ᠦᠦᠰᠢᠨ ᠬᠤᠰᠢᠭᠤ᠄ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢᠶᠠᠷ ᠠᠮᠢ ᠠᠬᠤᠢ ᠶᠢ ᠰᠠᠶᠢᠵᠢᠷᠠᠭᠤᠯᠤᠨ ᠠᠷᠠᠳ ᠢ ᠪᠠᠶᠠᠵᠢᠭᠤᠯᠵᠤ ᠪᠤᠢ
ᠨᠡᠶᠢᠲᠡᠯᠡᠭᠰᠡᠨ ᠴᠠᠭ᠄
2025/5/16

      5 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ᠦᠦᠰᠢᠨ ᠬᠤᠰᠢᠭᠤᠨ ᠤ ᠦᠦᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠳᠠᠬᠢ ᠮᠤᠤᠠᠤᠰᠤ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠲᠦᠷᠦᠯ ᠵᠦᠢᠯ ᠤᠨ ᠲᠣᠭᠤᠷᠢᠭ ᠲᠤ 64 ᠨᠠᠰᠤᠲᠠᠢ ᠮᠠᠯᠴᠢᠨ ᠯᠢᠦ ᠳ᠋ᠡ ᠹᠧᠢ ᠬᠠᠰᠢᠷ ᠳᠠᠳᠮᠠᠭᠠᠢ ᠪᠠᠷ ᠡᠯᠡᠰᠦᠨ ᠬᠠᠯᠬᠠᠪᠴᠢ ᠪᠠᠷᠢᠵᠤ ᠶᠠᠭᠠᠷᠠᠯᠳᠤᠨ᠎ᠠ᠃

      ︽ᠥᠩᠭᠡᠷᠡᠭᠰᠡᠨ ᠳᠤ ᠲᠠᠷᠢᠶ᠎ᠠ ᠲᠠᠷᠢᠵᠤ ᠮᠠᠯ ᠮᠠᠯᠵᠢᠭᠠᠳ ᠨᠢᠭᠡ ᠵᠢᠯ ᠵᠦᠳᠡᠷᠡᠭᠡᠳ ᠴᠤ ᠳᠡᠮᠡᠢ ᠵᠣᠭᠤᠰ ᠣᠯᠵᠤ ᠳᠡᠶᠢᠯᠭᠦ ᠦᠭᠡᠢ᠂ ᠤᠳᠤ ᠡᠯᠡᠰᠦ ᠶᠢ ᠵᠠᠰᠠᠬᠤ ᠨᠢ ᠨᠤᠲᠤᠭ ᠤᠰᠤᠨ ᠤ ᠪᠠᠨ ᠨᠣᠭᠤᠭᠠᠷᠠᠭᠤᠯᠤᠯᠲᠠ ᠳᠤ ᠤᠷᠤᠯᠴᠠᠬᠰᠠᠨ ᠢᠶᠠᠷ ᠪᠠᠷᠠᠬᠤ ᠦᠭᠡᠢ᠂ ᠪᠠᠰᠠ ᠡᠳᠦᠷ ᠪᠦᠷᠢ 260 ᠲᠥᠭᠦᠷᠢᠭ ᠤᠨ ᠬᠥᠯᠥᠰᠦ ᠣᠯᠭᠤᠮᠵᠢ ᠣᠯᠵᠤ ᠪᠠᠶᠢᠨ᠎ᠠ︾ ᠭᠡᠵᠦ ᠯᠢᠦ ᠳ᠋ᠡ ᠹᠧᠢ ᠪᠠᠶᠠᠷᠲᠠᠢ ᠲᠠᠨᠢᠯᠴᠠᠭᠤᠯᠤᠨ᠎ᠠ᠃ ᠦᠦᠰᠢᠨᠵᠤᠤ ᠪᠠᠯᠭᠠᠰᠤᠨ ᠤ ᠡᠯᠡᠰᠦᠨ ᠨᠤᠲᠤᠭ ᠲᠤ ᠳᠦᠷᠦᠵᠦ ᠥᠰᠦᠭᠰᠡᠨ ᠮᠠᠯᠴᠢᠨ ᠯᠢᠦ ᠳ᠋ᠠ ᠹᠧᠢ ᠳᠤ ᠠᠪᠴᠤ ᠬᠡᠯᠡᠪᠡᠯ᠂ ᠨᠠᠰᠤ ᠠᠭᠢᠬᠤ ᠶᠢ ᠳᠠᠭᠠᠯᠳᠤᠨ ᠭᠠᠳᠠᠭᠰᠢ ᠭᠠᠷᠴᠤ ᠬᠥᠯᠥᠰᠦᠨ ᠠᠵᠢᠯ ᠬᠢᠬᠦ ᠨᠢ ᠨᠢᠭᠡᠨᠲᠡ ᠲᠣᠬᠢᠷᠠᠬᠤ ᠦᠭᠡᠢ ᠪᠣᠯᠵᠠᠢ᠃ ᠳᠡᠭᠡᠷ᠎ᠡ ᠵᠢᠯ ᠤᠨ ᠡᠬᠢᠨ ᠳᠤ᠂ ᠪᠦᠷᠢᠳᠦ ᠭᠠᠴᠠᠭᠠᠨ ᠤ ᠮᠤᠤᠠᠤᠰᠤ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠨᠣᠭᠤᠭᠠᠷᠠᠭᠤᠯᠤᠯᠲᠠ ᠶᠢᠨ ᠵᠢᠱᠢᠶ᠎ᠡ ᠦᠵᠡᠭᠦᠯᠭᠦ ᠲᠥᠷᠥᠯ ᠵᠦᠢᠯ ᠠᠵᠢᠯ ᠡᠬᠢᠯᠡᠬᠦ ᠶᠢ ᠳᠠᠭᠠᠯᠳᠤᠨ᠂ ᠲᠣᠰ ᠬᠤᠰᠢᠭᠤᠨ ᠤ ᠵᠠᠰᠠᠭ ᠤᠨ ᠣᠷᠳᠣᠨ ᠠᠴᠠ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠢ ᠳᠠᠶᠢᠴᠢᠯᠠᠨ ᠲᠤᠬᠠᠢ ᠶᠢᠨ ᠭᠠᠵᠠᠷ ᠲᠠᠭᠠᠨ ᠠᠵᠢᠯ ᠣᠯᠵᠤ ᠤᠷᠤᠯᠭ᠎ᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠠᠢ᠃ ᠯᠢᠦ ᠳ᠋ᠡ ᠹᠧᠢ ᠲᠤᠷᠰᠢᠵᠤ ᠦᠵᠡᠬᠦ ᠣᠪᠣᠷ ᠢᠶᠠᠷ  ᠣᠷᠣᠯᠴᠠᠭᠠᠳ᠂ ᠵᠣᠭᠤᠰ ᠣᠯᠬᠤ ︽ᠰᠢᠨ᠎ᠡ ᠵᠠᠮ︾ ᠢᠶᠠᠨ ᠨᠡᠭᠡᠭᠡᠵᠡᠢ᠃

      ᠲᠤᠰ ᠲᠦᠷᠦᠯ ᠵᠦᠢᠯ ᠤᠨ ᠬᠠᠷᠢᠭᠤᠴᠠᠯᠭᠠᠲᠠᠨ ᠶᠤᠸᠠᠨ ᠭᠤᠸᠠᠩ ᠶᠢᠩ ᠪᠠᠰᠠ ᠦᠦᠰᠢᠨᠵᠤᠤ ᠪᠠᠯᠭᠠᠰᠤᠨ ᠤ ᠪᠦᠷᠢᠳᠦ ᠭᠠᠴᠠᠭᠠᠨ ᠤ ᠮᠠᠯᠴᠢᠨ ᠠᠵᠢ᠃ 2023 ᠣᠨ ᠠᠴᠠ ᠡᠬᠢᠯᠡᠨ᠂ ᠶᠤᠸᠠᠨ ᠭᠤᠸᠠᠩ ᠶᠢᠩ ᠤᠨ ᠪᠠᠶᠢᠭ᠎ᠠ ᠦᠦᠰᠢᠨ ᠬᠤᠰᠢᠭᠤᠨ ᠤ ᠤᠨᠠᠭᠠᠨ ᠪᠦᠷᠢᠳᠦ ᠳᠠᠷᠢᠵᠤ ᠲᠡᠵᠢᠭᠡᠬᠦ ᠲᠤᠰᠬᠠᠢ ᠬᠤᠷᠰᠢᠶᠠᠵᠢᠯ ᠨᠢ ᠲᠤᠬᠠᠢ ᠶᠢᠨ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠢ ᠳᠠᠭᠠᠭᠠᠴᠢᠯᠠᠨ ᠠᠪᠴᠤ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠢ ᠵᠣᠬᠢᠶᠠᠨ ᠪᠠᠶᠢᠭᠤᠯᠵᠤ᠂ ᠲᠷᠠᠺᠲ᠋ᠣᠷ᠂ ᠬᠡᠷᠴᠢᠭᠦᠷ ᠮᠠᠰᠢᠨ ᠵᠡᠷᠭᠡ ᠮᠠᠰᠢᠨ ᠮᠧᠬᠠᠨᠢᠭ ᠢ ᠲᠦᠷᠢᠶᠡᠰᠦᠯᠡᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠠᠢ᠃ 2024 ᠣᠨ ᠳᠤ᠂ ᠲᠤᠰ ᠬᠤᠷᠰᠢᠶᠠᠵᠢᠯ ᠨᠢ 3000 ᠭᠠᠷᠤᠢ ᠮᠦ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠢ ᠳᠠᠭᠠᠭᠠᠴᠢᠯᠠᠨ ᠬᠢᠵᠦ᠂ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠳᠤ ᠵᠠᠷᠤᠴᠠᠭᠤᠯᠤᠭᠰᠠᠨ ᠪᠡᠯᠡ ᠮᠥᠩᠭᠦ ᠨᠢ 260 ᠭᠠᠷᠤᠢ ᠲᠦᠮᠡᠨ ᠲᠥᠭᠦᠷᠢᠭ ᠲᠤ ᠭᠦᠷᠪᠠ᠃

      ᠪᠦᠷᠢᠳᠦ ᠭᠠᠴᠠᠭᠠᠨ ᠤ ᠨᠤᠲᠤᠭ ᠳᠡᠪᠢᠰᠬᠡᠷ ᠥᠷᠭᠡᠨ ᠠᠭᠤᠳᠠᠮ᠂ ᠡᠯᠡᠰᠦᠷᠬᠡᠭ ᠭᠠᠵᠠᠷ ᠤᠨ ᠲᠠᠯᠠᠪᠠᠢ ᠪᠠᠷᠤᠭ ᠵᠢᠷᠭᠤᠭᠠᠨ ᠬᠤᠪᠢ ᠶᠢ ᠡᠵᠡᠯᠡᠵᠦ᠂ ᠡᠷᠦᠭᠡ ᠪᠦᠷᠢ ᠶᠢᠨ ᠵᠢᠯ ᠪᠦᠷᠢ ᠶᠢᠨ ᠣᠶᠢᠵᠢᠭᠤᠯᠬᠤ ᠡᠭᠦᠷᠭᠡ ᠪᠠᠭ᠎ᠠ ᠪᠢᠰᠢ ᠪᠠᠶᠢᠳᠠᠭ ᠠᠵᠢ᠃ ᠬᠤᠷᠰᠢᠶᠠᠵᠢᠯ ᠳᠠᠭᠠᠭᠠᠴᠢᠯᠠᠨ ᠠᠪᠴᠤ ᠡᠯᠡᠰᠦ ᠶᠢ ᠵᠠᠰᠠᠬᠤ ᠲᠣᠭᠲᠠᠴᠠ ᠨᠢ ᠨᠢᠭᠡᠳᠦᠯᠲᠡᠢ ᠳᠠᠷᠢᠵᠤ ᠨᠢᠭᠡᠳᠦᠯᠲᠡᠢ ᠬᠠᠮᠢᠶᠠᠷᠬᠤ ᠪᠥᠭᠡᠳ ᠮᠠᠯᠴᠢᠨ ᠲᠠᠷᠢᠶᠠᠴᠢᠳ ᠤᠨ ᠬᠥᠮᠥᠨ ᠤ ᠬᠦᠴᠦ᠂ ᠪᠡᠯᠡ ᠮᠥᠩᠭᠦ ᠪᠠ ᠮᠡᠷᠭᠡᠵᠢᠯ ᠲᠤᠲᠠᠭᠳᠠᠵᠤ ᠪᠠᠶᠢᠭ᠎ᠠ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠶᠢᠨ ᠬᠠᠮᠲᠤ ᠬᠤᠷᠰᠢᠶᠠᠵᠢᠯ ᠤᠨ ᠲᠠᠷᠢᠶᠠᠯᠠᠩ ᠤᠨ ᠮᠠᠰᠢᠨ ᠮᠧᠬᠠᠨᠢᠭ ᠰᠤᠯᠠ ᠲᠠᠯᠪᠢᠭᠳᠠᠵᠤ ᠡᠬᠢ ᠪᠠᠶᠠᠯᠢᠭ ᠢ ᠪᠦᠷᠢᠯᠭᠡᠬᠦ ᠠᠴᠠ ᠵᠠᠶᠢᠯᠠᠰᠬᠢᠨ᠂ ᠣᠶᠢᠵᠢᠭᠤᠯᠤᠯᠲᠠ ᠶᠢᠨ ᠲᠠᠯᠠᠪᠠᠢ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ ᠴᠢᠳᠠᠵᠠᠢ᠃

      ᠪᠦᠷᠢᠳᠦ ᠭᠠᠴᠠᠭᠠᠨ ᠤ ᠮᠠᠯᠴᠢᠨ ᠵᠠᠩ ᠢᠦᠢ ᠵᠥᠩ ᠪᠣᠯ ᠪᠠᠰᠠ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠥᠷᠥ ᠶᠢᠨ ᠪᠣᠳᠣᠯᠭ᠎ᠠ ᠶᠢᠨ ᠠᠰᠢᠭ ᠭᠦᠷᠲᠡᠭᠴᠢ ᠶᠤᠮ᠃ ᠨᠢᠳᠤᠨᠤᠨ᠂ ᠲᠣᠰ ᠲᠥᠷᠥᠯ ᠵᠦᠢᠯ ᠤᠨ ᠲᠣᠭᠤᠷᠢᠭ ᠠᠵᠢᠯ ᠡᠬᠢᠯᠡᠭᠰᠡᠨ ᠠᠴᠠ ᠨᠠᠭᠠᠰᠢ᠂ ᠲᠡᠷᠡ ᠠᠳᠡ ᠠᠵᠢᠯᠯᠠᠵᠤ ᠡᠬᠢᠯᠡᠵᠡᠢ᠃ ᠲᠤᠬᠠᠢ ᠶᠢᠨ ᠭᠠᠵᠠᠷ ᠤᠨ ᠬᠥᠯᠥᠰᠦᠨ ᠠᠵᠢᠯᠴᠢᠨ ᠬᠡᠷᠡᠭᠯᠡᠬᠦ ᠪᠠᠷᠢᠮᠵᠢᠶ᠎ᠠ ᠪᠠᠷ ᠯᠠᠪᠯᠠᠯᠲᠠ ᠪᠣᠯᠭᠠᠪᠠᠯ᠂ ᠵᠠᠩ ᠢᠦᠢ ᠵᠥᠩ ᠡᠳᠦᠷ ᠪᠦᠷᠢ ᠮᠠᠰᠢᠨ ᠮᠧᠬᠠᠨᠢᠭ ᠲᠦᠷᠢᠶᠡᠰᠦᠯᠡᠭᠦᠯᠦᠭᠰᠡᠨ ᠤᠷᠤᠯᠭ᠎ᠠ᠂ ᠠᠵᠢᠯ ᠬᠢᠭᠰᠡᠨ ᠬᠥᠯᠥᠰᠦ ᠣᠯᠭᠤᠮᠵᠢ ᠨᠡᠶᠢᠲᠡ 1400 ᠊᠊ 1500 ᠲᠥᠭᠦᠷᠢᠭ ᠣᠯᠳᠠᠭ ᠠᠵᠢ᠃

      ᠦᠦᠰᠢᠨ ᠬᠤᠰᠢᠭᠤ ᠮᠤᠤᠠᠤᠰᠤ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠲᠥᠷᠥ ᠶᠢᠨ ᠪᠣᠳᠣᠯᠭ᠎ᠠ ᠶᠢ ᠶᠠᠪᠤᠭᠳᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠤᠷᠰᠢᠶᠠᠵᠢᠯ ᠪᠠ ᠮᠠᠯᠴᠢᠨ ᠲᠠᠷᠢᠶᠠᠴᠢᠳ ᠤᠨ ᠥᠪᠡᠷᠲᠡᠭᠡᠨ ᠳᠠᠭᠠᠭᠠᠴᠢᠯᠠᠵᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠥᠷᠥᠯ ᠵᠦᠢᠯ ᠳᠤ ᠰᠢᠭᠤᠳ ᠣᠷᠤᠯᠴᠠᠬᠤ ᠶᠢ ᠵᠣᠷᠢᠭᠵᠢᠭᠤᠯᠤᠨ᠂ ︽ᠬᠤᠷᠰᠢᠶᠠᠵᠢᠯ + ᠮᠠᠯᠵᠢᠬᠤ ᠲᠠᠷᠢᠶᠠᠯᠠᠬᠤ ᠡᠷᠦᠭᠡ︾᠂ ︽ᠭᠠᠴᠠᠭ᠎ᠠ ︵ᠲᠣᠰᠬᠤᠨ︶ ᠶᠢᠨ ᠬᠠᠮᠲᠤ ᠶᠢᠨ ᠠᠵᠤ ᠠᠬᠤᠢ + ᠮᠠᠯᠵᠢᠬᠤ ᠲᠠᠷᠢᠶᠠᠯᠠᠬᠤ ᠡᠷᠦᠭᠡ︾ ᠵᠡᠷᠭᠡ ᠣᠯᠠᠨ ᠠᠷᠭ᠎ᠠ ᠵᠠᠮ ᠢᠶᠠᠷ ᠵᠠᠰᠠᠬᠤ ᠵᠠᠭᠪᠤᠷ ᠢ ᠰᠢᠨ᠎ᠡ ᠪᠠᠷ ᠡᠭᠦᠳᠦᠨ ᠪᠠᠶᠢᠭᠤᠯᠵᠤ᠂ ᠪᠦᠭᠦ ᠠᠷᠠᠳ ᠢᠶᠠᠷ ᠢᠶᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ ᠠᠮᠢ ᠠᠬᠤᠢ ᠶᠢ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠤᠨ᠂ ᠬᠥᠯᠥᠰᠦᠨ ᠠᠵᠢᠯ ᠬᠢᠬᠦ᠂ ᠮᠠᠰᠢᠨ ᠮᠧᠬᠠᠨᠢᠭ ᠲᠦᠷᠢᠶᠡᠰᠦᠯᠡᠭᠦᠯᠬᠦ᠂ ᠴᠢᠬᠢ ᠰᠣᠶᠤᠭ᠎ᠠ ᠪᠣᠷᠣᠯᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠣᠯᠠᠨ ᠠᠷᠭ᠎ᠠ ᠵᠠᠮ ᠢ ᠨᠡᠭᠡᠭᠡᠨ ᠥᠭᠴᠦ᠂ ᠠᠮᠢ ᠠᠬᠤᠢ᠂ ᠠᠵᠤ ᠠᠬᠤᠢ᠂ ᠨᠡᠶᠢᠭᠡᠮ ᠤᠨ ᠣᠯᠠᠨ ᠲᠠᠯ᠎ᠠ ᠶᠢᠨ ᠦᠷ᠎ᠡ ᠪᠦᠲᠦᠮᠵᠢ ᠶᠢ ᠣᠯᠵᠠᠢ᠃

    ᠡᠭᠦᠨ ᠠᠴᠠ ᠭᠠᠳᠠᠨ᠎ᠠ᠂ ᠦᠦᠰᠢᠨ ᠬᠤᠰᠢᠭᠤ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠳᠦᠷᠦᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ ᠳᠤ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠥᠷᠥ ᠶᠢᠨ ᠪᠣᠳᠣᠯᠭ᠎ᠠ ᠶᠢᠨ ᠠᠰᠢᠭᠲᠠᠢ ᠲᠠᠯ᠎ᠠ ᠶᠢ ᠭᠦᠢᠴᠡᠳ ᠪᠠᠳᠠᠷᠠᠭᠤᠯᠤᠨ᠂ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠨ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠮᠤᠭ ᠤᠨ ᠶᠡᠭᠡ ᠬᠡᠮᠵᠢᠶ᠎ᠡ ᠪᠠᠷ ᠣᠷᠣᠯᠴᠠᠭᠤᠯᠵᠤ᠂ ᠭᠠᠴᠠᠭ᠎ᠠ ᠲᠣᠰᠬᠤᠨ ᠤ ᠬᠠᠮᠲᠤ ᠶᠢᠨ ᠡᠳ᠋ ᠬᠥᠷᠥᠩᠭᠡ ᠪᠠᠷ ᠬᠤᠪᠢ ᠣᠷᠣᠬᠤ ᠪᠠ ᠮᠠᠯᠴᠢᠨ ᠲᠠᠷᠢᠶᠠᠴᠢᠨ ᠤ ᠰᠢᠭᠤᠳ ᠣᠷᠤᠯᠴᠠᠬᠤ ᠶᠢ ᠳᠡᠮᠵᠢᠬᠦ ᠵᠡᠷᠭᠡ ᠠᠷᠭ᠎ᠠ ᠭᠡᠯᠪᠡᠷᠢ ᠪᠠᠷ ︽ᠭᠠᠴᠠᠭ᠎ᠠ ︵ᠳᠤᠰᠬᠤᠨ︶ ᠶᠢᠨ ᠨᠠᠮ ᠤᠨ ᠡᠭᠦᠷ + ᠲᠣᠰᠬᠤᠨ ᠠᠴᠠ ᠬᠤᠪᠢ ᠣᠷᠣᠭᠤᠯᠤᠭᠰᠠᠨ ᠺᠤᠮᠫᠠᠨᠢ + ᠮᠠᠯᠴᠢᠨ ᠲᠠᠷᠢᠶᠠᠴᠢᠨ ᠡᠷᠦᠭᠡ︾ ᠶᠢᠨ ᠣᠯᠠᠨ ᠳᠠᠪᠬᠤᠷᠭᠠᠲᠤ ᠠᠰᠢᠭ ᠲᠤᠰᠠ ᠶᠢᠨ ᠬᠤᠯᠪᠤᠭ᠎ᠠ ᠶᠢ ᠰᠢᠨ᠎ᠡ ᠪᠠᠷ ᠡᠭᠦᠳᠦᠨ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠬᠤ ᠠᠷᠭ᠎ᠠ ᠵᠠᠮ ᠢ ᠥᠷᠭᠡᠳᠬᠡᠵᠡᠢ᠃

      ᠦᠦᠰᠢᠨ ᠬᠤᠰᠢᠭᠤ ᠮᠤᠤᠠᠤᠰᠤ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠡᠬᠢᠯᠡᠭᠦᠯᠦᠭᠰᠡᠨ ᠠᠴᠠ ᠨᠠᠭᠠᠰᠢ᠂ ᠤᠢ ᠰᠢᠭᠤᠢ ᠨᠤᠲᠤᠭ ᠪᠡᠯᠴᠢᠭᠡᠷ ᠢ ᠬᠠᠮᠢᠶᠠᠷᠤᠨ ᠬᠠᠮᠠᠭᠠᠯᠠᠬᠤ ᠠᠵᠢᠯ ᠳᠤ ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ 2080 ᠮᠠᠯᠴᠢᠨ ᠲᠠᠷᠢᠶᠠᠴᠢᠨ ᠳᠤ ᠠᠵᠢᠯ ᠣᠯᠭᠤᠵᠤ᠂ 5050.56 ᠲᠦᠮᠡᠨ ᠲᠥᠭᠦᠷᠢᠭ ᠤᠨ ᠬᠥᠯᠥᠰᠦ ᠣᠯᠭᠤᠮᠵᠢ ᠣᠯᠭᠤᠨ᠂ ᠬᠥᠮᠥᠨ ᠳᠤᠮᠳᠠᠴᠢ ᠶᠢᠨ ᠣᠷᠣᠯᠭ᠎ᠠ ᠶᠢ ᠵᠢᠯ ᠪᠦᠷᠢ 2.54 ᠲᠦᠮᠡᠨ ᠲᠥᠭᠦᠷᠢᠭ ᠨᠡᠮᠡᠭᠳᠡᠭᠦᠯᠵᠡᠢ᠃ 2024 ᠣᠨ ᠳᠤ᠂ ᠪᠦᠭᠦ ᠬᠤᠰᠢᠭᠤᠨ ᠳᠤ ᠨᠡᠶᠢᠲᠡ 20 ᠭᠠᠷᠤᠢ ᠬᠤᠷᠰᠢᠶᠠᠵᠢᠯ ᠮᠤᠤᠠᠤᠰᠤ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠳᠤ ᠣᠷᠣᠯᠴᠠᠵᠤ᠂ 20 ᠭᠠᠷᠤᠢ ᠲᠦᠮᠡᠨ ᠮᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠵᠦ᠂ ᠭᠦᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠬᠠᠷᠢᠴᠠᠯ ᠨᠢ ᠪᠦᠭᠦ ᠢᠨᠵᠧᠨᠧᠷᠢᠩ ᠤᠨ ᠪᠡᠯᠡ ᠣᠷᠣᠭᠤᠯᠤᠯᠲᠠ ᠶᠢᠨ 10% ᠶᠢ ᠳᠠᠪᠠᠵᠠᠢ᠃

      ︽ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ︾ ᠲᠦᠷᠦ ᠶᠢᠨ ᠪᠣᠳᠣᠯᠭ᠎ᠠ ᠶᠢ ᠭᠦᠨᠵᠡᠭᠡᠢ ᠠᠬᠢᠭᠤᠯᠬᠤ ᠶᠢ ᠳᠠᠭᠠᠯᠳᠤᠨ᠂ ᠦᠦᠰᠢᠨ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠭᠰᠠᠨ ᠢᠶᠠᠷ ᠪᠠᠷᠠᠬᠤ ᠦᠭᠡᠢ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠢᠯᠠᠩᠭᠤᠶ᠎ᠠ᠂ ᠲᠤᠬᠠᠢ ᠶᠢᠨ ᠭᠠᠵᠠᠷ ᠤᠨ ᠣᠯᠠᠨ ᠲᠦᠮᠡᠨ ᠤ ︽ᠢᠳᠡᠪᠬᠢ ᠦᠭᠡᠢ ᠪᠠᠷ ᠳᠠᠷᠢᠵᠤ︾ ᠪᠠᠶᠢᠭᠰᠠᠨ ᠠᠴᠠ ᠪᠠᠨ ︽ᠰᠠᠨᠠᠭᠠᠴᠢᠯᠠᠭ᠎ᠠ ᠠᠴᠠ ᠪᠠᠨ ᠣᠷᠤᠯᠴᠠᠬᠤ︾ ᠪᠣᠯᠤᠭᠰᠠᠨ ᠦᠵᠡᠯ ᠰᠠᠨᠠᠭᠠᠨ ᠤ ᠯᠤᠲᠤ ᠶᠡᠭᠡ ᠳᠠᠪᠰᠢᠯᠲᠠ ᠨᠢ ᠶᠠᠭ ᠨᠢᠭᠡᠨ ᠬᠦᠴᠦᠷᠬᠡᠭ ᠶᠡᠭᠡ ᠬᠥᠳᠡᠯᠭᠡᠬᠦ ᠬᠦᠴᠦᠨ ᠤ ᠡᠬᠢ ᠪᠤᠯᠠᠭ ᠰᠢᠭ᠋ ᠲᠤᠬᠠᠢ ᠶᠢᠨ ᠭᠠᠵᠠᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠦᠷᠭᠦᠯᠵᠢᠯᠡᠬᠦ ᠬᠥᠭᠵᠢᠯᠲᠡ ᠶᠢᠨ ᠵᠠᠮ ᠳᠤ ᠬᠦᠴᠦᠨ ᠨᠡᠮᠡᠷᠢᠯᠡᠨ᠂ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠣᠯᠭᠤᠵᠠᠢ᠃

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ