ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠬᠠᠮᠤᠭ ᠤᠨ ᠰᠢᠨ᠎ᠡ ᠮᠡᠳᠡᠭᠡ᠄ ᠡᠨᠡ ᠵᠢᠯ ᠠᠴᠠ ᠨᠠᠭᠠᠰᠢ᠂ ᠪᠦᠭᠦ ᠣᠷᠣᠨ ᠤ ᠮᠥᠩᠭᠦᠨ ᠭᠦᠢᠯᠭᠡᠭᠡᠨ ᠤ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ 2025 ᠣᠨ ᠤ 2 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠦᠯᠡᠳᠡᠪᠦᠷᠢ 7712.4 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.2% ᠢᠶᠠᠷ ᠨᠡᠮᠡᠭᠳᠡᠨ᠂ ᠡᠯ᠎ᠡ ᠵᠦᠢᠯ ᠤᠨ ᠵᠢᠭᠡᠯᠡᠯᠭᠡ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 1.8 ᠬᠤᠪᠢ ᠳᠠᠪᠠᠪᠠ᠃
ᠠᠷᠠᠳ ᠤᠨ ᠡᠵᠡᠩᠨᠡᠯᠲᠡ ᠶᠢᠨ ᠠᠵᠤ ᠠᠬᠤᠢ ᠪᠣᠯ ᠥᠪᠥᠷ ᠮᠣᠩᠭᠤᠯ ᠤᠨ ᠠᠵᠤ ᠠᠬᠤᠢ ᠶᠢᠨ ᠨᠡᠮᠡᠭᠳᠡᠯ ᠤᠨ ᠴᠢᠬᠤᠯᠠ ᠬᠥᠳᠡᠯᠭᠡᠬᠦ ᠬᠦᠴᠦᠨ ᠮᠥᠨ᠂ ᠪᠦᠭᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ︽ᠬᠤᠶᠠᠷ ᠥᠴᠥᠬᠡᠨ ᠴᠦ ᠭᠤᠶᠢᠪᠢᠰᠢ ᠦᠭᠡᠢ︾ ᠶᠢ ᠢᠮᠠᠭᠲᠠ ᠪᠠᠷᠢᠮᠲᠠᠯᠠᠵᠤ᠂ ᠵᠢᠭᠡᠯᠡᠯᠭᠡ ᠲᠠᠯᠪᠢᠬᠤ ᠨᠥᠬᠦᠴᠡᠯ ᠪᠣᠯᠣᠨ ᠬᠦᠦ ᠮᠥᠩᠭᠦ ᠶᠢᠨ ᠨᠤᠷᠮ᠎ᠠ ᠶᠢᠨ ᠲᠦᠪᠰᠢᠨ ᠤ ᠲᠠᠯ᠎ᠠ ᠪᠠᠷ ᠤᠯᠤᠰ ᠤᠨ ᠥᠮᠴᠢᠯᠡᠯᠲᠦ ᠪᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠢᠳᠡᠪᠬᠢᠲᠡᠢ ᠳᠡᠮᠵᠢᠯᠭᠡ ᠦᠵᠡᠭᠦᠯᠪᠡ᠃ ᠡᠨᠡ ᠵᠢᠯ ᠠᠴᠠ ᠨᠠᠭᠠᠰᠢ᠂ ᠮᠠᠨ ᠤ ᠣᠷᠣᠨ ᠤᠷᠢᠳ ᠬᠤᠵᠢᠳ ︽ᠪᠣᠬᠢᠷᠳᠤᠯ ᠦᠭᠡᠢ ᠮᠥᠩᠭᠦᠨ ᠭᠦᠢᠯᠭᠡᠭᠡᠨ ᠤ ᠦᠢᠯᠡᠳᠦᠯ ᠢ ᠪᠠᠳᠠᠷᠠᠭᠤᠯᠵᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠲᠤᠬᠠᠢ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠢᠶᠠᠷ ᠳᠤᠮᠳᠠᠳᠤ ᠤᠯᠤᠰ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠰ ᠤᠨ ᠦᠢᠯᠡᠴᠢᠯᠡᠭᠡᠨ ᠤ ᠪᠤᠭᠤᠷᠤᠯᠴᠤᠳ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠤᠬᠠᠢ ᠬᠡᠷᠡᠭᠵᠢᠭᠦᠯᠬᠦ ᠲᠥᠰᠥᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠨᠠᠶᠢᠷᠠᠭᠤᠯᠤᠨ ᠲᠣᠭᠲᠠᠭᠠᠵᠤ᠂ ᠳᠤᠮᠳᠠᠳᠤ ᠤᠯᠤᠰ ᠤᠨ ᠠᠷᠠᠳ ᠤᠨ ᠪᠠᠩᠬᠢ ᠵᠡᠷᠭᠡ 8 ᠰᠠᠯᠠᠭ᠎ᠠ ᠮᠥᠴᠢᠷ ᠠᠴᠠ ᠬᠠᠮᠲᠤᠷᠠᠨ ᠳᠠᠷᠤᠮᠠᠯᠯᠠᠨ ᠲᠠᠷᠬᠠᠭᠠᠭᠰᠠᠨ ︽ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠳᠤ ᠬᠦᠴᠦᠨ ᠨᠡᠮᠡᠷᠢᠯᠡᠬᠦ ᠲᠤᠬᠠᠢ ᠮᠡᠳᠡᠭᠳᠡᠯ︾ ᠢ ᠢᠳᠡᠪᠬᠢᠲᠡᠢ ᠨᠠᠶᠢᠳᠠᠪᠤᠷᠢᠵᠢᠭᠤᠯᠤᠨ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠠᠭᠤᠳᠠᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠳᠤ ᠵᠢᠭᠡᠯᠡᠯᠭᠡ ᠲᠠᠯᠪᠢᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠵᠢᠭᠡᠯᠡᠯᠭᠡ ᠶᠢᠨ ᠬᠠᠷᠢᠴᠠᠯ ᠢ ᠠᠭᠠᠵᠢᠮ ᠢᠶᠠᠷ ᠳᠡᠭᠡᠭᠰᠢᠯᠡᠭᠦᠯᠪᠡ᠃
ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠥᠪᠡᠷ ᠤᠨ ᠥᠷᠲᠡᠭ ᠢ ᠪᠠᠭᠤᠷᠠᠭᠤᠯᠬᠤ ᠶᠢᠨ ᠲᠥᠯᠥᠭᠡ᠂ ᠮᠠᠨ ᠤ ᠣᠷᠣᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ ᠬᠤᠷᠠᠮᠳᠤᠭᠤᠯᠬᠤ ᠥᠪᠡᠷ ᠤᠨ ᠦᠷᠲᠡᠭ ᠢ ᠵᠣᠬᠢᠰᠲᠠᠢ ᠪᠠᠭᠤᠷᠠᠭᠤᠯᠪᠠ᠃ 2025 ᠣᠨ ᠤ 2 ᠰᠠᠷ᠎ᠠ ᠳᠤ ᠪᠦᠭᠦ ᠣᠷᠣᠨ ᠤ ᠰᠢᠨ᠎ᠡ ᠪᠠᠷ ᠲᠠᠯᠪᠢᠭᠰᠠᠨ ᠠᠷᠠᠳ ᠤᠨ ᠵᠣᠭᠤᠰᠤᠨ ᠤ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠠᠷᠢᠴᠠᠯ ᠢᠶᠠᠷ 0.17 ᠬᠤᠪᠢ ᠪᠠᠭᠤᠷᠠᠪᠠ᠃ ᠡᠭᠦᠨ ᠳᠤ ᠳᠤᠮᠳᠠ᠂ ᠪᠠᠭ᠎ᠠ᠂ ᠵᠢᠵᠢᠭ ᠠᠵᠤ ᠠᠬᠤᠶᠢᠯᠠᠯ ᠳᠤ ᠰᠢᠨ᠎ᠡ ᠪᠠᠷ ᠲᠠᠯᠪᠢᠭᠰᠠᠨ ᠵᠢᠭᠡᠯᠡᠯᠭᠡ ᠶᠢᠨ ᠨᠡᠮᠡᠭᠦᠷᠢ ᠶᠢᠨ ᠳᠤᠮᠳᠠᠴᠢ ᠬᠦᠦ ᠮᠥᠩᠭᠦ ᠶᠢᠨ ᠨᠣᠷᠮ᠎ᠠ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ ᠵᠠᠭᠤᠨ ᠤ ᠬᠠᠷᠢᠴᠠᠯ ᠢᠶᠠᠷ 0.37 ᠬᠤᠪᠢ᠂ 0.71 ᠬᠤᠪᠢ ᠪᠠ 0.36 ᠬᠤᠪᠢ ᠪᠠᠭᠤᠷᠠᠪᠠ᠃
ᠪᠦᠭᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠲᠠᠷᠢᠶᠠᠯᠠᠩ ᠢ ᠳᠡᠮᠵᠢᠬᠦ ᠵᠢᠭᠡᠯᠡᠯᠭᠡ᠂ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠵᠢᠭᠡᠯᠡᠯᠭᠡ ᠶᠢ ᠳᠠᠬᠢᠨ ᠵᠢᠭᠡᠯᠡᠭᠦᠯᠬᠦ᠂ ᠰᠠᠭᠤᠳᠬᠠᠯ ᠲᠠᠢ ᠪᠡᠯᠡᠨ ᠵᠣᠭᠤᠰ ᠳᠠᠬᠢᠨ ᠣᠯᠭᠤᠬᠤ ᠵᠡᠷᠭᠡ ᠪᠠᠶᠢᠩᠭᠤ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠨ ᠭᠦᠢᠴᠡᠳ ᠬᠡᠷᠡᠭᠯᠡᠵᠦ᠂ ᠲᠥᠪ ᠪᠠᠩᠬᠢ ᠶᠢᠨ ᠥᠪᠡᠷ ᠤᠨ ᠥᠷᠲᠡᠭ ᠢᠶᠠᠷ ᠳᠣᠣᠷ᠎ᠠ ᠨᠠᠩ ᠣᠯᠠᠨ ᠪᠡᠯᠡ ᠮᠥᠩᠭᠦ ᠶᠢ ᠬᠡᠷᠡᠭᠯᠡᠨ ᠮᠠᠨ ᠤ ᠣᠷᠣᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢ ᠨᠡᠮᠡᠭᠳᠡᠭᠦᠯᠪᠡ᠃ 2025 ᠣᠨ ᠤ 1 - 3 ᠰᠠᠷ᠎ᠠ ᠳᠤ᠂ ᠪᠦᠭᠦ ᠣᠷᠣᠨ ᠤ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠷᠢᠶᠠᠯᠠᠩ ᠢ ᠳᠡᠮᠵᠢᠬᠦ᠂ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠵᠢᠭᠡᠯᠡᠯᠭᠡ ᠶᠢ ᠳᠠᠬᠢᠨ ᠨᠡᠶᠢᠲᠡ 40.7 ᠳ᠋ᠦᠩᠰᠢᠭᠤᠷ ᠲᠥᠭᠦᠷᠢᠭ ᠵᠢᠭᠡᠯᠡᠭᠦᠯᠵᠦ᠂ ᠰᠠᠭᠤᠳᠬᠠᠯ ᠲᠠᠢ ᠪᠡᠯᠡᠨ ᠵᠣᠭᠤᠰ ᠢ 78.9 ᠳ᠋ᠦᠩᠰᠢᠭᠤᠷ ᠲᠥᠭᠦᠷᠢᠭ ᠳᠠᠬᠢᠨ ᠣᠯᠭᠤᠵᠠᠢ᠃ ᠭᠤᠷᠪᠠᠨ ᠵᠦᠢᠯ ᠤᠨ ᠪᠦᠲᠦᠴᠡ ᠶᠢᠨ ᠴᠢᠨᠠᠷᠲᠠᠢ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠭᠠᠰᠢ᠂ ᠪᠦᠭᠦ ᠣᠷᠣᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠵᠢᠭᠡᠯᠡᠯᠭᠡ ᠶᠢ ᠨᠡᠶᠢᠲᠡ 20.1 ᠳ᠋ᠦᠩᠰᠢᠭᠤᠷ ᠲᠥᠭᠦᠷᠢᠭ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠢᠭᠡᠯᠡᠯᠭᠡ ᠶᠢ 852.2 ᠳ᠋ᠦᠩᠰᠢᠭᠤᠷ ᠲᠥᠭᠦᠷᠢᠭ᠂ ᠰᠲ᠋ᠣᠺ ᠢ ᠨᠡᠮᠡᠵᠦ ᠠᠪᠬᠤ ᠵᠢᠭᠡᠯᠡᠯᠭᠡ ᠶᠢ 10.1 ᠳ᠋ᠦᠩᠰᠢᠭᠤᠷ ᠲᠥᠭᠦᠷᠢᠭ ᠲᠠᠯᠪᠢᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠥᠪᠡᠷ ᠤᠨ ᠥᠷᠲᠡᠭ ᠢᠶᠠᠷ ᠳᠣᠣᠷ᠎ᠠ ᠪᠡᠯᠡ ᠬᠤᠷᠠᠮᠳᠤᠭᠤᠯᠭ᠎ᠠ ᠶᠢ ᠬᠦᠴᠦᠲᠡᠢ ᠳᠡᠮᠵᠢᠪᠡ᠃
ᠮᠠᠨ ᠤ ᠣᠷᠣᠨ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠠᠷᠭ᠎ᠠ ᠵᠠᠮ ᠢ ᠢᠳᠡᠪᠬᠢᠲᠡᠢ ᠥᠷᠭᠡᠳᠬᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠢᠭᠡᠯᠡᠯᠭᠡ ᠶᠢᠨ ᠲᠡᠮᠳᠡᠭᠲᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠭᠡᠯᠡᠯᠭᠡ ᠶᠢᠨ ᠲᠡᠮᠳᠡᠭᠲᠦ ᠵᠡᠷᠭᠡ ᠶᠢ ᠲᠠᠷᠬᠠᠭᠠᠬᠤ ᠶᠢ ᠵᠣᠷᠢᠭᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠵᠡᠷᠭᠡ ᠬᠦᠷᠢᠶᠡᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠪᠡᠯᠡ ᠮᠥᠩᠭᠦᠨ ᠤ ᠬᠡᠷᠡᠭᠴᠡᠭᠡ ᠶᠢ ᠤᠯᠠᠮ ᠨᠢᠭᠡ ᠠᠯᠬᠤᠮ ᠬᠠᠩᠭᠠᠵᠤ ᠪᠠᠶᠢᠨ᠎ᠠ᠃ 2025 ᠣᠨ ᠠᠴᠠ ᠨᠠᠭᠠᠰᠢ ᠪᠦᠭᠦ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠳᠡᠮᠵᠢᠵᠦ ᠨᠡᠶᠢᠳᠡ 118 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠥᠷᠢ ᠥᠭᠴᠡᠭᠡ ᠶᠢᠨ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡ ᠬᠠᠩᠭᠠᠪᠠ᠃