ᠪᠠ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ ᠨᠢ ᠴᠦ ᠲᠣᠰ ᠲᠣᠰ 2017 ᠣᠨ ᠳᠤ 17.64% ᠪᠠ 35.17% ᠪᠠᠶᠢᠭᠰᠠᠨ ᠠᠴᠠ ᠪᠠᠨ ᠳᠡᠭᠡᠭᠰᠢᠯᠡᠭᠡᠳ 18.54% ᠪᠠ 76.38% ᠪᠣᠯᠵᠠᠢ᠃