ᠵᠤᠨ ᠤ ᠡᠬᠢ ᠪᠠᠷ᠂ ᠤᠯᠠᠭᠠᠨᠬᠠᠳᠠ ᠬᠤᠲᠠ ᠶᠢᠨ ᠬᠡᠰᠢᠭᠲᠡᠨ ᠬᠤᠰᠢᠭᠤᠨ ᠤ ᠡᠮᠦᠨ᠎ᠡ ᠬᠡᠰᠡᠭ ᠲᠠᠬᠢ ᠬᠤᠯᠠᠨ ᠰᠢᠷᠭ᠎ᠠ ᠲᠠᠭ᠎ᠠ — ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢ ᠵᠠᠰᠠᠬᠤ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠲᠣᠮᠣ ᠭᠡᠯᠪᠡᠷᠢ ᠶᠢᠨ ᠮᠠᠰᠢᠨ ᠮᠧᠬᠠᠨᠢᠭ ᠨᠠᠭᠠᠰᠢ ᠴᠠᠭᠠᠰᠢ ᠰᠦᠯᠵᠢᠯᠳᠦᠵᠦ᠂ ᠭᠠᠵᠠᠷ ᠰᠢᠷᠣᠢ ᠲᠡᠭᠰᠢᠯᠡᠨ᠂ ᠠᠵᠢᠯᠴᠢᠳ ᠡᠯᠡᠰᠦᠨ ᠬᠠᠯᠬᠠᠪᠴᠢ ᠳᠠᠷᠤᠵᠤ ᠮᠣᠳᠣ ᠵᠠᠶᠢᠯᠠᠭᠠᠳ ᠮᠠᠰᠢ ᠶᠠᠭᠠᠷᠠᠯᠲᠠᠢ᠃
ᠰᠠᠨ ᠰᠢᠶᠠ ᠶᠢᠨ ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠣᠶ ᠶᠢᠨ ᠪᠦᠲᠦᠭᠡᠨ ᠪᠠᠶᠢᠭᠤᠯᠤᠯᠲᠠ ︵ᠥᠪᠥᠷ ᠮᠣᠩᠭᠤᠯ︶ ᠶᠢᠨ ᠬᠢᠵᠠᠭᠠᠷᠲᠤ ᠺᠤᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠢ ᠳᠠᠭᠠᠭᠠᠮᠠᠯ ᠯᠢ ᠶᠠᠩ᠄ ︽4 ᠰᠠᠷ᠎ᠠ ᠶᠢᠨ 19 ᠤ ᠡᠳᠦᠷ᠂ 2025 ᠣᠨ ᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠠᠵᠢᠯ ᠡᠬᠢᠯᠡᠭᠦᠯᠦᠭᠰᠡᠨ ᠤ ᠳᠠᠷᠠᠭ᠎ᠠ ᠡᠳᠦᠷ ᠳᠤᠮᠳᠠᠴᠢ ᠪᠠᠷ ᠲᠤᠬᠠᠢ ᠶᠢᠨ ᠲᠠᠯᠠᠪᠠᠶ ᠳᠤ 800 ᠭᠠᠷᠤᠢ ᠬᠥᠮᠥᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠳᠤ ᠤᠷᠤᠯᠴᠠᠵᠤ ᠪᠠᠶᠢᠨ᠎ᠠ᠂ 5 ᠰᠠᠷ᠎ᠠ ᠶᠢᠨ 13 ᠤ ᠡᠳᠦᠷ ᠪᠤᠯᠲᠠᠯ᠎ᠠ᠂ ᠨᠢᠭᠡᠨᠲᠡ 4077 ᠮᠦ ᠡᠯᠡᠰᠦᠨ ᠬᠠᠯᠬᠠᠪᠴᠢ ᠳᠡᠪᠢᠰᠴᠦ᠂ 3893 ᠮᠦ ᠲᠤᠷᠤᠭ ᠪᠤᠳᠠ ᠳᠠᠷᠢᠵᠠᠢ᠂ ᠡᠨᠡ ᠵᠢᠯ ᠮᠠᠨ ᠤ ᠺᠤᠮᠫᠠᠨᠢ 14 ᠲᠦᠮᠡᠨ ᠮᠦ ᠡᠯᠡᠰᠦ ᠶᠢ ᠵᠠᠰᠠᠬᠤ ᠪᠠᠷ ᠲᠥᠯᠥᠪᠯᠡᠵᠦ ᠪᠤᠢ︾ ᠭᠡᠵᠦ ᠰᠤᠷᠪᠤᠯᠵᠢᠯᠠᠬᠴᠢ ᠳᠤ ᠲᠠᠨᠢᠯᠴᠠᠭᠤᠯᠤᠯ᠎ᠠ᠃
ᠰᠠᠨ ᠰᠢᠶᠠ ᠪᠦᠯᠦᠭᠯᠡᠯ᠂ ᠳᠤᠮᠳᠠᠳᠤ ᠤᠯᠤᠰ ᠤᠨ ᠤᠢ ᠰᠢᠭᠤᠢ ᠶᠢᠨ ᠪᠦᠯᠦᠭᠯᠡᠯ ᠤᠨ ᠬᠠᠷᠢᠭᠤᠴᠠᠨ ᠬᠡᠷᠡᠭᠵᠢᠭᠦᠯᠵᠦ ᠪᠠᠶᠢᠭ᠎ᠠ ᠬᠤᠯᠠᠨ ᠰᠢᠷᠭ᠎ᠠ ᠲᠠᠭ᠎ᠠ — ᠬᠤᠷᠴᠢᠨ ᠤ ᠡᠯᠡᠰᠦᠷᠬᠡᠭ ᠭᠠᠵᠠᠷ ᠤᠨ ᠡᠮᠦᠨ᠎ᠡ ᠵᠠᠬ᠎ᠠ ᠶᠢ ᠵᠠᠰᠠᠬᠤ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠪᠣᠯ ᠥᠪᠥᠷ ᠮᠣᠩᠭᠤᠯ ᠤᠨ ᠵᠡᠭᠦᠨ ᠬᠡᠰᠡᠭ ᠤᠨ ᠣᠷᠣᠨ ᠤ ᠠᠩᠬᠠᠳᠠᠭᠴᠢ ᠲᠥᠪ ᠤᠨ ᠠᠵᠤ ᠠᠬᠤᠶᠢᠯᠠᠯ ᠤᠨ ᠣᠷᠣᠯᠴᠠᠬᠰᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠪᠣᠯᠣᠨ᠎ᠠ᠃ ᠲᠤᠰ ᠲᠥᠷᠥᠯ ᠵᠦᠢᠯ ᠣᠶ ᠰᠢᠭᠤᠢ ᠡᠪᠡᠰᠦ ᠪᠡᠯᠴᠢᠭᠡᠷ ᠤᠨ ᠪᠦᠷᠬᠦᠴᠡ ᠶᠢ ᠥᠷᠭᠡᠳᠬᠡᠬᠦ᠂ ᠡᠯᠡᠰᠦᠨ ᠲᠣᠪᠤ ᠶᠢ ᠠᠷᠢᠯᠭᠠᠬᠤ ᠪᠠᠷ ᠬᠠᠷᠠᠯᠲᠠ ᠪᠤᠯᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 3.37 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ ᠠᠵᠤ ᠠᠬᠤᠶᠢᠯᠠᠯ ᠠᠴᠠ 1.28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 3 ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ᠂ 36.3 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠵᠢᠭᠦᠯᠪᠡ᠃ 2024 ᠣᠨ ᠤ 5 ᠰᠠᠷ᠎ᠠ ᠶᠢᠨ 15 ᠤ ᠡᠳᠦᠷ ᠲᠥᠷᠥᠯ ᠵᠦᠢᠯ ᠢ ᠠᠵᠢᠯ ᠡᠬᠢᠯᠡᠭᠦᠯᠵᠦ᠂ ᠲᠣᠰ ᠵᠢᠯ ᠳᠡᠭᠡᠨ 9.31 ᠲᠦᠮᠡᠨ ᠮᠦ ᠡᠯᠡᠰᠦ ᠶᠢ ᠵᠠᠰᠠᠪᠠ᠃ 2026 ᠣᠨ ᠳᠤ ᠲᠥᠷᠥᠯ ᠵᠦᠢᠯ ᠢ ᠪᠦᠭᠦᠨ ᠢ ᠪᠡᠶᠡᠯᠡᠭᠦᠯᠦᠭᠰᠡᠨ ᠤ ᠳᠠᠷᠠᠭ᠎ᠠ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ ᠶᠢ 2.44% ᠪᠠᠷ ᠨᠡᠮᠡᠭᠳᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠪᠦᠷᠬᠦᠴᠡ ᠶᠢᠨ ᠨᠣᠷᠮ᠎ᠠ ᠶᠢ 5.36% ᠪᠠᠷ ᠨᠡᠮᠡᠭᠳᠡᠭᠦᠯᠦᠨ᠂ ᠡᠯᠡᠰᠦᠷᠬᠡᠭᠵᠢᠭᠰᠡᠨ ᠭᠠᠵᠠᠷ ᠤᠨ ᠵᠠᠰᠠᠯᠲᠠ ᠶᠢᠨ ᠨᠣᠷᠮ᠎ᠠ ᠶᠢ 6.51% ᠪᠠᠷ ᠨᠡᠮᠡᠭᠳᠡᠭᠦᠯᠬᠦ ᠪᠣᠯᠣᠨ᠎ᠠ᠃
ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠲᠥᠪ ᠤᠨ ᠠᠵᠤ ᠠᠬᠤᠶᠢᠯᠠᠯ ᠳᠡᠮᠵᠢᠬᠦ᠂ ᠤᠯᠠᠨ ᠲᠦᠮᠡᠨ ᠣᠷᠤᠯᠴᠠᠬᠤ ᠵᠠᠭᠪᠤᠷ ᠪᠣᠯ ᠬᠡᠰᠢᠭᠲᠡᠨ ᠬᠤᠰᠢᠭᠤᠨ ᠤ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠬᠤ ᠰᠢᠨ᠎ᠡ ᠶᠢ ᠡᠭᠦᠳᠦᠭᠰᠡᠨ ᠦᠢᠯᠡᠳᠦᠯᠭᠡ ᠪᠣᠯᠣᠨ᠎ᠠ᠃ ᠡᠨᠡ ᠬᠦ ᠰᠢᠨ᠎ᠡ ᠶᠢ ᠡᠭᠦᠳᠦᠭᠰᠡᠨ ᠵᠠᠭᠪᠤᠷ ᠬᠡᠰᠢᠭᠲᠡᠨ ᠬᠤᠰᠢᠭᠤᠨ ᠳᠤ ᠪᠣᠭᠤᠮᠲᠠ ᠰᠢᠪᠲᠤᠯᠬᠤ ᠰᠦᠷ ᠳᠠᠯᠠᠶᠢᠴᠠᠲᠠᠢ ᠬᠦᠴᠦᠨ ᠴᠢᠳᠠᠯ ᠨᠡᠮᠡᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠢᠲᠡᠭᠡᠯ ᠵᠣᠷᠢᠭ ᠢ ᠤᠯᠠᠮ ᠡᠷᠴᠢᠯᠡᠵᠡᠢ᠃
ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠨᠡᠶᠢᠭᠡᠮ ᠤᠨ ᠬᠥᠷᠥᠩᠭᠡ ᠶᠢᠨ ᠣᠷᠤᠯᠴᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠬᠡᠰᠢᠭᠲᠡᠨ ᠬᠤᠰᠢᠭᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ᠂ ᠲᠥᠪ ᠤᠨ ᠪᠡᠯᠡ ᠣᠷᠣᠭᠤᠯᠤᠯᠲᠠ᠂ ᠲᠥᠪ ᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠰᠠᠭᠤᠷᠢ ᠮᠥᠩᠭᠦ ᠶᠢ ᠢᠳᠡᠪᠬᠢᠲᠡᠢ ᠭᠤᠶᠤᠴᠢᠯᠠᠨ ᠣᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠲᠠᠢ ᠭᠦᠨᠵᠡᠭᠡᠢ ᠬᠠᠮᠲᠤᠷᠠᠨ ᠠᠵᠢᠯᠯᠠᠬᠤ᠂ ᠵᠠᠰᠠᠭ ᠠᠵᠤ ᠠᠬᠤᠶᠢᠯᠠᠯ ᠬᠠᠮᠲᠤᠷᠠᠨ ᠠᠵᠢᠯᠯᠠᠬᠤ᠂ ᠨᠡᠶᠢᠲᠡ ᠶᠢᠨ ᠠᠰᠠᠷᠠᠮᠵᠢ ᠪᠠᠷ ᠣᠶᠢᠵᠢᠭᠤᠯᠬᠤ ᠵᠡᠷᠭᠡ ᠤᠯᠠᠨ ᠵᠦᠢᠯ ᠤᠨ ᠠᠷᠭ᠎ᠠ ᠭᠡᠯᠪᠡᠷᠢ ᠪᠠᠷ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠪᠡᠯᠡ ᠣᠷᠣᠭᠤᠯᠤᠯᠲᠠ ᠶᠢ ᠤᠯᠠᠨ ᠡᠰᠢᠵᠢᠭᠦᠯᠵᠡᠢ᠃
5 ᠰᠠᠷ᠎ᠠ ᠶᠢᠨ 13 ᠤ ᠡᠳᠦᠷ ᠰᠤᠷᠪᠤᠯᠵᠢᠯᠠᠬᠴᠢ ᠲᠠᠯᠠᠶᠢᠨᠠᠭᠤᠷ ᠲᠤ ᠬᠦᠷᠬᠦ ᠳᠤ᠂ ᠣᠶᠢᠷ᠎ᠠ ᠬᠠᠪᠢ ᠶᠢᠨ ᠡᠯᠡᠰᠦᠷᠬᠡᠭᠵᠢᠭᠰᠡᠨ ᠲᠠᠯ᠎ᠠ ᠨᠤᠲᠤᠭ ᠳᠠᠬᠢᠨᠲᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠥᠬᠡ ᠡᠪᠡᠰᠦ ᠰᠠᠯᠬᠢᠨ ᠤ ᠠᠶ᠎ᠠ ᠪᠠᠷ ᠭᠠᠩᠬᠤᠨ᠂ ᠲᠠᠯ᠎ᠠ ᠨᠤᠲᠤᠭ ᠨᠣᠮᠢᠨ ᠨᠣᠭᠤᠭᠠᠨ ᠥᠩᠭᠡ ᠪᠠᠷ ᠴᠢᠮᠡᠭᠯᠡᠭᠳᠡᠪᠡ᠃
︽ᠡᠨᠡ ᠬᠡᠰᠡᠭ ᠭᠠᠵᠠᠷ ᠤᠨ ᠡᠪᠡᠰᠦᠨ ᠤ ᠤᠷᠭᠤᠴᠠ ᠢᠯᠡᠷᠬᠡᠢ ᠨᠢᠭᠲᠠ ᠪᠣᠯᠵᠠᠢ᠂ ᠨᠢᠳᠤᠨᠤᠨ ᠪᠢᠳᠡ ᠮᠠᠯᠴᠢᠳ ᠤᠨ ᠭᠠᠷ ᠠᠴᠠ ᠡᠯᠡᠰᠦᠷᠬᠡᠭ ᠭᠠᠵᠠᠷ ᠢ ᠰᠢᠯᠵᠢᠭᠦᠯᠦᠨ ᠠᠪᠴᠤ ᠬᠢᠶᠠᠭ ᠲᠠᠷᠢᠭᠠᠳ᠂ ᠣᠳᠣ ᠤᠷᠭᠤᠯᠲᠠ ᠶᠡᠭᠡ ᠰᠠᠶᠢᠨ ᠪᠠᠶᠢᠨ᠎ᠠ᠃ ᠵᠢᠱᠢᠯᠲᠡ ᠪᠠᠷ 2026 ᠣᠨ ᠤ ᠰᠡᠭᠦᠯᠴᠢ ᠪᠤᠯᠬᠤ ᠳᠤ ᠮᠦ ᠪᠦᠷᠢ ᠶᠢᠨ ᠡᠪᠡᠰᠦᠨ ᠤ ᠤᠨᠠᠯᠲᠠ 200 ᠺᠢᠯᠣᠭ᠍ᠷᠠᠮ ᠢ ᠳᠠᠪᠠᠵᠤ᠂ ᠵᠠᠰᠠᠬᠤ ᠠᠴᠠ ᠡᠮᠦᠨᠡᠬᠢ ᠲᠠᠢ ᠠᠳᠠᠯᠢᠳᠬᠠᠪᠠᠯ ᠮᠦ ᠪᠦᠷᠢ ᠠᠴᠠ 150 ᠺᠢᠯᠣᠭ᠍ᠷᠠᠮ ᠡᠪᠡᠰᠦ ᠢᠯᠡᠭᠦᠦ ᠬᠤᠷᠢᠶᠠᠬᠤ ᠪᠣᠯᠣᠨ᠎ᠠ︾ ᠭᠡᠵᠦ ᠿᠦᠩ ᠾᠧ ᠲᠠᠷᠢᠶᠠᠯᠠᠩ ᠣᠶ ᠰᠢᠭᠤᠢ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠢᠦᠢ ᠭᠦᠸᠧ ᠮᠢᠨ ᠲᠠᠨᠢᠯᠴᠠᠭᠤᠯᠤᠭᠰᠠᠨ ᠪᠠᠶᠢᠨ᠎ᠠ᠃
ᠬᠡᠰᠢᠭᠲᠡᠨ ᠬᠤᠰᠢᠭᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ 2023 ᠣᠨ ᠳᠤ ᠿᠦᠩ ᠾᠧ ᠲᠠᠷᠢᠶᠠᠯᠠᠩ ᠤᠢ ᠰᠢᠭᠤᠢ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠵᠤ᠂ ᠮᠠᠯᠴᠢᠨ ᠲᠠᠷᠢᠶᠠᠴᠢᠨ ᠠᠴᠠ 5.6 ᠲᠦᠮᠡᠨ ᠮᠦ ᠡᠯᠡᠰᠦᠷᠬᠡᠭ ᠭᠠᠵᠠᠷ ᠢ ᠰᠢᠯᠵᠢᠭᠦᠯᠦᠨ ᠠᠪᠴᠤ ᠬᠢᠶᠠᠭ ᠲᠠᠷᠢᠭᠠᠳ᠂ ᠡᠯᠡᠰᠦ ᠶᠢ ᠲᠣᠭᠲᠠᠪᠤᠷᠢᠵᠢᠭᠤᠯᠤᠨ ᠬᠥᠷᠥᠰᠥ ᠶᠢ ᠬᠠᠮᠠᠭᠠᠯᠠᠵᠤ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠬᠡᠪᠴᠢᠶᠡᠵᠢᠭᠦᠯᠦᠨ ᠳᠠᠷᠢᠵᠤ ᠰᠠᠶᠢᠨ ᠡᠪᠡᠰᠦ ᠬᠤᠷᠢᠶᠠᠬᠤ ᠪᠠᠷ ᠳᠠᠮᠵᠢᠭᠤᠯᠤᠨ᠂ ᠠᠮᠢ ᠠᠬᠤᠢ ᠶᠢ ᠬᠠᠮᠠᠭᠠᠯᠠᠬᠤ ᠪᠣᠯᠣᠨ ᠠᠵᠤ ᠦᠢᠯᠡᠰ ᠤᠨ ᠬᠠᠮᠵᠢᠯᠴᠠᠨ ᠬᠥᠭᠵᠢᠬᠦ ᠰᠢᠨ᠎ᠡ ᠠᠷᠭ᠎ᠠ ᠵᠠᠮ ᠢ ᠰᠦᠪᠡᠭᠴᠢᠯᠡᠨ ᠭᠠᠷᠭᠠᠵᠠᠢ᠃
︽ᠨᠤᠲᠤᠭ ᠤᠨ ᠠᠵᠤ ᠠᠬᠤᠶᠢᠯᠠᠯ ᠪᠣᠯᠤᠭᠰᠠᠨ ᠤ ᠬᠤᠪᠢ ᠳᠤ ᠨᠤᠲᠤᠭ ᠤᠨ ᠵᠠᠰᠠᠯᠲᠠ ᠳᠤ ᠬᠦᠴᠦ ᠭᠠᠷᠭᠠᠬᠤ ᠶᠣᠰᠣᠲᠠᠢ᠂ ᠡᠯᠡᠰᠦ ᠶᠢ ᠵᠠᠰᠠᠬᠤ ᠳᠤ ᠣᠷᠤᠯᠴᠠᠬᠤ ᠨᠢ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠪᠠᠷᠠᠬᠤ ᠦᠭᠡᠢ ᠪᠠᠰᠠ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠦ᠂ ᠬᠤᠣᠰ ᠦᠷ᠎ᠡ ᠠᠰᠢᠭ ᠢ ᠡᠭᠦᠳᠴᠡᠢ︾ ᠭᠡᠵᠦ ᠢᠦᠢ ᠭᠦᠸᠧ ᠮᠢᠨ ᠶᠠᠷᠢᠯ᠎ᠠ᠃
ᠲᠥᠪ ᠤᠨ ᠠᠵᠤ ᠠᠬᠤᠶᠢᠯᠠᠯ ᠠᠴᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠭᠦᠷᠲᠡᠯ᠎ᠡ ᠨᠡᠶᠢᠭᠡᠮ ᠤᠨ ᠬᠥᠷᠥᠩᠭᠡ ᠬᠡᠰᠢᠭᠲᠡᠨ ᠬᠤᠰᠢᠭᠤᠨ ᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠢ ᠠᠬᠤᠢ ᠶᠢᠨ ᠨᠣᠭᠤᠭᠠᠨ ᠬᠠᠯᠬᠠᠪᠴᠢ ᠶᠢ ᠴᠣᠭᠴᠠᠯᠠᠵᠤ ᠪᠤᠢ᠃
ᠤᠯᠠᠭᠠᠨᠬᠠᠳᠠ ᠬᠤᠲᠠ ᠶᠢᠨ ᠬᠢᠵᠠᠭᠠᠷ ᠲᠠᠬᠢ ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠪᠦᠭᠦᠨ ᠢᠶᠠᠷ ᠢᠶᠠᠨ ᠬᠡᠰᠢᠭᠲᠡᠨ ᠳᠤ ᠲᠠᠷᠬᠠᠵᠤ᠂ ᠲᠠᠯᠠᠪᠠᠢ ᠨᠢ 866 ᠲᠦᠮᠡᠨ ᠮᠦ ᠳᠤ ᠬᠦᠷᠴᠦ᠂ ᠬᠤᠯᠠᠨ ᠰᠢᠷᠭ᠎ᠠ ᠲᠠᠭ᠎ᠠ ᠶᠢᠨ ᠡᠯᠡᠰᠦᠨ ᠤ ᠶᠡᠷᠦᠩᠬᠡᠢ ᠲᠠᠯᠠᠪᠠᠢ ᠶᠢᠨ 11.1% ᠶᠢ ᠡᠵᠡᠯᠡᠵᠦ᠂ ᠭᠤᠣᠯᠳᠠᠭᠤ ᠲᠤᠰ ᠬᠤᠰᠢᠭᠤᠨ ᠤ 11 ᠰᠤᠮᠤ ᠰᠢᠶᠠᠩ ᠪᠠᠯᠭᠠᠰᠤᠨ ᠳᠤ ᠲᠠᠷᠬᠠᠵᠤ᠂ ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠬᠦᠨᠳᠦ ᠪᠠᠶᠢᠨ᠎ᠠ᠃
︽ᠨᠡᠶᠢᠭᠡᠮ ᠤᠨ ᠬᠥᠷᠥᠩᠭᠡ ᠶᠢ ᠲᠠᠲᠠᠵᠤ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠣᠯᠴᠠᠭᠤᠯᠬᠤ ᠶᠠᠪᠤᠴᠠ ᠳᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠠᠴᠠ ᠳᠤᠮᠳᠠ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠤᠯᠲᠠᠯ᠎ᠠ᠂ ᠳᠠᠭᠢᠨ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠦᠷᠲᠡᠯ᠎ᠡ᠂ ᠠᠯᠬᠤᠮ ᠪᠦᠷᠢ ᠳᠤ ᠪᠢᠳᠡ ᠪᠦᠭᠦ ᠬᠦᠴᠦᠨ ᠢᠶᠠᠷ ᠦᠢᠯᠡᠴᠢᠯᠡᠭᠡᠨ ᠤ ᠪᠠᠲᠤᠯᠠᠭ᠎ᠠ ᠶᠢ ᠬᠠᠩᠭᠠᠭᠰᠠᠨ ᠠ᠋︾ ᠭᠡᠵᠦ ᠬᠡᠰᠢᠭᠲᠡᠨ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ ᠵᠠᠩ ᠵᠢᠶᠦ᠋ᠨ ᠵᠦᠸᠧ ᠬᠡᠯᠡᠪᠡ᠃
ᠲᠥᠷᠥᠯ ᠵᠦᠢᠯ ᠢ ᠲᠥᠯᠥᠪᠯᠡᠬᠦ ᠬᠤᠭᠤᠴᠠᠭᠠᠨ ᠳᠤ᠂ ᠬᠡᠰᠢᠭᠲᠡᠨ ᠬᠤᠰᠢᠭᠤ ᠬᠠᠷᠢᠶ᠎ᠠ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠥᠷᠥᠯ ᠵᠦᠢᠯ ᠤᠨ ᠤᠰᠤ ᠬᠡᠷᠡᠭᠯᠡᠬᠦ ᠭᠠᠵᠠᠷ ᠵᠢᠴᠢ ᠡᠳᠦᠷ ᠲᠤᠲᠤᠮ ᠤᠨ ᠡᠵᠡᠩᠨᠡᠯᠲᠡ ᠵᠡᠷᠭᠡ ᠬᠠᠮᠢᠶ᠎ᠠ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠤᠨ ᠤᠷᠤᠭᠰᠢᠲᠠᠢ ᠠᠵᠢᠯ ᠡᠬᠢᠯᠡᠬᠦ ᠳᠤ ᠰᠠᠭᠤᠷᠢ ᠲᠠᠯᠪᠢᠵᠤ ᠥᠭᠪᠡ᠃ ᠲᠥᠷᠥᠯ ᠵᠦᠢᠯ ᠢ ᠬᠠᠮᠢᠶᠠᠷᠬᠤ ᠶᠠᠪᠤᠴᠠ ᠳᠤ᠂ ᠬᠡᠰᠢᠭᠲᠡᠨ ᠬᠤᠰᠢᠭᠤ ᠶᠠᠰᠤ ᠴᠢᠨᠠᠷ ᠤᠨ ᠬᠠᠮᠢᠶᠠᠷᠤᠯᠲᠠ ᠶᠢ ᠲᠡᠷᠢᠭᠦᠨ ᠳᠤ ᠲᠠᠯᠪᠢᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠳᠦᠷᠢᠮ ᠵᠢᠷᠤᠮ ᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠬᠤ ᠶᠢ ᠱᠠᠯᠠᠪᠳᠠᠭᠤᠯᠵᠠᠢ᠃ ᠲᠥᠷᠥᠯ ᠵᠦᠢᠯ ᠢ ᠬᠠᠮᠢᠶᠠᠷᠴᠤ ᠬᠠᠮᠠᠭᠠᠯᠠᠬᠤ ᠬᠤᠭᠤᠴᠠᠭᠠᠨ ᠳᠤ᠂ ᠬᠡᠰᠢᠭᠲᠡᠨ ᠬᠤᠰᠢᠭᠤ ᠵᠠᠰᠠᠯᠲᠠ ᠶᠢᠨ ᠣᠷᠣᠨ ᠪᠦᠰᠡ ᠶᠢ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠨᠢᠭᠲᠠ ᠠᠩᠬᠠᠷᠴᠤ᠂ ᠭᠠᠯ ᠲᠦᠢᠮᠡᠷ ᠢ ᠰᠡᠷᠭᠡᠶᠢᠯᠡᠬᠦ᠂ ᠭᠡᠮᠲᠦᠯ ᠬᠤᠷᠣᠬᠠᠶᠢᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠ ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠡᠪᠡᠰᠦ ᠤᠷᠭᠤᠮᠠᠯ ᠤᠨ ᠢᠳᠡᠷᠡᠭᠦᠨ ᠤᠷᠭᠤᠬᠤ ᠶᠢ ᠪᠠᠲᠤᠯᠠᠪᠠ᠃
ᠡᠭᠦᠨ ᠤ ᠬᠠᠮᠲᠤ᠂ ᠬᠡᠰᠢᠭᠲᠡᠨ ᠬᠤᠰᠢᠭᠤ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾᠂ ︽ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ︾ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠨ᠂ ᠮᠠᠯᠴᠢᠨ ᠲᠠᠷᠢᠶᠠᠴᠢᠨ ᠤ ᠥᠪᠡᠷ ᠤᠨ ᠡᠯᠡᠰᠦᠷᠬᠡᠭᠵᠢᠭᠰᠡᠨ ᠭᠠᠵᠠᠷ ᠳᠡᠭᠡᠷ᠎ᠡ ᠪᠠᠨ ᠠᠮᠢ ᠠᠬᠤᠢ ᠶᠢᠨ ᠵᠠᠰᠠᠯᠲᠠ ᠬᠢᠬᠦ ᠶᠢ ᠵᠣᠷᠢᠭᠵᠢᠭᠤᠯᠪᠠ᠂ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠡᠵᠡᠨ ᠬᠥᠮᠥᠨ ᠤ ᠬᠤᠪᠢ ᠪᠠᠷ ᠠᠮᠢ ᠠᠬᠤᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠨ ᠬᠠᠮᠠᠭᠠᠯᠠᠬᠤ ᠳᠤ ᠣᠷᠣᠯᠴᠠᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠭᠰᠠᠨ ᠪᠠᠶᠢᠨ᠎ᠠ᠃
︽ᠡᠯᠡᠰᠦ ᠶᠢ ᠵᠠᠰᠠᠬᠤ ᠨᠢ ᠲᠠᠯ᠎ᠠ ᠨᠤᠲᠤᠭ ᠤᠨ ᠡᠯᠡᠰᠦᠷᠬᠡᠭᠵᠢᠯ ᠤᠨ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠪᠠᠰᠠ ᠣᠷᠣᠯᠭ᠎ᠠ ᠶᠢ ᠨᠡᠮᠡᠭᠳᠡᠭᠦᠯᠵᠦ᠂ ᠡᠳᠦᠷ ᠪᠦᠷᠢ 200 ᠭᠠᠷᠤᠢ ᠲᠥᠭᠦᠷᠢᠭ ᠣᠯᠳᠠᠭ ᠪᠣᠯᠬᠤᠷ ᠤᠯᠠᠨ ᠤ ᠣᠷᠤᠯᠴᠠᠬᠤ ᠢᠳᠡᠪᠬᠢᠵᠢᠯ ᠮᠠᠰᠢ ᠥᠨᠳᠥᠷ ᠪᠤᠢ︾ ᠭᠡᠵᠦ ᠳᠠᠯᠠᠶᠢᠨᠠᠭᠤᠷ ᠪᠠᠯᠭᠠᠰᠤᠨ ᠤ ᠭᠠᠩᠭᠠᠩ ᠭᠠᠴᠠᠭᠠᠨ ᠤ ᠮᠠᠯᠴᠢᠨ ᠪᠦᠦ ᠵᠦᠩ ᠬᠠᠢ ᠬᠡᠯᠡᠪᠡ᠃
ᠡᠯᠡᠰᠦᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ ᠠᠶᠠᠨ ᠵᠠᠮ ᠳᠤ ᠬᠡᠰᠢᠭᠲᠡᠨ ᠬᠤᠰᠢᠭᠤ ᠲᠥᠷᠥ ᠶᠢᠨ ᠪᠣᠳᠣᠯᠭ᠎ᠠ ᠪᠠᠷ ᠳᠠᠷᠪᠠᠭᠤᠯ ᠪᠤᠯᠭᠠᠵᠤ᠂ ᠬᠥᠷᠥᠩᠭᠡ ᠪᠠᠷ ᠰᠡᠯᠢᠭᠦᠷ ᠪᠣᠯᠭᠠᠨ᠂ ᠠᠮᠢ ᠠᠬᠤᠢ ᠬᠢᠭᠡᠳ ᠬᠥᠭᠵᠢᠯᠲᠡ ᠶᠢᠨ ᠤᠷᠤᠰᠬᠠᠯ ᠳᠤᠮᠳᠠ ᠳᠠᠪᠠᠯᠭᠠᠨ ᠢ ᠰᠥᠷᠦᠨ ᠤᠷᠤᠭᠰᠢᠯᠠᠨ᠎ᠠ᠃
ᠬᠤᠶᠠᠷ ᠶᠡᠭᠡ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠢ ᠥᠷᠨᠢᠭᠦᠯᠦᠭᠰᠡᠨ ᠠᠴᠠ ᠨᠠᠭᠠᠰᠢ᠂ ᠬᠡᠰᠢᠭᠲᠡᠨ ᠬᠤᠰᠢᠭᠤ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠲᠥᠪ ᠤᠨ ᠠᠵᠤ ᠠᠬᠤᠶᠢᠯᠠᠯ ᠳᠡᠮᠵᠢᠬᠦ᠂ ᠣᠯᠠᠨ ᠡᠰᠢᠲᠦ ᠬᠥᠷᠥᠩᠭᠡ ᠪᠡᠯᠡ ᠣᠷᠣᠭᠤᠯᠬᠤ᠂ ᠣᠯᠠᠨ ᠲᠦᠮᠡᠨ ᠣᠷᠤᠯᠴᠠᠬᠤ᠂ ᠠᠮᠢ ᠠᠬᠤᠢ ᠶᠢ ᠬᠠᠮᠠᠭᠠᠯᠠᠬᠤ ᠬᠢᠭᠡᠳ ᠠᠵᠤ ᠠᠬᠤᠢ ᠶᠢᠨ ᠦᠷ᠎ᠡ ᠠᠰᠢᠭ ᠢ ᠬᠠᠮᠲᠤ ᠪᠠᠷ ᠭᠦᠷᠳᠡᠭᠦ︾ ᠡᠯᠡᠰᠦ ᠶᠢ ᠵᠠᠰᠠᠬᠤ ᠵᠠᠭᠪᠤᠷ ᠢ ᠰᠦᠪᠡᠭᠴᠢᠯᠡᠨ ᠭᠠᠷᠭᠠᠵᠤ᠂ ᠲᠥᠪ ᠤᠨ ᠠᠵᠤ ᠠᠬᠤᠶᠢᠯᠠᠯ᠂ ᠬᠤᠰᠢᠭᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠮᠠ ᠢ ᠣᠶ ᠰᠢᠭᠤᠢ ᠵᠡᠷᠭᠡ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠬᠠᠮᠲᠤᠷᠠᠨ ᠠᠵᠢᠯᠯᠠᠵᠤ᠂ 2.6 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠭᠤᠶᠤᠴᠢᠯᠠᠨ ᠣᠯᠵᠤ᠂ 7.3 ᠲᠦᠮᠡᠨ ᠮᠦ ᠡᠯᠡᠰᠦᠷᠬᠡᠭ ᠭᠠᠵᠠᠷ ᠢ ᠵᠠᠰᠠᠪᠠ᠃
ᠨᠡᠯᠦᠭᠡᠷ ᠶᠡᠭᠡ ᠡᠯᠡᠰᠦᠷᠬᠡᠭ ᠭᠠᠵᠠᠷ ᠠᠴᠠ ᠨᠣᠭᠤᠭᠠᠨ ᠥᠩᠭᠡ ᠠᠭᠠᠵᠢᠮ ᠢᠶᠠᠷ ᠲᠡᠯᠡᠵᠦ ᠪᠠᠶᠢᠭ᠎ᠠ ᠬᠡᠭᠡᠷ᠎ᠡ ᠲᠠᠯ᠎ᠠ ᠭᠦᠷᠲᠡᠯ᠎ᠡ᠂ ᠲᠥᠪ ᠤᠨ ᠠᠵᠤ ᠠᠬᠤᠶᠢᠯᠠᠯ ᠤᠨ ᠠᠤᠭ᠎ᠠ ᠶᠡᠭᠡ ᠲᠥᠯᠦᠪᠵᠢᠭᠦᠯᠭᠡ ᠠᠴᠠ ᠨᠤᠲᠤᠭ ᠤᠨ ᠠᠵᠤ ᠠᠬᠤᠶᠢᠯᠠᠯ ᠤᠨ ᠢᠳᠡᠪᠬᠢᠲᠡᠢ ᠣᠷᠤᠯᠴᠠᠬᠤ ᠭᠦᠷᠲᠡᠯ᠎ᠡ᠂ ᠣᠯᠠᠨ ᠡᠰᠢᠲᠦ ᠬᠦᠴᠦᠨ ᠬᠡᠰᠢᠭᠲᠡᠨ ᠬᠤᠰᠢᠭᠤᠨ ᠳᠤ ᠬᠥᠬᠡᠮᠳᠦᠭ ᠠᠭᠤᠯᠠ ᠨᠣᠭᠤᠭᠠᠨ ᠤᠰᠤ ᠪᠠᠨ ᠰᠠᠬᠢᠨ ᠬᠠᠮᠠᠭᠠᠯᠠᠬᠤ ᠠᠤᠭ᠎ᠠ ᠶᠡᠭᠡ ᠬᠥᠳᠡᠯᠭᠡᠬᠦ ᠬᠦᠴᠦᠨ ᠪᠣᠯᠵᠤ ᠨᠢᠭᠲᠠᠷᠠᠨ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠩᠭᠤᠢ ᠬᠠᠮᠲᠤ ᠣᠷᠣᠰᠢᠬᠤ ᠨᠠᠶᠢᠷᠠᠮᠳᠠᠭᠤ ᠰᠠᠶᠢᠬᠠᠨ ᠵᠢᠷᠤᠭ ᠢ ᠵᠢᠷᠤᠭᠯᠠᠵᠤ ᠪᠤᠢ᠃