ᠪᠤᠭᠤᠲᠤ ᠬᠤᠲᠠ ᠶᠢᠨ ᠰᠧ ᠳ᠋ᠣᠣ ᠱᠠ ᠾᠧ ᠭᠤᠣᠯ ᠳᠠᠭᠠᠤ ᠠᠯᠬᠤᠬᠤ ᠳᠤ ᠭᠤᠣᠯ ᠤᠨ ᠲᠤᠩᠭᠠᠯᠠᠭ ᠤᠰᠤ᠂ ᠰᠢᠨ᠎ᠡ ᠪᠠᠷ ᠪᠠᠶᠢᠭᠤᠯᠤᠭᠰᠠᠨ ᠭᠤᠮ ᠬᠠᠰᠢᠯᠭ᠎ᠠ᠂ ᠦᠷᠭᠦᠯᠵᠢᠯᠡᠨ ᠰᠤᠨᠤᠯᠵᠠᠬᠤ ᠨᠣᠮᠢᠨ ᠨᠣᠭᠤᠭᠠᠨ ᠬᠡᠷᠡᠰᠬᠡ᠂ ᠥᠩᠭᠡ ᠢᠯᠭᠠᠷᠠᠨ ᠳᠡᠯᠭᠡᠷᠡᠬᠦ ᠴᠡᠴᠡᠭᠲᠦ ᠮᠣᠳᠣᠳ ᠦᠵᠡᠰᠬᠦᠯᠡᠩᠲᠦ ᠰᠠᠶᠢᠬᠠᠨ ᠦᠵᠡᠮᠵᠢ ᠶᠢ ᠪᠦᠷᠢᠯᠳᠦᠭᠦᠯᠵᠦ ᠬᠠᠷᠠᠭ᠎ᠠ ᠶᠢ ᠪᠠᠶᠠᠰᠬᠠᠨ᠎ᠠ᠃
︽ᠥᠩᠭᠡᠷᠡᠭᠰᠡᠨ ᠳᠤ ᠰᠧ ᠳ᠋ᠣᠣ ᠱᠠ ᠾᠧ ᠭᠤᠣᠯ ᠪᠣᠯ ᠪᠤᠭᠤᠲᠤ ᠬᠤᠲᠠ ᠶᠢᠨ ᠤᠰᠤᠨ ᠤ ᠣᠷᠴᠢᠨ ᠠᠬᠤᠢ ᠶᠢ ᠵᠠᠰᠠᠬᠤ ᠬᠦᠴᠢᠷᠲᠡᠢ ᠭᠠᠵᠠᠷ ᠪᠠᠶᠢᠭᠰᠠᠨ︾ ᠭᠡᠵᠦ ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠤᠰᠤᠨ ᠤ ᠣᠷᠴᠢᠨ ᠠᠬᠤᠢ ᠶᠢᠨ ᠰᠠᠯᠠᠭ᠎ᠠ ᠶᠢᠨ ᠬᠠᠷᠢᠭᠤᠴᠠᠯᠭᠠᠲᠠᠨ ᠢᠦᠢ ᠳ᠋ᠢᠩ ᠰᠤᠷᠪᠤᠯᠵᠢᠯᠠᠬᠴᠢ ᠳᠤ ᠶᠠᠷᠢᠪᠠ᠃ ᠲᠡᠷᠡ᠄ ︽ᠤᠳᠤ ᠰᠧ ᠳ᠋ᠣᠣ ᠱᠠ ᠾᠧ ᠭᠤᠣᠯ ᠤᠨ ᠬᠠᠲᠤᠨ ᠭᠤᠣᠯ ᠳᠤ ᠴᠢᠳᠬᠤᠬᠤ ᠬᠡᠰᠡᠭ ᠤᠨ ᠤᠰᠤᠨ ᠤ ᠴᠢᠨᠠᠷ ᠨᠢᠭᠡᠨᠲᠡ ᠪᠦᠭᠦ ᠲᠠᠯ᠎ᠠ ᠪᠠᠷ ᠰᠠᠶᠢᠵᠢᠷᠠᠵᠠᠢ᠃ ᠡᠨᠡ ᠨᠢ ︿ᠨᠢᠭᠡ ᠬᠤᠲᠠ ᠳᠤ ᠨᠢᠭᠡ ᠠᠷᠭ᠎ᠠ ᠪᠣᠳᠣᠯᠭ᠎ᠠ ᠠᠪᠬᠤ﹀ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠰᠤᠷᠤᠨ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠭᠰᠡᠨ ᠲᠠᠢ ᠰᠠᠯᠤᠰᠢ ᠦᠭᠡᠢ ᠬᠤᠯᠪᠤᠭ᠎ᠠ ᠲᠠᠢ︾ ᠭᠡᠪᠡ᠃
2023 ᠣᠨ ᠤ 3 ᠰᠠᠷ᠎ᠠ ᠳᠤ᠂ ᠠᠮᠢ ᠠᠬᠤᠢ ᠣᠷᠴᠢᠨ ᠲᠣᠭᠤᠷᠢᠨ ᠤ ᠶᠠᠮᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠬᠠᠮᠲᠤᠷᠠᠨ ᠰᠤᠳᠤᠯᠬᠤ ︽ᠨᠢᠭᠡ ᠬᠤᠲᠠ ᠳᠤ ᠨᠢᠭᠡ ᠠᠷᠭ᠎ᠠ ᠪᠣᠳᠣᠯᠭ᠎ᠠ ᠠᠪᠬᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠰᠤᠷᠤᠨ ᠲᠡᠳᠬᠦᠬᠦ ᠠᠵᠢᠯ ᠢ ᠥᠷᠨᠢᠭᠦᠯᠵᠦ᠂ ᠶᠢᠰᠦᠨ ᠮᠤᠵᠢ ︵ᠣᠷᠣᠨ︶ ᠶᠢᠨ ᠬᠠᠲᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢ ᠲᠡᠮᠵᠢᠪᠡ᠃
ᠬᠠᠲᠤᠨ ᠭᠤᠣᠯ ᠪᠣᠯ ᠳᠤᠮᠳᠠᠳᠤ ᠶᠢᠨ ᠦᠨᠳᠦᠰᠦᠲᠡᠨ ᠤ ᠡᠵᠢ ᠭᠤᠣᠯ ᠪᠣᠯᠣᠨ᠎ᠠ᠂ ᠥᠪᠥᠷ ᠮᠣᠩᠭᠤᠯ ᠢᠶᠠᠷ ᠤᠷᠤᠰᠤᠨ ᠥᠩᠭᠡᠷᠡᠬᠦ ᠳᠡᠭᠡᠨ ᠰᠦᠷᠯᠢᠭ ᠰᠠᠶᠢᠬᠠᠨ ︽ᠶᠡᠭᠡ ᠲᠣᠬᠤᠢ︾ ᠶᠢ ᠪᠦᠲᠦᠭᠡᠵᠡᠢ᠃ ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ ᠨᠢ 843.5 ᠺᠢᠯᠣᠮᠧᠲᠷ ᠪᠠᠶᠢᠵᠤ᠂ ᠬᠠᠲᠤᠨ ᠭᠤᠣᠯ ᠤᠨ ᠪᠦᠭᠦ ᠣᠷᠳᠣ ᠶᠢᠨ ᠵᠢᠷᠭᠤᠭᠠᠨ ᠤ ᠨᠢᠭᠡ ᠬᠤᠪᠢ ᠶᠢ ᠡᠵᠡᠯᠡᠵᠦ᠂ ᠥᠪᠥᠷ ᠮᠣᠩᠭᠤᠯ ᠤᠨ ᠴᠢᠬᠤᠯᠠ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢᠨ ᠭᠠᠵᠠᠷ ᠣᠷᠣᠨ ᠪᠥᠭᠡᠳ ᠴᠢᠬᠤᠯᠠ ᠠᠵᠤ ᠠᠬᠤᠢ ᠶᠢᠨ ᠪᠦᠰᠡ ᠪᠣᠯᠣᠨ᠎ᠠ᠃
ᠬᠠᠲᠤᠨ ᠭᠤᠣᠯ ᠤᠨ ᠬᠠᠮᠠᠭᠠᠯᠠᠯᠲᠠ᠂ ᠠᠮᠢ ᠠᠬᠤᠢ ᠶᠢᠨ ᠬᠠᠮᠠᠭᠠᠯᠠᠯᠲᠠ ᠶᠢᠨ ᠡᠭᠦᠷᠭᠡ ᠬᠦᠨᠳᠦ ᠬᠠᠷᠢᠭᠤᠴᠠᠯᠭ᠎ᠠ ᠶᠡᠭᠡ᠃ ᠥᠪᠥᠷ ᠮᠣᠩᠭᠤᠯ ᠤᠨ ᠠᠮᠢ ᠠᠬᠤᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠤ ᠬᠦᠷᠢᠶ᠎ᠡ ᠴᠠᠷ᠎ᠠ ᠶᠢᠨ ᠲᠤᠯᠭᠠᠭᠤᠷᠢᠯᠠᠬᠤ ᠬᠦᠴᠦᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠦᠳᠲᠡᠷ ᠲᠦᠷᠭᠡᠨ ᠮᠤᠵᠢ ᠶᠢᠨ ᠲᠡᠰ ᠤᠨ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ︽ᠨᠢᠭᠡ ᠬᠤᠳᠠ ᠳᠤ ᠨᠢᠭᠡ ᠠᠷᠭ᠎ᠠ ᠪᠣᠳᠣᠯᠭ᠎ᠠ ᠠᠪᠬᠤ︾ ᠴᠡᠭ ᠲᠤ ᠰᠠᠭᠤᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠢ ᠠᠬᠤᠢ ᠶᠢ ᠵᠠᠰᠠᠬᠤ ᠬᠤᠪᠢᠰᠬᠠᠯ ᠢ ᠡᠬᠢᠯᠡᠭᠦᠯᠦᠯ᠎ᠡ᠃
︽ᠥᠩᠭᠡᠷᠡᠭᠰᠡᠨ ᠤ ᠪᠣᠬᠢᠷᠳᠤᠯ ᠢ ᠵᠠᠰᠠᠬᠤ ᠶᠢ ᠬᠠᠯᠠᠭᠤᠨ ᠢ ᠪᠠᠭᠤᠷᠠᠭᠤᠯᠬᠤ ᠵᠡᠭᠦᠦ ᠳᠠᠷᠢᠵᠤ ᠪᠠᠶᠢᠭᠰᠠᠨ ᠭᠡᠵᠦ ᠵᠦᠢᠷᠯᠡᠪᠡᠯ᠂ ᠣᠲᠣ ᠬᠠᠷᠢᠨ ᠰᠢᠰᠲ᠋ᠧᠮ ᠲᠠᠢ ︿ᠬᠠᠨᠳᠤᠯᠭ᠎ᠠ ᠲᠠᠢ ᠡᠮᠴᠢᠯᠡᠭᠡ﹀ ᠬᠢᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠠᠷᠢᠨ᠎ᠠ᠃ ᠠᠮᠢ ᠠᠬᠤᠢ ᠶᠢᠨ ᠵᠠᠰᠠᠯᠲᠠ ᠶᠢᠨ ᠲᠦᠭᠵᠢᠷᠡᠯ ᠤᠨ ᠠᠰᠠᠭᠤᠳᠠᠯ ᠢ ᠤᠨᠢᠨ ᠳᠡᠭᠡᠷ᠎ᠡ ᠨᠢ ᠰᠢᠢᠳᠪᠦᠷᠢᠯᠡᠬᠦ ᠪᠣᠯ ︽ᠨᠢᠭᠡ ᠬᠤᠳᠠ ᠳᠤ ᠨᠢᠭᠡ ᠠᠷᠭ᠎ᠠ ᠪᠣᠳᠣᠯᠭ᠎ᠠ ᠠᠪᠬᠤ︾ ᠴᠡᠭ ᠲᠤ ᠰᠠᠭᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠰᠤᠷᠤᠨ ᠲᠡᠳᠬᠦᠬᠦ ᠶᠢᠨ ᠴᠢᠬᠤᠯᠠ ᠭᠠᠷᠳᠠᠴᠠ ᠪᠣᠯᠣᠨ᠎ᠠ᠃
ᠡᠭᠦᠨ ᠤ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠲᠤᠰᠬᠠᠢ ᠮᠡᠷᠭᠡᠵᠢᠯᠲᠡᠨ ᠡᠷᠳᠡᠮᠲᠡᠳ ᠢ ᠵᠣᠬᠢᠶᠠᠨ ᠪᠠᠶᠢᠭᠤᠯᠵᠤ ᠭᠦᠭᠡᠬᠤᠲᠠ᠂ ᠪᠤᠭᠤᠲᠤ ᠬᠤᠲᠠ᠂ ᠪᠠᠶᠠᠨᠨᠠᠭᠤᠷ ᠬᠤᠲᠠ᠂ ᠣᠷᠳᠣᠰ ᠬᠤᠲᠠ ᠪᠣᠯᠣᠨ ᠦᠬᠠᠢ ᠬᠤᠲᠠ ᠳᠤ ᠭᠦᠨᠵᠡᠭᠡᠢ ᠪᠠᠶᠢᠴᠠᠭᠠᠨ ᠰᠤᠳᠤᠯᠤᠯᠲᠠ ᠥᠷᠨᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠪᠠᠶᠢᠳᠠᠯ ᠢ ᠪᠦᠭᠦ ᠲᠠᠯ᠎ᠠ ᠪᠠᠷ ᠡᠮᠬᠢᠯᠡᠵᠦ᠂ ᠣᠷᠣᠨ ᠨᠤᠲᠤᠭ ᠤᠨ ᠪᠣᠳᠠᠲᠠᠢ ᠲᠠᠢ ᠤᠶᠠᠯᠳᠤᠭᠤᠯᠤᠨ᠂ ᠴᠢᠭᠯᠡᠭᠦᠯᠦᠯᠲᠦ ᠴᠢᠨᠠᠷᠲᠠᠢ ᠪᠠᠷ ᠠᠵᠢᠯ ᠤᠨ ᠰᠠᠨᠠᠭᠤᠯᠭ᠎ᠠ ᠳᠤᠷᠠᠳᠴᠤ᠂ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠠᠪᠰᠤᠷᠤᠨ ᠲᠡᠳᠬᠦᠬᠦ ᠲᠥᠷᠥᠯ ᠵᠦᠢᠯ ᠢ ᠪᠠᠶᠢᠭᠤᠯᠪᠠ᠃ ᠡᠨᠡ ᠬᠦ ᠰᠠᠭᠤᠷᠢᠨ ᠳᠡᠭᠡᠷ᠎ᠡ ᠮᠤᠵᠢ ᠶᠢᠨ ᠱᠠᠲᠤᠨ ᠤ ᠠᠵᠢᠯᠯᠠᠬᠤ ᠳᠤᠭᠤᠶᠢᠯᠠᠩ ᠪᠠ ᠰᠠᠭᠤᠭ᠎ᠠ ᠭᠠᠵᠠᠷ ᠤᠨ ᠠᠵᠢᠯᠯᠠᠬᠤ ᠳᠤᠭᠤᠶᠢᠯᠠᠩ ᠬᠠᠲᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠬᠡᠰᠡᠭ ᠤᠨ 5 ᠲᠤᠷᠰᠢᠯᠲᠠ ᠶᠢᠨ ᠴᠡᠭ ᠤᠨ ᠬᠤᠲᠠ ᠶᠢᠨ ︽ᠭᠤᠣᠯ ᠰᠢᠪᠲᠤᠯᠤᠯᠲᠠ ᠶᠢᠨ ᠴᠢᠭᠯᠡᠯ︾ ᠢ ᠵᠠᠯᠭᠠᠭ᠎ᠠ ᠪᠠᠷ ᠨᠤᠲᠠᠯᠠᠨ ᠲᠣᠭᠲᠠᠭᠠᠪᠠ᠂ ᠵᠢᠱᠢᠶᠡᠯᠡᠪᠡᠯ ᠪᠤᠭᠤᠲᠤ ᠬᠤᠲᠠ ᠶᠢᠨ ᠰᠧ ᠳ᠋ᠣᠣ ᠱᠠ ᠾᠧ ᠶᠢᠨ ᠹᠯᠣᠷᠲᠤ ᠨᠢᠭᠡᠳᠪᠦᠷᠢ ᠶᠢᠨ ᠥᠳᠬᠡᠴᠡ ᠪᠠᠷᠢᠮᠵᠢᠶ᠎ᠠ ᠠᠴᠠ ᠬᠡᠲᠦᠷᠡᠭᠰᠡᠨ᠂ ᠣᠷᠳᠣᠰ ᠬᠤᠲᠠ ᠶᠢᠨ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠳᠠᠬᠢ ᠨᠡᠭᠦᠷᠡᠰᠦᠨ ᠴᠢᠯᠠᠭᠤ ᠶᠢ ᠥᠨᠳᠥᠷ ᠪᠦᠲᠦᠮᠵᠢᠲᠡᠶ ᠶᠡᠷᠦᠩᠬᠡᠶᠢᠯᠡᠨ ᠠᠰᠢᠭᠯᠠᠬᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠭᠠᠵᠠᠷ ᠤᠨ ᠭᠠᠳᠠᠷᠭᠤ ᠶᠢᠨ ᠤᠰᠤᠨ ᠤ ᠪᠣᠬᠢᠷᠳᠤᠯ ᠤᠨ ᠢᠷᠡᠯᠲᠡ ᠶᠢ ᠰᠡᠷᠭᠡᠶᠢᠯᠡᠨ ᠵᠠᠰᠠᠬᠤ ᠮᠡᠲᠦ᠃
ᠣᠲᠣ᠂ ᠪᠤᠭᠤᠲᠤ ᠬᠤᠲᠠ ᠶᠢᠨ ᠰᠧ ᠳ᠋ᠣᠣ ᠱᠠ ᠾᠧ ᠭᠤᠣᠯ ᠤᠨ ᠬᠠᠲᠤᠨ ᠭᠤᠣᠯ ᠳᠤ ᠴᠢᠳᠬᠤᠬᠤ ᠬᠡᠰᠡᠭ ᠲᠤ᠂ ᠴᠡᠭ ᠲᠤ ᠰᠠᠭᠤᠭ᠎ᠠ ᠠᠵᠢᠯᠯᠠᠬᠤ ᠳᠤᠭᠤᠶᠢᠯᠠᠩ ᠤᠨ ᠰᠤᠳᠤᠯᠤᠨ ᠭᠠᠷᠭᠠᠭᠰᠠᠨ ᠳᠠᠪᠠᠷᠬᠠᠢ ᠶᠢ ᠰᠤᠷᠤᠨ ᠨᠠᠭᠠᠯᠳᠤᠭᠤᠯᠵᠤ ᠹᠯᠣᠷ ᠢ ᠠᠷᠢᠯᠭᠠᠬᠤ ᠮᠡᠷᠭᠡᠵᠢᠯ ᠨᠢ ᠲᠤᠬᠠᠢ ᠶᠢᠨ ᠭᠠᠵᠠᠷ ᠢ 10 ᠵᠢᠯ ᠭᠠᠴᠢᠭᠳᠠᠭᠤᠯᠵᠤ ᠪᠠᠶᠢᠭᠰᠠᠨ ᠹᠯᠣᠷᠲᠤ ᠨᠢᠭᠡᠳᠪᠦᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠬᠦᠴᠢᠷ ᠠᠰᠠᠭᠤᠳᠠᠯ ᠢ ᠰᠢᠢᠳᠪᠦᠷᠢᠯᠡᠪᠡ᠃ ᠡᠨᠡ ᠬᠦ ᠰᠢᠨ᠎ᠡ ᠡᠭᠦᠳᠦᠯᠲᠡ ᠶᠢᠨ ᠴᠢᠨᠠᠷᠲᠠᠢ ᠮᠡᠷᠭᠡᠵᠢᠯ ᠤᠨ ᠹᠯᠣᠷ ᠤᠨ ᠢᠶᠤᠨ ᠢ ᠰᠣᠩᠭᠤᠬᠤ ᠴᠢᠳᠠᠪᠬᠢ ᠨᠢ 99.8 % ᠳᠤ ᠬᠦᠷᠴᠦ᠂ ᠤᠰᠤᠨ ᠤ ᠴᠢᠨᠠᠷ ᠢ V ᠲᠥᠷᠥᠯ ᠠᠴᠠ IV ᠲᠥᠷᠥᠯ ᠳᠤ ᠭᠦᠷᠲᠡᠯ᠎ᠡ ᠳᠡᠭᠡᠭᠰᠢᠯᠡᠭᠦᠯᠵᠦ᠂ ᠬᠠᠮᠢᠶ᠎ᠠ ᠪᠦᠬᠦᠢ ᠲᠤᠷᠰᠢᠯᠭ᠎ᠠ ᠶᠢ ᠨᠢ ᠠᠮᠢ ᠠᠬᠤᠢ ᠣᠷᠴᠢᠨ ᠲᠣᠭᠤᠷᠢᠨ ᠤ ᠶᠠᠮᠤᠨ ᠠᠴᠠ ᠬᠠᠲᠤᠨ ᠭᠤᠣᠯ ᠤᠨ ᠰᠠᠪᠠ ᠭᠠᠵᠠᠷ ᠤᠨ ᠪᠣᠬᠢᠷᠳᠤᠯ ᠢ ᠵᠠᠰᠠᠬᠤ 10 ᠶᠡᠭᠡ ᠮᠡᠷᠭᠡᠵᠢᠯ ᠳᠤ ᠣᠷᠣᠭᠤᠯᠪᠠ᠃ ᠪᠠᠶᠠᠨᠨᠠᠭᠤᠷ ᠬᠤᠲᠠ ᠳᠤ᠂ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠡᠳᠦᠷ ᠲᠤ 40 ᠲᠤᠨ ᠪᠦᠬᠦᠢ ᠠᠮᠢᠳᠤᠷᠠᠯ ᠤᠨ ᠬᠤᠭ ᠨᠣᠪᠰᠢ ᠶᠢ ᠬᠠᠯᠠᠭᠠᠨ ᠵᠠᠳᠠᠷᠠᠭᠤᠯᠬᠤ ᠲᠣᠨᠣᠭᠯᠠᠯ ᠤᠨ ᠬᠤᠣᠷ ᠦᠭᠡᠶᠢᠳᠡᠭᠦᠯᠦᠨ ᠰᠢᠢᠳᠪᠦᠷᠢᠯᠡᠬᠦ ᠨᠣᠷᠮ᠎ᠠ ᠨᠢ 40% ᠠᠴᠠ 95% ᠪᠣᠯᠣᠨ ᠳᠡᠭᠡᠭᠰᠢᠯᠡᠵᠦ᠂ ᠨᠡᠪᠴᠢᠵᠦ ᠱᠦᠭᠦᠷᠡᠭᠰᠡᠨ ᠰᠢᠩᠭᠡᠨ ᠪᠡᠶᠡᠲᠦ ᠶᠢ ᠪᠦᠭᠦᠨ ᠢ ᠪᠤᠴᠠᠭᠠᠨ ᠰᠦᠷᠴᠢᠬᠦ ᠮᠡᠷᠭᠡᠵᠢᠯ ᠨᠢ ᠤᠮᠠᠷᠠᠲᠤ ᠣᠷᠣᠨ ᠤ ᠪᠠᠭ᠎ᠠ ᠬᠡᠪᠴᠢᠶᠡᠨ ᠤ ᠬᠤᠭ ᠨᠣᠪᠰᠢ ᠶᠢ ᠰᠢᠢᠳᠪᠦᠷᠢᠯᠡᠬᠦ ᠬᠤᠭᠤᠰᠤᠨ ᠢ ᠨᠥᠬᠦᠪᠦᠷᠢᠯᠡᠭᠰᠡᠨ ᠪᠥᠭᠡᠳ ᠤᠯᠠᠭᠠᠨᠰᠤᠬᠠᠢ ᠶᠢᠨ ᠤᠯᠠᠨ ᠡᠬᠢᠲᠦ ᠪᠣᠬᠢᠷᠳᠤᠯ ᠢ ᠬᠤᠷᠢᠭᠯᠠᠬᠤ ᠳᠤ ᠮᠠᠰᠢ ᠰᠠᠶᠢᠨ ᠦᠷ᠎ᠡ ᠪᠦᠲᠦᠮᠵᠢ ᠣᠯᠪᠠ᠃
︽ᠨᠡᠭᠦᠷᠡᠰᠦᠨ ᠴᠢᠯᠠᠭᠤ ᠪᠦᠷᠢ ᠳᠤ ᠴᠥᠮ ︿ᠡᠯᠧᠺᠲᠷᠣᠨ ᠪᠡᠶ᠎ᠡ ᠶᠢᠨ ᠦᠨᠡᠮᠯᠡᠯ﹀ ᠲᠠᠢ᠃︾ ᠣᠷᠳᠣᠰ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠲᠣᠮᠣ ᠳᠡᠯᠭᠡᠴᠡ ᠳᠡᠭᠡᠷ᠎ᠡ ᠠᠴᠠ 8178 ᠲᠦᠮᠡᠨ ᠲᠣᠨ ᠤ ᠨᠡᠭᠦᠷᠡᠰᠦᠨ ᠴᠢᠯᠠᠭᠤᠨ ᠤ ᠤᠷᠤᠰᠴᠠ ᠶᠢ ᠴᠠᠭ ᠲᠤᠬᠠᠢ ᠳᠤᠨᠢ ᠠᠵᠢᠭᠯᠠᠵᠤ ᠣᠶᠢᠯᠠᠭᠠᠵᠤ ᠪᠣᠯᠣᠨ᠎ᠠ᠃ ᠠᠵᠢᠯᠯᠠᠬᠤ ᠳᠤᠭᠤᠶᠢᠯᠠᠩ ︽ᠪᠣᠬᠢᠷᠳᠤᠯ ᠤᠨ ᠡᠬᠢ ᠶᠢᠨ ᠭᠠᠳᠠᠭᠰᠢᠯᠠᠭᠤᠯᠤᠯᠲᠠ ᠶᠢᠨ ᠨᠠᠷᠢᠨ ᠲᠠᠩᠰᠠ + ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠡᠮᠵᠢᠯᠲᠡ︾ ᠶᠢᠨ ᠲᠣᠭᠠᠴᠢᠯᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠪᠠᠷ ᠳᠡᠮᠵᠢᠨ ᠪᠦᠭᠦ ᠬᠤᠲᠠ ᠶᠢᠨ ᠨᠡᠭᠦᠷᠡᠰᠦᠨ ᠴᠢᠯᠠᠭᠤ ᠶᠢᠨ ᠶᠡᠷᠦᠩᠬᠡᠶᠢᠯᠡᠭᠰᠡᠨ ᠠᠰᠢᠭᠯᠠᠯᠲᠠ ᠶᠢᠨ ᠨᠣᠷᠮ᠎ᠠ ᠶᠢ 73 % ᠳᠤ ᠬᠦᠷᠭᠡᠵᠡᠢ᠂ ᠡᠭᠦᠨ ᠳᠤ 2500 ᠲᠦᠮᠡᠨ ᠲᠣᠨ ᠢ ᠨᠢ ᠵᠠᠳᠠᠭᠠᠢ ᠠᠭᠤᠷᠬᠠᠢ ᠶᠢᠨ ᠠᠮᠢ ᠠᠬᠤᠢ ᠶᠢ ᠵᠠᠰᠠᠨ ᠰᠡᠷᠭᠦᠭᠡᠬᠦ ᠳᠤ ᠬᠡᠷᠡᠭᠯᠡᠵᠦ᠂ 2400 ᠲᠦᠮᠡᠨ ᠲᠣᠨ ᠢ ᠨᠢ ᠭᠠᠵᠠᠷ ᠰᠢᠷᠣᠢ ᠶᠢ ᠳᠠᠭᠢᠨ ᠬᠠᠭᠠᠯᠪᠤᠷᠢᠯᠠᠬᠤ ᠰᠠᠭᠤᠷᠢ ᠮᠠᠲ᠋ᠧᠷᠢᠶᠠᠯ ᠪᠤᠯᠭᠠᠵᠤ᠂ 500 ᠲᠦᠮᠡᠨ ᠲᠣᠨ ᠢ ᠨᠢ ᠴᠡᠪᠡᠷ ᠴᠠᠭᠢᠯᠭᠠᠨ ᠡᠨᠧᠷᠭᠢ ᠪᠣᠯᠭᠠᠨ ᠬᠤᠪᠢᠷᠠᠭᠤᠯᠵᠠᠢ᠃
ᠦᠬᠠᠢ ᠬᠤᠲᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠯᠭ᠎ᠠ ᠳᠣᠣᠷ᠎ᠠ ᠪᠠᠶᠢᠭᠤᠯᠤᠭᠰᠠᠨ ᠤᠰᠤᠨ ᠤ ᠪᠣᠬᠢᠷᠳᠤᠯ ᠤᠨ ᠡᠬᠢ ᠶᠢ ᠮᠥᠷᠳᠡᠬᠦ ᠰᠢᠰᠲ᠋ᠧᠮ ᠨᠢ ᠠᠵᠤ ᠦᠢᠯᠡᠳᠪᠦᠷᠢ᠂ ᠲᠠᠷᠢᠶᠠᠯᠠᠩ᠂ ᠠᠮᠢᠳᠤᠷᠠᠯ ᠤᠨ ᠪᠣᠬᠢᠷᠳᠤᠯ ᠤᠨ ᠡᠬᠢ ᠶᠢ 0.5 ᠲᠡᠭᠰᠢ ᠳᠥᠷᠪᠡᠯᠵᠢᠨ ᠺᠢᠯᠣᠮᠧᠲᠷ ᠤᠨ ᠲᠣᠣᠷᠵᠢᠯ ᠭᠦᠷᠲᠡᠯ᠎ᠡ ᠣᠨᠣᠪᠴᠢᠲᠠᠶ ᠲᠣᠬᠲᠠᠭᠠᠪᠠ︔ ᠭᠦᠭᠡᠬᠤᠲᠠ ᠨᠡᠭᠦᠷᠡᠰᠦ ᠪᠠᠷ ᠰᠠᠭᠤᠷᠢ ᠪᠤᠯᠭᠠᠬᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠮᠢ ᠠᠬᠤᠢ ᠶᠢ ᠰᠡᠷᠭᠦᠭᠡᠬᠦ ᠳ᠋ᠠᠶᠢᠲ᠋ᠠ ᠬᠥᠮᠥᠷᠭᠡ ᠪᠠᠶᠢᠭᠤᠯᠵᠤ᠂ ᠪᠦᠭᠦ ᠤᠯᠤᠰ ᠤᠨ ᠠᠩᠬᠠᠳᠠᠭᠴᠢ ︽ᠨᠤᠨᠳᠠᠭ ᠨᠡᠭᠦᠷᠡᠰᠦᠨ ᠤ ᠦᠨᠡᠰᠦ ᠪᠠᠷ ᠢᠳᠡᠭᠳᠡᠭᠰᠡᠨ ᠭᠤᠤ ᠶᠢ ᠪᠥᠭᠯᠡᠬᠦ ᠮᠡᠷᠭᠡᠵᠢᠯ ᠤᠨ ᠵᠢᠷᠤᠮᠵᠢᠯ︾ ᠢ ᠲᠣᠭᠲᠠᠭᠠᠪᠠ᠃ ᠡᠲᠡᠭᠡᠷ ︽ᠲᠣᠭᠠᠴᠢᠯᠠᠭᠰᠠᠨ ᠭᠧᠨ︾ ᠤ ᠠᠰᠢᠭᠯᠠᠯᠲᠠ ᠨᠢ ᠠᠮᠢ ᠠᠬᠤᠢ ᠶᠢᠨ ᠵᠠᠰᠠᠯᠲᠠ ᠶᠢᠨ ᠦᠷ᠎ᠡ ᠪᠦᠲᠦᠮᠵᠢ ᠶᠢ 40% ᠪᠠᠷ ᠳᠡᠭᠡᠭᠰᠢᠯᠡᠭᠦᠯᠵᠦ᠂ ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠤᠨ ᠲᠤᠭᠤᠰᠢᠯᠠᠭᠤᠯᠬᠤ ᠴᠠᠭ ᠢ 72 ᠴᠠᠭ ᠪᠣᠯᠭᠠᠨ ᠪᠣᠭᠤᠨᠢᠰᠬᠠᠪᠠ᠃
ᠣᠳᠣᠬᠠᠨ ᠪᠤᠯᠲᠠᠯ᠎ᠠ᠂ ᠮᠤᠵᠢ ᠶᠢᠨ ᠱᠠᠲᠤᠨ ᠤ ᠠᠵᠢᠯᠯᠠᠬᠤ ᠳᠤᠭᠤᠶᠢᠯᠠᠩ ᠵᠢᠴᠢ ᠴᠡᠭ ᠲᠤ ᠰᠠᠭᠤᠭ᠎ᠠ ᠬᠤᠲᠠ ᠶᠢᠨ ᠲᠡᠰ ᠤᠨ ᠠᠵᠢᠯᠯᠠᠬᠤ ᠳᠤᠭᠤᠶᠢᠯᠠᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠠᠮᠲᠤᠷᠠᠭᠰᠠᠨ ᠰᠤᠳᠤᠯᠭᠠᠨ ᠤ ᠲᠥᠪ ᠲᠤ ᠰᠠᠷ᠎ᠠ ᠶᠢᠨ ᠳ᠋ᠦᠩᠨᠡᠯᠲᠡ ᠤᠯᠠᠷᠢᠯ ᠤᠨ ᠮᠡᠳᠡᠭᠦᠯᠦᠯᠲᠡ ᠶᠢ 144 ᠬᠤᠪᠢ ᠬᠠᠩᠭᠠᠵᠤ᠂ ᠪᠠᠷᠢᠮᠵᠢᠶ᠎ᠠ᠂ ᠥᠭᠦᠯᠡᠯ ᠵᠢᠴᠢ ᠲᠥᠷᠥ ᠶᠢᠨ ᠪᠣᠳᠣᠯᠭ᠎ᠠ ᠶᠢᠨ ᠲᠤᠬᠠᠢ ᠰᠠᠨᠠᠭᠤᠯᠭ᠎ᠠ ᠶᠢ 18 ᠬᠤᠪᠢ ᠬᠠᠩᠭᠠᠵᠤ᠂ ᠮᠠᠨ ᠤ ᠣᠷᠣᠨ ᠤ ᠬᠠᠲᠤᠨ ᠭᠤᠣᠯ ᠳᠠᠭᠠᠤ ᠭᠠᠵᠠᠷ ᠣᠷᠣᠨ ᠤ ᠠᠮᠢ ᠠᠬᠤᠢ ᠶᠢᠨ ᠵᠠᠰᠠᠯᠲᠠ ᠳᠤ ᠦᠨᠡᠨ ᠪᠣᠳᠠᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠠᠪᠰᠤᠷᠤᠯᠭ᠎ᠠ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠲᠤᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
ᠰᠧ ᠳ᠋ᠣᠣ ᠱᠠ ᠾᠧ ᠭᠤᠣᠯ ᠤᠨ ᠬᠠᠳᠤᠨ ᠭᠤᠣᠯ ᠳᠤ ᠴᠢᠳᠬᠤᠬᠤ ᠬᠡᠰᠡᠭ ᠲᠤ ᠬᠦᠷᠬᠦᠶ᠎ᠡ᠂ ᠵᠢᠯᠣᠭᠤᠴᠢ ᠦᠭᠡᠢ ᠨᠢᠰᠬᠡᠯ ᠤᠰᠤᠨ ᠤ ᠴᠢᠨᠠᠷ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠡᠭᠦᠯᠡᠨ ᠦᠵᠦᠭᠦᠷᠯᠢᠭ ᠲᠤ ᠴᠠᠭ ᠲᠤᠬᠠᠢ ᠳᠤᠨᠢ ᠳᠠᠮᠵᠢᠭᠤᠯᠵᠤ᠂ ᠭᠤᠣᠯ ᠤᠨ ᠬᠥᠪᠡᠭᠡᠨ ᠳᠤ ᠰᠢᠨ᠎ᠡ ᠪᠠᠷ ᠰᠠᠭᠤᠯᠭᠠᠭᠰᠠᠨ ᠰᠤᠬᠠᠢ ᠪᠤᠷᠭᠠᠰᠤ ᠰᠠᠯᠬᠢᠨ᠎ᠠ ᠠᠶᠠᠷᠬᠠᠨ ᠨᠠᠶᠢᠭᠤᠨ᠎ᠠ — ᠡᠨᠡᠬᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠮᠢ ᠠᠬᠤᠢ ᠶᠢᠨ ᠵᠠᠰᠠᠯᠲᠠ ᠶᠢ ᠠᠭᠤᠰᠤᠯᠴᠠᠭᠤᠯᠤᠭᠰᠠᠨ ᠰᠢᠨ᠎ᠡ ᠨᠣᠭᠤᠭᠠᠷᠠᠭᠤᠯᠤᠯᠲᠠ ᠪᠣᠯ ᠥᠪᠥᠷ ᠮᠣᠩᠭᠤᠯ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠲᠠᠶᠢᠯᠪᠤᠷᠢᠯᠠᠯ ᠪᠣᠯᠣᠨ᠎ᠠ᠃ ︽ᠨᠢᠭᠡ ᠬᠤᠳᠠ ᠳᠤ ᠨᠢᠭᠡ ᠠᠷᠭ᠎ᠠ ᠪᠣᠳᠣᠯᠭ᠎ᠠ ᠠᠪᠬᠤ︾ ᠴᠡᠭ ᠲᠤ ᠰᠠᠭᠤᠵᠤ ᠬᠠᠪᠰᠤᠷᠤᠨ ᠲᠡᠳᠬᠦᠬᠦ ᠠᠵᠢᠯ ᠤᠨ ᠭᠦᠨᠵᠡᠭᠡᠶᠢᠷᠡᠨ ᠠᠭᠢᠬᠤ ᠶᠢ ᠳᠠᠭᠠᠯᠳᠤᠨ᠂ ᠥᠪᠥᠷ ᠮᠣᠩᠭᠤᠯ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠦᠯᠬᠢᠭᠦᠷ ᠢᠶᠠᠷ ᠬᠥᠮᠥᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠰᠢᠨ᠎ᠡ ᠬᠠᠭᠤᠳᠠᠰᠤ ᠶᠢ ᠨᠡᠭᠡᠭᠡᠵᠦ ᠪᠤᠢ᠃