ᠳᠤᠮᠳᠠᠳᠤ ᠤᠯᠤᠰ ᠤᠨ ᠬᠠᠮᠤᠭ ᠤᠨ ᠶᠡᠭᠡ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ 10.67 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠠᠮᠢ ᠠᠬᠤᠢ ᠶᠢᠨ ᠴᠢᠳᠠᠮᠵᠢᠲᠤ ᠣᠷᠣᠨ ᠨᠢ ᠠᠮᠠᠽᠤᠨᠠᠰ ᠤᠨ ᠬᠠᠯᠠᠭᠤᠨ ᠪᠦᠰᠡᠨ ᠤ ᠪᠣᠷᠣᠭᠠᠨᠲᠤ ᠤᠢ ᠲᠠᠢ ᠬᠠᠮᠲᠤ ︽ᠳᠡᠯᠡᠬᠡᠢ ᠶᠢᠨ ᠪᠥᠮᠪᠥᠷᠴᠡᠭ ᠤᠨ ᠠᠭᠤᠰᠬᠢ︾ ᠬᠡᠮᠡᠭᠳᠡᠪᠡ᠃ ᠲᠡᠷᠡ ᠨᠢ ᠬᠠᠷᠠᠮᠥ᠋ᠷᠡᠨ᠂ ᠨᠤᠨ ᠮᠥᠷᠡᠨ ᠤ ᠤᠰᠤᠨ ᠰᠢᠰᠲ᠋ᠧᠮ ᠪᠣᠯᠣᠨ ᠰᠤᠩᠭᠠᠷᠢ ᠮᠥᠷᠡᠨ ᠨᠤᠨ ᠮᠥᠷᠡᠨ ᠤ ᠲᠠᠯ᠎ᠠ ᠭᠠᠵᠠᠷ᠂ ᠬᠥᠯᠥᠨ ᠪᠤᠶᠢᠷ ᠤᠨ ᠲᠠᠯ᠎ᠠ ᠨᠤᠲᠤᠭ ᠤᠨ ᠠᠮᠢ ᠠᠬᠤᠢ ᠶᠢᠨ ᠲᠡᠩᠴᠡᠭᠦᠷᠢ ᠶᠢ ᠪᠠᠲᠤᠯᠠᠵᠤ ᠪᠠᠶᠢᠬᠤ ᠪᠥᠭᠡᠳ ᠪᠦᠭᠦᠶᠢᠯᠡ ᠵᠡᠭᠦᠨ ᠬᠤᠶᠢᠲᠤ ᠣᠷᠣᠨ ᠤ ᠠᠵᠤ ᠦᠢᠯᠡᠳᠪᠦᠷᠢ᠂ ᠲᠠᠷᠢᠶᠠᠯᠠᠩ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠵᠡᠷᠭᠡ ᠠᠵᠤ ᠦᠢᠯᠡᠰ ᠤᠨ ᠠᠮᠢᠨ ᠰᠤᠳᠠᠰᠤ ᠶᠢ ᠲᠤᠯᠭᠠᠭᠤᠷᠢᠯᠠᠵᠤ᠂ ᠠᠮᠤ ᠶᠢᠨ ᠰᠠᠩ ᠪᠣᠯᠣᠨ ᠤᠰᠤᠨ ᠤ ᠡᠬᠢ ᠰᠤᠷᠪᠤᠯᠵᠢ ᠪᠣᠯᠵᠤ ᠪᠠᠶᠢᠳᠠᠭ᠃
ᠥᠩᠭᠡᠷᠡᠭᠰᠡᠨ ᠳᠤ ᠲᠦᠮᠡ ᠮᠢᠩᠭ᠎ᠠ ᠪᠠᠷ ᠲᠣᠭᠠᠯᠠᠭᠳᠠᠬᠤ ᠨᠢᠷᠤᠭᠤ ᠮᠣᠳᠣ ᠠᠳᠡ ᠠᠴᠠ ᠡᠯ᠎ᠡ ᠭᠠᠵᠠᠷ ᠲᠤ ᠵᠥᠭᠡᠭᠡᠪᠦᠷᠢᠯᠡᠭᠳᠡᠵᠦ ᠪᠠᠶᠢᠪᠠ᠃ 2015 ᠣᠨ ᠤ 3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠮᠣᠳᠣ ᠣᠭᠲᠣᠯᠬᠤ ᠪᠠᠨ ᠵᠤᠬᠰᠤᠬᠤ ᠲᠤᠩᠬᠠᠭ ᠨᠡᠶᠢᠲᠡᠯᠡᠵᠦ᠂ 63 ᠵᠢᠯ ᠤᠨ ᠤᠢ ᠮᠣᠳᠣ ᠣᠭᠲᠣᠯᠣᠭᠰᠠᠨ ᠲᠡᠦᠬᠡ ᠪᠠᠨ ᠡᠴᠦᠰᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠴᠠᠭ ᠦᠶ᠎ᠡ ᠶᠢ ᠨᠡᠭᠡᠭᠡᠵᠡᠢ᠃ ᠮᠣᠳᠣ ᠣᠭᠲᠣᠯᠬᠤ ᠪᠠᠨ ᠵᠣᠭᠰᠣᠭᠰᠠᠨ 10 ᠵᠢᠯ ᠳᠤ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠪᠠᠷᠢᠮᠲᠠᠯᠠᠵᠤ᠂ ᠶᠡᠭᠡ ᠬᠢᠩᠭᠠᠨ ᠳᠠᠪᠠᠭ᠎ᠠ ᠰᠦᠷᠯᠢᠭ ᠰᠠᠶᠢᠬᠠᠨ ᠨᠣᠮᠢᠨ ᠨᠣᠭᠤᠭᠠᠨ ᠰᠢᠯᠦᠭ ᠳᠠᠭᠤᠯᠠᠯ ᠢ ᠪᠢᠴᠢᠭᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠠᠷᠢᠭᠤᠴᠠᠯᠭ᠎ᠠ ᠡᠭᠦᠷᠭᠡᠯᠡᠯ ᠢ ᠲᠠᠶᠢᠯᠪᠤᠷᠢᠯᠠᠪᠠ᠃
ᠮᠣᠳᠣ ᠣᠭᠲᠣᠯᠬᠤ ᠠᠵᠢᠯᠴᠢᠨ ᠠᠴᠠ ᠣᠢ ᠰᠢᠭᠤᠢ ᠰᠠᠬᠢᠭᠴᠢ ᠪᠣᠯᠵᠤ ᠨᠣᠮᠢᠨ ᠤᠰᠤ ᠬᠥᠬᠡᠮᠳᠦᠭ ᠠᠭᠤᠯᠠ ᠶᠢ ᠬᠠᠮᠠᠭᠠᠯᠠᠬᠤ ᠳᠣᠮᠤᠭ ᠢ ᠦᠷᠭᠦᠯᠵᠢᠯᠡᠨ ᠬᠦᠦᠷᠨᠢᠨ᠎ᠡ
ᠴᠠᠭᠢᠯᠭᠠᠨ ᠬᠢᠷᠦᠭᠡᠨ ᠤ ᠬᠦᠩᠭᠢᠨᠡᠬᠦ ᠳᠠᠭᠤᠨ ᠤᠢ ᠶᠢᠨ ᠨᠠᠮ ᠵᠢᠮ ᠢ ᠡᠪᠳᠡᠵᠦ᠂ ᠠᠷᠪᠠᠨ ᠬᠡᠳᠦᠬᠡᠨ ᠰᠧᠺᠦ᠋ᠨ᠋ᠳ᠋ ᠤᠨ ᠳᠣᠲᠣᠷ᠎ᠠ ᠨᠢᠭᠡ ᠮᠣᠳᠣ ᠭᠠᠵᠠᠷ ᠣᠶᠢᠴᠢᠪᠠ᠃
︽ᠡᠨᠡ ᠮᠣᠳᠣ ᠵᠢᠰᠢᠭᠦᠦ ᠤᠷᠭᠤᠪᠠ᠂ ᠪᠤᠰᠤᠳ ᠮᠣᠳᠣᠨ ᠤ ᠤᠷᠭᠤᠯᠲᠠ ᠶᠢ ᠨᠥᠯᠥᠭᠡᠯᠡᠨ᠎ᠡ᠂ ᠡᠷᠬᠡᠪᠰᠢ ᠤᠨᠠᠭᠠᠬᠤ ᠬᠡᠷᠡᠭᠲᠡᠢ︾᠃ 3 ᠰᠠᠷ᠎ᠠ ᠶᠢᠨ 28 ᠤ ᠡᠳᠦᠷ᠂ ᠭᠡᠭᠡᠨ ᠭᠤᠣᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠦᠯᠢᠺᠦ᠋ᠮᠠ ᠬᠠᠮᠢᠶᠠᠷᠤᠨ ᠬᠠᠮᠠᠭᠠᠯᠠᠬᠤ ᠲᠥᠪ ᠤᠨ ᠱᠠᠩ ᠶᠠᠩ ᠭᠧ ᠴᠢ ᠪᠠᠷᠢᠯᠭ᠎ᠠ ᠶᠢᠨ ᠠᠵᠢᠯ ᠤᠨ ᠲᠣᠭᠤᠷᠢᠭ ᠲᠤ ᠵᠢᠶᠠᠩ ᠵᠢᠶᠠᠨ ᠭᠦᠸᠧ ᠤᠢ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠠᠵᠢᠯ ᠬᠢᠵᠦ᠂ ᠤᠢ ᠳᠣᠲᠣᠷᠠᠬᠢ ᠬᠤᠪᠠᠭ᠋ᠠᠢ ᠮᠣᠳᠣ᠂ ᠡᠪᠡᠳᠴᠢᠨ ᠲᠠᠢ ᠢᠯᠵᠢᠷᠡᠮᠡᠯ ᠮᠣᠳᠣ ᠶᠢ ᠴᠡᠪᠡᠷᠯᠡᠵᠦ᠂ ᠡᠷᠡᠭᠦᠯ ᠮᠣᠳᠣᠨ ᠳᠤ ᠥᠰᠦᠯᠲᠡ ᠶᠢᠨ ᠣᠷᠣᠨ ᠵᠠᠢ ᠭᠠᠷᠭᠠᠵᠤ ᠪᠠᠶᠢᠪᠠ᠃ ᠤᠢ ᠳᠣᠲᠣᠷ᠎ᠠ᠂ ᠡᠮᠦᠨ᠎ᠡ ᠡᠳᠦᠷ ᠨᠢ ᠣᠭᠲᠣᠯᠵᠤ ᠤᠨᠠᠭᠠᠭᠰᠠᠨ ᠮᠣᠳᠣᠳ ᠨᠢ ᠬᠥᠨᠳᠡᠯᠡᠨ ᠭᠤᠯᠳᠤ ᠭᠠᠵᠠᠷ ᠰᠠᠢ ᠦᠭᠡᠢ ᠬᠠᠷᠠᠭᠳᠠᠵᠤ᠂ ᠲᠡᠷᠡ ᠠᠵᠢᠯᠴᠢᠨ ᠨᠥᠬᠦᠳ ᠲᠠᠢ ᠪᠠᠨ ᠬᠠᠮᠲᠤ ᠠᠵᠢᠯᠯᠠᠬᠤ ᠶᠢᠨ ᠳᠠᠭᠠᠤ ᠬᠦᠴᠦ ᠮᠡᠳᠡᠨ ᠣᠪᠣᠭᠠᠯᠠᠵᠤ᠂ ᠳᠠᠷᠠᠭ᠎ᠠ ᠨᠢ ᠨᠡᠶᠢᠯᠡᠭᠦᠯᠵᠦ ᠤᠶᠠᠭᠠᠳ ᠲᠷᠠᠺᠲ᠋ᠣᠷ ᠢᠶᠠᠷ ᠴᠢᠷᠴᠦ ᠵᠠᠮ ᠳᠡᠭᠡᠷ᠎ᠡ ᠭᠠᠷᠭᠠᠪᠠ᠃
2024 ᠣᠨ ᠤ 12 ᠰᠠᠷ᠎ᠠ ᠶᠢᠨ 14 ᠤ ᠡᠳᠦᠷ ᠠᠭᠤᠯᠠᠨ ᠳᠤ ᠭᠠᠷᠤᠭᠰᠠᠨ ᠠᠴᠠ ᠤᠳᠤ ᠪᠤᠯᠲᠠᠯ᠎ᠠ ᠨᠢᠭᠡᠨᠲᠡ 100 ᠭᠠᠷᠤᠢ ᠡᠳᠦᠷ ᠥᠩᠭᠡᠷᠡᠪᠡ᠃ ᠴᠠᠭᠠᠨ ᠰᠠᠷ᠎ᠠ ᠭᠡᠷ ᠲᠡᠭᠡᠨ ᠬᠠᠷᠢᠵᠤ ᠬᠡᠳᠦᠨ ᠡᠳᠦᠷ ᠠᠮᠠᠷᠠᠭᠰᠠᠨ ᠠᠴᠠ ᠭᠠᠳᠠᠨ᠎ᠠ᠂ ᠵᠢᠶᠠᠩ ᠵᠢᠶᠠᠨ ᠭᠦᠸᠧ ᠠᠵᠢᠯᠴᠢᠨ ᠨᠥᠬᠦᠳ ᠲᠠᠢ ᠪᠠᠨ ᠨᠡᠶᠢᠳᠡᠮ ᠠᠭᠤᠯᠠᠨ ᠳᠤ ᠠᠵᠢᠯᠯᠠᠵᠤ᠂ ᠨᠢᠭᠡ ᠭᠠᠵᠠᠷ ᠤᠨ ᠠᠵᠢᠯ ᠢᠶᠠᠨ ᠳᠠᠭᠤᠰᠬᠠᠪᠠᠯ ᠳᠠᠷᠠᠭ᠎ᠠ ᠨᠢᠭᠡ ᠴᠡᠭ ᠲᠤ ᠰᠢᠯᠵᠢᠨ᠎ᠡ᠃
︽ᠪᠠᠰᠠ ᠨᠢᠭᠡ ᠬᠤᠶᠠᠷ ᠡᠳᠦᠷ ᠠᠵᠢᠯᠯᠠᠪᠠᠯ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠠᠵᠢᠯ ᠳᠠᠷᠤᠢ ᠳᠠᠭᠤᠰᠴᠤ᠂ ᠰᠢᠭᠤᠶᠢᠲᠤ ᠣᠷᠣᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠳᠤ ᠣᠷᠣᠨ᠎ᠠ᠂ ᠪᠢᠳᠡ ᠠᠭᠤᠯᠠᠨ ᠳᠤ ᠣᠷᠣᠵᠤ ᠲᠣᠭᠤᠷᠢᠨ ᠬᠠᠮᠠᠭᠠᠯᠠᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠪᠠᠶᠢᠭᠤᠯᠬᠤ ᠪᠣᠯᠣᠨ᠎ᠠ︾᠃ ᠬᠠᠪᠤᠷ ᠤᠨ ᠤᠯᠠᠷᠢᠯ ᠳᠤ ᠭᠠᠯ ᠰᠡᠷᠭᠡᠶᠢᠯᠡᠵᠦ᠂ 5 ᠰᠠᠷ᠎ᠠ ᠳᠤ ᠭᠠᠵᠠᠷ ᠭᠡᠰᠬᠦ ᠴᠠᠭ ᠢ ᠠᠮᠵᠢᠨ ᠣᠶᠢᠵᠢᠭᠤᠯᠵᠤ᠂ ᠵᠣᠨ ᠨᠠᠮᠤᠷ ᠤᠨ ᠤᠯᠠᠷᠢᠯ ᠳᠤ ᠡᠪᠡᠳᠴᠢᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠵᠦ᠂ ᠡᠪᠦᠯ ᠤᠨ ᠤᠯᠠᠷᠢᠯ ᠳᠤ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠣᠭᠲᠣᠯᠬᠤ ᠠᠵᠢᠯ ᠬᠢᠵᠦ᠂ ᠵᠢᠯ ᠤᠨ ᠳᠥᠷᠪᠡᠨ ᠤᠯᠠᠷᠢᠯ ᠳᠤ ᠡᠳᠡᠭᠡᠷ ᠠᠵᠢᠯ ᠢᠶᠠᠨ ᠳᠠᠭᠢᠨ ᠳᠠᠪᠲᠠᠨ ᠬᠢᠳᠡᠭ ᠠᠵᠢ᠃
ᠡᠨᠡ ᠵᠢᠯ 58 ᠨᠠᠰᠤᠲᠠᠢ ᠵᠢᠶᠠᠩ ᠵᠢᠶᠠᠨ ᠭᠦᠸᠧ 1987 ᠣᠨ ᠳᠤ ᠠᠵᠢᠯ ᠳᠤ ᠭᠠᠷᠤᠭᠰᠠᠨ ᠠᠴᠠ ᠤᠳᠤ ᠪᠤᠯᠲᠠᠯ᠎ᠠ 38 ᠵᠢᠯ ᠤᠨ 28 ᠵᠢᠯ ᠨᠢ ᠮᠣᠳᠣ ᠣᠭᠲᠣᠯᠵᠠᠢ᠃
ᠣᠭᠲᠣᠯᠬᠤ ᠶᠢ ᠵᠣᠭᠰᠣᠭᠠᠭᠰᠠᠨ ᠴᠢᠮᠡᠭᠡ ᠶᠢ ᠰᠣᠨᠣᠰᠤᠭᠠᠳ᠂ ᠲᠡᠷᠡ ᠪᠠᠶᠠᠷᠯᠠᠵᠤ ᠪᠠᠶᠢᠭᠰᠠᠨ ᠴᠤ ᠰᠠᠨᠠᠭᠠᠰᠢᠷᠠᠯ ᠪᠣᠯᠪᠠ᠃ ᠪᠠᠶᠠᠷᠯᠠᠭᠤᠰᠢᠲᠠᠢ ᠨᠢ᠂ ᠡᠨᠡ ᠬᠡᠰᠡᠭ ᠳᠠᠭᠠᠭᠠᠵᠤ ᠳᠡᠶᠢᠯᠦᠰᠢ ᠦᠭᠡᠢ ᠬᠦᠨᠳᠦ ᠡᠭᠦᠷᠭᠡ ᠶᠢ ᠡᠭᠦᠷᠭᠡᠯᠡᠵᠦ ᠪᠠᠶᠢᠭᠰᠠᠨ ᠣᠶ ᠰᠢᠭᠤᠢ ᠣᠲᠣ ᠠᠮᠤᠷᠵᠢᠨ ᠲᠡᠩᠬᠡᠷᠡᠬᠦ ᠴᠠᠭ ᠪᠣᠯᠵᠠᠢ᠃ ᠲᠡᠭᠡᠪᠡᠯ ᠮᠣᠳᠣ ᠣᠭᠲᠣᠯᠬᠤ ᠦᠭᠡᠢ ᠪᠠᠷ ᠶᠠᠭᠠᠬᠢᠵᠤ ᠠᠮᠢᠳᠤᠷᠠᠬᠤ ᠪᠤᠢ︖
ᠲᠡᠷᠡ ᠪᠠᠷ ᠰᠦᠬᠡ ᠬᠢᠷᠦᠭᠡ ᠪᠠᠨ ᠲᠠᠯᠪᠢᠵᠤ ︽ᠣᠢ ᠰᠢᠭᠤᠢ ᠶᠢᠨ ᠬᠠᠮᠠᠭᠠᠯᠠᠭᠴᠢ︾ ᠪᠣᠯᠣᠨ ᠬᠤᠪᠢᠷᠠᠪᠠ᠃ ︽ᠡᠳᠦᠷ ᠪᠦᠷᠢ ᠠᠭᠤᠯᠠᠨ ᠳᠤ ᠭᠠᠷᠴᠤ ᠲᠣᠭᠤᠷᠢᠨ ᠬᠠᠮᠠᠭᠠᠯᠠᠵᠤ᠂ ᠣᠢ ᠮᠣᠳᠣ ᠡᠪᠳᠡᠭᠳᠡᠭᠰᠡᠨ ᠡᠰᠡᠬᠦ᠂ ᠬᠡᠭᠡᠷ᠎ᠡ ᠶᠢᠨ ᠠᠮᠢᠲᠠᠨ ᠰᠢᠷᠬᠠᠲᠤᠭᠰᠠᠨ ᠡᠰᠡᠬᠦ᠂ ᠣᠢ ᠰᠢᠭᠤᠢ ᠶᠢᠨ ᠡᠪᠡᠳᠴᠢᠨ ᠬᠤᠷᠣᠬᠠᠢ ᠶᠢᠨ ᠭᠠᠮᠰᠢᠭ ᠭᠠᠷᠤᠭᠰᠠᠨ ᠡᠰᠡᠬᠦ ᠵᠡᠷᠭᠡ ᠪᠠᠶᠢᠳᠠᠯ ᠢ ᠦᠵᠡᠨ᠎ᠡ᠃ ᠡᠨᠡ ᠣᠢ ᠶᠢ ᠪᠢᠳᠡᠨ ᠠᠴᠠ ᠢᠯᠡᠭᠦᠦ ᠣᠶᠢᠯᠠᠭᠠᠬᠤ ᠬᠥᠮᠥᠨ ᠦᠭᠡᠢ︾ ᠭᠡᠵᠦ ᠵᠢᠶᠠᠩ ᠵᠢᠶᠠᠨ ᠭᠦᠸᠧ ᠬᠡᠯᠡᠪᠡ᠃
ᠣᠢ ᠰᠢᠭᠤᠢ ᠵᠢᠯ ᠤᠨ ᠳᠥᠷᠪᠡᠨ ᠤᠯᠠᠷᠢᠯ ᠬᠥᠮᠥᠨ ᠠᠴᠠ ᠰᠠᠯᠵᠤ ᠴᠢᠳᠠᠬᠤ ᠦᠭᠡᠢ᠂ ᠵᠢᠶᠠᠩ ᠵᠢᠶᠠᠨ ᠭᠦᠸᠧ ᠴᠤ ᠵᠢᠯ ᠤᠨ ᠳᠥᠷᠪᠡᠨ ᠤᠯᠠᠷᠢᠯ ᠣᠢ ᠰᠢᠭᠤᠢ ᠳᠤ ᠠᠵᠢᠯᠯᠠᠨ᠎ᠠ᠃ ᠡᠬᠡᠨᠡᠷ ᠨᠢ ᠮᠡᠰᠡ ᠵᠠᠰᠠᠯ ᠬᠢᠵᠦ᠂ ᠥᠬᠢᠨ ᠨᠢ ᠬᠤᠷᠢᠮᠯᠠᠵᠤ᠂ ᠬᠦᠦ ᠲᠦᠷᠦᠭᠦ ᠳᠤ᠂ ᠲᠡᠷᠡ ᠪᠦᠷ ᠣᠢ ᠶᠢᠨ ᠭᠦᠨ ᠳᠤ ᠪᠠᠶᠢᠯ᠎ᠠ᠃ ᠨᠢᠳᠦ ᠢᠷᠮᠡᠬᠦ ᠶᠢᠨ ᠵᠠᠭᠤᠷ᠎ᠠ 40 ᠰᠢᠬᠠᠮ ᠵᠢᠯ ᠪᠣᠯᠣᠯ᠎ᠠ᠃
︽ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠪᠢ ᠬᠥᠭᠰᠢᠨ ᠢᠶᠠᠨ ᠳᠠᠭᠠᠭᠤᠯᠤᠨ ᠲᠢᠶᠠᠨ ᠠᠨ ᠮᠧᠨ ᠠᠰᠠᠷ᠂ ᠳᠠᠯᠠᠢ ᠲᠠᠩᠭᠢᠰ᠂ ᠡᠬᠡ ᠤᠯᠤᠰ ᠤᠨ ᠢᠶᠠᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠦᠵᠡᠬᠦ ᠪᠠᠷ ᠣᠴᠢᠨ᠎ᠠ᠃ ᠥᠬᠢᠨ ᠤ ᠪᠠᠨ ᠠᠵᠢᠯᠯᠠᠵᠤ ᠪᠠᠶᠢᠭ᠎ᠠ ᠬᠤᠲᠠ ᠳᠤ ᠣᠴᠢᠵᠤ ᠵᠢᠭᠡ ᠣᠮᠪᠣᠯᠣ ᠪᠠᠨ ᠬᠠᠷᠠᠨ᠎ᠠ︾ ᠭᠡᠵᠦ ᠵᠢᠶᠠᠩ ᠵᠢᠶᠠᠨ ᠭᠦᠸᠧ ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠠᠵᠢᠯ ᠠᠴᠠ ᠪᠠᠨ ᠠᠮᠠᠷᠠᠭᠰᠠᠨ ᠤ ᠳᠠᠷᠠᠭᠠᠬᠢ ᠠᠮᠢᠳᠤᠷᠠᠯ ᠢᠶᠠᠨ ᠬᠦᠰᠡᠨ ᠮᠥᠷᠥᠭᠡᠳᠴᠦ ᠪᠠᠶᠢᠭ᠎ᠠ ᠴᠤ ᠤᠢ ᠰᠢᠭᠤᠢ ᠲᠠᠢ ᠬᠠᠮᠲᠤ ᠪᠠᠶᠢᠬᠤ ᠳᠡᠮᠡᠢ ᠬᠡᠳᠦᠨ ᠡᠳᠦᠷ ᠬᠤᠨᠤᠭ ᠢᠶᠠᠨ ᠨᠡᠩ ᠨᠠᠨᠳᠢᠩᠨᠠᠨ᠎ᠠ᠃
ᠵᠢᠶᠠᠩ ᠵᠢᠶᠠᠨ ᠭᠦᠸᠧ ᠶᠢᠨ ᠪᠡᠶ᠎ᠡ ᠳᠡᠭᠡᠷ᠎ᠡ ᠠᠴᠠ ᠶᠡᠭᠡ ᠬᠢᠩᠭᠠᠨ ᠳᠠᠪᠠᠭ᠎ᠠ ᠶᠢᠨ ᠪᠠᠷ᠎ᠠ ᠰᠡᠭᠦᠳᠡᠷ ᠢ ᠣᠯᠵᠤ ᠬᠠᠷᠠᠭᠰᠠᠨ ᠰᠢᠭ᠋ ᠪᠣᠯᠣᠯ᠎ᠠ᠂ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠪᠠ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠳᠤ ᠴᠥᠮ ᠴᠢᠳᠠᠯ ᠤᠨ ᠬᠢᠷᠢ ᠪᠠᠷ ᠢᠶᠠᠨ ᠬᠤᠪᠢ ᠨᠡᠮᠡᠷᠢ ᠦᠵᠡᠭᠦᠯᠵᠦ ᠪᠠᠶᠢᠨ᠎ᠠ᠃
ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠭᠦᠷᠲᠡᠯ᠎ᠡ ᠡᠶ᠎ᠡ ᠵᠣᠬᠢᠴᠠᠩᠭᠤᠢ ᠬᠠᠮᠲᠤ ᠣᠷᠣᠰᠢᠬᠤ ᠳᠠᠪᠠᠯᠲᠠ ᠶᠢ ᠪᠡᠶᠡᠯᠡᠭᠦᠯᠪᠡ
ᠠᠵᠢᠯᠯᠠᠬᠤ ᠭᠠᠵᠠᠷ ᠠᠴᠠ ᠨᠢ 50 ᠭᠠᠷᠤᠢ ᠺᠢᠯᠣᠮᠧᠲᠷ ᠵᠠᠶᠢᠲᠠᠢ ᠭᠠᠵᠠᠷ ᠲᠤ ︽ᠮᠣᠳᠣ ᠣᠭᠲᠣᠯᠬᠤ ᠪᠠᠨ ᠵᠤᠬᠰᠤᠬᠤ ᠲᠤᠩᠬᠠᠭ︾ ᠤᠨ ᠳᠤᠷᠠᠰᠬᠠᠯ ᠤᠨ ᠮᠣᠳᠣᠨ ᠲᠠᠪᠴᠠᠩ ᠤᠢ ᠶᠢᠨ ᠳᠤᠮᠳᠠ ᠨᠠᠮ ᠵᠢᠮ ᠰᠦᠨᠳᠡᠷᠯᠡᠨ᠎ᠡ᠃ ᠣᠯᠠᠨ ᠵᠢᠯ ᠤᠨ ᠲᠤᠷᠰᠢ᠂ ᠵᠢᠶᠠᠩ ᠵᠢᠶᠠᠨ ᠭᠦᠸᠧ ᠦᠷᠭᠦᠯᠵᠢ ᠠᠳᠡ ᠢᠷᠡᠵᠦ ᠲᠣᠭᠤᠷᠢᠳᠠᠭ᠃
ᠪᠦᠷᠢᠳᠬᠡᠯ ᠢ ᠦᠨᠳᠦᠰᠦᠯᠡᠪᠡᠯ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠣᠭᠲᠣᠯᠬᠤ ᠶᠢ ᠵᠣᠭᠰᠣᠭᠠᠭᠰᠠᠨ 10 ᠵᠢᠯ ᠤᠨ ᠬᠤᠭᠤᠴᠠᠭᠠᠨ ᠳᠤ ᠣᠶ ᠰᠢᠭᠤᠢ ᠶᠢᠨ ᠬᠠᠳᠠᠭᠠᠯᠠᠭᠳᠠᠴᠠ 8.03 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠪᠠᠨ ᠨᠡᠮᠡᠭᠳᠡᠭᠡᠳ 10.29 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠣᠯᠵᠤ᠂ ᠠᠷᠪᠠᠨ ᠤ ᠭᠤᠷᠪᠠᠨ ᠬᠤᠪᠢ ᠰᠢᠬᠠᠮ ᠨᠡᠮᠡᠭᠳᠡᠵᠡᠢ᠃ ᠬᠡᠭᠡᠷ᠎ᠡ ᠶᠢᠨ ᠤᠷᠭᠤᠮᠠᠯ 1848 ᠵᠦᠢᠯ ᠪᠠᠶᠢᠭᠰᠠᠨ ᠠᠴᠠ ᠪᠠᠨ ᠨᠡᠮᠡᠭᠳᠡᠭᠡᠳ 1937 ᠵᠦᠢᠯ ᠪᠣᠯᠵᠤ᠂ ᠬᠡᠭᠡᠷ᠎ᠡ ᠶᠢᠨ ᠠᠮᠢᠲᠠᠨ 390 ᠵᠦᠢᠯ ᠪᠠᠶᠢᠭᠰᠠᠨ ᠠᠴᠠ ᠪᠠᠨ ᠨᠡᠮᠡᠭᠳᠡᠭᠡᠳ 439 ᠵᠦᠢᠯ ᠪᠣᠯᠵᠠᠢ᠃
︽ᠥᠩᠭᠡᠷᠡᠭᠰᠡᠨ ᠳᠤ ᠮᠣᠳᠣᠨ ᠮᠠᠲ᠋ᠧᠷᠢᠶᠠᠯ ᠴᠢᠷᠴᠦ ᠪᠠᠶᠢᠭᠰᠠᠨ ᠵᠥᠷᠢᠭ ᠵᠠᠮ ᠳᠤ ᠤᠳᠤ ᠵᠢᠵᠢᠭ ᠮᠣᠳᠣ ᠤᠷᠭᠤᠵᠤ᠂ ᠨᠢᠭᠡᠨᠲᠡ ᠬᠥᠮᠥᠨ ᠤ ᠬᠢᠷᠢ ᠥᠨᠳᠥᠷ ᠪᠣᠯᠵᠤ᠂ ᠵᠠᠮ ᠢ ᠪᠦᠷ ᠪᠥᠭᠯᠡᠪᠡ᠃ ᠬᠠᠳᠠᠵᠤ ᠰᠢᠷᠭᠢᠭᠰᠡᠨ ᠭᠤᠣᠯ ᠮᠥᠷᠡᠨ ᠳᠤ ᠤᠰᠤ ᠲᠠᠢ ᠪᠣᠯᠵᠤ᠂ ᠥᠩᠭᠡᠷᠡᠭᠰᠡᠨ ᠳᠤ ᠦᠵᠡᠭᠳᠡᠬᠦ ᠪᠠᠨ ᠪᠣᠯᠢᠭᠰᠠᠨ ᠪᠣᠷᠣ ᠭᠥᠷᠥᠭᠡᠰᠦ᠂ ᠬᠡᠭᠡᠷ᠎ᠡ ᠶᠢᠨ ᠲᠠᠤᠯᠠᠢ᠂ ᠪᠠᠭᠠᠪᠠᠭᠠᠢ ᠵᠡᠷᠭᠡ ᠬᠡᠭᠡᠷ᠎ᠡ ᠶᠢᠨ ᠠᠮᠢᠲᠠᠨ ᠴᠤ ᠪᠤᠴᠠᠵᠤ ᠢᠷᠡᠵᠡᠶ᠃ ᠠᠭᠤᠯᠠ ᠲᠦᠰᠢᠨ ᠠᠮᠢᠳᠤᠷᠠᠵᠤ ᠪᠠᠶᠢᠭᠰᠠᠨ ᠠᠴᠠ ᠠᠭᠤᠯᠠ ᠠᠷᠠᠴᠢᠯᠠᠵᠤ ᠠᠭᠤᠯᠠ ᠬᠠᠮᠠᠭᠠᠯᠠᠬᠤ ᠭᠦᠷᠲᠡᠯ᠎ᠡ᠂ ᠮᠣᠳᠣ ᠣᠭᠲᠣᠯᠬᠤ ᠠᠴᠠ ᠤᠢ ᠰᠢᠭᠤᠢ ᠰᠠᠬᠢᠭᠴᠢ ᠭᠦᠷᠲᠡᠯ᠎ᠡ᠂ ᠵᠢᠶᠠᠩ ᠵᠢᠶᠠᠨ ᠭᠦᠸᠧ ᠡᠨᠡ ᠬᠦ ᠠᠭᠤᠯᠠᠨ ᠤᠢ ᠶᠢᠨ ᠬᠤᠪᠢᠷᠠᠯᠲᠠ ᠶᠢ ᠪᠡᠶ᠎ᠡ ᠪᠠᠷ ᠢᠶᠠᠨ ᠥᠩᠭᠡᠷᠡᠭᠦᠯᠦᠭᠰᠡᠨ ᠪᠥᠭᠡᠳ ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠢᠶᠠᠷ ᠭᠤᠣᠯ ᠪᠤᠯᠭᠠᠵᠤ ᠪᠠᠶᠢᠭᠰᠠᠨ ᠠᠴᠠ ᠪᠠᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠪᠣᠯᠤᠭᠰᠠᠨ ᠴᠠᠭ ᠦᠶ᠎ᠡ ᠶᠢᠨ ᠳᠠᠪᠠᠯᠲᠠ ᠶᠢ ᠭᠡᠷᠡᠴᠢᠯᠡᠪᠡ᠃
1952 ᠣᠨ ᠳᠤ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠥᠰᠢᠭᠡ ᠪᠠᠨ ᠰᠡᠬᠦᠪᠡ᠃ 2015 ᠣᠨ ᠳᠤ ᠮᠣᠳᠣ ᠣᠭᠲᠣᠯᠬᠤ ᠶᠢ ᠪᠦᠭᠦ ᠲᠠᠯ᠎ᠠ ᠪᠠᠷ ᠵᠣᠭᠰᠤᠭᠠᠬᠤ ᠪᠤᠯᠳᠠᠯ᠎ᠠ᠂ ᠤᠯᠤᠰ ᠲᠤ 2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠴᠢᠨᠠᠷ ᠰᠠᠶᠢᠲᠠᠢ ᠮᠣᠳᠣᠨ ᠮᠠᠲ᠋ᠧᠷᠢᠶᠠᠯ ᠪᠣᠯᠣᠨ ᠶᠡᠭᠡ ᠬᠡᠮᠵᠢᠶᠡᠨ ᠤ ᠣᠶ ᠶᠢᠨ ᠠᠵᠤ ᠠᠬᠤᠢ ᠶᠢᠨ ᠳᠠᠭᠠᠯᠲᠠ ᠪᠦᠲᠦᠭᠡᠭᠳᠡᠬᠦᠨ ᠢ ᠬᠠᠩᠭᠠᠵᠤ᠂ ᠰᠢᠭᠤᠳ ᠳᠡᠭᠡᠭᠰᠢ ᠪᠠᠨ ᠲᠤᠰᠢᠶᠠᠭᠰᠠᠨ ᠠᠰᠢᠭ ᠭᠠᠶᠢᠯᠢ ᠨᠢ 200 ᠭᠠᠷᠤᠢ ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠪᠡ᠃
ᠲᠡᠷᠡ ᠦᠶ᠎ᠡ ᠳᠤ ᠬᠡᠳᠦᠶᠢᠪᠡᠷ ᠭᠤᠣᠯ ᠠᠵᠢᠯ ᠨᠢ ᠨᠡᠭᠡᠭᠡᠨ ᠬᠥᠭᠵᠢᠭᠦᠯᠦᠯᠲᠡ ᠪᠠᠶᠢᠭᠰᠠᠨ ᠴᠤ᠂ ᠤᠢ ᠰᠢᠭᠤᠢ ᠶᠢᠨ ᠠᠵᠢᠯᠲᠠᠳ ᠡᠬᠡ ᠤᠯᠤᠰ ᠤᠨ ᠤᠮᠠᠷᠠᠲᠤ ᠬᠡᠰᠡᠭ ᠲᠤ ᠪᠠᠶᠢᠷᠢᠯᠠᠵᠤ ᠪᠠᠶᠢᠭ᠎ᠠ ᠡᠨᠡ ᠬᠦ ᠤᠢ ᠰᠢᠭᠤᠢ ᠶᠢᠨ ᠴᠢᠬᠤᠯᠠ ᠠᠮᠢ ᠠᠬᠤᠢ ᠶᠢᠨ ᠦᠨ᠎ᠡ ᠦᠷᠳᠡᠭ ᠢ ᠭᠦᠨ ᠣᠶᠢᠯᠠᠭᠠᠵᠤ ᠪᠠᠶᠢᠪᠠ᠃ 20 ᠳ᠋ᠤᠭᠠᠷ ᠵᠠᠭᠤᠨ ᠤ ᠵᠢᠷᠠᠭᠠᠳ ᠣᠨ ᠠᠴᠠ ᠡᠬᠢᠯᠡᠨ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠳᠠᠷᠤᠢ ᠣᠭᠲᠣᠯᠬᠤ ᠶᠢᠨ ᠳᠠᠭᠠᠤ ᠲᠠᠷᠢᠬᠤ᠂ ᠣᠭᠲᠣᠯᠬᠤ ᠲᠠᠷᠢᠬᠤ ᠶᠢ ᠤᠶᠠᠯᠳᠤᠭᠤᠯᠵᠤ ᠡᠬᠢᠯᠡᠭᠦᠯᠦᠭᠰᠡᠨ ᠪᠠᠶᠢᠨ᠎ᠠ᠃ 1998 ᠣᠨ ᠳᠤ ᠪᠠᠶᠢᠭᠠᠯᠢ ᠶᠢᠨ ᠤᠢ ᠶᠢ ᠬᠠᠮᠠᠭᠠᠯᠠᠬᠤ ᠢᠨᠵᠧᠨᠧᠷᠢᠩ ᠢ ᠵᠢᠩᠬᠢᠨᠢ ᠪᠠᠷ ᠬᠡᠷᠡᠭᠵᠢᠭᠦᠯᠵᠦ᠂ ᠰᠢᠭᠤᠶᠢᠲᠤ ᠣᠷᠣᠨ ᠮᠣᠳᠣᠨ ᠮᠠᠲ᠋ᠧᠷᠢᠶᠠᠯ ᠤᠨ ᠭᠠᠷᠤᠯᠲᠠ ᠶᠢ ᠲᠣᠬᠢᠷᠠᠭᠤᠯᠤᠨ ᠪᠠᠭᠠᠰᠬᠠᠬᠤ ᠶᠢ ᠡᠷᠡᠰ ᠨᠠᠶᠢᠳᠠᠪᠤᠷᠢᠵᠢᠭᠤᠯᠵᠤ᠂ 2015 ᠣᠨ ᠪᠤᠯᠬᠤ ᠳᠤ ᠣᠭᠲᠣᠯᠬᠤ ᠶᠢ ᠪᠦᠭᠦ ᠲᠠᠯ᠎ᠠ ᠪᠠᠷ ᠵᠣᠭᠰᠣᠭᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠡᠷᠡᠭᠡᠯᠵᠡᠯ ᠦᠭᠡᠢ ᠡᠭᠦᠷᠭᠡᠯᠡᠪᠡ᠃
ᠮᠣᠳᠣᠨ ᠮᠠᠲ᠋ᠧᠷᠢᠶᠠᠯ ᠤᠨ ᠦᠢᠯᠡᠳᠪᠦᠷᠢᠯᠡᠯ ᠠᠴᠠ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠭᠦᠷᠲᠡᠯ᠎ᠡ᠂ ᠠᠳᠠᠯᠢ ᠪᠤᠰᠤ ᠰᠣᠩᠭᠤᠯᠲᠠ ᠨᠢ ᠠᠳᠠᠯᠢᠬᠠᠨ ᠦᠨᠡᠨᠴᠢ ᠰᠢᠳᠤᠷᠭᠤ ᠡᠭᠦᠷᠭᠡᠯᠡᠯ ᠲᠠᠢ ᠪᠠᠶᠢᠨ᠎ᠠ᠃
ᠣᠭᠲᠣᠯᠬᠤ ᠶᠢ ᠵᠣᠭᠰᠣᠭᠠᠭᠰᠠᠨ ᠤ ᠳᠠᠷᠠᠭᠠᠬᠢ ᠨᠢᠭᠡᠳᠦᠭᠡᠷ ᠶᠠᠪᠤᠳᠠᠯ ᠪᠣᠯ ᠰᠢᠭᠤᠶᠢᠲᠤ ᠣᠷᠣᠨ ᠤ ᠣᠶ ᠰᠢᠭᠤᠢ᠂ ᠨᠤᠭᠤ ᠭᠠᠵᠠᠷ᠂ ᠬᠡᠭᠡᠷ᠎ᠡ ᠶᠢᠨ ᠠᠮᠢᠲᠠᠨ ᠤᠷᠭᠤᠮᠠᠯ ᠵᠡᠷᠭᠡ ᠡᠯ᠎ᠡ ᠲᠥᠷᠥᠯ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠶᠠᠪᠤᠳᠠᠯ ᠪᠣᠯᠣᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠪᠠᠷ ᠳᠠᠮᠵᠢᠭᠤᠯᠤᠨ᠂ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠲᠤ ᠣᠷᠣᠨ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠭᠤᠣᠯ ᠣᠷᠣᠨ ᠳᠤ ᠵᠣᠷᠢᠭᠤᠳᠠ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠵᠤ᠂ ᠬᠥᠮᠥᠨ ᠲᠥᠷᠥᠯᠬᠢᠲᠡᠨ ᠤ ᠠᠵᠢᠯᠯᠠᠭ᠎ᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠬᠠᠷᠰᠢᠯᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠣᠳᠣᠬᠠᠨ ᠪᠤᠯᠲᠠᠯ᠎ᠠ᠂ ᠰᠢᠭᠤᠶᠢᠲᠤ ᠣᠷᠣᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠣᠶ ᠰᠢᠭᠤᠢ ᠶᠢᠨ ᠴᠡᠴᠡᠷᠯᠢᠭ᠂ ᠨᠤᠭᠤ ᠭᠠᠵᠠᠷ ᠤᠨ ᠴᠡᠴᠡᠷᠯᠢᠭ ᠵᠡᠷᠭᠡ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠶᠡᠷᠦᠩᠬᠡᠢ ᠲᠠᠯᠠᠪᠠᠶ ᠨᠢ 195.46 ᠲᠦᠮᠡᠨ ᠾᠧᠺᠲ᠋ᠠᠷ ᠪᠠᠶᠢᠵᠤ᠂ ᠠᠮᠢ ᠠᠬᠤᠢ ᠶᠢᠨ ᠴᠢᠳᠠᠮᠵᠢᠲᠤ ᠣᠷᠣᠨ ᠤ ᠶᠡᠷᠦᠩᠬᠡᠢ ᠲᠠᠯᠠᠪᠠᠶ ᠶᠢᠨ 18.3% ᠶᠢ ᠡᠵᠡᠯᠡᠵᠦ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃
ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠢ ᠬᠠᠮᠠᠭᠠᠯᠠᠨ ᠬᠠᠮᠢᠶᠠᠷᠬᠤ ᠶᠠᠪᠤᠴᠠ ᠳᠤ ᠰᠢᠭᠤᠶᠢᠲᠤ ᠣᠷᠣᠨ ᠨᠢ ᠠᠮᠢ ᠠᠬᠤᠢ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠣᠶ ᠰᠢᠭᠤᠢ ᠶᠢᠨ ᠭᠦᠪᠡᠭᠡ ᠵᠠᠬ᠎ᠠ ᠶᠢ ᠬᠤᠶᠢᠰᠢ ᠤᠬᠤᠷᠢᠭᠤᠯᠬᠤ ᠦᠭᠡᠢ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠣᠶ ᠰᠢᠭᠤᠢ ᠶᠢᠨ ᠦᠷᠭᠦᠯᠵᠢᠯᠡᠬᠦ ᠡᠵᠡᠩᠨᠡᠯᠲᠡ ᠶᠢᠨ ᠲᠤᠷᠰᠢᠯᠲᠠ ᠶᠢᠨ ᠴᠡᠭ ᠢ ᠤᠷᠢᠳ ᠢᠶᠠᠷ ᠲᠤᠷᠰᠢᠨ ᠬᠡᠷᠡᠭᠵᠢᠭᠦᠯᠵᠦ᠂ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ ᠰᠡᠷᠭᠦᠭᠡᠬᠦ ᠪᠠᠷ ᠳᠠᠮᠵᠢᠭᠤᠯᠤᠨ᠂ ᠣᠶ ᠰᠢᠭᠤᠢ ᠶᠢᠨ ᠦᠷᠭᠦᠯᠵᠢᠯᠡᠨ ᠤᠷᠭᠤᠬᠤ ᠶᠢ ᠪᠡᠶᠡᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠤᠯᠤᠰ ᠠᠴᠠ ᠪᠦᠭᠦ ᠲᠠᠯ᠎ᠠ ᠪᠠᠷ ᠳᠡᠯᠭᠡᠷᠡᠭᠦᠯᠬᠦ ᠲᠤᠷᠰᠢᠯᠲᠠ ᠶᠢᠨ ᠴᠡᠭ ᠤᠨ ᠵᠠᠭᠪᠤᠷ ᠲᠤ ᠲᠤᠷᠰᠢᠯᠭ᠎ᠠ ᠬᠠᠩᠭᠠᠪᠠ᠃
ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠨᠢ ᠭᠤᠣᠯ ᠬᠠᠷᠢᠭᠤᠴᠠᠯᠭ᠎ᠠ ᠭᠤᠣᠯ ᠠᠵᠢᠯ ᠪᠣᠯᠵᠤ᠂ ᠤᠢ ᠰᠢᠭᠤᠢ ᠶᠢᠨ ᠲᠦᠭ ᠲᠦᠮᠡᠨ ᠠᠵᠢᠯᠴᠢᠨ ᠰᠢᠭᠤᠶᠢᠲᠤ ᠣᠷᠣᠨ ᠤ ᠡᠯ᠎ᠡ ᠥᠨᠴᠥᠭ ᠪᠤᠯᠤᠩ ᠳᠤ ᠢᠷᠡᠵᠤ᠂ ᠤᠢ ᠰᠢᠭᠤᠢ ᠶᠢᠨ ᠲᠤᠰᠬᠠᠢ ᠰᠠᠬᠢᠨ ᠬᠠᠮᠠᠭᠠᠯᠠᠭᠴᠢ ᠪᠣᠯᠤᠭᠰᠠᠨ ᠪᠠᠶᠢᠨ᠎ᠠ᠃
︽ᠪᠢᠳᠡ ᠲᠤᠰᠬᠠᠢ ᠬᠠᠮᠢᠶᠠᠷᠴᠤ ᠬᠠᠮᠠᠭᠠᠯᠠᠬᠤ ᠡᠩᠨᠡᠭᠡ ᠶᠢ ᠪᠠᠶᠢᠭᠤᠯᠵᠤ᠂ ᠣᠶ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ᠂ ᠣᠶ ᠰᠢᠭᠤᠢ ᠶᠢᠨ ᠲᠠᠯᠠᠪᠠᠶ᠂ ᠬᠠᠮᠢᠶᠠᠷᠴᠤ ᠬᠠᠮᠠᠭᠠᠯᠠᠬᠤ ᠥᠷᠲᠡᠭᠡ ᠵᠡᠷᠭᠡ ᠭᠤᠷᠪᠠᠨ ᠱᠠᠲᠤᠨ ᠤ ᠬᠠᠮᠢᠶᠠᠷᠴᠤ ᠬᠠᠮᠠᠭᠠᠯᠠᠬᠤ ᠰᠢᠰᠲ᠋ᠧᠮ ᠢ ᠪᠦᠷᠢᠯᠳᠦᠭᠦᠯᠵᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ ᠣᠶ ᠰᠢᠭᠤᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠢ ᠱᠠᠲᠤ ᠱᠠᠲᠤ ᠪᠠᠷ ᠲᠣᠭᠲᠠᠪᠠ︾᠃ ᠥᠪᠥᠷ ᠮᠣᠩᠭᠤᠯ ᠤᠨ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠡᠯᠲᠡᠰ ᠤᠨ ᠳᠡᠳ᠋ ᠳᠠᠷᠤᠭ᠎ᠠ ᠸᠠᠩ ᠸᠧᠢ ᠳ᠋ᠡ᠂ 2024 ᠣᠨ ᠤ ᠡᠴᠦᠰ ᠪᠤᠯᠲᠠᠯ᠎ᠠ᠂ ᠰᠢᠭᠤᠶᠢᠲᠤ ᠣᠷᠣᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠭᠰᠠᠨ ᠣᠶᠢᠲᠤ ᠭᠠᠵᠠᠷ ᠤᠨ ᠲᠠᠯᠠᠪᠠᠶ 14298.01 ᠲᠦᠮᠡᠨ ᠮᠦ ᠳᠤ ᠬᠦᠷᠴᠦ᠂ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠨᠣᠷᠮ᠎ᠠ100% ᠳᠤ ᠬᠦᠷᠴᠡᠢ ᠭᠡᠪᠡ᠃
ᠠᠮᠢ ᠠᠬᠤᠢ ᠶᠢᠨ ᠡᠬᠢ ᠪᠠᠶᠠᠯᠢᠭ ᠠᠴᠠ ᠠᠵᠤ ᠠᠬᠤᠢ ᠶᠢᠨ ᠥᠷᠲᠡᠭ ᠭᠦᠷᠲᠡᠯ᠎ᠡ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ︽ᠨᠣᠭᠤᠭᠠᠷᠠᠭᠤᠯᠤᠯᠲᠠ ᠳᠤ ᠲᠦᠰᠢᠭᠯᠡᠨ ᠦᠨ᠎ᠡ ᠦᠷᠲᠡᠭ ᠡᠭᠦᠳᠪᠡ︾
︽ᠮᠣᠳᠣ ᠣᠭᠲᠣᠯᠬᠤ ᠦᠭᠡᠢ ᠪᠣᠯ ᠶᠠᠭᠠᠬᠢᠵᠤ ᠠᠮᠢᠳᠤᠷᠠᠬᠤ ᠪᠤᠢ︖︾ 2015 ᠣᠨ ᠳᠤ ᠮᠣᠳᠣ ᠣᠭᠲᠣᠯᠬᠤ ᠶᠢ ᠪᠦᠭᠦ ᠲᠠᠯ᠎ᠠ ᠪᠠᠷ ᠵᠣᠭᠰᠣᠭᠠᠭᠰᠠᠨ ᠤ ᠲᠠᠷᠠᠭ᠎ᠠ᠂ ᠵᠣᠪᠠᠨᠢᠵᠤ ᠪᠠᠶᠢᠭᠰᠠᠨ ᠢᠶᠠᠨ ᠤᠬᠳᠤ ᠮᠠᠷᠲᠠᠭ᠎ᠠ ᠦᠭᠡᠢ᠃
ᠤᠤᠯ ᠤᠨ 517 ᠠᠵᠢᠯᠴᠢᠨ ᠤ ᠠᠩᠭᠢ ᠶᠢᠨ ᠳᠠᠷᠤᠭ᠎ᠠ ᠪᠣᠯᠤᠭᠰᠠᠨ ᠤ ᠬᠤᠪᠢ ᠳᠤ ᠳ᠋ᠦᠩ ᠶᠦᠩ ᠱᠧᠩ ᠲᠦᠷᠦᠭᠦᠯᠡᠨ ᠭᠠᠷᠬᠤ ᠵᠠᠮ ᠡᠷᠢᠪᠡ᠃ ᠠᠮᠢᠳᠤᠷᠠᠯ ᠤᠨ ᠲᠣᠭᠤᠷᠢᠭ ᠤᠨ ᠤᠤᠯ ᠤᠨ ᠮᠠᠶᠢᠬᠠᠨ ᠢ ᠲᠠᠰ ᠳᠡᠪᠰᠢᠭᠦᠯᠦᠨ ᠥᠭᠡᠷᠡᠴᠢᠯᠡᠵᠦ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠰᠡᠯᠡᠭᠦᠴᠡᠨ ᠠᠮᠠᠷᠠᠬᠤ᠂ ᠵᠢᠭᠤᠯᠴᠢᠯᠠᠨ ᠲᠣᠭᠤᠷᠢᠬᠤ ᠶᠢ ᠨᠢᠭᠡ ᠴᠣᠭᠴᠠᠵᠢᠭᠤᠯᠤᠭᠰᠠᠨ ᠣᠶ ᠰᠢᠭᠤᠢ ᠶᠢᠨ ᠠᠮᠢ ᠠᠬᠤᠢ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠭᠦ ᠴᠡᠭ ᠢ ᠪᠠᠶᠢᠭᠤᠯᠪᠠ᠃ ᠣᠯᠠᠨ ᠵᠢᠯ ᠤᠨ ᠲᠤᠷᠰᠢ ᠵᠢᠭᠤᠯᠴᠢᠯᠠᠬᠰᠠᠳ ᠢ ᠨᠡᠶᠢᠲᠡ 10 ᠲᠦᠮᠡ ᠭᠠᠷᠤᠢ ᠬᠥᠮᠥᠨ ᠤᠳᠠᠭ᠎ᠠ ᠭᠥᠯᠢᠶᠡᠨ ᠠᠪᠴᠤ᠂ 100 ᠭᠠᠷᠤᠢ ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠵᠢᠭᠤᠯᠴᠢᠯᠠᠯ ᠤᠨ ᠤᠯᠠᠷᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠣᠷᠣᠯᠭ᠎ᠠ 3000 ᠲᠥᠭᠦᠷᠢᠭ ᠨᠡᠮᠡᠭᠳᠡᠪᠡ᠃ ᠥᠩᠭᠡᠷᠡᠭᠰᠡᠨ ᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ 517 ᠠᠵᠢᠯᠴᠢᠨ ᠤ ᠠᠩᠭᠢ ᠨᠢ ᠭᠡᠭᠡᠨ ᠭᠤᠣᠯ ᠤᠢ ᠰᠢᠭᠤᠢ ᠶᠢᠨ ᠠᠵᠤ ᠦᠢᠯᠡᠳᠪᠦᠷᠢ ᠶᠢᠨ ᠺᠤᠮᠫᠠᠨᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠬᠠᠩᠭᠢᠨᠠᠮ᠎ᠠ ᠨᠡᠷ᠎ᠡ ᠶᠢᠨ ᠬᠠᠭᠤᠳᠠᠰᠤ ᠪᠣᠯᠪᠠ᠃
ᠮᠣᠳᠣ ᠣᠭᠲᠣᠯᠵᠤ ᠮᠣᠳᠣᠨ ᠮᠠᠲ᠋ᠧᠷᠢᠶᠠᠯ ᠬᠤᠳᠠᠯᠳᠤᠵᠤ ᠪᠠᠶᠢᠭᠰᠠᠨ ᠠᠴᠠ ᠮᠣᠳᠣ ᠲᠠᠷᠢᠵᠤ ᠤᠢ ᠰᠢᠭᠤᠢ ᠶᠢ ᠬᠠᠮᠠᠭᠠᠯᠠᠬᠤ ᠭᠦᠷᠲᠡᠯ᠎ᠡ᠂ ︽ᠰᠦᠬᠡ ᠪᠠᠨ ᠡᠯᠭᠦᠨ ᠬᠢᠷᠦᠭᠡ ᠪᠠᠨ ᠠᠮᠠᠷᠠᠭᠤᠯᠤᠭᠰᠠᠨ︾ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠬᠦᠴᠢᠷᠳᠡᠯ ᠪᠣᠯ ᠵᠣᠭᠤᠰ ᠬᠠᠮᠢᠭ᠎ᠠ ᠠᠴᠠ ᠣᠯᠬᠤ᠂ ᠬᠥᠮᠥᠨ ᠬᠠᠮᠢᠭᠠᠰᠢ ᠪᠠᠨ ᠶᠠᠪᠤᠬᠤ ᠶᠠᠪᠤᠳᠠᠯ ᠪᠣᠯᠣᠨ᠎ᠠ᠃ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠪᠠᠴᠢᠮ ᠲᠤᠯᠭᠠᠮ ᠪᠠᠶᠢᠵᠤ᠂ ᠭᠡᠯᠪᠡᠷᠢ ᠪᠠᠨ ᠬᠤᠪᠢᠷᠠᠭᠤᠯᠬᠤ ᠶᠢ ᠵᠠᠶᠢᠯᠠᠰᠢ ᠦᠭᠡᠢ ᠱᠠᠭᠠᠷᠳᠠᠨ᠎ᠠ᠃
ᠨᠣᠮᠢᠨ ᠤᠰᠤ ᠬᠥᠬᠡᠮᠳᠦᠭ ᠠᠭᠤᠯᠠ ᠪᠣᠯ ᠲᠡᠷᠡ ᠴᠢᠭ ᠢᠶᠠᠷ ᠢᠶᠠᠨ ᠯᠤᠲᠤ ᠶᠡᠭᠡ ᠡᠷᠳᠡᠨᠢᠰ ᠤᠨ ᠰᠠᠩ ᠪᠠᠶᠢᠵᠤ᠂ ᠬᠢᠵᠠᠭᠠᠯᠠᠰᠢ ᠦᠭᠡᠢ ᠦᠨ᠎ᠡ ᠦᠷᠳᠡᠭ ᠲᠠᠢ ᠪᠠᠶᠢᠳᠠᠭ᠃
ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠣᠶ ᠲᠠᠷᠢᠶ᠎ᠠ᠂ ᠬᠡᠷᠡᠭᠰᠡᠯ ᠤᠨ ᠮᠣᠳᠣ᠂ ᠵᠢᠮᠢᠰᠦᠨ ᠮᠣᠳᠣ᠂ ᠣᠶ ᠶᠢᠨ ᠢᠳᠡᠰᠢᠨ ᠨᠣᠭᠤᠭ᠎ᠠ᠂ ᠣᠶ ᠶᠢᠨ ᠡᠮ᠂ ᠣᠶ ᠶᠢᠨ ᠤᠰᠤ᠂ ᠣᠶ ᠶᠢᠨ ᠮᠥᠭᠦ ᠪᠠᠷ ᠲᠦᠰᠢᠭ ᠪᠤᠯᠭᠠᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠣᠶ ᠰᠢᠭᠤᠢ ᠶᠢᠨ ᠢᠳᠡᠭᠡᠨ ᠤ ᠪᠥᠭᠡᠮᠨᠡᠷᠡᠯ ᠤᠨ ᠣᠷᠣᠨ ᠢ ᠪᠠᠶᠢᠭᠤᠯᠵᠤ᠂ ︽ᠮᠣᠩᠭᠤᠯ ᠬᠢᠲᠠᠳ ᠸᠠᠩ︾᠂ ︽ᠨᠣᠮᠢᠨ ᠠᠭᠤᠯᠠ︾᠂ ︽ᠬᠦᠢᠲᠡᠨ ᠤ ᠡᠬᠢ︾᠂ ︽ᠬᠦᠢᠲᠡᠨ ᠤ ᠲᠤᠶᠢᠯ︾ ᠵᠡᠷᠭᠡ ᠲᠥᠷᠥᠯ ᠲᠡᠮᠳᠡᠭᠲᠦ ᠶᠢ ᠭᠠᠷᠭᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠷᠤᠯᠠᠭᠤᠯᠭ᠎ᠠ ᠶᠢᠨ ᠠᠷᠭ᠎ᠠ ᠵᠠᠮ ᠢ ᠨᠡᠭᠡᠭᠡᠵᠦ᠂ ︽ᠨᠣᠮᠢᠨ ᠤᠰᠤ ᠬᠥᠬᠡᠮᠳᠦᠭ ᠠᠭᠤᠯᠠ︾ ᠶᠢ ︽ᠠᠯᠲᠠᠨ ᠠᠭᠤᠯᠠ ᠮᠥᠩᠭᠦᠨ ᠬᠠᠶᠢᠷᠬᠠᠨ︾ ᠲᠡᠶᠢᠰᠢ ᠬᠤᠪᠢᠷᠠᠭᠤᠯᠬᠤ ᠵᠠᠮ ᠢ ᠨᠡᠪᠲᠡᠷᠡᠭᠦᠯᠪᠡ᠃
2024 ᠣᠨ ᠳᠤ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠰᠢᠭᠤᠶᠢᠲᠤ ᠣᠷᠣᠨ ᠤ ᠣᠶ ᠳᠣᠲᠣᠷᠠᠬᠢ ᠪᠦᠲᠦᠭᠡᠭᠳᠡᠬᠦᠨ ᠤ ᠣᠷᠣᠯᠭ᠎ᠠ 6922 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.7% ᠪᠠᠷ ᠨᠡᠮᠡᠭᠳᠡᠪᠡ᠃ ᠠᠮᠢ ᠠᠬᠤᠢ ᠶᠢᠨ ᠡᠬᠢ ᠪᠠᠶᠠᠯᠢᠭ ᠦᠨᠡᠨ ᠬᠦ ᠪᠣᠬᠢᠷᠳᠤᠯ ᠦᠭᠡᠢ ᠡᠳ᠋ ᠪᠠᠶᠠᠯᠢᠭ ᠪᠣᠯᠪᠠ᠃
ᠣᠢ ᠰᠢᠭᠤᠢ ᠪᠣᠯ ᠤᠰᠤᠨ ᠴᠥᠭᠦᠷᠥᠮ᠂ ᠵᠣᠭᠤᠰ ᠤᠨ ᠬᠥᠮᠥᠷᠭᠡ᠂ ᠠᠮᠤ ᠪᠤᠳᠠᠭᠠᠨ ᠤ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ᠮᠥᠨ᠃ ᠪᠦᠭᠦ ᠤᠯᠤᠰ ᠤᠨ ᠬᠠᠮᠤᠭ ᠤᠨ ᠶᠡᠭᠡ ᠭᠤᠣᠯᠳᠠᠯᠭ᠎ᠠ ᠲᠠᠢ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ ᠶᠢᠨ ᠬᠠᠳᠠᠭᠠᠯᠠᠵᠤ ᠪᠠᠶᠢᠭ᠎ᠠ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠶᠡᠷᠦᠩᠬᠡᠢ ᠬᠡᠮᠵᠢᠶ᠎ᠡ ᠶᠢ 17.2 ᠳ᠋ᠦᠩᠰᠢᠭᠤᠷ ᠲᠣᠨ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠶᠢ ᠬᠥᠭᠵᠢᠭᠦᠯᠬᠦ ᠳᠠᠪᠠᠭᠤᠯᠢᠭ ᠲᠣᠪᠣᠶᠢᠮ᠎ᠠ ᠪᠠᠶᠢᠨ᠎ᠠ᠃
ᠠᠮᠢ ᠠᠬᠤᠢ ᠶᠢᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠶᠡᠭᠡ ᠬᠢᠩᠭᠠᠨ ᠳᠠᠪᠠᠭ᠎ᠠ ᠶᠢᠨ ᠪᠣᠬᠢᠷᠳᠤᠯ ᠦᠭᠡᠢ ᠠᠰᠢᠭ ᠢ ᠦᠷᠭᠦᠯᠵᠢᠯᠡᠨ ᠪᠠᠳᠠᠷᠠᠭᠤᠯᠪᠠ — ᠰᠢᠭᠤᠶᠢᠲᠤ ᠣᠷᠣᠨ ᠤ ᠦᠨᠦᠷ ᠠᠮᠲᠠ᠂ ᠰᠢᠭᠤᠶᠢᠲᠤ ᠣᠷᠣᠨ ᠤ ᠦᠵᠡᠮᠵᠢ᠂ ᠰᠢᠭᠤᠶᠢᠲᠤ ᠣᠷᠣᠨ ᠤ ᠰᠣᠶᠣᠯ ᠨᠢ ᠭᠠᠵᠠᠷ ᠭᠠᠵᠠᠷ ᠤᠨ ᠵᠢᠭᠤᠯᠴᠢᠯᠠᠬᠰᠠᠳ ᠢ ᠲᠠᠲᠠᠨ᠎ᠠ᠃ ᠡᠯᠪᠡᠭ ᠪᠠᠶᠠᠯᠢᠭ ᠵᠢᠭᠤᠯᠴᠢᠯᠠᠯ ᠤᠨ ᠦᠢᠯᠡᠰ ᠤᠨ ᠭᠡᠯᠪᠡᠷᠢ᠂ ᠰᠣᠳᠣᠨ ᠵᠢᠭᠤᠯᠴᠢᠯᠠᠯ ᠤᠨ ᠵᠠᠮ ᠱᠤᠭᠤᠮ᠂ ᠲᠤᠰᠬᠠᠶᠢᠵᠢᠭᠰᠠᠨ ᠬᠠᠮᠲᠤᠷᠠᠯᠴᠠᠨ ᠡᠵᠡᠩᠨᠡᠬᠦ ᠵᠠᠭᠪᠤᠷ ᠨᠢ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠵᠢᠭᠤᠯᠴᠢᠯᠠᠯ ᠤᠨ ᠲᠥᠷᠥᠯ ᠲᠡᠮᠳᠡᠭᠲᠦ ᠶᠢ ᠦᠷᠭᠦᠯᠵᠢᠯᠡᠨ ᠭᠡᠷᠡᠯᠲᠦᠭᠦᠯᠪᠡ᠃ 2024 ᠣᠨ ᠳᠤ ᠣᠶ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠨᠡᠶᠢᠲᠡ 74.46 ᠲᠦᠮᠡᠨ ᠵᠢᠭᠤᠯᠴᠢᠯᠠᠬᠰᠠᠳ ᠢ ᠭᠥᠯᠢᠶᠡᠨ ᠠᠪᠴᠤ᠂ ᠪᠦᠭᠦ ᠵᠢᠯ ᠳᠤ 7050 ᠲᠦᠮᠡᠨ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 62% ᠢᠶᠠᠷ ᠨᠡᠮᠡᠭᠳᠡᠵᠦ᠂ ᠵᠢᠭᠤᠯᠴᠢᠯᠠᠯ ᠤᠨ ᠣᠷᠣᠯᠭ᠎ᠠ ᠪᠠ ᠵᠢᠭᠤᠯᠴᠢᠯᠠᠯ ᠤᠨ ᠭᠥᠯᠢᠶᠡᠨ ᠠᠪᠤᠭᠰᠠᠨ ᠬᠥᠮᠥᠨ ᠤᠳᠠᠭ᠎ᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃
ᠭᠡᠯᠪᠡᠷᠢ ᠪᠠᠨ ᠬᠤᠪᠢᠷᠠᠭᠤᠯᠬᠤ ᠡᠪᠡᠷᠰᠢᠶᠡᠯ ᠠᠴᠠ ᠠᠮᠢ ᠠᠬᠤᠢ ᠶᠢᠨ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠤᠣᠰ ᠠᠮᠵᠢᠯᠲᠠ ᠶᠢ ᠪᠡᠶᠡᠯᠡᠭᠦᠯᠬᠦ ᠭᠦᠷᠲᠡᠯ᠎ᠡ᠂ ᠥᠪᠥᠷ ᠮᠣᠩᠭᠤᠯ ᠤᠨ ᠶᠡᠭᠡ ᠬᠢᠩᠭᠠᠨ ᠳᠠᠪᠠᠭ᠎ᠠ ᠶᠢᠨ ᠤᠯᠤᠰ ᠤᠨ ᠥᠮᠴᠢᠯᠡᠯ ᠤᠨ ᠰᠢᠭᠤᠶᠢᠲᠤ ᠣᠷᠣᠨ 10 ᠵᠢᠯ ᠤᠨ ᠴᠠᠭ ᠢ ᠬᠡᠷᠡᠭᠰᠡᠵᠦ ᠪᠠᠶᠢᠭᠠᠳ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠪᠠ᠃